ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ᠎ᠢ ᠱᠢᠶ᠋ᠳᠪᠦᠷᠢᠯᠡᠨ ᠭᠤᠤᠯ ᠰᠡᠳᠦᠪ᠎ᠲᠤ ᠬᠦᠮᠦᠵᠢᠯ᠎ᠤᠨ ᠦᠷ᠎ᠡ ᠪᠦᠲᠦᠭᠡᠯ᠎ᠢ ᠠᠷᠠᠳ ᠤᠯᠠᠨ ᠳ᠋ᠦ ᠡᠳ᠋ᠯᠡᠭᠦᠯᠦᠨ᠎ᠡ
ᠨᠠᠮ᠎ᠤᠨ ᠠᠷᠠᠳ᠎ᠲᠤ ᠠᠱᠢᠭ ᠬᠦᠷᠲᠡᠭᠡᠬᠦ᠌ ᠠᠯᠢ ᠤᠯᠠᠨ ᠲᠦᠷᠦ᠍᠎ᠶ᠋ᠢᠨ ᠪᠤᠳᠤᠯᠭ᠎ᠠ ᠲᠦᠩᠯᠢᠶᠣᠤ ᠬᠤᠳᠠ᠎ᠶ᠋ᠢᠨ ᠬᠦᠷᠢᠢ᠎ᠡ ᠬᠣᠱᠢᠭᠤ ᠳᠠᠶᠠᠭᠠᠷ ᠲᠦᠭᠦᠵᠦ᠂ ᠠᠷᠠᠳ ᠤᠯᠠᠨ ᠵᠣᠯ ᠵᠢᠷᠭᠠᠯᠲᠤ ᠠᠮᠢᠳᠤᠷᠠᠯ᠎ᠤᠨ ᠦᠯᠢᠭᠡᠷᠵᠢᠡᠨ ᠠᠮᠠ ᠳᠠᠮᠵᠢᠨ ᠶᠠᠷᠢᠵᠦ᠂ 《ᠨᠠᠮ᠎ᠤᠨ ᠠᠴᠢᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠨ ᠤᠷᠤᠬᠰᠢᠯᠠᠬᠤ》᠎ᠨᠢ ᠦᠷᠭᠡᠨ ᠤᠯᠠᠨ ᠨᠤᠲᠤᠭ᠎ᠤᠨ ᠠᠬ᠎ᠠ ᠳᠡᠭᠦᠦ᠍᠎ᠨᠡᠷ᠎ᠦᠨ ᠰᠡᠳᠭᠢᠯ᠎ᠦᠨ ᠦᠭᠡ ᠪᠣᠯᠵᠠᠶ᠃
ᠭᠣᠸ᠋ᠯ ᠰᠡᠳᠦᠪᠲᠦ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠬᠦᠷᠢᠶ᠎ᠡ ᠬᠣᠱᠢᠭᠤᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠪᠠᠢᠴᠠᠭᠠᠨ ᠰᠤᠳᠤᠯᠤᠯᠲᠠ᠎ᠪᠠᠨ ᠭᠦᠨᠵᠡᠭᠡᠢᠷᠡᠭᠦᠯᠦᠨ᠂ ᠣᠯᠠᠨ ᠲᠦᠮᠡᠨ᠎ᠦ《ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ》ᠪᠠᠢᠭ᠎ᠠ ᠠᠰᠠᠭᠤᠳᠠᠯ ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠢᠳᠡᠪᠬᠢᠲᠡᠶ ᠬᠥᠲᠥᠯᠦᠨ ᠵᠢᠯᠣᠭᠣᠳᠴᠤ᠌ ᠪᠠᠢᠭᠠᠳ ᠣᠯᠠᠨ ᠲᠦᠮᠡᠨ᠎ᠤ ᠲᠤᠮᠳᠠ ᠭᠦᠨᠵᠡᠭᠡᠢᠷᠡᠭᠦᠯᠦᠨ᠂ ᠣᠯᠠᠨ ᠲᠦᠮᠡᠨ᠎ᠲᠡᠶ ᠣᠢᠷᠠᠲᠤᠭᠤᠯᠵᠤ᠂ ᠣᠯᠠᠨ ᠲᠦᠮᠡᠨ᠎ᠳᠦ ᠦᠶ᠋ᠯᠡᠴᠢᠯᠡᠭᠦᠯᠵᠦ᠍᠂ ᠣᠯᠠᠨ ᠲᠦᠮᠡᠨ᠎ᠦ ᠨᠢᠳᠦᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠰᠡᠳᠭᠢᠯ᠎ᠳᠦ ᠰᠠᠭᠤᠬᠳᠠᠮ᠎ᠠ ᠪᠣᠳᠠᠲᠤ ᠶᠠᠪᠤᠳᠠᠯ ᠰᠠᠢᠨ ᠶᠠᠪᠤᠳᠠᠯ᠎ᠢ ᠦᠨᠡᠨ ᠬᠦ᠌ ᠪᠦᠲᠦᠭᠡᠵᠦ᠍᠂ ᠣᠯᠠᠨ ᠲᠦᠮᠡᠨ᠎ᠳᠦ ᠭᠣᠸ᠋ᠯ ᠰᠡᠳᠦᠪᠲᠦ ᠬᠥᠮᠦᠵᠢᠯ᠎ᠦᠨ ᠠᠪᠴᠢᠷᠠᠭ᠍ᠰᠠᠨ ᠦᠷ᠎ᠡ ᠪᠦᠳᠦᠭᠡᠯ᠎ᠢ ᠦᠨᠡᠨ ᠬᠦ᠌ ᠮᠡᠳᠡᠷᠡᠭᠦᠯᠦᠨ᠎ᠡ᠃

ᠠᠵᠢᠯ᠎ᠤᠨ ᠪᠠᠢᠷᠢᠨ᠎ᠳᠦ ᠰᠠᠭᠤᠷᠢᠯᠠᠨ 《ᠭᠠᠪᠰᠢᠭᠠᠢ ᠬᠣᠱᠢᠭᠤᠴᠢ》 ᠪᠤᠯᠵᠦ ᠰᠠᠢᠨ ᠳᠤᠷ᠎ᠠ᠎ᠶ᠋ᠢᠨ ᠦᠶ᠋ᠯᠡᠴᠢᠯᠡᠭᠡ ᠪᠡᠷ ᠵᠢᠡᠨ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ
ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠺᠠᠳ᠋ᠷᠴᠤᠳ ᠤᠯᠠᠨ ᠲᠦᠮᠡᠨ᠎ᠦ ᠬᠡᠷᠡᠭ᠌ᠴᠡᠭᠡ ᠪᠠ ᠬᠦᠰᠡᠯ ᠡᠷᠡᠮᠡᠯᠵᠡᠯ᠎ᠳᠦ ᠱᠢᠭᠤᠳ ᠬᠠᠨᠳᠤᠵᠤ᠂ ᠰᠠᠨᠠᠭᠠᠴᠢᠯᠠᠭ᠎ᠠ ᠡᠴᠠ᠎ᠪᠠᠨ ᠬᠤᠰᠢᠭᠤᠴᠢᠯᠠᠨ ᠭᠠᠪᠰᠢᠭᠠᠢᠯᠠᠨ ᠦᠢᠯᠡᠴᠢᠯᠡᠵᠦ᠍᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠍᠂ ᠤᠳᠠᠭ᠎ᠠ ᠪᠦᠷᠢ᠎ᠶ᠋ᠢᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠳᠤᠮᠳᠠ᠂ ᠦᠨᠳᠦᠰᠦᠨ ᠱᠠᠲᠤᠨ᠎ᠤ ᠤᠯᠠᠨ ᠲᠦᠮᠡᠨ᠎ᠳᠦ ᠦᠨᠡᠨ ᠪᠣᠳᠠᠲᠠᠢ ᠠᠱᠢᠭ ᠬᠦᠷᠲᠡᠭᠡᠵᠦ᠍᠂ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠦᠭᠡᠢ ᠬᠠᠩᠭᠠᠨ᠎ᠠ᠃
ᠡᠯᠡᠰᠦᠨ ᠪᠠᠯᠭᠠᠰᠤ ᠪᠣᠯᠤᠨ ᠮᠠᠩᠬᠠᠨ ᠰᠤᠮᠤ ᠪᠣᠯ ᠬᠦᠷᠢᠶ᠎ᠡ ᠬᠣᠱᠢᠭᠤᠨ᠎ᠤ ᠮᠣᠩᠭᠣᠯ ᠦᠨᠳᠦᠰᠦᠲᠡᠨ᠎ᠦ ᠬᠥᠮᠦᠨ ᠠᠮᠠ ᠬᠠᠷᠢᠴᠠᠩᠭᠤᠶ᠎ᠪᠠᠷ ᠲᠥᠪᠯᠡᠷᠡᠭ᠌ᠰᠡᠨ ᠱᠢᠶᠠᠩ ᠪᠠᠯᠭᠠᠰᠤ ᠪᠣᠯᠤᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠴᠢᠨᠠᠬᠰᠢᠳᠠ ᠠᠬᠢᠭᠤᠯᠵᠤ᠂ ᠵᠠᠯᠠᠭᠤᠴᠤᠳ ᠪᠠᠭᠠᠴᠤᠳ᠎ᠤᠨ ᠣᠯᠠᠨ ᠶᠠᠩᠵᠤ᠎ᠶ᠋ᠢᠨ ᠰᠤᠷᠤᠯᠴᠠᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ᠎ᠶ᠋ᠢᠨ ᠲᠥᠯᠥᠭᠡ᠂ ᠡᠯᠡᠰᠦᠨ ᠪᠠᠯᠭᠠᠰᠤ《ᠠᠨᠠᠷ᠎ᠤᠨ ᠦᠷ᠎ᠡ》ᠵᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ᠂ ᠬᠠᠷᠢᠶᠠᠲᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠢ ᠪᠦᠯᠦᠭ ᠬᠤᠪᠢᠶᠠᠨ ᠵᠣᠬᠢᠶᠠᠨ ᠪᠠᠢᠭᠤᠯᠵᠤ᠂《ᠠᠨᠠᠷ᠎ᠤᠨ ᠰᠣᠶᠣᠯ᠎ᠤᠨ ᠶᠡᠬᠡ ᠬᠦᠷᠢᠶᠡᠯᠡᠩ》᠎ᠳ᠋ᠤ ᠣᠴᠢᠭᠤᠯᠤᠨ ᠰᠤᠳᠤᠯᠤᠨ ᠰᠤᠷᠤᠯᠴᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠬᠦᠯᠪᠡ᠃
ᠮᠠᠩᠬᠠᠨ ᠰᠤᠮᠤ᠎ᠶ᠋ᠢᠨ ᠴᠠᠩᠬᠠᠢ᠂ ᠰᠦᠳᠦ ᠭᠠᠴᠠᠭ᠎ᠠ᠎ᠳᠤ᠂ ᠮᠠᠯᠴᠢᠨ ᠲᠠᠷᠢᠶᠠᠴᠢᠳ《ᠨᠠᠮ᠎ᠤᠨ ᠠᠴᠢᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠬᠰᠢᠯᠠᠬᠤ》ᠭᠣᠣᠯ ᠰᠡᠳᠦᠪᠲᠦ ᠠᠷᠠᠳ᠎ᠲᠤ ᠠᠱᠢᠭ ᠬᠦᠷᠲᠡᠭᠡᠬᠦ᠌ ᠤᠷᠠᠨ ᠰᠠᠢᠬᠠᠨ᠎ᠤ ᠲᠣᠭ᠍ᠯᠠᠯᠲᠠ ᠨᠢ ᠲᠤᠬᠠᠢ᠎ᠶ᠋ᠢᠨ ᠲᠠᠯᠠᠪᠠᠢ ᠵᠢᠨ ᠮᠠᠯᠴᠢᠨ ᠲᠠᠷᠢᠶᠠᠴᠢᠨ᠎ᠤ ᠪᠠᠬᠠᠷᠠᠯᠢ ᠤᠯᠤᠨ᠎ᠠ᠃ ᠨᠢᠳᠤᠨᠤᠨ᠎ᠤ ᠵᠢᠯ᠎ᠤᠨ ᠰᠡᠭᠦᠯᠴᠢ ᠪᠡᠷ᠂ ᠮᠠᠩᠬᠠᠨ ᠰᠤᠮᠤ᠎ᠶ᠋ᠢᠨ ᠬᠢᠨ ᠵᠠᠯᠠᠭᠤᠴᠤᠳ᠎ᠤᠨ ᠰᠠᠢ᠌ᠨ ᠳᠤᠷ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠮᠠᠯᠴᠢᠨ ᠲᠠᠷᠢᠶᠠᠴᠢᠨ᠎ᠤ ᠦᠵᠡᠵᠦ᠍ ᠰᠣᠨᠢᠷᠬᠠᠬᠤ ᠳᠤᠷᠠᠲᠠᠢ ᠤᠯᠠᠨ ᠲᠦᠮᠡᠨ᠎ᠲᠡᠶ ᠤᠢ᠍ᠢᠷᠠᠳᠤᠭ᠍ᠰᠠᠨ ᠤᠬᠠᠭᠤᠯᠤᠨ ᠲᠠᠢᠯᠪᠤᠷᠢᠯᠠᠬᠤ ᠬᠡᠯᠪᠡᠷᠢ᠎ᠪᠡᠷ᠂ ᠭᠠᠴᠠᠭ᠎ᠠ ᠲᠣᠰᠭᠣᠨ᠎ᠤ ᠮᠠᠯᠴᠢᠨ ᠲᠠᠷᠢᠶᠠᠴᠢᠨ᠎ᠳᠤ ᠦᠨᠳᠦᠰᠦᠲᠡᠨ᠎ᠦ ᠪᠦᠯᠬᠦᠮᠳᠡᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠡ ᠦᠭᠡᠢ ᠪᠠᠲᠤ ᠴᠤᠬᠴᠠᠯᠠᠪᠠ᠃
ᠬᠦᠬᠦᠨ ᠪᠠᠯᠭᠠᠰᠤᠨ᠎ᠤ ᠭᠣᠣᠯ ᠵᠡᠭᠡᠯᠢ ᠪᠡᠷ ᠴᠤᠬᠯᠠᠭ᠎ᠠ ᠮᠠᠢᠮᠠᠢ ᠬᠦᠭᠵᠢᠶᠨᠨᠳᠠᠢ ᠪᠠᠢᠵᠦ᠂ ᠨᠠᠭᠠᠰᠢ ᠴᠠᠭᠠᠰᠢ ᠶᠠᠪᠤᠬᠤ ᠲᠡᠷᠭᠡ ᠬᠥᠰᠭᠡ ᠪᠣᠯᠤᠨ ᠬᠥᠮᠦᠨ ᠬᠠᠷ᠎ᠠ ᠣᠯᠠᠨ ᠪᠠᠢᠵᠦ᠂ ᠬᠣᠭ ᠨᠣᠪᠰᠢ᠎ᠶ᠋ᠢ ᠴᠠᠭ ᠲᠤᠬᠠᠶ᠎ᠳᠤᠨᠢ ᠴᠡᠪᠡᠷᠯᠡᠬᠦ ᠦᠭᠡᠶ ᠪᠣᠯ ᠣᠷᠴᠢᠨ ᠲᠣᠭᠣᠷᠢᠨ᠎ᠤ ᠠᠷᠢᠭᠤᠨ ᠴᠡᠪᠡᠷ ᠪᠠ ᠦᠩᠭᠡ ᠦᠵᠡᠮᠵᠢ᠎ᠶ᠋ᠢ ᠬᠦᠨᠳᠦ ᠨᠣᠴᠢᠲᠠᠶ ᠨᠥᠯᠥᠭᠡᠯᠡᠳᠡᠭ᠃ ᠡᠨᠡ ᠬᠦ᠌ ᠪᠠᠢᠳᠠᠯ᠎ᠳᠤ ᠴᠢᠭ᠌ᠯᠡᠭᠦᠯᠦᠨ᠂ ᠬᠦᠬᠦᠨ ᠪᠠᠯᠭᠠᠰᠤ ᠬᠠᠮᠤᠭ᠎ᠤᠨ ᠲᠡᠷᠢᠭᠦᠨ᠎ᠳᠦ ᠠᠷᠢᠭᠤᠨ ᠴᠡᠪᠡᠷ᠎ᠢ ᠡᠷᠬᠢᠮᠯᠡᠬᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠠᠢᠭᠤᠯᠵᠤ᠂《ᠴᠡᠪᠡᠷᠯᠡᠭᠡ ᠵᠢᠨ ᠠᠵᠢᠯᠯᠠᠭ᠎ᠠ》ᠥᠷᠨᠢᠭᠦᠯᠵᠦ᠍᠂ ᠵᠡᠭᠡᠯᠢ ᠭᠤᠳᠤᠮᠵᠢ᠎ᠶ᠋ᠢᠨ ᠡᠷᠬᠢᠨ ᠲᠣᠭᠣᠷᠢᠨ᠎ᠤ ᠬᠣᠭ ᠨᠣᠪᠰᠢ᠎ᠶ᠋ᠢ ᠴᠡᠪᠡᠷᠯᠡᠬᠦ᠌᠎ᠶ᠋ᠢᠨ ᠬᠠᠮᠲᠤ ᠬᠣᠭ᠎ᠤᠨ ᠰᠠᠪᠠ᠎ᠶ᠋ᠢᠨ ᠲᠣᠭ᠎ᠠ ᠬᠡᠮᠵᠢᠶ᠎ᠡ᠎ᠶ᠋ᠢ ᠨᠡᠮᠡᠭ᠌ᠳᠡᠭᠦᠯᠦᠭ᠌ᠰᠡᠨ᠎ᠡᠴᠡ ᠡᠷᠬᠢᠨ ᠲᠣᠭᠣᠷᠢᠨ᠎ᠤ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠤ ᠳᠦᠷᠰᠦ ᠪᠠᠢᠳᠠᠯ ᠢᠯᠡᠳᠲᠡ ᠰᠠᠢᠵᠢᠷᠠᠨ᠂ ᠣᠯᠠᠨ ᠲᠦᠮᠡᠨ᠎ᠦ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃
ᠵᠢᠯ ᠪᠦᠷᠢ᠎ᠶ᠋ᠢᠨ 10 ᠰᠠᠷ᠎ᠠ᠎ᠶ᠋ᠢᠨ ᠰᠡᠭᠦᠯᠴᠢ ᠪᠣᠯ ᠬᠤᠷᠱᠢᠬ᠍ᠰᠠᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠢᠳᠭᠡᠯ ᠲᠤᠱᠢᠶᠠᠬᠤ ᠤᠷᠬᠢᠯ᠎ᠤᠨ ᠬᠤᠭᠤᠴᠠᠭ᠎ᠠ ᠪᠣᠯᠤᠨ᠎ᠠ᠂ ᠪᠠᠶᠠᠨᠬᠤᠸᠠ ᠪᠠᠯᠭᠠᠰᠤ᠎ᠶ᠋ᠢᠨ ᠬᠢᠨ ᠪᠠᠯᠭᠠᠰᠤ ᠲᠣᠰᠭᠣᠨ ᠬᠣᠶᠠᠷ ᠱᠠᠲᠤᠨ᠎ᠤ ᠺᠠᠳ᠋ᠷ᠂ ᠨᠠᠮ᠎ᠤᠨ ᠭᠡᠱᠢᠭᠦᠨ ᠰᠠᠢ᠌ᠨ ᠳᠤᠷᠠᠴᠤᠤᠯ᠎ᠢ ᠢᠳᠡᠪᠬᠢᠲᠡᠢ ᠵᠣᠬᠢᠶᠠᠨ ᠪᠠᠢᠭᠤᠯᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠢᠳᠭᠡᠯ ᠬᠤᠷᠢᠶᠠᠬᠤ ᠤᠬᠠᠭᠤᠯᠭ᠎ᠠ ᠪᠠ ᠰᠠᠢ᠌ᠨ ᠳᠤᠷ᠎ᠠ᠎ᠶ᠋ᠢᠨ ᠬᠠᠪᠰᠤᠷᠤᠨ ᠲᠤᠱᠢᠶᠠᠬᠤ ᠠᠵᠢᠯᠯᠠᠭ᠎ᠠ᠎ᠥᠷᠨᠢᠭᠦᠯᠵᠦ᠍᠂ ᠭᠠᠷ ᠤᠲᠠᠰᠤ᠎ᠪᠠᠷ ᠰᠦᠢᠳᠭᠡᠯ ᠲᠤᠱᠢᠶᠠᠵᠤ ᠴᠢᠳᠠᠬᠤ ᠦᠭᠡᠢ ᠲᠣᠰᠭᠣᠨ᠎ᠤ ᠠᠷᠠᠳ᠎ᠢ ᠬᠠᠪᠰᠤᠷᠤᠨ ᠰᠦᠯᠵᠢᠶᠡᠨ ᠳᠡᠭᠡᠷ᠎ᠡ ᠰᠦᠢᠳᠭᠡᠯ ᠲᠤᠱᠢᠶᠠᠵᠤ᠂ ᠳᠤᠳᠤᠨᠤ ᠦᠢᠯᠡᠴᠢᠯᠡᠭᠡ ᠨᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠨ᠎ᠠ᠃
ᠡᠮᠦᠨ᠎ᠡ ᠹᠷᠣᠨᠲ ᠲᠸ᠋ ᠬᠦᠨᠵᠡᠭᠡᠢᠷᠡᠨ 《ᠰᠢᠯᠢᠳᠡᠭ ᠦᠢᠯᠡᠴᠢᠯᠡᠭᠴᠢ》 ᠪᠤᠯᠵᠤ᠂ ᠴᠢᠨᠠᠷ ᠰᠠᠢᠳᠠᠢ ᠦᠢᠯᠡᠴᠢᠯᠡᠭᠡ ᠪᠡᠷ ᠵᠢᠡᠨ ᠠᠷᠠᠳ᠎ᠤᠨ ᠬᠦᠴᠢᠷᠳᠡᠯ᠎ᠢ ᠰᠢᠢᠳᠪᠦᠷᠢᠯᠡᠨ᠎ᠡ
ᠠᠵᠢᠯ᠎ᠤᠨ ᠠᠮᠵᠢᠯᠲᠠᠰᠠᠢᠨ ᠡᠰᠡᠬᠦ᠌᠎ᠶ᠋ᠢ ᠤᠯᠠᠨ ᠲᠦᠮᠡᠨ᠎ᠢᠶᠡᠷ ᠦᠨᠡᠯᠡᠭᠦᠯᠬᠦ᠌ ᠬᠡᠷᠡᠭ᠌ᠲᠡᠶ᠃ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠢᠷᠢ ᠲᠦᠪᠰᠢᠨ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠯ᠎ᠡ ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠶ᠋ᠢᠨ 《ᠨᠢᠭᠡᠳᠦᠭᠡᠷ ᠭᠠᠷ》 ᠠᠯᠪᠠᠨ ᠬᠡᠷ᠎ᠲᠡᠬᠡᠨ ᠰᠠᠭᠤᠵᠤ 《ᠠᠰᠠᠭᠤᠳᠠᠯ᠎ᠢ ᠬᠦᠯᠢᠶᠡᠵᠦ》 ᠪᠠᠢᠭ᠍ᠰᠠᠨ ᠡᠴᠡ᠎ᠪᠠᠨ《ᠠᠰᠠᠭᠤᠳᠠᠯ᠎ᠢ ᠢᠯᠡᠷᠡᠭᠦᠯᠬᠦ》ᠪᠤᠯᠵᠤ᠂ ᠴᠣᠩᠬᠣᠪᠴᠢ ᠵᠢᠨ ᠭᠦᠶ᠋ᠴᠡᠳᠭᠡᠬᠦ᠌ ᠶᠠᠪᠤᠴᠠ᠎ᠶ᠋ᠢᠨ ᠲᠦᠭ᠌ᠵᠢᠷᠡᠯ᠂ ᠬᠦᠴᠢᠷ ᠠᠰᠠᠭᠤᠳᠠᠯ᠎ᠢ ᠪᠥᠬᠥ᠌ ᠲᠠᠯ᠎ᠠ᠎ᠪᠠᠷ ᠡᠷᠢᠵᠦ᠍᠂ ᠦᠶ᠋ᠯᠡᠴᠢᠯᠡᠭᠡᠨ᠎ᠦ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠦ ᠲᠥᠷᠥᠭ᠌ᠳᠡᠯ᠎ᠢ ᠳᠡᠭᠡᠭ᠌ᠰᠢᠯᠡᠭᠦᠯᠪᠡ᠃
《ᠨᠢᠭᠡ ᠯᠡ ᠴᠣᠩᠬᠣᠴᠢᠳᠤ ᠪᠤᠶ ᠪᠦᠬᠦᠢ ᠭᠠᠷ ᠭᠦᠢᠴᠡᠳᠭᠡᠯ᠎ᠢ ᠴᠥᠮ ᠬᠢᠵᠦ᠍ ᠳᠠᠭᠤᠰᠭᠠᠭᠠᠳ᠂ ᠬᠠᠭᠠᠰ ᠴᠠᠭ᠎ᠤᠨ ᠳᠣᠲᠣᠷ᠎ᠠ ᠦᠨᠡᠮᠯᠡᠯ ᠵᠢᠡᠨ ᠠᠪᠴᠢᠬᠠᠵᠠᠢ᠂ ᠡᠨᠡ ᠨᠢ ᠥᠩᠭᠡᠷᠡᠭ᠌ᠰᠡᠨ᠎ᠦ ᠬᠢ᠎ᠡᠴᠡ ᠬᠣᠯᠠ ᠳᠥᠭᠥᠮ ᠪᠣᠯᠵᠠᠶ》 ᠭᠡᠵᠦ᠍ ᠬᠦᠷᠢᠢ᠎ᠡ ᠬᠣᠱᠢᠭᠤᠨ᠎ᠤ ᠬᠠᠩᠭᠠᠨ ᠪᠣᠷᠣᠯᠠᠭᠤᠯᠬᠤ ᠬᠤᠷᠱᠢᠶ᠎ᠠ᠎ᠶ᠋ᠢᠨ ᠬᠠᠮᠲᠤᠷᠠᠭ᠍ᠰᠠᠨ ᠬᠤᠷᠱᠢᠶ᠎ᠠ᠎ᠶ᠋ᠢᠨ ᠠᠵᠢᠯᠳᠠᠨ ᠬᠠᠩ ᠱᠢᠨ ᠬᠤᠢ ᠬᠡᠯᠡᠨ᠎ᠡ᠃ ᠣᠢᠷ᠎ᠠ᠎ᠳᠤ᠂ ᠲᠡᠷᠡ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠡᠬᠡ ᠲᠢᠩᠬᠢᠮ᠎ᠳᠦ ᠬᠦᠷᠴᠦ᠍ ᠬᠦᠷᠢᠶ᠎ᠡ ᠬᠣᠱᠢᠭᠤᠨ᠎ᠤ ᠰᠠᠭᠠᠭ᠎ᠤᠨ ᠬᠠᠩᠭᠠᠨ ᠪᠣᠷᠣᠯᠠᠭᠤᠯᠬᠤ ᠬᠣᠷᠱᠢᠶ᠎ᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠡᠵᠡᠩᠨᠡᠯᠲᠡ᠎ᠶ᠋ᠢᠨ ᠦᠨᠡᠮᠯᠡᠯᠵᠢᠡᠨ ᠳᠠᠩᠰᠠᠯᠠᠭᠤᠯᠬᠤ ᠭᠠᠷ ᠭᠦᠶ᠋ᠴᠡᠳᠭᠡᠯ ᠬᠢᠬᠦ᠌᠎ᠳᠡᠭᠡᠨ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》ᠦᠶ᠋ᠯᠡᠴᠢᠯᠡᠭᠡᠨ᠎ᠦ ᠵᠠᠭ᠍ᠪᠤᠷ᠎ᠢ ᠪᠡᠶ᠎ᠡ᠎ᠪᠡᠷ᠎ᠢᠶᠡᠨ ᠥᠩᠭᠡᠷᠡᠭᠦᠯᠵᠦ ᠪᠢᠯᠡ᠃ ᠡᠨᠡ ᠬᠦ᠌ ᠠᠵᠤ ᠠᠬᠤᠢᠯᠠᠯ᠎ᠳᠤ ᠲᠥᠬᠥᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠨᠢ ᠤᠯᠠᠨ ᠲᠦᠮᠡᠨ᠎ᠤ ᠬᠦᠷᠢᠶᠡᠯᠡᠯ᠎ᠢ ᠶᠡᠭᠡᠳᠡ ᠤᠯᠪᠠ᠃
ᠭᠣᠸ᠋ᠯ ᠰᠡᠳᠦᠪᠲᠦ ᠬᠥᠮᠦᠵᠢᠯ ᠲᠤᠮᠳᠠ᠂ ᠬᠣᠱᠢᠭᠤᠨ᠎ᠤ ᠶᠡᠷᠦᠩᠬᠡᠶ ᠡᠮᠨᠡᠯᠭᠡ᠎ᠶ᠋ᠢᠨ ᠬᠣᠷᠢᠶ᠎ᠠ ᠡᠮᠴᠢᠯᠡᠭᠡᠨ᠎ᠦ ᠶᠠᠪᠤᠴᠠ᠎ᠪᠠᠨ ᠱᠢᠯᠢᠳᠡᠭ᠌ᠵᠢᠭᠦᠯᠵᠦ᠍᠂ ᠦᠶ᠋ᠯᠡᠴᠢᠯᠡᠭᠡᠨ᠎ᠦ ᠵᠠᠭ᠍ᠪᠤᠷ᠎ᠤᠨ ᠱᠢᠨ᠎ᠡ ᠵᠢ ᠡᠭᠦᠳᠴᠦ᠍᠂ ᠴᠠᠭ᠎ᠢ ᠤᠷᠲᠤᠳᠭᠠᠭ᠍ᠰᠠᠨ ᠡᠮᠴᠢᠯᠡᠭᠡᠨ᠎ᠦ ᠦᠶ᠋ᠯᠡᠴᠢᠯᠡᠭᠡ ᠬᠠᠩᠭᠠᠵᠦ᠂ ᠡᠪᠡᠳᠴᠢᠲᠡᠨ᠎ᠦ ᠡᠪᠡᠳᠴᠢᠨ ᠦᠵᠡᠭᠦᠯᠬᠦ᠌᠎ᠶ᠋ᠢ ᠬᠦᠯᠢᠶᠡᠬᠦ᠌ ᠴᠠᠭ ᠬᠤᠭᠤᠴᠠᠭ᠎ᠠ᠎ᠶ᠋ᠢ ᠪᠦᠲᠦᠮᠵᠢᠲᠡᠶ᠎ᠪᠡᠷ ᠪᠠᠭᠠᠰᠭᠠᠵᠤ᠂ ᠡᠪᠡᠳᠴᠢᠲᠡᠨ᠎ᠦ ᠡᠪᠡᠳᠴᠢᠨ ᠦᠵᠡᠭᠦᠯᠬᠦ᠌ ᠦᠷ᠎ᠡ ᠪᠦᠲᠦᠮᠵᠢ ᠵᠢ ᠶᠡᠭᠡ ᠪᠡᠷ ᠲᠡᠭᠡᠭᠰᠢᠯᠡᠭᠦᠯᠪᠡ᠃ ᠬᠣᠱᠢᠭᠤᠨ᠎ᠤ ᠶᠡᠷᠦᠩᠬᠡᠶ ᠡᠮᠨᠡᠯᠭᠡ᠎ᠶ᠋ᠢᠨ ᠬᠣᠷᠢᠶ᠎ᠠ ᠵᠢᠨ ᠳᠠᠷᠤᠭ᠎ᠠ ᠵᠠᠯᠭ᠎ᠠ᠄《ᠡᠮᠴᠢ ᠰᠤᠪᠢᠯᠠᠭ᠍ᠴᠢᠳ ᠢᠯᠡᠭᠦᠬᠡᠨ ᠡᠪᠡᠳᠴᠢᠳᠡᠨ᠎ᠤ ᠵᠤᠬᠰᠤᠴᠠ ᠡᠴᠡ ᠪᠣᠳᠣᠯᠬᠢᠯᠠᠵᠦ᠍᠂ ᠡᠪᠡᠳᠴᠢᠲᠡᠨ᠎ᠦ ᠪᠤᠳᠤᠯ ᠲᠥᠷᠥᠭ᠌ᠳᠡᠯ᠎ᠢ ᠣᠢᠯᠠᠭᠠᠵᠤ᠂ ᠡᠪᠡᠳᠴᠢᠨ ᠦᠵᠡᠭᠦᠯᠬᠦ 〈ᠪᠤᠬᠢᠨᠢᠳᠤᠯ᠎ᠲᠠᠶ ᠶᠠᠪᠤᠳᠠᠯ〉 ᠢ᠋ ᠠᠯᠬᠤᠮ ᠠᠯᠬᠤᠮ᠎ᠢᠶᠠᠷ〈ᠲᠠᠭᠠᠯᠠᠮᠵᠢᠲᠠᠶ ᠶᠠᠪᠤᠳᠠᠯ〉 ᠪᠣᠯᠭᠠᠵᠠᠢ 》 ᠭᠡᠵᠦ ᠬᠡᠯᠡᠨ᠎ᠡ᠃
ᠬᠣᠱᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠦᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠸ᠋ᠯᠢ ᠬᠡᠷᠡᠭ᠌ᠵᠢᠭᠦᠯᠬᠦ᠌ ᠲᠣᠪᠴᠢᠶ᠎ᠠ ᠬᠠᠮᠢᠶᠠᠷᠤᠯᠲᠠ᠎ᠶ᠋ᠢᠨ ᠵᠠᠭ᠍ᠪᠤᠷ᠎ᠢᠶᠠᠨ ᠢᠳᠡᠪᠬᠢᠲᠡᠶ ᠬᠤᠪᠢᠷᠠᠭᠤᠯᠵᠤ᠂ 《ᠲᠠᠩ ᠴᠤᠯᠭᠤᠶ》 ᠬᠠᠸ᠋ᠯᠢ ᠬᠡᠷᠡᠭ᠌ᠵᠢᠭᠦᠯᠦᠯᠲᠡ᠎ᠶ᠋ᠢ ᠦᠶ᠋ᠯᠡᠴᠢᠯᠡᠭᠡ᠎ᠪᠡᠷ ᠬᠠᠸ᠋ᠯᠢ ᠬᠡᠷᠡᠭ᠌ᠵᠢᠭᠦᠯᠦᠯᠲᠡ᠎ᠶ᠋ᠢ ᠠᠬᠢᠭᠤᠯᠬᠤ ᠪᠣᠯᠭᠠᠨ ᠬᠤᠪᠢᠷᠠᠭᠤᠯᠵᠤ᠂ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠳᠦ ᠬᠦᠴᠦ᠍ᠨ ᠨᠡᠮᠡᠷᠢᠯᠡᠨ᠎ᠡ᠃ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠬᠠᠩᠭᠠᠶ ᠤᠷᠠᠯᠢᠭ᠎ᠤᠨ ᠪᠣᠯᠪᠠᠰᠤᠷᠠᠯ᠎ᠤᠨ ᠬᠢᠵᠠᠭᠠᠷᠲᠤ ᠺᠣᠮᠫᠠᠨᠢ᠎ᠶ᠋ᠢᠨ ᠪᠠᠯᠠ ᠮᠥᠩᠭᠥ᠌ ᠳᠤᠲᠠᠭ᠍ᠳᠠᠵᠣ ᠵᠢᠭᠡᠯᠡᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠪᠠᠢᠬᠤ᠎ᠶ᠋ᠢ ᠣᠢᠯᠠᠭᠠᠵᠤ᠂ ᠰᠠᠨᠠᠭᠠᠴᠢᠯᠠᠭ᠎ᠠ᠎ᠠᠴᠠ᠎ᠪᠠᠨ ᠮᠸᠩ ᠱᠠᠩ ᠪᠠᠩᠬᠢ ᠲᠠᠢ ᠵᠢᠭᠡᠯᠡᠯᠭᠡ ᠠᠪᠬᠤ ᠶᠠᠪᠤᠳᠠᠯ᠎ᠢ ᠵᠣᠯᠭᠠᠭᠤᠯᠵᠤ᠂ ᠠᠵᠤ ᠠᠬᠤᠢᠯᠠᠯ᠎ᠤᠨ ᠬᠣᠢᠱᠢᠳᠠ᠎ᠶ᠋ᠢᠨ ᠬᠥᠭ᠌ᠵᠢᠯᠲᠡ᠎ᠶ᠋ᠢᠨ ᠳᠠᠷᠤᠭᠠᠰᠤ᠎ᠶ᠋ᠢ ᠬᠥᠩᠭᠡᠷᠡᠭᠦᠯᠪᠡ᠃
ᠬᠦᠰᠡᠯ ᠱᠠᠭᠠᠷᠳᠠᠯᠭ᠎ᠠ᠎ᠳᠤ ᠬᠠᠷᠢᠭᠤ ᠥᠭ᠌ᠭᠦᠭᠰᠡᠨ《ᠰᠡᠳᠭᠢᠯ᠎ᠢ ᠮᠡᠳᠡᠭ᠌ᠴᠢ》ᠪᠣᠯᠵᠣ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠠᠷᠠᠳ᠎ᠤᠨ ᠰᠡᠳᠭᠢᠯ᠎ᠢ ᠪᠠᠶᠠᠰᠬᠠᠨ᠎ᠠ
ᠦᠨᠳᠦᠰᠦᠨ ᠱᠠᠲᠤ ᠪᠣᠯ ᠨᠠᠮ᠎ᠤᠨ ᠴᠢᠭ᠌ᠯᠡᠯᠲᠡ ᠱᠤᠭᠤᠮ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠮᠦᠨ᠎ᠡ ᠹᠷᠣᠨᠲ ᠮᠥᠨ᠂ ᠪᠠᠰᠠ ᠴᠤ᠌ ᠨᠠᠮ᠎ᠤᠨ ᠭᠡᠱᠢᠭᠦᠨ ᠺᠠᠳ᠋ᠷᠴᠤᠳ᠎ᠤᠨ ᠤᠯᠠᠨ ᠲᠦᠮᠡᠨ᠎ᠳᠦ ᠦᠢᠯᠡᠴᠢᠯᠡᠬᠦ᠌ ᠭᠣᠣᠯ ᠲᠠᠯᠠᠪᠤᠷ ᠮᠥᠨ᠃ ᠬᠦᠷᠢᠶ᠎ᠡ ᠬᠤᠰᠢᠭᠤᠨ᠎ᠤ ᠡᠯ᠎ᠡ ᠪᠠᠢᠭᠤᠯᠭ᠎ᠠ ᠨᠢᠭᠡᠴᠢ ᠡᠯ᠎ᠡ ᠰᠠᠯᠠᠭ᠎ᠠ ᠮᠥᠴᠢᠷ᠎ᠦᠨ ᠬᠢᠨ ᠭᠣᠣᠯ ᠰᠡᠳᠦᠪᠲᠦ ᠬᠥᠮᠦᠵᠢᠯ᠎ᠢᠶᠡᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠶᠠᠪᠤᠳᠠᠯ᠎ᠢ ᠬᠦᠴᠦᠯᠡᠨ ᠱᠢᠢᠳᠪᠦᠷᠢᠯᠡᠵᠦ᠍᠂ ᠤᠯᠠᠨ ᠲᠦᠮᠡᠨ᠎ᠳᠦ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢᠯᠠᠯ᠎ᠢ ᠦᠨᠡᠨ ᠬᠦ᠌ ᠣᠢᠯᠠᠭᠠᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠤᠯᠠᠨ ᠲᠦᠮᠡᠨ᠎ᠦ ᠨᠠᠮ᠎ᠤᠨ ᠠᠴᠢ ᠳ᠋ᠦ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠨ ᠤᠷᠤᠬᠰᠢᠯᠠᠬᠤ᠎ᠶ᠋ᠢ ᠬᠦᠴᠦᠲᠡᠢ ᠬᠦᠳᠦᠯᠦᠨ ᠵᠢᠯᠣᠭᠣᠳᠴᠠᠢ᠃
《ᠪᠢ ᠬᠡᠯᠡ ᠠᠮᠠᠨ᠎ᠳᠠᠭᠠᠨ ᠪᠢᠳᠠᠭᠤ᠂ ᠰᠠᠢᠬᠠᠨ ᠦᠭᠡ ᠬᠡᠯᠡᠵᠦ᠍ ᠴᠢᠳᠠᠬᠤ ᠦᠭᠡᠶ᠂ ᠭᠡᠪᠡᠴᠦ᠍ ᠪᠢ ᠨᠠᠮ᠎ᠤᠨ ᠲᠥᠷᠥ ᠶ᠋ᠢᠨ ᠪᠣᠳᠣᠯᠭ᠎ᠠ ᠶ᠋ᠢᠨ ᠰᠠᠢᠨ᠎ᠳᠤ ᠲᠠᠯᠠᠷᠬᠠᠵᠤ ᠪᠠᠢᠨ᠎ᠠ᠂ ᠪᠠᠰᠠ ᠲᠣᠪᠴᠢᠶᠠᠨ᠎ᠤ ᠤᠳᠤᠷᠢᠳᠤᠯᠭ᠎ᠠ᠎ᠶ᠋ᠢᠨ ᠣᠯᠠᠨ ᠤᠳᠠᠭᠠᠨ᠎ᠤ ᠬᠠᠪᠰᠤᠷᠤᠯᠭ᠎ᠠ᠎ᠳᠤ ᠲᠠᠯᠠᠷᠬᠠᠵᠤ ᠪᠠᠢᠨ᠎ᠠ᠂ ᠪᠢ ᠬᠥᠭ᠌ᠰᠢᠨᠲᠡᠶᠪᠡᠨ ᠬᠤᠶᠠᠭᠤᠯᠠ ᠬᠡᠮᠡᠷᠯᠢᠭ ᠲᠤᠭ ᠬᠦᠷᠭᠡᠨ ᠲᠠᠯᠠᠷᠬᠠᠯ ᠤ᠋ᠨ ᠰᠡᠳᠭᠢᠯᠵᠢᠡᠨ ᠢᠯᠡᠳᠭᠡᠵᠦ ᠪᠠᠢᠨ᠎ᠠ》 ᠭᠡᠵᠦ᠍ ᠰᠠᠭᠤᠭᠠᠯᠢ ᠠᠷᠠᠳ ᠯᠢᠦ ᠵᠢᠩ ᠲᠠᠩ ᠮᠠᠰᠢ ᠰᠡᠳᠬᠢᠯ ᠲᠤᠬᠳᠤᠯᠤᠩᠭᠤᠢ ᠬᠡᠯᠡᠨ᠎ᠡ᠃ ᠨᠢᠳᠦᠨᠦᠨ᠎ᠤ ᠬᠠᠬᠢᠷ ᠡᠪᠦᠯ᠎ᠤᠨ ᠬᠦᠢᠳᠡᠨ᠎ᠳᠤ᠂ ᠬᠣᠱᠢᠭᠤᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠵᠢᠨ ᠬᠢᠨ ᠠᠴᠢᠮᠠᠬ ᠨᠡᠢᠭᠡᠮ ᠲᠣᠭᠣᠷᠢᠭ᠎ᠢᠶᠠᠷ ᠪᠠᠢᠴᠠᠭᠠᠨ ᠰᠤᠳᠤᠯᠤᠯᠲᠠ ᠬᠢᠬᠦ᠌᠎ᠳᠡᠭᠡᠨ᠂ ᠲᠠᠭᠠᠭᠠᠴᠢᠯᠠᠨ ᠬᠠᠷᠢᠯᠴᠠᠬᠤ ᠨᠡᠢᠭᠡᠮ ᠲᠤᠭᠤᠷᠢᠬ᠎ᠤᠨ 2 ᠡᠷᠦᠬᠡ ᠵᠢᠨ ᠬᠢᠨ ᠲᠤᠯᠠᠭᠠᠯᠠᠭ᠎ᠠ ᠵᠢᠨ ᠨᠡᠭᠦᠷᠡᠰᠦ ᠪᠡᠨ ᠬᠤᠳᠠᠯᠳᠤᠨ ᠠᠪᠴᠤ ᠲᠡᠢᠯᠦᠭᠡ ᠦᠭᠡᠢ ᠪᠠᠢᠳᠠᠯ᠎ᠢ ᠮᠡᠳᠡᠭᠰᠡᠨ ᠵᠢᠡᠷ ᠲᠡᠷᠡ ᠳᠠᠷᠤᠶᠳᠤᠨᠢ 2 ᠡᠷᠦᠬᠡ ᠰᠠᠭᠤᠭᠠᠯᠢ ᠠᠷᠠᠳ᠎ᠲᠤ 2 ᠲᠣᠨ ᠳ᠋ᠠᠲ᠋ᠦ᠋ᠩ ᠨᠡᠭᠦᠷᠡᠰᠦ ᠬᠤᠳᠠᠯᠳᠤᠨ ᠠᠪᠴᠤ᠌ ᠥᠭ᠌ᠭᠦᠭᠡᠳ᠂ ᠣᠯᠠᠨ ᠲᠦᠮᠡᠨ᠎ᠦ ᠲᠤᠯᠠᠭᠠᠯᠠᠭ᠎ᠠ ᠵᠢᠨ ᠪᠠᠴᠢᠮ ᠠᠰᠠᠭᠤᠳᠠᠯ᠎ᠢ ᠱᠢᠶ᠋ᠳᠪᠦᠷᠢᠯᠡᠵᠦ ᠦᠭᠴᠡᠢ᠃
ᠬᠣᠱᠢᠭᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠬᠠᠷᠢᠶ᠎ᠠ ᠣᠷᠣᠨ᠎ᠤ ᠨᠢᠭᠡ ᠣᠶᠤᠲᠠᠨ᠎ᠤ ᠬᠡᠷ ᠪᠦᠯᠢ ᠨᠢ ᠶᠠᠳᠠᠭᠤ ᠬᠦᠴᠢᠷᠳᠡᠯᠲᠡᠶ᠎ᠡᠴᠡ ᠪᠣᠯᠵᠣ ᠰᠤᠷᠭᠠᠭᠤᠯᠢ᠎ᠳᠤ ᠰᠠᠭᠤᠬᠤ᠎ᠳᠦ ᠬᠦᠴᠢᠷᠳᠡᠯ ᠪᠠᠢᠬᠤ ᠵᠢ ᠣᠢᠯᠠᠭᠠᠭ᠍ᠰᠠᠨ᠎ᠤ ᠳᠠᠷᠠᠭ᠎ᠠ᠂ ᠬᠤᠰᠢᠭᠤᠨ᠎ᠤ ᠮᠣᠩᠭᠣᠯ ᠡᠮ᠎ᠦᠨ ᠬᠢᠵᠠᠭᠠᠷᠲᠤ ᠺᠣᠮᠫᠠᠨᠢ᠎ᠲᠠᠶ ᠢᠳᠡᠪᠬᠢᠲᠡᠶ᠎ᠪᠡᠷ ᠨᠡᠪᠲᠡᠷᠡᠯᠴᠡᠨ ᠵᠣᠬᠢᠴᠠᠭᠤᠯᠵᠤ᠂ ᠤᠶᠤᠳᠠᠨ ᠳ᠋ᠦ 5000 ᠲᠥᠭᠥᠷᠢᠭ᠎ᠦᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠬᠦᠷᠭᠡᠨ ᠥᠭ᠌ᠴᠦ᠂ ᠰᠤᠷᠭᠠᠭᠤᠯᠢ᠎ᠳᠤ ᠰᠠᠭᠤᠬᠤ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠭ᠌ᠰᠡᠨ ᠪᠠᠢᠨ᠎ᠠ᠃