ᠨᠠᠮ᠎ᠤᠨ ᠠᠷᠪᠠᠨ ᠳᠣᠯᠣᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠥᠬᠥᠳᠡ ᠬᠤᠷᠠᠯ᠎ᠡᠴᠡ 《ᠬᠠᠤᠯᠢ ᠴᠠᠭᠠᠵᠠ ᠵᠢᠨ ᠤᠯᠠᠨ ᠢ ᠢᠲᠡᠭᠡᠭᠦᠯᠬᠦ ᠬᠦᠴᠦᠨ᠎ᠦ ᠪᠠᠢᠭᠤᠯᠤᠯᠲᠠ᠎ᠶᠢ ᠶᠡᠬᠡᠪᠡᠷ ᠠᠬᠢᠭᠤᠯᠤᠨ᠎ᠠ》 ᠭᠡᠵᠦ ᠠᠩᠬ᠎ᠠ ᠤᠳᠠᠭ᠎ᠠ ᠲᠣᠳᠣᠷᠬᠠᠢ ᠳᠤᠷᠠᠳᠤᠨ ᠭᠠᠷᠭᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ 《ᠬᠠᠤᠯᠢ ᠴᠠᠭᠠᠵᠠ᠎ᠶᠢᠨ ᠤᠯᠠᠨ ᠢ ᠢᠲᠡᠭᠡᠭᠦᠯᠬᠦ ᠬᠦᠴᠦᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ》 ᠵᠢ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠪᠠ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢᠨ ᠴᠢᠬᠤᠯᠠ ᠬᠠᠷᠠᠯᠲᠠ ᠪᠣᠯᠭᠠᠪᠠ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠡᠴᠡ 《ᠲᠥᠪ ᠭᠣᠣᠯᠴᠢ᠎ᠪᠠᠷ ᠬᠠᠤᠯᠢ ᠴᠠᠭᠠᠵᠠ ᠵᠢ ᠬᠡᠷᠡᠭᠵᠢᠬᠦᠯᠬᠦ ᠵᠢ ᠪᠠᠲᠤᠯᠠᠵᠤ᠂ ᠬᠠᠤᠯᠢ ᠴᠠᠭᠠᠵᠠ᠎ᠶᠢᠨ ᠤᠯᠠᠨ ᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ》ᠵᠢ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠴᠢᠬᠤᠯᠠ ᠶᠡᠬᠡ ᠡᠭᠦᠷᠭᠡ᠎ᠶᠢᠨ ᠨᠢᠭᠡ ᠪᠣᠯᠭᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃ ᠬᠠᠤᠯᠢ ᠴᠠᠭᠠᠵᠠ ᠵᠢᠨ ᠤᠯᠠᠨ ᠢ ᠢᠲᠡᠭᠡᠭᠦᠯᠬᠦ ᠬᠦᠴᠦᠨ᠎ᠦ ᠪᠠᠢᠭᠤᠯᠤᠯᠲᠠ᠎ᠶᠢ ᠨᠠᠮ ᠪᠠ ᠤᠯᠤᠰ᠎ᠤᠨ ᠪᠦᠬᠦ ᠲᠠᠯ᠎ᠠ᠎ᠶᠢᠨ ᠠᠵᠢᠯ᠎ᠳᠤ ᠣᠷᠣᠭᠤᠯᠤᠨ ᠪᠠᠢᠷᠢᠯᠠᠭᠤᠯᠵᠤ᠂ ᠪᠦᠬᠦ ᠬᠦᠴᠦᠨ᠎ᠢᠶᠡᠷ ᠠᠬᠢᠭᠤᠯᠪᠠ᠃
ᠬᠠᠤᠯᠢ ᠴᠠᠭᠠᠵᠠ᠎ᠶᠢᠨ ᠤᠯᠠᠨ᠎ᠢ ᠢᠲᠡᠭᠡᠭᠦᠯᠬᠦ ᠬᠦᠴᠦᠨ ᠪᠣᠯ ᠬᠠᠤᠯᠢ ᠴᠠᠭᠠᠵᠠ᠎ᠶᠢᠨ ᠠᠵᠢᠯᠯᠠᠭ᠎ᠠ᠎ᠶᠢᠨ ᠳᠤᠮᠳᠠ᠂ ᠬᠠᠤᠯᠢ ᠴᠠᠭᠠᠵᠠ᠎ᠶᠢᠨ ᠪᠠᠢᠭᠤᠯᠭ᠎ᠠ ᠬᠢᠭᠡᠳ ᠨᠡᠢᠭᠡᠮ ᠨᠡᠶ᠋ᠢᠲᠡ᠎ᠶᠢᠨ ᠬᠣᠭᠣᠷᠣᠨᠳᠣᠬᠢ ᠬᠠᠤᠯᠢ ᠴᠠᠭᠠᠵᠠ᠎ᠶᠢᠨ ᠡᠷᠬᠡ᠎ᠶᠢᠨ ᠲᠥᠪ ᠭᠣᠣᠯᠴᠢ᠂ ᠡᠷᠭᠡ ᠲᠡᠭᠰᠢ᠂ ᠠᠷᠢᠭᠤᠨ ᠴᠢᠬᠡᠴᠢ᠂ ᠥᠨᠳᠥᠷ ᠪᠦᠲᠦᠮᠵᠢᠲᠡᠢᠬᠡᠷᠡᠭᠵᠢᠭᠦᠯᠦᠭᠳᠡᠬᠦᠶᠢ ᠪᠠᠲᠤᠯᠠᠬᠤ᠎ᠶᠢᠨ ᠲᠥᠯᠥᠭᠡ ᠢᠯᠡᠷᠡᠭᠦᠯᠦᠭᠰᠡᠨ ᠬᠠᠷᠢᠯᠴᠠᠨ ᠦᠢᠯᠡᠳᠦᠯᠴᠡᠬᠦ ᠬᠦᠴᠦᠨ ᠮᠦᠨ᠂ ᠲᠠᠷᠣᠢ ᠬᠠᠷᠢᠭᠤᠴᠠᠯᠭ᠎ᠠ᠎ᠶᠢᠨ ᠬᠦᠴᠦᠨ ᠪᠠ ᠢᠲᠡᠭᠡᠯ᠎ᠦᠨ ᠬᠦᠴᠦᠨ ᠮᠥᠨ᠃ ᠬᠠᠷᠢᠭᠤᠴᠠᠯᠭ᠎ᠠ᠎ᠶᠢᠨ ᠬᠦᠴᠦᠨ᠎ᠳᠦ ᠰᠠᠭᠤᠷᠢᠯᠠᠨ᠂ ᠬᠠᠤᠯᠢ ᠴᠠᠭᠠᠵᠠ ᠵᠢᠨ ᠪᠠᠢᠭᠤᠯᠭ᠎ᠠ ᠨᠢ ᠬᠠᠤᠯᠢ ᠴᠠᠭᠠᠵᠠ ᠵᠢᠨ ᠡᠷᠬᠡ᠎ᠶᠢᠨ ᠲᠥᠪ ᠭᠣᠣᠯᠴᠢ᠂ ᠢᠯᠡ ᠲᠣᠳᠣ᠌᠂ ᠥᠨᠳᠥᠷ ᠪᠦᠲᠦᠮᠵᠢᠲᠡᠶ᠎ᠪᠡᠷ ᠬᠡᠷᠡᠭᠯᠡᠭᠳᠡᠬᠦ᠎ᠶᠢ ᠦᠨᠡᠨ ᠬᠦ᠌ ᠪᠠᠲᠤᠯᠠᠬᠤ ᠳᠣᠲᠣᠭᠠᠳᠤ ᠲᠣᠭᠲᠠᠴᠠ ᠪᠠ ᠨᠡᠢᠭᠡᠮ ᠨᠡᠶ᠋ᠢᠲᠡ᠎ᠶᠢᠨ ᠬᠠᠤᠯᠢ ᠴᠠᠭᠠᠵᠠ ᠵᠢ ᠣᠢᠯᠠᠭᠠᠬᠤ ᠂ ᠬᠠᠤᠯᠢ ᠴᠠᠭᠠᠵᠠ ᠵᠢ ᠬᠡᠷᠡᠭᠵᠢᠬᠦᠯᠬᠦ᠎ᠳᠦ ᠣᠷᠣᠯᠴᠠᠬᠤ᠂ ᠬᠠᠤᠯᠢ ᠴᠠᠭᠠᠵᠠ ᠵᠢ ᠬᠡᠷᠡᠭᠵᠢᠬᠦᠯᠬᠦ᠎ᠳᠤ ᠬᠢᠨᠠᠯᠲᠠ ᠲᠠᠯᠪᠢᠬᠤ᠎ᠶᠢ ᠦᠨᠡᠨ ᠬᠦ᠌ ᠪᠠᠲᠤᠯᠠᠬᠤ ᠭᠠᠳᠠᠭᠠᠳᠤ ᠲᠠᠪᠴᠠᠩ᠎ᠢ ᠲᠠᠰᠤᠷᠠᠯᠳᠠ ᠦᠭᠡᠢ ᠪᠦᠷᠢᠨᠰᠢᠭᠦᠯᠵᠦ ᠂ ᠨᠡᠢᠭᠡᠮ ᠨᠡᠶ᠋ᠢᠲᠡ᠎ᠶᠢᠨ ᠣᠢᠯᠠᠭᠠᠯᠲᠠ ᠪᠠ ᠢᠲᠡᠭᠡᠯ᠎ᠢ ᠣᠯᠬᠤ ᠴᠢᠳᠠᠪᠤᠷᠢ᠎ᠶᠢ ᠠᠯᠬᠤᠮ ᠠᠯᠬᠤᠮ᠎ᠢᠶᠠᠷ ᠲᠡᠭᠡᠭᠰᠢᠯᠡᠬᠦᠯᠬᠦ᠎ᠶᠢᠨ ᠬᠠᠮᠲᠤ ᠨᠡᠢᠭᠡᠮ ᠨᠡᠶ᠋ᠢᠲᠡ᠎ᠳᠦ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠪᠠ ᠬᠥᠲᠥᠯᠥᠨ ᠵᠢᠯᠤᠭᠣᠳᠬᠤ ᠬᠦᠴᠦᠨ᠎ᠢ ᠪᠤᠢ ᠪᠣᠯᠭᠠᠨ᠎ᠠ᠃ ᠢᠲᠡᠭᠡᠯ᠎ᠦᠨ ᠬᠦᠴᠦᠨ᠎ᠳᠦ ᠰᠠᠭᠤᠷᠢᠯᠠᠨ᠂ ᠨᠡᠢᠭᠡᠮ ᠨᠡᠶ᠋ᠢᠲᠡ᠎ᠪᠡᠷ᠎ᠢᠶᠡᠨ ᠬᠦᠨᠳᠦ ᠶᠡᠬᠡ᠂ ᠬᠦᠴᠢᠷ ᠲᠦᠪᠡᠭᠲᠡᠢ ᠵᠥᠷᠢᠴᠡᠯ ᠵᠠᠭᠤᠷᠠᠯᠳᠤᠭᠠᠨ᠎ᠳᠤ ᠲᠤᠯᠭᠠᠷᠠᠬᠤ ᠦᠶ᠎ᠡ᠎ᠳᠦ ᠬᠠᠤᠯᠢ ᠴᠠᠭᠠᠵᠠ᠎ᠶᠢᠨ ᠪᠠᠢᠭᠤᠯᠭ᠎ᠠ᠎ᠠᠴᠠ ᠰᠢᠢᠳᠪᠦᠷᠢᠯᠡᠬᠦ᠎ᠶᠢ ᠰᠣᠩᠭᠣᠬᠤ᠂ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠬᠠᠤᠯᠢ᠎ᠳᠤ ᠲᠣᠭᠲᠠᠭᠠᠭᠰᠠᠨ ᠵᠢᠷᠤᠮ ᠶᠣᠰᠣᠭᠠᠷ ᠭᠠᠷᠭᠠᠭᠰᠠᠨ ᠲᠠᠰᠤᠯᠤᠨ ᠲᠣᠭᠲᠠᠭᠠᠯᠲᠠ᠎ᠶᠢᠨ ᠬᠢᠵᠠᠭᠠᠷᠯᠠᠯ᠎ᠢ ᠰᠠᠢᠨ ᠳᠤᠷ᠎ᠠ᠎ᠠᠴᠠ᠎ᠪᠠᠨ ᠬᠦᠯᠢᠶᠡᠬᠦ᠎ᠶᠢ ᠰᠣᠩᠭᠣᠬᠤ᠎ᠶᠢᠨ ᠬᠠᠮᠲᠤ ᠲᠠᠰᠤᠯᠤᠨ ᠲᠣᠭᠲᠠᠭᠠᠯᠲᠠ᠎ᠳᠤ ᠲᠣᠭᠲᠠᠭᠠᠭᠰᠠᠨ ᠬᠠᠤᠯᠢ ᠴᠠᠭᠠᠵᠠ᠎ᠶᠢᠨ ᠡᠭᠦᠷᠭᠡ᠎ᠶᠢ ᠰᠠᠨᠠᠭᠠᠴᠢᠯᠠᠭ᠎ᠠ᠎ᠠᠴᠠ᠎ᠪᠠᠨ ᠭᠦᠢᠴᠡᠳᠬᠡᠬᠦ ᠲᠡᠢᠰᠢ ᠨᠡᠩ ᠢᠯᠡᠭᠦᠦ ᠬᠡᠯᠪᠡᠢᠵᠦ ᠪᠠᠢᠨ᠎ᠠ᠃
ᠬᠠᠤᠯᠢ ᠴᠠᠭᠠᠵᠠ᠎ᠶᠢᠨ ᠤᠯᠠᠨ᠎ᠢ ᠢᠲᠡᠭᠡᠭᠦᠯᠬᠦ ᠬᠦᠴᠦᠨ᠎ᠦ ᠶᠡᠬᠡ ᠪᠠᠭ᠎ᠠ ᠨᠢ ᠬᠠᠤᠯᠢ ᠴᠠᠭᠠᠵᠠ᠎ᠶᠢᠨ ᠪᠠᠢᠭᠤᠯᠭ᠎ᠠ᠎ᠶᠢᠨ ᠡᠷᠬᠡ ᠰᠦᠷ ᠪᠣᠯᠣᠨ ᠨᠡᠢᠭᠡᠮ ᠨᠡᠶ᠋ᠢᠲᠡ᠎ᠶᠢᠨ ᠬᠠᠤᠯᠢ ᠴᠠᠭᠠᠵᠠ᠎ᠶᠢᠨ ᠪᠠᠢᠭᠤᠯᠤᠯ᠎ᠢ ᠬᠦᠨᠳᠦᠳᠬᠡᠬᠦ ᠪᠠ ᠵᠢᠷᠤᠮᠯᠠᠬᠤ ᠬᠡᠮᠵᠢᠶ᠎ᠡ᠎ᠲᠠᠢ ᠰᠢᠭᠤᠳ ᠬᠣᠯᠪᠣᠭᠳᠠᠵᠤ ᠪᠠᠢᠳᠠᠭ᠃ ᠳᠡᠭᠡᠳᠦ ᠬᠡᠮᠵᠢᠶᠡᠨ᠎ᠦ ᠬᠠᠤᠯᠢ ᠴᠠᠭᠠᠵᠠ᠎ᠶᠢᠨ ᠤᠯᠠᠨ ᠢ ᠢᠲᠡᠭᠡᠭᠦᠯᠬᠦ ᠬᠦᠴᠦᠨ᠎ᠲᠠᠢ ᠬᠠᠤᠯᠢ ᠴᠠᠭᠠᠵᠠ᠎ᠶᠢᠨ ᠰᠢᠰᠲᠧᠮ ᠨᠢ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢ ᠬᠦᠨᠳᠦᠳᠬᠡᠬᠦ ᠪᠠ ᠵᠢᠷᠤᠮᠯᠠᠬᠤ᠎ᠶᠢ ᠴᠢᠩᠭᠠᠳᠬᠠᠵᠤ᠂ ᠨᠡᠢᠭᠡᠮ᠎ᠦᠨ ᠲᠣᠭᠲᠠᠭᠤᠨ ᠪᠠᠢᠳᠠᠯ ᠪᠠ ᠲᠥᠪ ᠭᠣᠣᠯᠴᠢ ᠰᠢᠳᠤᠷᠭᠤ ᠶᠣᠰᠣᠨ᠎ᠤ ᠪᠡᠶᠡᠯᠡᠭᠳᠡᠬᠦ᠎ᠶᠢ ᠠᠬᠢᠭᠤᠯᠬᠤ᠎ᠳᠤ ᠠᠰᠢᠭ᠍ᠲᠠᠢ ᠶᠤᠮ᠃ ᠬᠠᠤᠯᠢ ᠴᠠᠭᠠᠵᠠ᠎ᠶᠢᠨ ᠤᠯᠠᠨ᠎ᠢ ᠢᠲᠡᠭᠡᠭᠦᠯᠬᠦ ᠬᠦᠴᠦᠨ ᠪᠣᠯ ᠨᠡᠢᠭᠡᠮ᠎ᠦᠨ ᠢᠲᠡᠭᠡᠮᠵᠢ᠎ᠶᠢᠨ ᠰᠢᠰᠲᠧᠮ᠎ᠦᠨ ᠪᠠᠢᠭᠤᠯᠤᠯᠲᠠ᠎ᠶᠢᠨ ᠴᠢᠬᠤᠯᠠ ᠠᠭᠤᠯᠭ᠎ᠠ ᠮᠥᠨ᠂ ᠬᠠᠤᠯᠢ ᠴᠠᠭᠠᠵᠠ᠎ᠶᠢᠨ ᠡᠷᠬᠡ ᠰᠦᠷ᠎ᠢ ᠪᠤᠢ ᠪᠣᠯᠭᠠᠬᠤ᠎ᠶᠢᠨ ᠤᠷᠢᠲᠠᠯ ᠮᠥᠨ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣᠨ᠎ᠤ ᠬᠣᠷᠢᠭ᠎ᠠ ᠱᠤᠭᠤᠮ ᠮᠥᠨ᠃
ᠬᠠᠤᠯᠢ ᠴᠠᠭᠠᠵᠠ ᠵᠢᠨ ᠤᠯᠠᠨ ᠢ ᠢᠲᠡᠭᠡᠭᠦᠯᠬᠦ ᠬᠦᠴᠦᠨ ᠪᠣᠯ ᠨᠡᠢᠭᠡᠮ᠎ᠦᠨ ᠦᠨᠡᠨᠴᠢ ᠢᠲᠡᠭᠡᠮᠵᠢ᠎ᠶᠢᠨ ᠦᠨᠳᠦᠰᠦᠨ ᠪᠠᠲᠤᠯᠠᠭ᠎ᠠ ᠮᠥᠨ᠂ ᠲᠡᠭᠦᠨ᠎ᠦ ᠠᠭᠤᠯᠤᠭᠳᠠᠬᠤᠨ ᠨᠢ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢᠵᠢᠯ᠎ᠦᠨ ᠪᠠᠢᠭᠤᠯᠤᠯᠲᠠ ᠪᠠ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠣᠷᠭᠠᠨᠢᠭ᠋ ᠤᠶᠠᠯᠳᠤᠯ᠎ᠢ ᠬᠠᠷᠠᠭᠤᠯᠵᠤ ᠪᠠᠢᠳᠠᠭ᠃ ᠦᠨᠡᠨᠴᠢ ᠢᠲᠡᠭᠡᠮᠵᠢᠲᠡᠢ ᠪᠠᠢᠬᠤ ᠪᠣᠯ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠵᠠᠩ ᠰᠤᠷᠲᠠᠯ ᠮᠥᠨ᠂ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶᠢᠨ ᠶᠣᠰᠣ᠌ ᠮᠣᠷᠠᠯ᠎ᠤᠨ ᠰᠠᠭᠤᠷᠢ ᠮᠥᠨ᠃ ᠰᠢᠨ᠎ᠡ ᠲᠡᠦᠬᠡᠨ ᠴᠠᠭ ᠦᠶ᠎ᠡ᠎ᠳᠦ ᠦᠨᠡᠨᠴᠢ ᠢᠲᠡᠭᠡᠮᠵᠢᠳᠦ ᠰᠢᠨ᠎ᠡ ᠠᠭᠤᠯᠤᠭᠳᠠᠬᠤᠨ ᠪᠠ ᠦᠢᠯᠡᠳᠦᠯ ᠣᠯᠭᠣᠵᠤ᠂ ᠲᠡᠭᠦᠨ᠎ᠦ ᠵᠣᠷᠢᠭ᠋ ᠰᠠᠨᠠᠭᠠᠨ᠎ᠤ ᠮᠥᠨ ᠴᠢᠨᠠᠷ ᠨᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ᠋ ᠰᠠᠨᠠᠭ᠎ᠠ᠎ᠲᠠᠢ ᠣᠷᠭᠠᠨᠢᠭ᠋᠎ᠢᠶᠠᠷ ᠨᠢᠭᠡᠳᠴᠦ ᠪᠠᠢᠳᠠᠭ᠃ ᠬᠠᠤᠯᠢ ᠴᠠᠭᠠᠵᠠ᠎ᠶᠢᠨ ᠤᠯᠠᠨ ᠢ ᠢᠲᠡᠭᠡᠭᠦᠯᠬᠦ ᠬᠦᠴᠦᠨ᠎ᠦ ᠬᠠᠤᠯᠢ ᠴᠠᠭᠠᠵᠠ᠎ᠶᠢᠨ ᠠᠵᠢᠯᠯᠠᠭ᠎ᠠ᠎ᠪᠠᠷ ᠢᠯᠡᠷᠡᠭᠰᠡᠨ ᠬᠠᠷᠢᠭᠤᠴᠠᠯᠭ᠎ᠠ᠎ᠶᠢᠨ ᠬᠦᠴᠦᠨ ᠨᠢ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢ ᠢᠲᠡᠭᠡᠬᠦ ᠬᠦᠴᠦᠨ᠎ᠢ ᠪᠤᠢ ᠪᠣᠯᠭᠠᠵᠤ᠂ ᠡᠭᠦᠨ᠎ᠦ ᠤᠯᠠᠮ᠎ᠠᠴᠠ ᠬᠠᠤᠯᠢ᠎ᠪᠠᠷ ᠵᠠᠰᠠᠬᠤ᠎ᠶᠢ ᠤᠬᠠᠮᠰᠠᠷ᠎ᠠᠴᠠ᠎ᠪᠠᠨ ᠵᠢᠷᠤᠮᠯᠠᠵᠤ᠂ ᠦᠨᠡᠨᠴᠢ ᠢᠲᠡᠭᠡᠮᠵᠢᠲᠡᠢ ᠪᠠᠢᠬᠤ ᠵᠠᠷᠴᠢᠮ᠎ᠢ ᠵᠢᠷᠤᠮᠯᠠᠵᠤ᠂ ᠬᠠᠤᠯᠢ ᠴᠠᠭᠠᠵᠠ᠎ᠶᠢᠨ ᠵᠢᠷᠤᠮᠵᠢᠭᠤᠯᠬᠤ ᠦᠢᠯᠡᠳᠦᠯ ᠪᠣᠯᠣᠨ ᠶᠣᠰᠣ᠌ ᠰᠤᠷᠲᠠᠬᠤᠨ᠎ᠤ ᠰᠡᠬᠡᠭᠡᠷᠡᠭᠦᠯᠬᠦ ᠦᠢᠯᠡᠳᠦᠯ᠎ᠢ ᠣᠷᠭᠠᠨᠢᠭ᠋᠎ᠢᠶᠠᠷ ᠤᠶᠠᠯᠳᠤᠭᠤᠯᠬᠤ᠎ᠶᠢ ᠪᠡᠶᠡᠯᠡᠭᠦᠯᠪᠡ᠃ ᠬᠠᠤᠯᠢ ᠴᠠᠭᠠᠵᠠ ᠵᠢᠨ ᠤᠯᠠᠨ᠎ᠢ ᠢᠲᠡᠭᠡᠭᠦᠯᠬᠦ ᠬᠦᠴᠦᠨ᠎ᠦ ᠪᠠᠢᠭᠤᠯᠤᠯᠲᠠ᠎ᠶᠢᠨ ᠠᠭᠤᠯᠭ᠎ᠠ ᠨᠢ ᠦᠨᠡᠨᠴᠢ ᠢᠲᠡᠭᠡᠮᠵᠢ᠎ᠶᠢᠨ ᠪᠠᠢᠭᠤᠯᠤᠯᠲᠠ ᠬᠢᠭᠡᠳ ᠬᠠᠤᠯᠢᠵᠢᠯ᠎ᠤᠨ ᠪᠠᠢᠭᠤᠯᠤᠯᠲᠠ᠎ᠶᠢᠨ ᠬᠦᠷᠢᠶᠡᠨ᠎ᠳᠦ ᠳᠡᠭᠡᠳᠦ ᠬᠡᠮᠵᠢᠶᠡᠨ᠎ᠦ ᠨᠢᠭᠡᠳᠦᠯᠲᠦ ᠴᠢᠨᠠᠷᠲᠠᠢ ᠪᠠᠢᠵᠤ᠂ ᠰᠢᠰᠲᠧᠮ᠎ᠦᠨ ᠠᠭᠤᠯᠭ᠎ᠠ᠎ᠶᠢᠨ ᠲᠠᠯ᠎ᠠ᠎ᠪᠠᠷ ᠣᠷᠭᠠᠨᠢᠭ᠋᠎ᠢᠶᠠᠷ ᠤᠶᠠᠯᠳᠤᠬᠤ᠎ᠶᠢ ᠪᠡᠶᠡᠯᠡᠭᠦᠯᠪᠡ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠲᠥᠪ ᠭᠣᠣᠯᠴᠢ ᠥᠨᠳᠥᠷ ᠪᠦᠲᠦᠮᠵᠢᠲᠡᠶ ᠡᠷᠬᠡ ᠰᠦᠷ᠎ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠪᠠᠢᠭᠤᠯᠤᠯ᠎ᠢ ᠲᠦᠷᠭᠡᠳᠭᠡᠨ ᠪᠠᠢᠭᠤᠯᠵᠤ᠂ ᠬᠠᠤᠯᠢ ᠴᠠᠭᠠᠵᠠ᠎ᠶᠢᠨ ᠬᠡᠷᠡᠭ ᠪᠣᠯᠭᠠᠨ ᠡᠴᠡ ᠠᠷᠠᠳ ᠤᠯᠠᠨ᠎ᠳᠤ ᠲᠥᠪ ᠭᠣᠣᠯᠴᠢ ᠰᠢᠳᠤᠷᠭᠤ ᠶᠣᠰᠣ᠌᠎ᠶᠢ ᠮᠡᠳᠡᠷᠡᠭᠦᠯᠬᠦ᠎ᠪᠡᠷ ᠴᠢᠷᠮᠠᠢᠨ᠎ᠠ ᠭᠡᠵᠦ ᠵᠢᠭᠠᠵᠤ ᠭᠠᠷᠭᠠᠪᠠ᠃ ᠬᠠᠤᠯᠢ ᠴᠠᠭᠠᠵᠠ ᠵᠢᠨ ᠤᠯᠠᠨ ᠢ ᠢᠲᠡᠭᠡᠭᠦᠯᠬᠦ ᠬᠦᠴᠦᠨ ᠪᠣᠯ ᠬᠠᠤᠯᠢ ᠴᠠᠭᠠᠵᠠ ᠵᠢᠨ ᠲᠥᠪ ᠭᠣᠣᠯᠴᠢ ᠥᠨᠳᠥᠷ ᠪᠦᠲᠦᠮᠵᠢᠲᠡᠢ ᠡᠷᠬᠡ ᠰᠦᠷ᠎ᠢᠶᠡᠷ ᠣᠯᠣᠭᠰᠠᠨ ᠪᠤᠰᠤᠳᠴᠢ ᠦᠨᠡᠯᠡᠯᠲᠡ ᠮᠥᠨ᠂ ᠪᠠᠰᠠ ᠴᠤ᠌ ᠠᠷᠠᠳ ᠤᠯᠠᠨ᠎ᠤ ᠬᠠᠤᠯᠢ ᠴᠠᠭᠠᠵᠠ᠎ᠶᠢᠨ ᠲᠤᠬᠠᠢ ᠮᠡᠳᠡᠷᠡᠨ ᠵᠥᠪᠰᠢᠶᠡᠷᠡᠬᠦ ᠪᠠ ᠢᠲᠡᠭᠡᠯ᠎ᠢ ᠬᠡᠮᠵᠢᠬᠦ ᠴᠢᠬᠤᠯᠠ ᠬᠡᠮᠵᠢᠭᠦᠷ ᠮᠥᠨ᠃ ᠤᠯᠤᠰ᠎ᠤᠨ ᠵᠠᠰᠠᠯᠲᠠ᠎ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠶᠠᠪᠤᠴᠠ᠎ᠳᠤ᠂ ᠬᠠᠤᠯᠢᠵᠢᠯ᠎ᠤᠨ ᠪᠠᠢᠭᠤᠯᠤᠯᠲᠠ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠲᠤᠬᠠᠢ ᠲᠠᠨᠢᠯᠲᠠ ᠪᠠ ᠣᠢᠯᠠᠭᠠᠯᠲᠠ᠎ᠪᠠᠨ ᠲᠠᠰᠤᠷᠠᠯᠳᠡ ᠦᠭᠡᠢ ᠭᠦᠨᠵᠡᠭᠡᠢᠷᠡᠭᠦᠯᠪᠡᠯ ᠬᠠᠤᠯᠢ ᠴᠠᠭᠠᠵᠠ᠎ᠶᠢᠨ ᠤᠯᠠᠨ ᠢ ᠢᠲᠡᠭᠡᠭᠦᠯᠬᠦ ᠬᠦᠴᠦᠨ᠎ᠦ ᠪᠠᠢᠭᠤᠯᠤᠯᠲᠠ᠎ᠶᠢᠨ ᠠᠭᠤᠯᠭ᠎ᠠ ᠰᠠᠶᠢ ᠤᠯᠠᠮ ᠡᠯᠪᠡᠭ ᠪᠠᠶᠠᠯᠢᠭ᠋ ᠪᠣᠯᠵᠤ ᠴᠢᠳᠠᠨ᠎ᠠ᠃ ᠬᠠᠤᠯᠢ ᠴᠠᠭᠠᠵᠠ᠎ᠶᠢ ᠢᠯᠡ ᠪᠣᠯᠭᠠᠬᠤ ᠪᠣᠯ ᠨᠢᠭᠡ ᠵᠦᠢᠯ᠎ᠦᠨ ᠢᠲᠡᠭᠡᠯ᠂ ᠨᠢᠭᠡ ᠵᠦᠢᠯ᠎ᠦᠨ ᠬᠦᠴᠦᠨ ᠮᠥᠨ᠂ ᠬᠠᠤᠯᠢ ᠴᠠᠭᠠᠵᠠ ᠵᠢᠨ ᠣᠯᠠᠨ ᠢ ᠢᠲᠡᠭᠡᠬᠦᠯᠬᠦ ᠬᠦᠴᠦᠨ᠎ᠢ ᠪᠣᠢ ᠪᠣᠯᠭᠠᠬᠤ ᠪᠠ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠬᠠᠤᠯᠢ ᠴᠠᠭᠠᠵᠠ ᠵᠢᠨ ᠡᠷᠬᠡ᠎ᠶᠢ ᠢᠯᠡ᠎ᠪᠡᠷ ᠬᠡᠷᠡᠭᠵᠢᠭᠦᠯᠬᠦ᠂ ᠵᠢᠷᠤᠮᠵᠢᠯ ᠪᠠ ᠬᠢᠨᠠᠯᠲᠠ᠎ᠶᠢᠨ ᠳᠣᠣᠷ᠎ᠠ ᠬᠡᠷᠡᠭᠵᠢᠭᠦᠯᠬᠦ᠂ ᠣᠯᠠᠨ ᠨᠡᠶ᠋ᠢᠲᠡ᠎ᠶᠢᠨ ᠢᠲᠡᠭᠡᠯ᠎ᠦᠨ ᠠᠭᠤᠷ ᠠᠮᠢᠰᠬᠤᠯ᠎ᠤᠨ ᠳᠤᠮᠳᠠ ᠬᠡᠷᠡᠭᠵᠢᠭᠦᠯᠬᠦ᠂ ᠦᠨᠡᠨᠴᠢ ᠢᠲᠡᠭᠡᠮᠵᠢ᠎ᠶᠢ ᠢᠯᠡᠷᠡᠭᠦᠯᠬᠦ ᠭᠣᠣᠯ ᠠᠴᠢᠶᠠᠯᠠᠪᠤᠷᠢ ᠮᠥᠨ᠃ ᠠᠷᠢᠭᠤᠨ ᠴᠢᠬᠡᠴᠢ ᠪᠠᠢᠬᠤ ᠪᠣᠯ ᠦᠨᠡᠨᠴᠢ ᠢᠲᠡᠭᠡᠮᠵᠢᠲᠡᠢ ᠪᠠᠢᠬᠤ᠎ᠶᠢ ᠪᠠᠲᠤᠯᠠᠬᠤ ᠦᠨᠳᠦᠰᠦᠨ ᠱᠠᠭᠠᠷᠳᠠᠯᠭ᠎ᠠ ᠮᠦᠨ᠂ ᠬᠠᠤᠯᠢ ᠴᠠᠭᠠᠵᠠ᠎ᠶᠢᠨ ᠠᠵᠢᠯᠲᠠᠨ᠎ᠤ ᠨᠠᠭᠠᠲᠤ ᠵᠠᠬ᠎ᠠ᠎ᠶᠢᠨ ᠬᠣᠷᠢᠭ᠎ᠠ ᠱᠤᠭᠤᠮ ᠮᠥᠨ᠂ ᠠᠷᠢᠭᠤᠨ ᠴᠢᠬᠡᠴᠢ᠎ᠶᠢᠨ ᠨᠠᠭᠠᠲᠤ ᠵᠠᠬ᠎ᠠ᠎ᠶᠢᠨ ᠬᠣᠷᠢᠭ᠎ᠠ ᠱᠤᠭᠤᠮ᠎ᠢ ᠰᠠᠢᠲᠤᠷ ᠰᠠᠬᠢᠪᠠᠯ ᠰᠠᠶᠢ ᠲᠥᠪ ᠭᠣᠣᠯᠴᠢ᠎ᠪᠠᠷ ᠬᠠᠤᠯᠢ ᠬᠡᠷᠡᠭᠵᠢᠬᠦᠯᠬᠦ᠎ᠶᠢᠨ ᠡᠭᠦᠳᠡ᠎ᠶᠢ ᠰᠠᠢᠲᠤᠷ ᠰᠠᠬᠢᠵᠤ᠂ ᠰᠠᠶᠢ ᠬᠠᠤᠯᠢ ᠴᠠᠭᠠᠵᠠ᠎ᠶᠢᠨ ᠡᠷᠬᠡ ᠰᠦᠷ᠎ᠢ ᠬᠠᠮᠠᠭᠠᠯᠠᠵᠤ᠂ ᠤᠯᠠᠨ ᠲᠦᠮᠡᠨ᠎ᠦ ᠢᠲᠡᠭᠡᠯ᠎ᠢ ᠣᠯᠵᠤ᠂ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠵᠤ ᠴᠢᠳᠠᠨ᠎ᠠ ᠃ ᠬᠠᠤᠯᠢ᠎ᠶᠢ ᠴᠢᠩᠭ᠎ᠠ ᠬᠡᠷᠡᠭᠵᠢᠭᠦᠯᠬᠦ ᠪᠣᠯ ᠬᠠᠤᠯᠢ ᠴᠠᠭᠠᠵᠠ᠎ᠶᠢ ᠬᠡᠷᠡᠭᠯᠡᠬᠦ᠎ᠶᠢ ᠨᠢᠭᠡᠳᠬᠡᠬᠦ᠂ ᠬᠠᠤᠯᠢ ᠴᠠᠭᠠᠵᠠ᠎ᠶᠢ ᠬᠡᠷᠡᠭᠯᠡᠬᠦ ᠲᠤᠬᠠᠢ ᠤᠯᠠᠨ ᠨᠡᠶ᠋ᠢᠲᠡ᠎ᠶᠢᠨ ᠵᠢᠱ᠌ᠢᠯᠲᠡ᠎ᠳᠦ ᠨᠡᠢᠴᠡᠬᠦ ᠶᠠᠪᠤᠴᠠ᠎ᠶᠢᠨ ᠴᠢᠨᠠᠷᠲᠠᠢ ᠡᠯᠧᠮᠧᠨ᠋ᠲ ᠮᠥᠨ᠂ ᠵᠢᠷᠤᠮᠵᠢᠭᠤᠨ ᠦᠨᠡᠨᠴᠢ ᠢᠲᠡᠭᠡᠮᠵᠢᠲᠡᠢ ᠪᠠᠢᠬᠤ᠎ᠶᠢᠨ ᠵᠠᠩᠭᠢᠯᠠᠭ᠎ᠠ᠎ᠶᠢᠨ ᠭᠣᠭᠴᠣᠭ᠎ᠠ ᠮᠥᠨ᠃
ᠢᠲᠡᠭᠡᠮᠵᠢ ᠵᠢ ᠰᠠᠬᠢᠵᠦ᠂ ᠢᠲᠡᠭᠡᠮᠵᠢ᠎ᠶᠢ ᠡᠷᠬᠢᠮᠯᠡᠬᠦ ᠪᠣᠯ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠵᠠᠩ ᠰᠤᠷᠲᠠᠯ ᠮᠥᠨ᠂ ᠨᠡᠩ ᠴᠤ᠌ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶᠢᠨ ᠴᠢᠬᠤᠯᠠ ᠠᠭᠤᠯᠭ᠎ᠠ᠎ᠶᠢᠨ ᠨᠢᠭᠡ ᠮᠥᠨ᠂ ᠤᠳᠤ ᠦᠶ᠎ᠡ᠎ᠶᠢᠨ ᠨᠡᠢᠭᠡᠮ᠎ᠦᠨ ᠰᠠᠢᠨ ᠡᠷᠬᠢᠯᠳᠡ ᠵᠢᠨ ᠰᠠᠭᠤᠷᠢ ᠮᠥᠨ᠃ ᠦᠨᠡᠨᠴᠢ ᠢᠲᠡᠭᠡᠮᠵᠢ ᠨᠢ ᠳᠤᠮᠳᠠᠳᠤ ᠤᠯᠤᠰ᠎ᠤᠨ ᠤᠯᠠᠮᠵᠢᠯᠠᠯᠲᠤ ᠡᠰᠢ ᠶᠣᠰᠣᠨ᠎ᠤ ᠰᠠᠭᠤᠷᠢ᠎ᠶᠢᠨ ᠨᠢᠭᠡ ᠪᠣᠯᠤᠭᠰᠠᠨ᠎ᠤ ᠬᠤᠪᠢ᠎ᠳᠤ᠂ ᠡᠯ᠎ᠡ ᠠᠵᠢᠯ ᠲᠦᠷᠦᠯ᠎ᠳᠦ ᠭᠦᠨ ᠭᠦᠨᠵᠡᠭᠡᠢ ᠠᠯᠤᠰ ᠬᠡᠳᠤ᠎ᠶᠢᠨ ᠨᠥᠯᠥᠭᠡ᠎ᠲᠠᠢ ᠪᠠᠢᠵᠤ᠂ ᠠᠵᠢᠯ ᠲᠦᠷᠦᠯ ᠪᠦᠷᠢ᠎ᠶᠢᠨ ᠡᠷᠬᠡᠪᠰᠢ ᠪᠠᠲᠤ ᠰᠠᠬᠢᠬᠤ ᠶᠣᠰᠣ᠌ ᠰᠤᠷᠲᠠᠬᠤᠨ᠎ᠤ ᠬᠣᠷᠢᠭ᠎ᠠ ᠱᠤᠭᠤᠮ ᠪᠣᠯᠣᠨ᠎ᠠ᠃ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯ ᠲᠦᠷᠦᠯ ᠨᠢ ᠠᠷᠠᠳ ᠤᠯᠠᠨ᠎ᠤ ᠠᠵᠢᠯ ᠠᠮᠢᠳᠤᠷᠠᠯ᠎ᠳᠤ ᠰᠢᠭᠤᠳ ᠦᠢᠯᠡᠴᠢᠯᠡᠳᠡᠭ᠂ ᠦᠨᠡᠨᠴᠢ ᠢᠲᠡᠭᠡᠮᠵᠢᠲᠡᠢ᠎ᠪᠡᠷ ᠠᠵᠢᠯ ᠡᠷᠬᠢᠯᠡᠬᠦ ᠪᠣᠯ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯ ᠲᠦᠷᠦᠯ᠎ᠦᠨ ᠠᠮᠢᠨ ᠰᠤᠳᠠᠰᠤ ᠮᠥᠨ᠂ ᠠᠵᠢᠯᠯᠠᠵᠤ ᠪᠠᠢᠭ᠎ᠠ ᠬᠥᠮᠥᠰ᠎ᠦᠨ ᠠᠳᠠᠯ ᠦᠢᠯᠡᠰ ᠪᠣᠰᠬᠠᠬᠤ᠎ᠶᠢᠨ ᠦᠨᠳᠦᠰᠦ᠂ ᠠᠵᠢᠯ ᠡᠷᠬᠢᠯᠡᠬᠦ᠎ᠶᠢᠨ ᠰᠠᠭᠤᠷᠢ ᠮᠥᠨ᠃ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠠᠵᠢᠯ ᠲᠦᠷᠦᠯ᠎ᠦᠨ ᠬᠢᠨ ᠦᠨᠡᠨᠴᠢ ᠢᠲᠡᠭᠡᠮᠵᠢᠲᠡᠢ ᠪᠠᠢᠵᠤ᠂ ᠡᠭᠦᠷᠭᠡ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠬᠡᠵᠦ᠂ ᠪᠣᠳᠠᠲᠤ ᠬᠡᠷᠡᠭ ᠪᠠ ᠬᠠᠤᠯᠢ ᠴᠠᠭᠠᠵᠠ᠎ᠶᠢ ᠦᠨᠳᠦᠰᠦᠯᠡᠨ᠂ ᠲᠤᠬᠠᠢ᠎ᠶᠢᠨ ᠬᠥᠮᠥᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠵᠤ᠂ ᠬᠠᠤᠯᠢ ᠴᠠᠭᠠᠵᠠ᠎ᠶᠢᠨ ᠵᠥᠪ ᠬᠡᠷᠡᠭᠵᠢᠭᠦᠯᠦᠭᠳᠡᠬᠦ᠎ᠶᠢ ᠬᠠᠮᠠᠭᠠᠯᠠᠵᠤ᠂ ᠨᠡᠢᠭᠡᠮ᠎ᠦᠨ ᠲᠥᠪ ᠭᠣᠣᠯᠴᠢ ᠪᠠ ᠰᠢᠳᠤᠷᠭᠤ ᠶᠣᠰᠣ᠌᠎ᠶᠢ ᠬᠠᠮᠠᠭᠠᠯᠠᠬᠤ ᠬᠡᠷᠡᠭᠲᠡᠢ᠃
ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠠᠬᠢᠭᠤᠯᠬᠤ᠎ᠵᠢ ᠠᠩᠬᠠᠷᠴᠤ ᠴᠢᠬᠣᠯᠠᠴᠢᠯᠠᠬᠣ ᠶᠠᠪᠤᠴᠠ᠎ᠳᠤ᠂ ᠬᠠᠤᠯᠢ ᠴᠠᠭᠠᠵᠠ᠎ᠶᠢᠨ ᠤᠯᠠᠨ ᠢ ᠢᠲᠡᠭᠡᠬᠦᠯᠬᠦ ᠬᠦᠴᠦᠨ ᠮᠠᠰᠢ ᠴᠢᠬᠤᠯᠠ ᠦᠢᠯᠡᠳᠦᠯ᠎ᠲᠠᠢ ᠪᠠᠢᠬᠤ ᠨᠢ ᠳᠠᠮᠵᠢᠭ᠋ ᠦᠭᠡᠢ ᠶᠤᠮ᠃ ᠬᠠᠤᠯᠢ ᠴᠠᠭᠠᠵᠠ᠎ᠶᠢᠨ ᠤᠯᠠᠨ ᠢ ᠢᠲᠡᠭᠡᠬᠦᠯᠬᠦ ᠬᠦᠴᠦᠨ ᠪᠣᠯ ᠬᠠᠤᠯᠢ ᠴᠠᠭᠠᠵᠠ᠎ᠶᠢᠨ ᠡᠷᠬᠡ ᠰᠦᠷᠦᠨ ᠢᠯᠡᠷᠡᠯ ᠮᠥᠨ᠂ ᠰᠠᠢᠨ ᠰᠠᠢᠬᠠᠨ ᠬᠠᠤᠯᠢ ᠴᠠᠭᠠᠵᠠ᠎ᠶᠢᠨ ᠤᠯᠠᠨ ᠨᠡᠢᠳᠡ ᠵᠢ ᠢᠳᠡᠭᠡᠬᠦᠯᠬᠦ ᠬᠦᠴᠦᠨ ᠲᠠᠢ ᠪᠠᠢᠬᠣ ᠨᠢ ᠬᠠᠤᠯᠢ ᠴᠠᠭᠠᠵᠠ᠎ᠶᠢᠨ ᠠᠵᠢᠯᠯᠠᠭ᠎ᠠ ᠪᠠ ᠬᠠᠣᠯᠢ ᠴᠠᠭᠠᠵᠠ ᠵᠢᠨ ᠲᠠᠰᠣᠯᠣᠨ ᠲᠣᠭᠳᠠᠭᠠᠯᠳᠠ ᠵᠢ ᠠᠮᠠᠷᠬᠠᠨ ᠬᠦᠯᠢᠶᠡᠨ ᠠᠪᠴᠤ᠂ ᠨᠡᠢᠭᠡᠮ ᠨᠡᠶ᠋ᠢᠲᠡ᠎ᠪᠡᠷ᠎ᠢᠶᠡᠨ ᠬᠠᠤᠯᠢ ᠴᠠᠭᠠᠵᠠ᠎ᠶᠢ ᠢᠲᠡᠭᠡᠵᠦ᠂ ᠬᠠᠤᠯᠢ ᠴᠠᠭᠠᠵᠠ᠎ᠶᠢ ᠳᠡᠮᠵᠢᠵᠦ᠂ ᠬᠠᠤᠯᠢ ᠴᠠᠭᠠᠵᠠ᠎ᠶᠢ ᠬᠦᠨᠳᠦᠳᠬᠡᠵᠦ᠂ ᠬᠠᠤᠯᠢ ᠴᠠᠭᠠᠵᠠ᠎ᠶᠢᠨ ᠡᠷᠬᠡ ᠰᠦᠷ ᠵᠢᠩᠬᠢᠨᠢ᠎ᠪᠡᠷ ᠬᠠᠮᠠᠭᠠᠯᠠᠬᠳᠠᠵᠤ ᠴᠢᠳᠠᠨ᠎ᠠ᠃ ᠬᠠᠤᠯᠢ ᠴᠠᠭᠠᠵᠠ ᠵᠢᠨ ᠤᠯᠠᠨ ᠢ ᠢᠲᠡᠭᠡᠬᠦᠯᠬᠦ ᠬᠦᠴᠦᠨ ᠪᠣᠯ ᠬᠠᠤᠯᠢ᠎ᠪᠠᠷ ᠵᠠᠰᠠᠬᠤ ᠨᠡᠢᠭᠡᠮ᠎ᠦᠨ ᠤᠷᠢᠲᠠᠯ ᠮᠥᠨ᠂ ᠬᠠᠤᠯᠢ᠎ᠪᠠᠷ ᠵᠠᠰᠠᠬᠤ ᠨᠡᠢᠭᠡᠮ᠎ᠦᠨ ᠭᠣᠣᠯᠯᠠᠬᠴᠢ ᠥᠷᠳᠡᠭ ᠪᠣᠯ ᠬᠠᠤᠯᠢ ᠴᠠᠭᠠᠵᠠ᠎ᠪᠠᠷ ᠳᠠᠮᠵᠢᠨ ᠨᠡᠢᠭᠡᠮ᠎ᠦᠨ ᠦᠢᠯᠡ ᠠᠵᠢᠯᠯᠠᠭ᠎ᠠ᠎ᠶᠢ ᠵᠢᠷᠤᠮᠵᠢᠭᠤᠯᠬᠤ ᠶᠠᠪᠤᠳᠠᠯ ᠪᠣᠯᠣᠨ᠎ᠠ᠂ ᠣᠯᠠᠨ ᠢ ᠢᠲᠡᠭᠡᠭᠦᠯᠬᠦ ᠬᠦᠴᠦᠨ᠎ᠲᠠᠢ ᠬᠠᠤᠯᠢ ᠴᠠᠭᠠᠵᠠ ᠨᠢ ᠰᠠᠶᠢ ᠬᠠᠤᠯᠢ ᠴᠠᠭᠠᠵᠠ᠎ᠳᠤ ᠠᠮᠢᠵᠢᠷᠠᠯ᠎ᠤᠨ ᠬᠦᠴᠦᠨ ᠣᠯᠭᠣᠵᠤ᠂ ᠨᠡᠢᠭᠡᠮ᠎ᠦᠨ ᠡᠮᠬᠢ ᠵᠢᠷᠤᠮ ᠪᠠ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠵᠤ ᠴᠢᠳᠠᠨ᠎ᠠ᠃ ᠬᠠᠤᠯᠢ ᠴᠠᠭᠠᠵᠠ᠎ᠶᠢᠨ ᠤᠯᠠᠨ ᠢ ᠢᠲᠡᠭᠡᠬᠦᠯᠬᠦ ᠬᠦᠴᠦᠨ ᠪᠣᠯ ᠡᠶ᠎ᠡ ᠵᠣᠬᠢᠴᠠᠯ᠎ᠲᠠᠢ ᠨᠡᠢᠭᠡᠮ᠎ᠢ ᠪᠠᠶ᠋ᠢᠭᠤᠯᠬᠤ᠎ᠶᠢᠨ ᠬᠡᠷᠡᠭᠴᠡᠭᠡ ᠮᠥᠨ᠂ ᠠᠷᠠᠳ ᠤᠯᠠᠨ᠎ᠤ ᠬᠠᠤᠯᠢ ᠴᠠᠭᠠᠵᠠ᠎ᠶᠢᠨ ᠪᠠᠢᠭᠤᠯᠭ᠎ᠠ᠎ᠶᠢ ᠢᠲᠡᠭᠡᠬᠦ ᠰᠡᠳᠬᠢᠯᠭᠡ ᠪᠠ ᠨᠠᠢᠳᠠᠬᠤ ᠰᠡᠳᠬᠢᠯᠭᠡ ᠨᠢ ᠲᠡᠭᠦᠨ᠎ᠦ ᠬᠠᠤᠯᠢ ᠶᠣᠰᠣᠨ᠎ᠤ ᠠᠷᠭ᠎ᠠ ᠵᠠᠮ᠎ᠢᠶᠠᠷ ᠵᠠᠭᠤᠷᠠᠯᠳᠤᠭᠠᠨ᠎ᠢ ᠰᠢᠢᠳᠪᠦᠷᠢᠯᠡᠬᠦ᠎ᠳᠦ ᠲᠤᠰᠠᠲᠠᠢ ᠪᠠᠢᠳᠠᠭ᠂ ᠬᠠᠤᠯᠢ ᠴᠠᠭᠠᠵᠠ᠎ᠶᠢᠨ ᠠᠵᠢᠯᠯᠠᠭ᠎ᠠ᠎ᠶᠢᠨ ᠵᠣᠷᠢᠯᠭ᠎ᠠ᠎ᠶᠢᠨ ᠨᠢᠭᠡ ᠪᠣᠯ ᠵᠠᠭᠤᠷᠠᠯᠳᠤᠭᠠᠨ᠎ᠢ ᠰᠢᠢᠳᠪᠦᠷᠢᠯᠡᠵᠦ᠂ ᠠᠰᠢᠭ᠋ ᠲᠤᠰᠠ ᠵᠢᠨ ᠲᠠᠯ᠎ᠡ ᠪᠡᠷ ᠡᠰᠡᠷᠬᠦᠴᠡᠯᠳᠦᠵᠦ ᠪᠠᠢᠭ᠎ᠠ ᠬᠤᠶᠡᠷ ᠲᠠᠯ᠎ᠠ᠎ᠶᠢᠨ ᠬᠢᠨᠢ ᠬᠠᠤᠯᠢ ᠴᠠᠭᠠᠵᠠ᠎ᠶᠢᠨ ᠬᠠᠮᠲᠤ᠎ᠶᠢᠨ ᠬᠠᠮᠠᠭᠠᠯᠠᠯᠲᠠ᠎ᠶᠢᠨ ᠳᠣᠣᠷ᠎ᠠ ᠣᠷᠣᠬᠤ ᠪᠣᠯᠣᠯᠴᠠᠭ᠎ᠠ᠎ᠲᠠᠢ ᠪᠣᠯᠭᠠᠬᠤ᠎ᠶᠢᠨ ᠤᠯᠠᠮ᠎ᠠᠴᠠ ᠨᠡᠢᠭᠡᠮ᠎ᠦᠨ ᠡᠮᠬᠢ ᠳᠢᠭ᠌ᠯᠢᠮ᠎ᠦᠨ ᠲᠣᠭᠲᠠᠭᠤᠨ ᠪᠠᠢᠳᠠᠯ ᠪᠠ ᠡᠶ᠎ᠡ ᠵᠣᠬᠢᠴᠠᠯ᠎ᠢ ᠪᠦᠲᠦᠮᠵᠢᠲᠡᠶ ᠬᠠᠮᠠᠭᠠᠯᠠᠬᠤ ᠶᠠᠪᠤᠳᠠᠯ ᠪᠣᠯᠣᠨ᠎ᠠ᠃ ᠬᠠᠤᠯᠢ ᠴᠠᠭᠠᠵᠠ᠎ᠶᠢᠨ ᠤᠯᠠᠨ ᠢ ᠢᠲᠡᠭᠡᠬᠦᠯᠬᠦ ᠬᠦᠴᠦᠨ ᠪᠣᠯ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶᠢᠨ ᠪᠠᠲᠤᠯᠠᠭ᠎ᠠ ᠮᠥᠨ᠂ ᠮᠠᠷᠭᠤᠭᠠᠨ᠎ᠢ ᠵᠣᠭᠰᠤᠭᠠᠬᠤ ᠬᠠᠤᠯᠢ ᠴᠠᠭᠠᠵᠠ᠎ᠶᠢᠨ ᠠᠵᠢᠯᠯᠠᠭ᠎ᠠ ᠨᠢ ᠶᠡᠷᠦ ᠨᠢ ᠦᠷᠳᠡᠭ᠎ᠦᠨ ᠦᠵᠡᠯᠲᠡ᠎ᠶᠢᠨ ᠮᠥᠷᠭᠥᠯᠳᠦᠭᠡᠨ᠎ᠡᠴᠡ ᠡᠬᠢᠯᠡᠵᠦ᠂ ᠦᠷᠳᠡᠭ᠎ᠦᠨ ᠦᠵᠡᠯᠲᠡ᠎ᠶᠢᠨ ᠨᠢᠭᠡᠳᠦᠯ᠎ᠳᠦ ᠰᠢᠢᠳᠪᠦᠷᠢᠯᠡᠭᠳᠡᠳᠡᠭ᠂ ᠬᠠᠤᠯᠢ ᠴᠠᠭᠠᠵᠠ᠎ᠶᠢᠨ ᠠᠵᠢᠯᠯᠠᠭ᠎ᠠ ᠪᠣᠯ ᠦᠨᠡᠨ᠎ᠳᠡᠭᠡᠨ ᠨᠢᠭᠡ ᠵᠦᠢᠯ᠎ᠦᠨ ᠭᠣᠣᠯ ᠤᠷᠤᠰᠬᠠᠯ᠎ᠤᠨ ᠦᠷᠳᠡᠭ᠎ᠦᠨ ᠦᠵᠡᠯᠲᠡ᠎ᠶᠢ ᠢᠯᠡᠷᠡᠭᠦᠯᠬᠦ᠂ ᠪᠠᠲᠤᠯᠠᠬᠤ ᠨᠡᠢᠭᠡᠮ᠎ᠦᠨ ᠠᠵᠢᠯᠯᠠᠭ᠎ᠠ ᠮᠥᠨ᠂ ᠬᠠᠤᠯᠢ ᠴᠠᠭᠠᠵᠠ᠎ᠶᠢᠨ ᠤᠯᠠᠨ ᠢ ᠢᠲᠡᠭᠡᠬᠦᠯᠬᠦ ᠬᠦᠴᠦᠨ ᠬᠡᠷᠡᠯᠳᠦ ᠴᠠᠮᠬᠠᠭ ᠮᠡᠲᠦ ᠰᠦᠨᠳᠡᠷᠯᠡᠪᠡᠯ ᠰᠠᠶᠢ ᠭᠣᠣᠯ ᠤᠷᠤᠰᠬᠠᠯ᠎ᠤᠨ ᠦᠷᠳᠡᠭ᠎ᠦᠨ ᠦᠵᠡᠯᠲᠡ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠵᠤ ᠴᠢᠳᠠᠨ᠎ᠠ᠃ ᠬᠠᠤᠯᠢ ᠴᠠᠭᠠᠵᠠ᠎ᠶᠢᠨ ᠤᠯᠠᠨ᠎ᠢ ᠢᠲᠡᠭᠡᠬᠦᠯᠬᠦ ᠬᠦᠴᠦᠨ ᠪᠣᠯ ᠨᠡᠢᠭᠡᠮ᠎ᠦᠨ ᠢᠲᠡᠭᠡᠮᠵᠢ᠎ᠶᠢᠨ ᠰᠢᠰᠲᠧᠮ᠎ᠦᠨ ᠪᠠᠢᠭᠤᠯᠤᠯᠲᠠ᠎ᠶᠢᠨ ᠴᠢᠬᠤᠯᠠ ᠠᠭᠤᠯᠭ᠎ᠠ ᠪᠣᠯᠣᠨ᠎ᠠ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠶᠠᠪᠤᠴᠠ᠎ᠳᠤ᠂ ᠦᠨᠡᠨᠴᠢ ᠢᠲᠡᠭᠡᠮᠵᠢ᠎ᠶᠢᠨ ᠴᠢᠬᠤᠯᠠ ᠦᠨ᠎ᠡ ᠦᠷᠳᠡᠭ ᠵᠢᠴᠢ ᠣᠳᠣᠬᠢ ᠱᠠᠲᠤᠨ᠎ᠤ ᠨᠡᠢᠭᠡᠮ᠎ᠦᠨ ᠢᠲᠡᠭᠡᠮᠵᠢ᠎ᠶᠢᠨ ᠰᠢᠰᠲᠧᠮ᠎ᠢ ᠪᠠᠶ᠋ᠢᠭᠤᠯᠬᠤ᠎ᠶᠢᠨ ᠪᠡᠷᠬᠡ ᠬᠠᠲᠠᠭᠤᠵᠢᠯᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠨᠢ ᠡᠷᠬᠡᠪᠰᠢ ᠬᠠᠤᠯᠢ ᠴᠠᠭᠠᠵᠠ᠎ᠶᠢᠨ ᠠᠯᠪᠠᠳᠠᠯᠭ᠎ᠠ᠎ᠶᠢᠨ ᠬᠦᠴᠦᠨ᠎ᠳᠦ ᠲᠦᠰᠢᠭᠯᠡᠵᠦ᠂ ᠡᠯ᠎ᠡ ᠵᠦᠢᠯ᠎ᠦᠨ ᠢᠲᠡᠭᠡᠮᠵᠢ ᠪᠠᠨ ᠠᠯᠳᠠᠬᠰᠠᠨ ᠠᠵᠢᠯᠯᠠᠭ᠎ᠠ᠎ᠶᠢ ᠡᠷᠡᠰ ᠴᠡᠭᠴᠡᠯᠡᠨ ᠵᠠᠰᠠᠪᠠᠯ ᠰᠠᠶᠢ ᠦᠨᠡᠨᠴᠢ ᠰᠢᠳᠤᠷᠭᠤ᠎ᠪᠠᠷ ᠦᠨᠡᠨ᠎ᠢ ᠪᠠᠷᠢᠮᠲᠠᠯᠠᠬᠤ᠂ ᠬᠡᠯᠡᠭᠰᠡᠨ᠎ᠳᠡᠭᠡᠨ ᠰᠠᠭᠤᠬᠤ ᠰᠠᠢᠨ ᠰᠠᠢᠬᠠᠨ ᠬᠥᠭᠵᠢᠯᠲᠡ᠎ᠶᠢᠨ ᠣᠷᠴᠢᠨ ᠨᠥᠬᠥᠴᠡᠯ᠎ᠢ ᠪᠤᠢ ᠪᠣᠯᠭᠠᠵᠤ ᠴᠢᠳᠠᠨ᠎ᠠ ᠭᠡᠳᠡᠭ᠎ᠢ ᠲᠣᠭᠲᠠᠭᠠᠭᠰᠠᠨ ᠶᠤᠮ᠃
(ᠵᠣᠬᠢᠶᠠᠭ᠍ᠴᠢ ᠄ ᠥᠪᠥᠷ ᠮᠣᠩᠭᠣᠯ᠎ᠤᠨ ᠴᠠᠭᠳᠠᠭᠠᠨᠦ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠳᠡᠳ᠋ ᠫᠷᠤᠹᠸᠰᠰᠤᠷ)