ᠬᠤᠷᠢᠨᠭᠡᠷ ᠱᠢᠶᠠᠨ᠎ᠤ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠰᠠᠢᠬᠠᠨ ᠶᠠᠪᠤᠭ᠍ᠳᠠᠯ᠎ᠠ
2024-03-31 11:25:06
ᠵᠣᠬᠢᠶᠠᠭ᠍ᠴᠢ᠄
​ᠯᠢᠦ ᠶᠠᠩ ᠬᠠᠨ ᠱᠢᠨ ᠮᠧᠶ
ᠣᠩᠱᠢᠭ᠍ᠰᠠᠨ ᠣᠳᠠᠭ᠎ᠠ᠄
★★★☆☆

 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠵᠢ ᠥᠷᠨᠢᠭᠦᠯᠬᠦ᠌ ᠳᠤᠮᠳᠠ᠂ ᠬᠥᠬᠡᠬᠣᠲᠠ᠎ᠶ᠋ᠢᠨ ᠬᠣᠷᠢᠨᠭᠡᠷ ᠱᠢᠶᠠᠨ ᠬᠥᠳᠡᠭᠡ ᠲᠣᠰᠭᠣᠨ᠂ ᠠᠯᠪᠠᠨ ᠪᠠᠢᠭᠤᠯᠭ᠎ᠠ᠂ ᠰᠤᠷᠭᠠᠭᠤᠯᠢ ᠵᠡᠷᠭᠡ 12 ᠬᠦᠷᠢᠶᠡᠨ ᠎ᠳᠤ᠂ 51 ᠵᠦᠢᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠣᠳᠭᠤ ᠠᠵᠢᠯ᠎ᠢ ᠬᠦᠷᠢᠶ᠎ᠡ ᠬᠤᠪᠢᠶᠠᠨ ᠥᠷᠨᠢᠭᠦᠯᠵᠦ᠍᠂ᠠᠷᠠᠳ᠎ᠲᠤ ᠠᠱᠢᠭ ᠬᠦᠷᠲᠡᠭᠡᠬᠦ᠌ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢ ᠤᠯᠠᠨ ᠬᠠᠷᠠᠭᠠᠰᠤ᠎ᠡᠴᠡ ᠰᠠᠢᠲᠤᠷ ᠶᠠᠷᠢᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠤᠯᠠᠨ ᠳᠠᠪᠬᠤᠷᠭ᠎ᠠ᠎ᠡᠴᠡ ᠰᠠᠢᠲᠤᠷ ᠬᠢᠵᠦ᠍᠂ ᠨᠠᠮ᠎ᠤᠨ ᠭᠡᠱᠢᠭᠦᠨ᠎ᠦ ᠰᠠᠢ᠌ᠨ ᠰᠠᠢᠬᠠᠨ ᠲᠦᠷᠢ ᠲᠥᠷᠬᠦ᠌᠎ᠶ᠋ᠢ ᠤᠯᠠᠨ ᠬᠡᠯᠪᠡᠷᠢ᠎ᠪᠡᠷ ᠱᠤᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌ ᠪᠠᠢᠭᠠᠳ ᠨᠠᠮ᠎ᠤᠨ ᠠᠴᠢ᠎ᠳᠤ ᠲᠠᠯᠠᠷᠬᠠᠬᠤ᠎ᠶ᠋ᠢ ᠰᠡᠳᠭᠢᠯ᠎ᠦᠨ ᠤᠭ᠎ᠡᠴᠡ᠎ᠨᠢ ᠮᠡᠳᠡᠷᠡᠭᠦᠯᠵᠦ᠍᠂ ᠤᠬᠠᠮᠰᠠᠷ᠎ᠡᠴᠡ᠎ᠪᠠᠨ ᠰᠠᠨᠠᠭᠠᠴᠢᠯᠠᠭ᠎ᠠ᠎ᠡᠴᠡ᠎ᠪᠠᠨ ᠨᠠᠮ᠎ᠤᠨ ᠦᠭᠡ᠎ᠶ᠋ᠢ ᠰᠣᠨᠣᠰᠴᠤ᠌᠂ ᠡᠷᠡᠰ ᠭᠤᠢᠪᠢᠰᠢ ᠦᠭᠡᠢ᠎ᠪᠡᠷ ᠨᠠᠮ᠎ᠢᠶᠠᠨ ᠲᠠᠭᠠᠬᠤ ᠵᠢ ᠠᠬᠢᠭᠤᠯᠪᠠ᠃

ᠬᠣᠷᠢᠨᠭᠡᠷ ᠱᠢᠶᠠᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠤᠷᠤᠨ᠎ᠤ᠎ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 12 ᠰᠠᠯᠠᠭ᠎ᠠ ᠮᠥᠴᠢᠷ᠂ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ 《 ᠪᠦᠷᠢᠨ ᠴᠢᠳᠠᠮᠵᠢᠲᠦ ᠺᠠᠷᠲ》 ᠎ᠤ᠋ᠨ ᠲᠣᠭᠣᠷᠢᠨ᠎ᠳᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠨᠥᠬᠥᠪᠥᠷᠢ᠂ ᠥᠨᠳᠥᠷ ᠨᠠᠰᠤᠨ ᠬᠤᠳᠤᠬ᠎ᠤᠨ ᠨᠥᠬᠥᠪᠥᠷᠢ᠂ ᠠᠮᠤ ᠪᠤᠳᠠᠭᠠᠨ᠎ᠤ ᠱᠢᠭᠤᠳ ᠨᠥᠬᠥᠪᠥᠷᠢ ᠵᠡᠷᠭᠡ 16 ᠲᠠᠯ᠎ᠠ᠎ᠶ᠋ᠢ ᠪᠠᠭ᠍ᠲᠠᠭᠠᠭ᠍ᠰᠠᠨ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ 《 ᠳᠤᠳᠤᠷᠬᠠᠢ ᠺᠠᠷᠲ 》 ᠎ᠢ᠋ ᠡᠮᠬᠢᠯᠡᠨ ᠪᠦᠷᠢᠯᠳᠦᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠪᠠᠷ ᠲᠦᠷᠦᠭᠦᠯᠡᠭᠦᠯᠦᠨ᠂ ᠲᠣᠰᠭᠣᠨ(ᠨᠡᠢᠭᠡᠮ ᠲᠣᠭᠣᠷᠢᠭ) ᠎ᠤ᠋ 《ᠨᠠᠮ᠎ᠤᠨ ᠡᠬᠦᠷ ᠠᠷᠠᠳ᠎ᠤᠨ ᠵᠦᠪᠯᠡᠯ》 ᠤ᠋ᠨ ᠪᠦᠷᠢᠯᠳᠦᠬᠦᠨ᠂ ᠠᠷᠠᠳ᠎ᠤᠨ ᠶᠠᠪᠤᠳᠠᠯ᠎ᠤᠨ ᠲᠤᠰᠠᠯᠠᠭ᠍ᠴᠢ᠂ ᠪᠠᠶᠠᠵᠢᠯ᠎ᠤᠨ ᠳᠠᠭᠠᠭᠤᠯᠤᠭ᠍ᠴᠢ᠂ ᠵᠠᠯᠠᠭᠤ ᠰᠠᠢᠨ ᠳᠤᠷᠠᠴᠤᠤᠯ ᠵᠡᠷᠭᠡ ᠬᠦᠮᠦᠰ᠎ᠢ ᠵᠣᠬᠢᠶᠠᠨ ᠪᠠᠢᠭᠤᠯᠵᠤ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠩᠭᠢ᠎ᠶ᠋ᠢ 154 ᠵᠣᠬᠢᠶᠠᠨ ᠪᠠᠢᠭᠤᠯᠵᠤ᠂ ᠠᠢᠯ ᠡᠷᠦᠬᠡ᠎ᠳᠦ ᠬᠦᠷᠴᠦ᠍᠂ ᠤᠯᠠᠨ ᠲᠦᠮᠡᠨ᠎ᠤ ᠬᠡᠷᠡᠭᠴᠡᠭᠡ᠎ᠶᠢ ᠭᠦᠢᠴᠡᠳ ᠤᠢᠯᠠᠭᠠᠨ ᠦᠪᠡᠷᠮᠢᠴᠠ ᠦᠢᠯᠡᠴᠢᠯᠡᠭᠡ ᠬᠠᠩᠭᠠᠬᠤ ᠠᠵᠢᠯᠯᠠᠭ᠎ᠠ ᠥᠷᠨᠢᠭᠦᠯᠪᠡ᠃ ᠣᠳᠣᠬᠠᠨ᠎ᠳᠤ᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢᠨ 《ᠳᠤᠳᠤᠷᠬᠠᠢ ᠺᠠᠷᠲ 》 ᠪᠠ 《ᠠᠷᠠᠳ᠎ᠲᠦ ᠬᠠᠢᠷ᠎ᠠ ᠬᠠᠯᠠᠮᠵᠢ ᠬᠦᠷᠭᠡᠬᠦ ᠭᠠᠷ ᠠᠪᠤᠯᠭ᠎ᠠ》 ᠵᠢ ᠨᠡᠢᠲᠡ 2.9 ᠲᠦᠮᠡ ᠭᠠᠷᠤᠶ ᠲᠠᠷᠬᠠᠭᠠᠵᠤ᠂ ᠣᠯᠠᠨ ᠲᠦᠮᠡᠨ᠎ᠳᠦ ᠠᠷᠠᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢᠨ ᠲᠠᠩᠰᠠ᠂ ᠣᠷᠣᠯᠭ᠎ᠠ᠎ᠶ᠋ᠢᠨ ᠲᠠᠩᠰᠠ᠂ ᠣᠷᠴᠢᠨ ᠲᠤᠭᠤᠷᠢᠨ᠎ᠤ ᠰᠠᠢᠵᠢᠷᠠᠯᠲᠠ᠎ᠶ᠋ᠢᠨ ᠲᠠᠩᠰᠠ᠎ᠶ᠋ᠢ ᠨᠢᠭᠤᠷᠲᠠᠨ ᠪᠤᠳᠤᠵᠤ ᠥᠭ᠌ᠭᠦᠭ᠌ᠰᠡᠨ ᠪᠠᠢᠨ᠎ᠠ᠃ 《ᠬᠠᠭᠤᠴᠢᠨ ᠭᠡᠷᠡᠯ ᠵᠢᠷᠤᠭ᠎ᠢ ᠬᠠᠮᠲᠤ᠎ᠪᠠᠷ ᠰᠤᠨᠢᠷᠬᠠᠬᠤ ᠬᠤᠷᠠᠯ》 ᠂ 《ᠠᠬᠠᠮᠠᠳ ᠨᠠᠮ᠎ᠤᠨ ᠭᠡᠱᠢᠭᠦᠨ ᠦᠯᠢᠭᠡᠷ ᠶᠠᠷᠢᠬᠤ》 ᠵᠡᠷᠭᠡ ᠶᠠᠷᠢᠯᠴᠠᠬᠤ ᠪᠠ ᠰᠣᠯᠢᠯᠴᠠᠬᠤ ᠠᠵᠢᠯᠯᠠᠭ᠎ᠠ᠎ᠶ᠋ᠢ 70 ᠭᠠᠷᠤᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ 《ᠬᠤᠪᠢᠷᠠᠯᠲᠠ᠎ᠶ᠋ᠢᠨ ᠲᠤᠬᠠᠢ ᠶᠠᠷᠢᠯᠴᠠᠬᠤ》 ᠪᠡᠷ ᠲᠠᠮᠵᠢᠵᠦ 《ᠶᠡᠬᠡ ᠠᠮᠵᠢᠯᠲᠠ》 ᠵᠢ ᠲᠤᠰᠭᠠᠵᠤ᠂ 《ᠦᠯᠢᠭᠡᠷ ᠶᠠᠷᠢᠬᠤ》 ᠪᠡᠷ ᠲᠠᠮᠵᠢᠵᠦ 《ᠰᠠᠢ᠌ᠨ ᠲᠦᠷᠦ᠍᠎ᠶ᠋ᠢᠨ ᠪᠤᠳᠤᠯᠭ᠎ᠠ》ᠵᠢ ᠲᠤᠰᠭᠠᠵᠤ᠂ ᠥᠷᠭᠡᠨ ᠤᠯᠠᠨ ᠲᠦᠮᠡᠨ᠎ᠳᠦ《ᠬᠠᠮᠢᠭ᠎ᠠ᠎ᠡᠴᠡ ᠠᠱᠢᠭ ᠬᠦᠷᠲᠡᠭᠰᠡᠨ》 ᠂ 《 ᠶᠠᠮᠠᠷ ᠠᠱᠢᠭ ᠬᠦᠷᠲᠡᠭᠰᠡᠨ᠌》 ᠭᠡᠳᠡᠭ᠎ᠢ᠋ ᠤᠢᠯᠠᠭᠠᠭᠤᠯᠵᠠᠢ᠃

ᠡᠭᠦᠨ᠎ᠦ ᠬᠠᠮᠲᠤ᠌᠂ ᠬᠣᠷᠢᠨᠭᠡᠷ ᠱᠢᠶᠠᠨ ᠤᠯᠠᠨ ᠲᠡᠰ ᠳᠠᠪᠬᠤᠷᠭ᠎ᠠ᠂ ᠤᠯᠠᠨ ᠬᠦᠷᠢᠶ᠎ᠡ ᠴᠠᠷᠠᠭ᠎ᠠ᠂ ᠤᠯᠠᠨ ᠠᠷᠭ᠎ᠠ ᠵᠠᠮ᠎ᠢᠶᠠᠷ ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢ ᠡᠷᠢᠵᠦ ᠰᠣᠩᠭᠣᠵᠤ ᠱᠤᠭᠤᠵᠤ᠂ ᠨᠠᠮ᠎ᠤᠨ ᠭᠡᠱᠢᠭᠦᠨ ᠺᠠᠳ᠋ᠷ ᠪᠣᠯᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠢ ᠢᠲᠡᠭᠡᠵᠦ᠍ ᠨᠠᠮ᠎ᠢᠶᠠᠨ ᠬᠠᠢᠷᠠᠯᠠᠬᠤ᠂ ᠨᠠᠮ᠎ᠢ ᠬᠦᠷᠢᠶᠡᠯᠡᠵᠦ᠍ ᠨᠠᠮ᠎ᠤᠨ ᠲᠥᠯᠥᠭᠡ ᠦᠢᠯᠡᠴᠢᠯᠡᠬᠦ᠌ ᠦᠵᠡᠯ ᠰᠠᠨᠠᠭᠠᠨ᠎ᠤ ᠤᠬᠠᠮᠰᠠᠷ ᠪᠣᠯᠤᠨ ᠠᠵᠢᠯᠯᠠᠭᠠᠨ᠎ᠤ ᠤᠬᠠᠮᠰᠠᠷ᠎ᠢ ᠪᠦᠲᠦᠮᠵᠢᠲᠡᠢ ᠳᠡᠭᠡᠭ᠌ᠰᠢᠯᠡᠭᠦᠯᠵᠡᠢ᠃ 72 ᠲᠣᠰᠭᠣᠨ(ᠨᠡᠢᠭᠡᠮ ᠲᠣᠭᠣᠷᠢᠭ)᠂ 5 ᠳᠤᠮᠳᠠᠳᠤ ᠪᠠᠭ᠎ᠠ ᠰᠤᠷᠭᠠᠭᠤᠯᠢ᠂ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠢᠭᠤᠯᠤᠯᠲᠠ ᠡᠯ᠎ᠡ ᠲᠦᠷᠦᠯ᠎ᠦᠨ ᠱᠢᠯᠭᠠᠷᠠᠭᠤᠯᠤᠨ ᠬᠥᠬᠢᠭᠦᠯᠬᠦ᠌ ᠠᠵᠢᠯᠯᠠᠭ᠎ᠠ᠎ᠶ᠋ᠢ 60 ᠭᠠᠷᠤᠢ ᠲᠠᠯᠠᠪᠤᠷ ᠤᠳᠠᠭ᠎ᠠ ᠥᠷᠨᠢᠭᠦᠯᠵᠦ᠍᠂ 530 ᠭᠠᠷᠤᠢ ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢ ᠱᠢᠯᠭᠠᠷᠠᠭᠤᠯᠵᠤ᠂ ᠢᠯᠠᠩᠭᠤᠶ᠎ᠠ ᠬᠥᠳᠡᠭᠡ ᠲᠣᠰᠭᠣᠨ᠎ᠡᠴᠡ ᠨᠢᠭᠡ ᠪᠦᠯᠦᠭ ᠱᠢᠨ᠎ᠡ ᠨᠤᠲᠤᠭ᠎ᠤᠨ ᠴᠢᠳᠠᠪᠤᠷᠢᠲᠠᠨ᠎ᠢ ᠰᠣᠩᠭᠣᠨ ᠬᠥᠮᠦᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ 《ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ》 ᠨᠡᠮᠡᠷᠢᠯᠡᠵᠡᠢ᠃

ᠡᠭᠦᠨ᠎ᠡᠴᠡ ᠭᠠᠳᠠᠨ᠎ᠠ᠂ ᠬᠣᠷᠢᠨᠭᠡᠷ ᠱᠢᠶᠠᠨ  ᠬᠥᠳᠡᠭᠡ ᠲᠣᠰᠭᠣᠨ᠎ᠤ ᠴᠢᠳᠠᠪᠤᠷᠢᠲᠠᠨ᠎ᠤ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠶᠠᠪᠤᠳᠠᠯ᠎ᠢ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠴᠢᠬᠤᠯᠠ ᠠᠭᠤᠯᠭ᠎ᠠ ᠪᠣᠯᠭᠠᠵᠤ᠂ 3 ᠰᠠᠷ᠎ᠠ᠎ᠶ᠋ᠢᠨ ᠡᠬᠢᠨ᠎ᠳᠦ᠂ ᠳᠠᠢᠴᠢᠳ ᠲᠣᠰᠭᠣᠨ᠎ᠤ ᠵᠢᠤᠢ ᠨᠦᠩ ᠯᠢᠶᠠᠩ ᠫᠢᠨ ᠨᠤᠲᠤᠭ᠎ᠲᠠᠭᠠᠨ ᠪᠤᠴᠠᠵᠤ ᠦᠢᠯᠡᠰ ᠪᠤᠰᠬᠠᠬᠤ  ᠨᠡᠪᠴᠢᠬᠦᠯᠤᠯᠳᠡ ᠵᠢᠨ ᠰᠠᠭᠤᠷᠢᠨ᠎ᠳᠤ᠂ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠪᠢ ᠭᠠᠪᠢᠶ᠎ᠠ ᠪᠠᠢᠭᠤᠯᠤᠨ᠎ᠠ》 ᠭᠡᠬᠦ ᠬᠣᠷᠢᠨᠭᠡᠷ᠎ᠦᠨ ᠬᠣᠶᠠᠳᠤᠭᠠᠷ ᠬᠤᠭᠤᠴᠠᠭᠠᠨ᠎ᠤ ᠵᠠᠯᠠᠭᠤᠴᠤᠳ᠎ᠤᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠪᠠᠭᠠᠲᠤᠷᠴᠤᠳ᠎ᠤᠨ ᠴᠤᠭ᠍ᠯᠠᠭᠠᠨ᠎ᠢ ᠡᠷᠭᠢᠯᠡᠵᠦ᠍᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ ᠬᠦᠰᠡᠯ᠎ᠲᠡᠶ ᠵᠠᠯᠠᠭᠤ ᠤᠶᠤᠲᠠᠳ ᠵᠢᠴᠢ ᠬᠥᠳᠡᠭᠡ ᠲᠣᠰᠭᠣᠨ᠎ᠤ ᠪᠠᠶᠠᠵᠢᠯ᠎ᠦᠨ ᠳᠠᠭᠠᠭᠤᠯᠤᠭ᠍ᠴᠢ᠂ ᠲᠣᠰᠭᠣᠨ᠎ᠤ 《ᠨᠠᠮ᠎ᠤᠨ ᠡᠬᠦᠷ ᠠᠷᠠᠳ᠎ᠤᠨ ᠵᠥᠪᠯᠡᠯ》 ᠎ᠤ᠋ᠨ ᠪᠦᠷᠢᠯᠳᠦᠬᠦᠨ᠂ ᠠᠵᠤ ᠠᠬᠤᠢᠯᠠᠯ᠎ᠤᠨ ᠡᠲᠡᠭᠡᠳ᠎ᠦᠨ ᠬᠥᠮᠦᠰ ᠵᠡᠷᠭᠡ 120 ᠭᠠᠷᠤᠢ ᠬᠥᠮᠦᠰ᠎ᠢ ᠵᠣᠬᠢᠶᠠᠨ ᠪᠠᠢᠭᠤᠯᠵᠤ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠷᠭ᠎ᠠ ᠪᠤᠳᠤᠯᠭ᠎ᠠ᠎ᠶ᠋ᠢ ᠬᠠᠮᠲᠤ ᠪᠠᠷ ᠵᠥᠪᠳᠡᠵᠦ᠍᠂ ᠲᠤᠰᠭᠠᠢ ᠮᠡᠷᠭᠡᠵᠢᠯᠲᠡᠨ᠎ᠢ ᠤᠷᠢᠵᠤ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠤᠨ ᠲᠠᠢᠯᠪᠤᠷᠢᠯᠠᠭᠤᠯᠵᠤ᠂ ᠰᠡᠯᠡᠭᠦᠴᠡᠯ ᠲᠠᠷᠢᠶᠠᠯᠠᠩ ᠪᠣᠯᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠬᠠᠨᠳᠤᠰᠢ ᠪᠣᠯᠤᠨ ᠢᠷᠡᠭᠡᠳᠦᠢ᠎ᠶ᠋ᠢ ᠵᠠᠳᠠᠯᠤᠨ ᠱᠢᠨᠵᠢᠯᠡᠵᠦ᠍᠂ ᠲᠤᠬᠠᠢ᠎ᠶ᠋ᠢᠨ ᠲᠠᠯᠠᠪᠤᠷ᠎ᠲᠤ ᠪᠠᠢᠭ᠍ᠰᠠᠨ ᠵᠠᠯᠠᠭᠤ ᠦᠢᠯᠡᠰ ᠪᠤᠰᠭᠠᠬ᠍ᠴᠢᠳ᠎ᠲᠤ ᠡᠷᠬᠢᠮ ᠨᠠᠨᠳᠢᠨ ᠰᠡᠩᠬᠡᠷᠡᠭᠦᠯᠦᠯ ᠪᠠ ᠯᠠᠪᠯᠠᠯᠲᠠ ᠬᠠᠩᠭᠠᠪᠠ᠃

ᠬᠣᠷᠢᠨᠭᠡᠷ ᠱᠢᠶᠠᠨ ᠪᠣᠳᠠᠲᠤ ᠶᠠᠪᠤᠳᠠᠯ ᠪᠦᠲᠦᠭᠡᠬᠦ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠂ ᠬᠥᠭ᠌ᠵᠢᠯᠲᠡ᠎ᠶ᠋ᠢ ᠠᠬᠢᠭᠤᠯᠬᠤ᠎ᠶ᠋ᠢ ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠵᠤᠷᠢᠯᠲᠠ ᠪᠠ ᠲᠤᠰᠤᠯᠳᠠ ᠪᠣᠯᠭᠠᠵᠤ᠂ ᠦᠨᠳᠦᠰᠦᠨ ᠱᠠᠲᠤᠨ᠎ᠤ ᠺᠠᠳ᠋ᠷ᠎ᠤᠨ ᠤᠯᠠᠨ ᠲᠦᠮᠡᠨ᠎ᠲᠡᠶ ᠣᠢᠷᠠᠳᠭᠤ ᠳᠠᠪᠠᠭᠤᠯᠢᠭ᠎ᠢ ᠪᠠᠳᠠᠷᠠᠭᠤᠯᠵᠤ᠂ 1200 ᠭᠠᠷᠤᠢ ᠨᠠᠮ᠎ᠤᠨ ᠭᠡᠱᠢᠭᠦᠨ᠂ ᠺᠠᠳ᠋ᠷ ᠰᠠᠨᠠᠭᠠᠴᠢᠯᠠᠭ᠎ᠠ᠎ᠡᠴᠡ᠎ᠪᠠᠨ ᠡᠷᠦᠭᠡ᠎ᠳᠦ ᠬᠦᠷᠴᠦ᠍ ᠰᠤᠷᠪᠤᠯᠵᠢᠯᠠᠵᠤ᠂ ᠢᠳᠭᠠᠯ ᠰᠠᠨᠠᠭᠤᠯᠭ᠎ᠠ᠎ᠶ᠋ᠢ ᠬᠦᠯᠢᠶᠡᠨ ᠠᠪᠴᠤ᠌᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ 630 ᠭᠠᠷᠤᠢ ᠵᠤᠷᠪᠤᠰ ᠴᠤᠭ᠍ᠯᠠᠭᠤᠯᠪᠠ᠃ ᠡᠭᠦᠨ᠎ᠦ ᠵᠡᠷᠭᠡ᠎ᠪᠡᠷ᠂ 《ᠠᠷᠠᠳ᠎ᠤᠨ ᠬᠦᠰᠡᠯ ᠱᠠᠭᠠᠷᠳᠠᠯᠭ᠎ᠠ᠎ᠵᠢ ᠲᠡᠷᠢᠭᠦᠨ᠎ᠳᠤ ᠲᠠᠯᠪᠢᠵᠤ ᠠᠷᠠᠳ᠎ᠤᠨ ᠲᠦᠯᠦᠭᠡ ᠵᠢᠳᠭᠦᠬᠦ᠌》᠂ 《ᠵᠠᠭᠠᠯᠳᠤᠯᠭ᠎ᠠ᠎ᠶ᠋ᠢ ᠬᠦᠯᠢᠶᠡᠨ ᠠᠪᠤᠮᠠᠭᠴᠠ ᠲᠡᠷᠡ ᠳᠠᠷᠤᠶ ᠰᠢᠢᠳᠪᠦᠷᠢᠯᠡᠬᠦ᠌》᠂ 《ᠵᠠᠭᠠᠯᠳᠤᠬᠤ᠎ᠡᠴᠡ ᠡᠮᠦᠨ᠎ᠡ ᠤᠷᠢᠳ᠎ᠢᠶᠠᠷ ᠱᠢᠶ᠋ᠳᠪᠦᠷᠢᠯᠡᠬᠦ᠌》 ᠵᠡᠷᠭᠡ ᠠᠵᠢᠯ᠎ᠤᠨ ᠲᠣᠭ᠍ᠲᠡᠴᠡ᠎ᠶ᠋ᠢ ᠪᠠᠢᠭᠤᠯᠤᠨ ᠪᠦᠷᠢᠨᠱᠢᠬᠦᠯᠪᠡ᠃ ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠨᠡᠢᠲᠡ 268 ᠱᠢᠶ᠋ᠳᠪᠦᠷᠢᠯᠡᠵᠡᠶ᠃ 78 ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ ᠤᠯᠠᠨ ᠲᠦᠮᠡᠨ᠎ᠦ ᠠᠩᠬᠠᠷᠴᠤ᠌ ᠪᠠᠢᠭ᠎ᠠ ᠣᠷᠣᠨ ᠰᠠᠭᠤᠴᠠ᠂ ᠶᠠᠪᠤᠵᠤ ᠰᠠᠭᠤᠬᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶ᠎ᠡ᠎ᠶ᠋ᠢᠨ ᠲᠣᠭᠣᠷᠢᠨ᠎ᠳᠤ 《ᠪᠢ ᠤᠯᠠᠨ ᠲᠦᠮᠡᠨ᠎ᠳᠦ ᠪᠤᠳᠠᠳᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠤᠯᠠᠨ ᠲᠦᠮᠡᠨ᠎ᠦ ᠶᠠᠪᠤᠵᠤ ᠰᠠᠭᠤᠬᠤ᠎ᠳᠤ ᠬᠦᠴᠢᠷᠲᠡᠶ᠂ ᠡᠪᠡᠳᠴᠢᠨ ᠦᠵᠡᠭᠦᠯᠬᠦ᠌᠎ᠳᠦ ᠬᠦᠴᠢᠷᠲᠡᠶ᠂ ᠲᠡᠷᠭᠡ ᠵᠣᠭ᠍ᠰᠣᠭᠠᠬᠤ᠎ᠳᠤ ᠬᠦᠴᠢᠷᠲᠡᠶ᠂ ᠴᠠᠬᠢᠯᠭᠠᠨ ᠴᠡᠨᠡᠭ᠌ᠯᠡᠬᠦ᠌᠎ᠳᠦ ᠬᠦᠴᠢᠷᠲᠠᠢ ᠵᠡᠷᠭᠡ 360 ᠭᠠᠷᠤᠶ ᠠᠰᠠᠭᠤᠳᠠᠯ᠎ᠢ ᠱᠢᠶ᠋ᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号