ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ ᠵᠢ ᠬᠡᠷᠡᠭᠵᠢᠭᠦᠯᠦᠨ ᠤᠯᠠᠨ ᠲᠦᠮᠡᠨᠴᠢ ᠬᠦᠮᠦᠵᠢᠯ ᠦᠢᠯᠡᠲᠦᠯᠭᠡ ᠢ᠋ᠢᠨ ᠠᠵᠢᠯᠯᠠᠭ᠎ᠠ ᠵᠢ ᠬᠦᠨᠵᠡᠭᠡᠢᠷᠡᠭᠦᠯᠦᠨ ᠪᠤᠲᠠᠲᠠᠢᠵᠢᠭᠤᠯᠤᠨ᠎ᠠ
2024-04-15 09:11:48
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠦᠮᠦᠵᠢᠯ ᠦᠢᠯᠡᠳᠦᠯᠬᠡ᠎ᠶᠢᠨ ᠠᠵᠢᠯᠯᠠᠭ᠎ᠠ ᠢ᠋ᠢᠨ ᠳᠤᠬᠠᠢ ᠰᠢᠷᠢᠰ ᠮᠡᠳᠡᠭᠡᠯᠡᠯ ③

 

ᠲᠦᠷᠦᠭᠦᠭᠡᠨ ᠰᠢᠯᠢ ᠢ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠤᠰᠢᠭᠤᠨ᠎ᠤ ᠰᠠᠮᠠᠢ ᠰᠤᠮᠤᠨ᠎ᠤ ᠡᠯ᠎ᠡ ᠰᠠᠯᠠᠭ᠎ᠠ ᠮᠦᠴᠢᠷ᠎ᠤᠨ ᠬᠢᠨ ᠲᠤᠰᠤᠨᠪᠤᠯᠠᠭ ᠭᠠᠴᠠᠭᠠᠨ᠎ᠤ ᠨᠠᠮ᠎ᠤᠨ ᠬᠡᠰᠢᠭᠦᠨ᠎ᠤ ᠭᠤᠤᠯᠯᠠᠬᠤ ᠡᠷᠦᠭᠡ᠎ᠳᠤ ᠬᠦᠨᠵᠡᠭᠡᠢᠷᠡᠨ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠦᠮᠦᠵᠢᠯ ᠦᠢᠯᠡᠲᠦᠯᠭᠡ ᠢ᠋ᠢᠨ ᠠᠵᠢᠯᠯᠠᠭ᠎ᠠ ᠦᠷᠨᠢᠭᠦᠯᠪᠡ᠃ ᠠᠵᠢᠯᠯᠠᠭ᠎ᠠ᠎ᠳᠤ᠂ ᠰᠤᠮᠤᠨ᠎ᠤ ᠨᠠᠮ᠎ᠤᠨ ᠬᠤᠷᠢᠶ᠎ᠠ ᠵᠢᠨ ᠱᠦᠵᠢ ᠡᠴᠡ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠤᠤᠯ ᠰᠡᠲᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠂ 《ᠵᠢᠷᠭᠤᠭᠠᠨ ᠦᠭᠦᠯᠡᠪᠦᠷᠢ》 ᠢ᠋ᠢᠨ ᠡᠯᠪᠡᠭ ᠪᠠᠶᠠᠯᠢᠬ ᠠᠭᠤᠯᠤᠬᠲᠠᠬᠤᠨ ᠢ᠋ ᠬᠦᠨᠵᠡᠭᠡᠢ ᠪᠦᠭᠡᠳ ᠤᠢᠯᠠᠭᠠᠮᠵᠢᠲᠠᠢ ᠵᠠᠳᠠᠯᠤᠬᠰᠠᠨ ᠮᠦᠷᠲᠡᠭᠡᠨ ᠬᠠᠮᠢᠶ᠎ᠡ ᠪᠦᠬᠦᠢ ᠰᠠᠯᠠᠭ᠎ᠠ ᠮᠦᠴᠢᠷ᠎ᠤᠨ ᠬᠢᠨ 《ᠬᠦᠴᠢᠷ ᠠᠰᠠᠭᠤᠲᠠᠯ ᠢ᠋ ᠰᠢᠢᠳᠪᠦᠷᠢᠯᠡᠨ᠂ ᠪᠤᠲᠠᠲᠤ ᠶᠠᠪᠤᠲᠠᠯ ᠬᠢᠵᠦ ᠦᠬᠬᠦ 》 ᠭᠤᠤᠯ ᠰᠡᠲᠦᠪᠲᠦ ᠠᠵᠢᠯᠯᠠᠭ᠎ᠠ ᠦᠷᠨᠢᠭᠦᠯᠵᠦ᠂ᠠᠷᠠᠳ ᠲᠸ᠋ ᠠᠰᠢᠭ ᠬᠦᠷᠲᠡᠭᠡᠬᠦ ᠲᠦᠷᠦ ᠢ᠋ᠢᠨ ᠪᠤᠳᠤᠯᠭ᠎ᠠ ᠵᠢᠴᠢ ᠤᠨᠤᠯ᠎ᠤᠨ ᠮᠡᠲᠡᠯᠭᠡ ᠵᠢ ᠲᠠᠢᠯᠪᠤᠷᠢᠯᠠᠨ ᠦᠭᠬᠦ ᠢ᠋ᠢᠨ ᠬᠠᠮᠲᠦ᠂ ᠤᠯᠠᠨ ᠲᠦᠮᠡᠨ᠎ᠤ ᠲᠤᠷᠠᠳᠤᠬᠰᠠᠨ ᠬᠠᠮᠢᠶ᠎ᠠ ᠪᠦᠬᠦᠢ ᠲᠦᠷᠦ ᠢ᠋ᠢᠨ ᠪᠤᠳᠤᠯᠭ᠎ᠠ ᠢ᠋ᠢᠨ ᠳᠤᠬᠠᠢ ᠠᠰᠠᠭᠤᠲᠠᠯ᠎ᠳᠤ ᠲᠠᠢᠯᠤᠮᠵᠢ ᠬᠢᠵᠦ᠂ ᠦᠷᠭᠡᠨ ᠤᠯᠠᠨ ᠨᠠᠮ᠎ᠤᠨ ᠬᠡᠰᠢᠭᠦᠨ ᠤᠯᠠᠨ ᠲᠦᠮᠡᠨ᠎ᠤ ᠤᠬ ᠰᠠᠨᠠᠭ᠎ᠠ ᠪᠠᠨ ᠦᠯᠦ ᠮᠠᠷᠲᠠᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠤᠨᠤᠰᠬᠤ᠂ ᠨᠠᠮ᠎ᠢ᠋ᠢᠡᠨ ᠲᠠᠭᠠᠨ ᠤᠷᠤᠬᠰᠢᠯᠠᠬᠤ ᠵᠢ ᠬᠦᠮᠦᠵᠢᠭᠦᠯᠦᠨ ᠬᠦᠲᠦᠯᠦᠨ ᠵᠢᠯᠤᠭᠤᠳᠪᠠ᠃


QQ截图20240415091728.png


《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠥᠷᠨᠢᠭᠦᠯᠦᠭᠰᠡᠨ ᠡᠴᠡ ᠨᠠᠭᠠᠰᠢ᠂ ᠪᠦᠬᠦ ᠤᠷᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠡᠲᠡᠭᠡᠳ᠎ᠦᠨ ᠣᠨᠴᠠᠯᠢᠭ᠋᠎ᠢ ᠣᠨᠣᠪᠴᠢᠲᠠᠢ ᠡᠵᠡᠮᠳᠡᠵᠦ᠂ ᠲᠦᠷᠦᠯ ᠬᠤᠪᠢᠶᠠᠨ ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ ᠬᠡᠷᠡᠭᠵᠢᠭᠦᠯᠵᠦ᠂ ᠬᠦᠮᠦᠵᠢᠯ ᠦᠢᠯᠡᠲᠦᠯᠭᠡ ᠢ᠋ᠢᠨ ᠠᠵᠢᠯᠯᠠᠭ᠎ᠠ ᠵᠢ ᠬᠦᠨᠵᠡᠭᠡᠢᠷᠡᠭᠦᠯᠦᠨ ᠪᠤᠲᠠᠲᠠᠢᠵᠢᠭᠤᠯᠪᠠ᠃

ᠬᠥᠯᠥᠨ ᠪᠣᠶ᠋ᠢᠷ ᠬᠣᠲᠠ᠎ᠶᠢᠨ ᠬᠢᠨ ᠠᠳᠠᠯᠢ ᠪᠤᠰᠤ ᠬᠦᠷᠢᠶ᠎ᠡ ᠴᠠᠷᠠᠭᠠᠨ᠎ᠦ ᠡᠲᠡᠭᠡᠳ᠎ᠦᠨ ᠣᠨᠴᠠᠯᠢᠭ᠋᠎ᠢ ᠦᠨᠳᠦᠰᠦᠯᠡᠨ᠂ ᠵᠦᠷᠢᠶᠡᠴᠢᠯᠡᠭᠰᠡᠨ ᠵᠢᠷᠤᠭ ᠲᠥᠯᠥᠪᠯᠡᠭᠡ ᠬᠢᠵᠦ᠂ ᠮᠠᠯᠵᠢᠬᠤ ᠲᠠᠷᠢᠶᠠᠯᠠᠬᠤ ᠣᠷᠣᠨ᠂ ᠬᠣᠲᠠ ᠪᠠᠯᠭᠠᠰᠤ ᠢ᠋ᠢᠨ ᠨᠡᠢᠭᠡᠮ ᠲᠣᠭᠣᠷᠢᠭ᠋᠂ ᠪᠠᠢᠭᠤᠯᠭ᠎ᠠ ᠨᠢᠭᠡᠴᠢ᠂ ᠰᠤᠷᠭᠠᠭᠤᠯᠢ᠂ ᠠᠵᠤ ᠠᠬᠤᠢᠯᠠᠯ᠂ ᠰᠢᠨ᠎ᠡ᠎ᠪᠡᠷ ᠬᠥᠭᠵᠢᠭᠰᠡᠨ ᠬᠦᠷᠢᠶ᠎ᠡ ᠴᠠᠷᠠᠭ᠎ᠠ᠂ ᠨᠡᠢᠭᠡᠮ᠎ᠦᠨ ᠡᠯ᠎ᠡ ᠡᠲᠡᠭᠡᠳ ᠵᠡᠷᠭᠡ 7 ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠴᠢᠭᠯᠡᠭᠦᠯᠦᠨ᠂ ᠬᠦᠷᠢᠶ᠎ᠡ ᠴᠠᠷᠠᠭ᠎ᠠ ᠬᠤᠪᠢᠶᠠᠨ ᠭᠣᠣᠯᠳᠠᠯᠭ᠎ᠠ᠎ᠲᠠᠢ ᠡᠭᠦᠷᠭᠡ᠎ᠶᠢᠨ ᠨᠠᠷᠢᠨ ᠲᠠᠩᠰᠠ᠎ᠶᠢ ᠲᠣᠭᠲᠠᠭᠠᠪᠠ᠃

ᠮᠠᠯᠵᠢᠬᠤ ᠲᠠᠷᠢᠶᠠᠯᠠᠬᠤ ᠣᠷᠣᠨ᠎ᠳᠤ᠂ ᠬᠦᠯᠦᠨ ᠪᠤᠢᠷ ᠬᠤᠲᠠ ᠢ᠋ᠢᠨ ᠬᠢᠨ 《ᠲᠣᠰᠬᠣᠨ ᠪᠣᠯᠭᠠᠨ᠎ᠳᠤ ᠨᠡᠪᠲᠡᠷᠡᠬᠦ》 《ᠠᠯᠤᠰ ᠡᠵᠡᠮᠰᠢᠯᠳᠦ ᠬᠢᠴᠢᠶᠡᠯ᠎ᠦᠨ ᠲᠠᠩᠬᠢᠮ》 ᠵᠡᠷᠭᠡ ᠲᠠᠪᠴᠠᠩ ᠢ᠋ ᠠᠰᠢᠭ᠍ᠯᠠᠨ ᠠᠷᠠᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠶᠢ ᠮᠠᠯᠴᠢᠨ ᠲᠠᠷᠢᠶᠠᠴᠢᠨ᠎ᠤ ᠲᠡᠷᠭᠡᠲᠡ ᠬᠦᠷᠲᠡᠯ᠎ᠡ ᠤᠬᠠᠭᠤᠯᠤᠨ ᠲᠠᠢᠯᠪᠤᠷᠢᠯᠠᠵᠤ᠂ ᠮᠠᠯᠴᠢᠨ ᠲᠠᠷᠢᠶᠠᠴᠢᠨ᠎ᠳᠤ 《ᠠᠰᠢᠭ᠋》 ᠨᠢ ᠬᠠᠮᠢᠭ᠎ᠠ ᠡᠴᠡ ᠢᠷᠡᠭᠰᠡᠨ᠂ ᠬᠡᠨ᠎ᠤ ᠠᠴᠢ᠎ᠳᠤ ᠲᠠᠯᠠᠷᠬᠠᠬᠤ᠂ ᠬᠡᠨ ᠢ᠋ ᠲᠠᠭᠠᠨ ᠤᠷᠤᠬᠰᠢᠯᠠᠬᠤ ᠵᠢ ᠤᠢᠯᠠᠭᠠᠭᠤᠯᠵᠠᠢ; ᠬᠤᠲᠠ ᠪᠠᠯᠭᠠᠰᠤ ᠢ᠋ᠢᠨ ᠨᠡᠢᠭᠡᠮ ᠲᠣᠭᠣᠷᠢᠭ᠋᠎ᠲᠤ᠂ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠨᠡᠢᠭᠡᠮ ᠲᠣᠭᠣᠷᠢᠭ᠋᠎ᠤᠨ ᠡᠯ᠎ᠡ ᠲᠦᠷᠦᠯ᠎ᠦᠨ ᠦᠵᠡᠭᠦᠯᠭᠡ᠎ᠶᠢᠨ ᠲᠢᠩᠬᠢᠮ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠭᠠᠵᠠᠷ (ᠦᠷᠲᠡᠭᠡ)᠂ ᠨᠡᠢᠭᠡᠮ ᠲᠣᠭᠣᠷᠢᠭ᠋᠎ᠤᠨ ᠵᠢᠷᠭᠢᠶ᠎ᠡ᠎ᠶᠢᠨ ᠤᠯᠠᠨ ᠨᠡᠶ᠋ᠢᠲᠡ᠎ᠶᠢᠨ ᠲᠠᠪᠴᠠᠩ᠂ ᠲᠤᠤᠷᠵᠢᠯ᠎ᠤᠨ ᠵᠢᠷᠭᠢᠶ᠎ᠡ ᠵᠢᠨ ᠴᠤᠬᠯᠠᠷᠠᠯ ᠵᠡᠷᠭᠡ ᠡᠬᠢ ᠪᠠᠶᠠᠯᠢᠭ᠋᠎ᠲᠤ ᠲᠦᠰᠢᠭᠯᠡᠨ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠰᠠᠢᠲᠤᠷ ᠠᠰᠢᠭ᠍ᠯᠠᠵᠤ᠂ ᠬᠤᠪᠢᠰᠬᠠᠯᠲᠤ ᠤᠳᠬ᠎ᠠ ᠤᠷᠠᠯᠢᠭ᠋᠎ᠤᠨ ᠰᠣᠳᠣᠨ ᠪᠦᠲᠦᠭᠡᠯ᠎ᠢ ᠨᠠᠪᠲᠠᠷᠡᠭᠦᠯᠵᠦ᠂ ᠤᠯᠠᠨ ᠲᠦᠮᠡᠨ᠎ᠦ ᠳᠡᠷᠭᠡᠳᠡᠬᠢ ᠦᠯᠢᠭᠡᠷ᠎ᠢ ᠰᠠᠢᠲᠤᠷ ᠶᠠᠷᠢᠵᠠᠢ; ᠪᠠᠢᠭᠤᠯᠭ᠎ᠠ ᠨᠢᠭᠡᠴᠢ᠎ᠳᠦ 《ᠬᠦᠰᠡᠯ ᠱᠠᠭᠠᠷᠲᠠᠯᠭ᠎ᠠ ᠪᠠᠢᠪᠠᠯ ᠵᠠᠪᠠᠯ ᠬᠠᠩᠭᠠᠬᠤ》 ᠠᠵᠢᠯ᠎ᠤᠨ ᠲᠦᠷᠦᠯ ᠲᠡᠮᠲᠡᠭ ᠢ᠋ ᠡᠭᠦᠲᠦᠨ ᠪᠠᠢᠭᠤᠯᠬᠤ ᠲᠤᠷᠰᠢᠯᠲᠠ ᠢ᠋ᠢᠨ ᠴᠡᠭ᠎ᠤᠨ ᠠᠵᠢᠯ ᠪᠤᠯᠤᠨ ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠢᠳᠡᠪᠬᠢᠲᠡᠢ᠎ᠪᠡᠷ ᠠᠭᠤᠰᠤᠯᠴᠠᠭᠤᠯᠵᠤ᠂ 《ᠦᠵᠡᠯᠲᠡ᠎ᠪᠡᠨ ᠬᠤᠪᠢᠷᠠᠭᠤᠯᠬᠤ᠂ ᠰᠤᠷᠲᠠᠯ᠎ᠢᠶᠠᠨ ᠴᠢᠩᠭᠠᠳᠬᠠᠬᠤ᠂ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠨᠠᠢᠳᠠᠪᠤᠷᠢᠵᠢᠭᠤᠯᠤᠯᠲᠠ᠎ᠶᠢ ᠴᠢᠬᠤᠯᠠᠴᠢᠯᠠᠬᠤ᠂ ᠳᠦᠷᠢ ᠲᠥᠷᠬᠦ᠎ᠶᠢ ᠱᠤᠭᠤᠬᠤ》 ᠵᠢ ᠭᠦᠨᠵᠡᠭᠡᠢ ᠠᠬᠢᠭᠤᠯᠵᠤ᠂ ᠪᠠᠢᠭᠤᠯᠭ᠎ᠠ᠎ᠶᠢᠨ ᠺᠠᠳ᠋ᠷᠴᠤᠳ᠎ᠢ ᠬᠥᠲᠥᠯᠥᠨ ᠵᠢᠯᠤᠭᠣᠳᠴᠤ  ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠤᠨᠤᠰᠴᠤ᠂ ᠨᠠᠮ ᠢ᠋ᠢᠡᠨ ᠲᠠᠭᠠᠨ ᠤᠷᠤᠬᠰᠢᠯᠠᠬᠤ᠎ᠳᠤ ᠬᠡᠪ ᠲᠠᠭᠤᠷᠢᠶᠠᠯ ᠪᠤᠯᠭᠠᠪᠠ; ᠰᠤᠷᠭᠠᠭᠤᠯᠢ᠎ᠳᠤ᠂ 《ᠠᠨᠠᠷ᠎ᠤᠨ ᠦᠷ᠎ᠡ᠎ᠪᠡᠷ ᠬᠥᠮᠥᠨ᠎ᠢ ᠬᠥᠮᠥᠵᠢᠭᠦᠯᠬᠦ ᠪᠠᠭ᠎ᠠ ᠬᠢᠴᠢᠶᠡᠯ᠎ᠦᠨ ᠲᠠᠩᠬᠢᠮ》 ᠢ᠋ ᠨᠡᠭᠡᠭᠡᠵᠦ᠂ 《ᠬᠠᠮᠤᠭ᠎ᠤᠨ ᠭᠤᠶᠤ ᠪᠠᠭ᠍ᠰᠢ》 《ᠰᠢᠯᠢᠳᠡᠭ ᠡᠪᠯᠡᠯ᠎ᠦᠨ ᠭᠡᠰᠢᠭᠦᠨ》 《 ᠭᠤᠷᠪᠠᠨ ᠰᠠᠢᠨᠲᠠᠢ ᠰᠤᠷᠤᠭ᠍ᠴᠢ》 ᠶ᠋ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠳᠡᠷᠭᠡᠳᠡᠬᠢ ᠦᠯᠢᠭᠡᠷ ᠳᠠᠭᠤᠷᠢᠶᠠᠯ᠎ᠢᠶᠠᠷ ᠳᠡᠷᠭᠡᠳᠡᠬᠢ ᠬᠥᠮᠥᠰ᠎ᠢᠶᠡᠨ ᠬᠥᠲᠥᠯᠥᠨ ᠳᠠᠭᠠᠭᠤᠯᠪᠠ᠃

ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠤ᠂ ᠬᠦᠯᠦᠨ ᠪᠤᠢᠷ ᠬᠤᠲᠠ ᠢ᠋ᠢᠨ ᠬᠢᠨ ᠰᠤᠷᠭᠠᠨ ᠬᠥᠮᠦᠵᠢᠯ᠎ᠢ ᠦᠷ᠎ᠡ ᠠᠰᠢᠭ᠋᠎ᠤᠨ ᠳᠡᠭᠡᠭᠰᠢᠯᠡᠯᠲᠡ᠎ᠳᠦ ᠠᠬᠤᠭᠤᠯᠵᠤ᠂ ᠰᠤᠷᠤᠯᠴᠠᠯᠭ᠎ᠠ᠎ᠬᠦᠷᠭᠡᠬᠦ᠂ ᠪᠣᠯᠪᠠᠰᠤᠷᠠᠯ ᠬᠦᠷᠭᠡᠬᠦ᠂ ᠲᠦᠷᠦ᠎ᠶᠢᠨ ᠪᠣᠳᠣᠯᠭ᠎ᠠ ᠬᠦᠷᠭᠡᠬᠦ᠂ ᠦᠢᠯᠡᠴᠢᠯᠡᠭᠡ ᠬᠦᠷᠭᠡᠬᠦ ᠠᠵᠢᠯᠯᠠᠭ᠎ᠠ᠎ᠶᠢ ᠥᠷᠭᠡᠨ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠵᠢᠯ ᠣᠯᠭᠣᠯᠲᠠ᠎ᠶᠢ ᠲᠡᠳᠬᠦᠬᠦ᠂ ᠨᠠᠰᠤᠵᠢᠯ᠎ᠤᠨ ᠠᠰᠠᠷᠠᠮᠵᠢ ᠡᠮ ᠡᠮᠨᠡᠯᠭᠡ ᠵᠡᠷᠭᠡ ᠲᠠᠯ᠎ᠠ᠎ᠪᠠᠷ ᠬᠢ ᠠᠰᠢᠭ᠍ᠲᠠᠢ ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠤᠬᠠᠭᠤᠯᠪᠠ; ᠰᠢᠨ᠎ᠡ᠎ᠪᠡᠷ ᠬᠦᠭᠵᠢᠭᠰᠡᠨ ᠬᠦᠷᠢᠶᠡᠨ᠎ᠳᠦ᠂ ᠰᠢᠨ᠎ᠡ ᠠᠵᠢᠯ ᠤᠯᠭᠤᠯᠲᠠ ᠢ᠋ᠢᠨ ᠬᠡᠯᠪᠡᠷᠢ ᠢ᠋ᠢᠨ ᠬᠦᠲᠡᠯᠮᠦᠷᠢᠴᠢᠳ᠎ᠤᠨ ᠤᠯᠠᠭ᠎ᠠ ᠦᠷᠲᠡᠭᠡ᠎ᠢ᠋ᠢᠨ ᠦᠢᠯᠡᠴᠢᠯᠡᠭᠡᠨ᠎ᠦ ᠴᠢᠳᠠᠮᠵᠢ᠎ᠶᠢ ᠲᠡᠭᠦᠯᠳᠡᠷᠵᠢᠭᠦᠯᠤᠨ᠂ ᠰᠢᠨ᠎ᠡ ᠠᠵᠢᠯ ᠣᠯᠭᠣᠯᠲᠠ᠎ᠶᠢᠨ ᠬᠠᠮᠲᠤᠯᠢᠭ᠋᠎ᠲᠤ ᠠᠮᠠᠷᠠᠬᠤ᠂ ᠴᠠᠬᠢᠯᠭᠠᠨ ᠴᠡᠨᠡᠭᠯᠡᠬᠦ᠂ ᠪᠠᠴᠢᠮ ᠪᠠᠢᠲᠠᠯ ᠢ᠋ ᠠᠷᠭᠠᠴᠠᠭᠠᠬᠤ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ 《ᠨᠢᠭᠡ ᠦᠷᠲᠡᠭᠡᠴᠢᠯᠡᠭᠰᠡᠨ ᠮᠠᠶᠢᠭ》 ᠤ᠋ᠨ ᠦᠢᠯᠡᠴᠢᠯᠡᠭᠡ ᠬᠠᠩᠭᠠᠪᠠ; ᠨᠡᠢᠭᠡᠮ᠎ᠦᠨ ᠡᠯ᠎ᠡ ᠡᠲᠡᠭᠡᠳ᠎ᠲᠦ᠂ ᠬᠥᠮᠦᠵᠢᠯ᠎ᠢ ᠵᠠᠰᠠᠭ᠎ᠤᠨ ᠶᠠᠪᠤᠳᠠᠯ᠎ᠳᠤ ᠣᠷᠣᠯᠴᠠᠨ ᠲᠥᠷᠥ᠎ᠶᠢᠨ ᠶᠠᠪᠤᠳᠠᠯ᠎ᠢ ᠵᠥᠪᠯᠡᠬᠦ᠎ᠳᠦ ᠠᠬᠤᠭᠤᠯᠵᠤ᠂ 《ᠬᠥᠯᠥᠨ ᠪᠣᠶ᠋ᠢᠷ᠎ᠤᠨ ᠬᠥᠭᠵᠢᠯᠲᠡ᠎ᠳᠦ ᠪᠢ ᠨᠢᠭᠡ ᠠᠷᠭ᠎ᠠ ᠪᠣᠳᠣᠯᠭ᠎ᠠ ᠳᠡᠪᠰᠢᠭᠦᠯᠦᠨ᠎ᠡ》 ᠵᠡᠷᠭᠡ ᠠᠵᠢᠯᠯᠠᠭ᠎ᠠ ᠥᠷᠨᠢᠭᠦᠯᠵᠦ᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠭᠡᠮ᠎ᠦᠨ ᠰᠢᠨ᠎ᠡ ᠳᠠᠪᠬᠤᠷᠭ᠎ᠠ᠎ᠶᠢᠨ ᠬᠥᠮᠥᠰ᠎ᠢ ᠬᠥᠲᠥᠯᠥᠨ ᠵᠢᠯᠤᠭᠣᠳᠴᠤ ᠪᠠᠢᠭᠠᠳ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ ᠵᠢ ᠠᠬᠢᠭᠤᠯᠵᠠᠢ᠃

ᠪᠠᠶᠠᠨᠨ᠋ᠠᠭᠤᠷ ᠬᠤᠲᠠ ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢᠨ ᠬᠣᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ ᠬᠠᠮᠲᠤᠯᠢᠭ᠋ ᠣᠯᠠᠨ ᠪᠠᠢᠬᠤ ᠣᠨᠴᠠᠯᠢᠭ᠋᠎ᠲᠤ ᠴᠢᠭᠯᠡᠭᠦᠯᠦᠨ᠂ ᠤᠷᠢᠳ ᠢ᠋ᠢᠡᠷ ᠨᠠᠮ᠎ᠤᠨ ᠳᠣᠲᠣᠷ᠎ᠠ ᠳᠠᠷᠠᠭ᠎ᠠ ᠨᠢ ᠨᠠᠮ᠎ᠤᠨ ᠭᠠᠳᠠᠨ᠎ᠠ᠂ ᠨᠠᠮ᠎ᠤᠨ ᠭᠡᠰᠢᠭᠦᠨ᠎ᠢᠶᠡᠷ ᠣᠯᠠᠨ ᠲᠦᠮᠡᠨ᠎ᠢ ᠳᠠᠢᠴᠢᠯᠠᠬᠤ᠎ᠶᠢ ᠪᠠᠷᠢᠮᠲᠠᠯᠠᠵᠤ᠂ ᠪᠦᠬᠦᠨ᠎ᠢ ᠬᠠᠮᠤᠷᠤᠨ ᠠᠬᠢᠭᠤᠯᠬᠤ ᠪᠠ ᠬᠦᠷᠢᠶ᠎ᠡ ᠴᠠᠷᠠᠭ᠎ᠠ ᠬᠤᠪᠢᠶᠠᠨ ᠠᠬᠢᠭᠤᠯᠬᠤ᠎ᠶᠢᠨ ᠬᠣᠭᠣᠷᠣᠨᠳᠣᠬᠢ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠬᠣᠲᠠ᠎ᠶᠢᠨ ᠱᠠᠲᠤᠨ ᠡᠴᠡ ᠬᠡᠷᠡᠭᠵᠢᠭᠦᠯᠬᠦ ᠲᠥᠰᠥᠯ ᠲᠣᠭᠲᠠᠭᠠᠪᠠ᠃

ᠮᠠᠯᠵᠢᠬᠤ ᠲᠠᠷᠢᠶᠠᠯᠠᠬᠤ ᠣᠷᠣᠨ᠂ ᠬᠣᠲᠠ ᠪᠠᠯᠭᠠᠰᠤᠨ᠎ᠤ ᠨᠡᠢᠭᠡᠮ ᠲᠣᠭᠣᠷᠢᠭ᠋᠂ ᠪᠠᠢᠭᠤᠯᠭ᠎ᠠ ᠨᠢᠭᠡᠴᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠮᠨᠡᠯᠭᠡ᠎ᠶᠢᠨ ᠬᠣᠷᠢᠶ᠎ᠠ᠂ ᠳᠤᠮᠳᠠᠳᠤ ᠪᠠᠭ᠎ᠠ ᠰᠤᠷᠭᠠᠭᠤᠯᠢ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠰᠢᠨ᠎ᠡ ᠠᠵᠢᠯ ᠣᠯᠭᠣᠯᠲᠠ᠎ᠶᠢᠨ ᠬᠠᠮᠲᠤᠯᠢᠭ᠋᠂ ᠨᠡᠢᠭᠡᠮ᠎ᠦᠨ ᠡᠯ᠎ᠡ ᠡᠲᠡᠭᠡᠳ ᠵᠡᠷᠭᠡ 8 ᠠᠳᠠᠯᠢ ᠪᠤᠰᠤ ᠬᠦᠷᠢᠶᠡᠨ᠎ᠦ ᠣᠨᠴᠠᠯᠢᠭ᠋᠎ᠢ ᠰᠠᠢᠲᠦᠷ ᠡᠵᠡᠮᠰᠢᠵᠦ᠂ ᠪᠠᠶᠠᠨᠨ᠋ᠠᠭᠤᠷ ᠬᠤᠲᠠ ᠢ᠋ᠢᠨ ᠬᠢᠨ ᠬᠦᠷᠢᠶ᠎ᠡ ᠴᠠᠷᠠᠭ᠎ᠠ ᠬᠤᠪᠢᠶᠠᠨ 《ᠨᠠᠢ᠍ᠮᠠᠨ ᠵᠢᠯᠤᠭᠣᠳᠬᠤ ᠨᠠᠷᠢᠨ ᠲᠠᠩᠰᠠ》 ᠵᠢ ᠲᠣᠭᠲᠠᠭᠠᠵᠤ᠂ 45 ᠵᠤᠷᠪᠤᠰ ᠦᠢᠯᠡᠳᠦᠯᠭᠡ᠎ᠶᠢᠨ ᠠᠷᠭ᠎ᠠ ᠬᠡᠮᠵᠢᠶ᠎ᠡ ᠠᠪᠴᠤ᠂ 《1+8》 ᠢ᠋ᠢᠨ ᠠᠵᠢᠯ᠎ᠢ ᠠᠬᠢᠭᠤᠯᠬᠤ ᠲᠣᠭᠲᠠᠴᠠ᠎ᠶᠢ ᠪᠦᠷᠢᠯᠳᠦᠭᠦᠯᠦᠨ᠂ ᠴᠢᠭᠯᠡᠭᠦᠯᠦᠯᠳᠦ ᠴᠢᠨᠠᠷᠲᠠᠢ᠎ᠪᠠᠷ ᠠᠵᠢᠯᠯᠠᠭ᠎ᠠ ᠥᠷᠨᠢᠭᠦᠯᠵᠦ᠂ ᠭᠣᠣᠯᠳᠠᠯᠭ᠎ᠠ᠎ᠲᠠᠢ ᠡᠭᠦᠷᠭᠡ ᠨᠢ ᠭᠠᠷᠳᠠᠴᠠ ᠲᠠᠢ᠂ ᠠᠵᠢᠯ᠎ᠤᠨ ᠨᠠᠢᠳᠠᠪᠤᠷᠢᠵᠢᠭᠤᠯᠤᠯᠲᠠ ᠨᠢ ᠴᠢᠭᠯᠡᠯ᠎ᠲᠠᠢ ᠪᠠᠢᠬᠤ᠎ᠶᠢ ᠪᠡᠶᠡᠯᠡᠭᠦᠯᠵᠡᠢ᠃ ᠬᠤᠲᠠ ᠰᠢᠶᠠᠨ᠎ᠤ ᠠᠵᠢᠯ ᠲᠦᠷᠦᠯ᠎ᠤᠨ ᠰᠢᠰᠲ᠋ᠸᠮ᠎ᠤᠨ ᠨᠠᠮ᠎ᠤᠨ (ᠠᠵᠢᠯ᠎ᠤᠨ) ᠬᠤᠷᠢᠶ᠎ᠠ ᠪᠤᠯᠤᠨ ᠤᠯᠠᠨ ᠲᠦᠮᠡᠨ᠎ᠤ ᠪᠦᠯᠬᠦᠮ᠎ᠤᠨ ᠵᠤᠬᠢᠶᠠᠨ ᠪᠠᠢᠭᠤᠯᠤᠯᠲᠠ ᠠᠵᠢᠯ ᠲᠦᠷᠦᠯ᠎ᠤᠨ ᠬᠦᠷᠢᠶᠡᠨ᠎ᠳᠡᠬᠢ ᠵᠢᠯᠤᠭᠤᠳᠬᠤ ᠦᠢᠯᠡᠲᠦᠯ ᠢ᠋ᠢᠡᠨ ᠬᠦᠢᠴᠡᠳ ᠪᠠᠲᠠᠷᠠᠭᠤᠯᠵᠦ᠂ ᠡᠯ᠎ᠡ ᠬᠦᠷᠢᠶᠡᠨ᠎ᠳᠡᠬᠢ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢᠭᠤᠯᠤᠯᠲᠠ ᠢ᠋ᠢᠨ 《ᠨᠠᠷᠢᠨ ᠲᠠᠩᠰᠠ》 ᠶᠤᠰᠤᠭᠠᠷ ᠠᠵᠢᠯᠯᠠᠭ᠎ᠠ ᠪᠠᠨ ᠦᠷᠨᠢᠭᠦᠯᠬᠦ ᠵᠢ ᠠᠬᠢᠭᠤᠯᠪᠠ᠃

ᠠᠯᠠᠱᠠ ᠠᠢᠮᠠᠭ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ ᠳᠤᠮᠳᠠ᠂ 《ᠲᠠᠪᠤ᠎ᠶᠢ ᠪᠠᠷᠢᠮᠲᠠᠯᠠᠬᠤ》 ᠪᠡᠷ ᠠᠵᠢᠯᠯᠠᠭ᠎ᠠ᠎ᠶᠢᠨ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ 《ᠲᠡᠮᠡᠭᠡᠲᠦ ᠨᠤᠲᠤᠭ᠎ᠤᠨ ᠬᠥᠪᠡᠭᠦᠳ ᠥᠬᠢᠳ ᠨᠠᠮ ᠢ᠋ᠢᠡᠨ ᠲᠠᠭᠠᠨ ᠤᠷᠤᠬᠰᠢᠯᠠᠵᠦ᠂ ᠨᠠᠮ᠎ᠤᠨ ᠠᠴᠢ᠎ᠳᠤ ᠲᠠᠯᠠᠷᠬᠠᠨ ᠰᠢᠨ᠎ᠡ ᠴᠠᠬ ᠦᠶ᠎ᠡ᠎ᠳᠤ ᠡᠷᠡᠯᠭᠡᠭᠯᠡᠨ ᠤᠷᠤᠬᠰᠢᠯᠠᠨᠠᠮ》 ᠬᠡᠬᠦ ᠠᠯᠠᠱᠠ᠎ᠶᠢᠨ ᠲᠦᠷᠦᠯ ᠲᠡᠮᠳᠡᠭ᠎ᠢ ᠡᠭᠦᠳᠴᠦ᠂ ᠨᠠᠮ᠎ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠮᠥᠵᠢᠭᠦᠯᠦᠨ ᠳᠠᠭᠠᠭᠤᠯᠵᠤ ᠦᠨᠡᠨ ᠰᠡᠳᠬᠢᠯ ᠡᠴᠡ ᠪᠠᠨ ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ ᠵᠢ ᠬᠥᠲᠥᠯᠥᠨ ᠳᠠᠭᠠᠭᠤᠯᠵᠠᠢ᠃

ᠪᠠᠢᠭᠤᠯᠭ᠎ᠠ ᠨᠢᠭᠡᠴᠢ᠎ᠡᠴᠡ ᠮᠠᠯᠵᠢᠬᠤ ᠲᠠᠷᠢᠶᠠᠯᠠᠬᠤ ᠣᠷᠣᠨ ᠬᠦᠷᠲᠡᠯ᠎ᠡ᠂ ᠵᠡᠭᠡᠯᠢ ᠭᠤᠳᠤᠮᠵᠢ ᠨᠡᠢᠭᠡᠮ ᠲᠣᠭᠣᠷᠢᠭ᠋ ᠡᠴᠡ ᠠᠵᠤ ᠠᠬᠤᠢᠯᠠᠯ ᠰᠤᠷᠭᠠᠭᠤᠯᠢ ᠬᠦᠷᠲᠡᠯ᠎ᠡ᠂ ᠠᠯᠠᠱᠠ ᠠᠢᠮᠠᠭ᠎ᠤᠨ ᠬᠢᠨ ᠲᠦᠷᠦᠯ ᠬᠤᠪᠢᠶᠠᠨ ᠲᠦᠷᠦ ᠢ᠋ᠢᠨ ᠪᠤᠳᠤᠯᠭ᠎ᠠ ᠵᠢ ᠬᠡᠷᠡᠭᠵᠢᠭᠦᠯᠵᠦ᠂ 《ᠬᠤᠪᠢᠰᠬᠠᠯ᠎ᠤᠨ ᠣᠷᠣᠯᠠᠨ ᠭᠦᠢᠴᠡᠳᠭᠡᠭᠴᠢ》 ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠵᠢ 67 ᠪᠠᠢᠭᠤᠯᠵᠤ᠂ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠂《ᠲᠡᠷᠭᠡᠨ ᠬᠦᠷᠳᠦ ᠳᠡᠭᠡᠷᠡᠬᠢ ᠨᠠᠮ᠎ᠤᠨ ᠭᠡᠰᠢᠭᠦᠨ᠎ᠦ ᠦᠢᠯᠡᠴᠢᠯᠡᠭᠡᠨ᠎ᠦ ᠥᠷᠲᠡᠭᠡ》᠂ ᠬᠢᠯᠢ᠎ᠶᠢᠨ ᠬᠠᠮᠠᠭᠠᠯᠠᠯᠲᠠ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠤ ᠲᠡᠮᠡᠭᠡᠳᠦ ᠰᠠᠯᠠᠭ᠎ᠠ᠂ ᠬᠤᠪᠢᠰᠬᠠᠯᠲᠦ ᠪᠡᠬᠢᠯᠡᠯᠲᠡ ᠢ᠋ᠢᠨ ᠡᠷᠦᠬᠡ ᠵᠡᠷᠭᠡ ᠠᠴᠢᠶᠠᠯᠠᠪᠤᠷᠢ᠎ᠶᠢ ᠠᠮᠢᠳᠤᠯᠢᠭ᠋᠎ᠢᠶᠠᠷ ᠬᠡᠷᠡᠭᠯᠡᠨ᠂ 《1+2+N》 ᠪᠢᠴᠢᠯ ᠲᠣᠣᠷᠵᠢᠯ᠎ᠢ ᠪᠣᠶ ᠪᠣᠯᠭᠠᠵᠤ᠂ ᠠᠷᠠᠳ᠎ᠤᠨ ᠪᠠᠢᠳᠠᠯ᠎ᠤᠨ ᠮᠡᠳᠡᠭᠡ ᠵᠠᠩᠭᠢ᠎ᠶᠢ ᠴᠤᠭᠯᠠᠭᠤᠯᠬᠤ᠂ ᠠᠰᠠᠭᠤᠳᠠᠯ᠎ᠤᠨ ᠰᠦᠪᠡᠭᠴᠢ᠎ᠶᠢ ᠴᠤᠭᠯᠠᠭᠤᠯᠬᠤ᠂ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ᠎ᠦ ᠰᠠᠨᠠᠭᠠᠰᠢᠷᠠᠵᠤ ᠪᠠᠢᠭ᠎ᠠ ᠶᠠᠪᠤᠳᠠᠯ᠎ᠢ ᠰᠠᠢᠲᠤᠷ ᠰᠢᠢᠳᠪᠦᠷᠢᠯᠡᠪᠡ᠃ 《ᠬᠦᠷᠢᠶ᠎ᠡ ᠬᠠᠰᠢᠶ᠎ᠠ᠎ᠶᠢᠨ ᠬᠢᠴᠢᠶᠡᠯ᠎ᠦᠨ ᠲᠠᠩᠬᠢᠮ》 《ᠬᠥᠳᠡᠭᠡ᠎ᠶᠢᠨ ᠬᠢᠴᠢᠶᠡᠯ᠎ᠦᠨ ᠲᠠᠩᠬᠢᠮ》 《ᠵᠣᠨ᠎ᠤ ᠠᠮᠠᠷᠠᠯᠲᠠ᠎ᠶᠢᠨ ᠰᠤᠷᠭᠠᠭᠤᠯᠢ᠎ᠶᠢᠨ ᠲᠠᠩᠬᠢᠮ》 ᠵᠡᠷᠭᠡ ᠬᠡᠯᠪᠡᠷᠢ᠎ᠳᠦ ᠲᠦᠰᠢᠭᠯᠡᠨ᠂ 《ᠨᠠᠷᠠᠲᠤ ᠬᠥᠮᠥᠰ ᠬᠤᠪᠢᠷᠠᠯᠲᠠ᠎ᠶᠢ ᠶᠠᠷᠢᠬᠤ》 ᠵᠡᠷᠭᠡ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠥᠩᠭᠡᠷᠡᠯᠲᠡ᠎ᠪᠡᠨ ᠶᠠᠷᠢᠬᠤ᠂ ᠬᠥᠭᠵᠢᠯᠲᠡ ᠬᠤᠪᠢᠷᠠᠯᠲᠠ ᠵᠢ ᠶᠠᠷᠢᠬᠤ᠂ ᠠᠷᠠᠳ᠎ᠲᠤ ᠠᠰᠢᠭ᠋ ᠬᠦᠷᠲᠡᠭᠡᠬᠦ ᠲᠥᠷᠥ  ᠶ᠋ᠢᠨ ᠪᠣᠳᠣᠯᠭ᠎ᠠ ᠵᠢ ᠶᠠᠷᠢᠬᠤ᠎ᠪᠠᠷ ᠳᠠᠮᠵᠢᠭᠤᠯᠤᠨ᠂ 《ᠵᠢᠷᠭᠤᠭᠠᠨ ᠥᠭᠦᠯᠡᠪᠦᠷᠢ ᠶ᠋ᠢᠨ ᠪᠣᠳᠠᠲᠤ ᠬᠡᠷᠡᠭ ᠪᠠ ᠶᠣᠰᠣ᠌ ᠤᠴᠢᠷ》 《ᠨᠢᠭᠡ ᠳᠠᠩᠰᠠ》 ᠵᠢ ᠲᠤᠭᠤᠷᠠᠲᠠᠯ᠎ᠠ ᠶᠠᠷᠢᠵᠦ ᠦᠭᠴᠡᠢ᠃

《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠤᠨᠤᠰᠴᠤ᠂ ᠨᠠᠮ ᠢ᠋ᠢᠡᠨ ᠲᠠᠭᠠᠨ ᠤᠷᠤᠬᠰᠢᠯᠠᠨ᠎ᠠ》 —  ᠡᠨᠡ ᠨᠢ ᠪᠦᠬᠦ ᠤᠷᠤᠨ᠎ᠤ ᠦᠷᠭᠡᠨ ᠤᠯᠠᠨ ᠨᠠᠮ᠎ᠤᠨ ᠬᠡᠰᠢᠭᠦᠨ ᠪᠤᠯᠤᠨ ᠦᠨᠳᠦᠰᠦᠲᠡᠨ ᠨᠤᠬᠦᠳ᠎ᠤᠨ ᠠᠷᠠᠳ ᠲᠦᠮᠡᠨ᠎ᠤ ᠰᠡᠳᠬᠢᠯ᠎ᠳᠤ ᠬᠠᠳᠠᠩᠰᠢᠨ᠎ᠠ᠃ ᠪᠦᠬᠦ ᠤᠷᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠦ ᠴᠤᠬᠴᠠᠯᠠᠬᠤ ᠭᠤᠤᠯ ᠰᠢᠵᠢᠮ᠎ᠳᠤ ᠠᠩᠬᠠᠷᠤᠯ᠎ᠢᠶᠠᠨ ᠲᠥᠪᠯᠡᠷᠡᠭᠦᠯᠤᠨ᠂《ᠳᠥᠷᠪᠡᠨ ᠬᠥᠮᠦᠵᠢᠯ᠎ᠢ ᠠᠭᠤᠰᠤᠯᠴᠠᠭᠤᠯᠬᠤ》 ᠵᠢ ᠪᠠᠷᠢᠮᠲᠠᠯᠠᠨ᠂ 《ᠵᠢᠷᠭᠤᠭᠠᠨ ᠵᠦᠢᠯ᠎ᠤᠨ ᠠᠴᠢᠶᠠᠯᠠᠪᠤᠷᠢ》 ᠵᠢ ᠰᠠᠢᠲᠤᠷ ᠬᠡᠷᠡᠭᠯᠡᠵᠦ᠂ ᠲᠠᠰ ᠳᠠᠪᠬᠤᠷᠭ᠎ᠠ ᠬᠤᠪᠢᠶᠠᠨ᠂ ᠬᠦᠷᠢᠶ᠎ᠡ ᠬᠡᠪᠴᠢᠶ᠎ᠡ ᠬᠤᠪᠢᠶᠠᠨ᠂ ᠬᠠᠮᠳᠤᠯᠢᠬ ᠬᠤᠪᠢᠶᠠᠨ ᠨᠠᠷᠢᠯᠢᠬ ᠤᠨᠤᠴᠠᠲᠠᠢ ᠲᠦᠷᠦ ᠢ᠋ᠢᠨ ᠪᠤᠳᠤᠯᠭ᠎ᠠ ᠵᠢ ᠬᠡᠷᠡᠭᠵᠢᠭᠦᠯᠦᠨ᠂ ᠣᠯᠠᠨ ᠲᠦᠮᠡᠨᠴᠢ ᠬᠦᠮᠦᠵᠢᠯ ᠦᠢᠯᠡᠳᠦᠯᠭᠡ᠎ᠶᠢᠨ ᠠᠵᠢᠯᠯᠠᠭ᠎ᠠ ᠵᠢ ᠬᠦᠨᠵᠡᠭᠡᠢᠷᠡᠭᠦᠯᠦᠨ ᠪᠤᠲᠠᠲᠠᠢᠵᠢᠭᠤᠯᠬᠤ ᠵᠢ ᠪᠦᠲᠦᠮᠵᠢᠲᠡᠶ ᠠᠬᠢᠭᠤᠯᠵᠤ᠂ ᠨᠠᠮ᠎ᠤᠨ ᠭᠡᠰᠢᠭᠦᠨ ᠺᠠᠳ᠋ᠷ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠤᠭᠣᠳᠴᠤ 《ᠵᠢᠷᠭᠤᠭᠠᠨ ᠥᠭᠦᠯᠡᠪᠦᠷᠢ᠎ᠶᠢᠨ ᠪᠣᠳᠠᠲᠤ ᠶᠠᠪᠤᠳᠠᠯ ᠪᠠ ᠶᠣᠰᠣ᠌ ᠤᠴᠢᠷ》 ᠢ᠋ ᠭᠦᠨᠵᠡᠭᠡᠢ ᠲᠠᠨᠢᠭᠤᠯᠤᠨ ᠣᠢᠯᠠᠭᠠᠭᠤᠯᠵᠤ᠂ ᠥᠨᠢ ᠡᠭᠦᠷᠢᠳᠡ ᠨᠠᠮ᠎ᠤᠨ ᠠᠴᠢ᠎ᠳᠤ ᠲᠠᠯᠠᠷᠬᠠᠨ᠂ ᠢᠮᠠᠭᠲᠠ ᠨᠠᠮ᠎ᠤᠨ ᠦᠭᠡ᠎ᠶᠢ ᠰᠣᠨᠣᠰᠴᠤ᠂ ᠨᠢᠭᠡ ᠰᠡᠳᠬᠢᠯ᠎ᠢᠶᠡᠷ ᠨᠠᠮ᠎ᠢᠶᠠᠨ ᠳᠠᠭᠠᠨ ᠤᠷᠤᠬᠰᠢᠯᠠᠭᠤᠯᠵᠦ᠂ ᠲᠤᠮᠲᠠᠲᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠢ᠋ᠢᠨ ᠦᠪᠦᠷ ᠮᠤᠩᠭᠤᠯ᠎ᠤᠨ ᠰᠢᠨ᠎ᠡ ᠬᠠᠭᠤᠲᠠᠰᠤ ᠵᠢ ᠴᠢᠷᠮᠠᠢᠨ ᠪᠢᠴᠢᠭᠯᠡᠨ᠎ᠡ᠃

(ᠭᠡᠷᠡᠯ ᠵᠢᠷᠤᠭ ᠢ᠋ ᠠᠯᠠᠱᠠ ᠠᠢᠮᠠᠭ᠎ᠤᠨ ᠨᠠᠮ᠎ᠤᠨ ᠬᠤᠷᠢᠶ᠎ᠠ ᠢ᠋ᠢᠨ ᠵᠤᠬᠢᠶᠠᠨ ᠪᠠᠢᠭᠤᠯᠬᠤ ᠬᠡᠯᠲᠡᠰ ᠡᠴᠡ ᠬᠠᠩᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号