ᠬᠥᠬᠡᠬᠣᠲᠠ ᠪᠤᠭᠤᠲᠤ ᠣᠷᠳᠣᠰ ᠤᠯᠠᠭᠠᠨᠴᠠᠪ 《ᠬᠠᠤᠯᠢ ᠴᠠᠭᠠᠵᠠ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠬᠣᠯᠪᠣᠭ᠎ᠠ》 ᠶ᠋ᠢ ᠪᠠᠢᠭᠤᠯᠪᠠ
2024-04-16 09:26:48
ᠵᠣᠬᠢᠶᠠᠭ᠍ᠴᠢ᠄
​ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

4 ᠰᠠᠷ᠎ᠠ᠎ᠶᠢᠨ 12  ᠤ᠋ᠨ ᠡᠳᠦᠷ᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠠᠤᠯᠢ ᠴᠠᠭᠠᠵᠠ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠬᠣᠯᠪᠣᠭ᠎ᠠ》 ᠪᠠᠢᠭᠤᠯᠤᠭᠳᠠᠬᠤ ᠶᠡᠬᠡ ᠬᠤᠷᠠᠯ ᠪᠤᠭᠤᠲᠤ ᠬᠤᠳᠠ᠎ᠳᠤ ᠬᠤᠷᠠᠯᠳᠤᠵᠤ᠂ ᠣᠷᠣᠨ ᠪᠦᠰᠡ᠎ᠶᠢᠨ ᠬᠠᠤᠯᠢᠵᠢᠯ᠎ᠤᠨ ᠬᠣᠯᠪᠤᠭᠠᠯᠠᠨ ᠬᠥᠳᠡᠯᠦᠯᠴᠡᠬᠦ ᠬᠠᠮᠳᠤᠷᠠᠯ ᠬᠦᠴᠦᠨ ᠢ᠋ᠢᠡᠷ ᠦᠨᠡᠨᠴᠢ ᠢᠲᠡᠭᠡᠮᠵᠢ᠎ᠶᠢᠨ 《ᠡᠴᠦᠰ᠎ᠦᠨ ᠰᠡᠷᠭᠡᠢᠯᠡᠯᠲᠡ᠎ᠶᠢᠨ ᠱᠤᠭᠤᠮ》 ᠢ᠋ ᠬᠠᠮᠲᠤ ᠪᠠᠷ ᠰᠠᠢᠲᠤᠷ ᠰᠠᠬᠢᠨ᠎ᠠ᠃

ᠬᠤᠷᠠᠯ ᠳᠡᠭᠡᠷ᠎ᠡ᠂ ᠬᠥᠬᠡᠬᠣᠲᠠ᠂ ᠪᠤᠭᠤᠲᠤ ᠬᠤᠳᠠ᠂ ᠣᠷᠳᠣᠰ ᠬᠤᠳᠠ᠂ ᠤᠯᠠᠭᠠᠨᠴᠠᠪ ᠬᠤᠳᠠ᠎ᠶᠢᠨ ᠨᠠᠮ᠎ᠤᠨ ᠬᠣᠷᠢᠶ᠎ᠠ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤᠷᠠᠯ ᠬᠦᠴᠦᠨ᠎ᠢ ᠬᠡᠷᠬᠢᠨ ᠪᠦᠷᠢᠯᠳᠦᠭᠦᠯᠬᠦ᠂ ᠨᠢᠭᠡ ᠴᠣᠭᠴᠠᠵᠢᠭᠤᠯᠤᠭᠰᠠᠨ ᠬᠠᠮᠵᠢᠯᠴᠠᠭᠠᠨ᠎ᠤ ᠲᠣᠭᠲᠠᠴᠠ᠎ᠶᠢ ᠬᠡᠷᠬᠢᠨ ᠰᠠᠢᠲᠤᠷ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃ ᠬᠤᠷᠠᠯ ᠡᠴᠡ᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠠᠤᠯᠢ ᠴᠠᠭᠠᠵᠠ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠬᠣᠯᠪᠣᠭ᠎ᠠ》 ᠶ᠋ᠢ ᠪᠠᠶ᠋ᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠣᠷᠣᠨ ᠪᠦᠰᠡ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢ ᠴᠢᠩᠭᠠᠳᠬᠠᠬᠤ ᠵᠡᠷᠭᠡ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠰᠢᠨ᠎ᠡ᠎ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠪᠠᠢᠵᠦ᠂ ᠲᠦᠷᠪᠡᠨ ᠭᠠᠵᠠᠷ᠎ᠤᠨ ᠬᠣᠭᠣᠷᠣᠨᠳᠣᠬᠢ ᠬᠠᠤᠯᠢ ᠬᠡᠷᠡᠭᠵᠢᠭᠦᠯᠬᠦ ᠪᠠᠷᠢᠮᠵᠢᠶ᠎ᠠ᠎ᠶᠢ ᠨᠢᠭᠡᠳᠬᠡᠬᠦ᠂ ᠰᠤᠷᠤᠯᠴᠠᠯᠭ᠎ᠠ ᠰᠣᠯᠢᠯᠴᠠᠭ᠎ᠠ᠎ᠶᠢ ᠴᠢᠩᠭᠠᠳᠬᠠᠬᠤ᠂ ᠬᠡᠷᠡᠭ ᠰᠢᠢᠳᠪᠦᠷᠢᠯᠡᠬᠦ ᠴᠢᠨᠠᠷ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠂ ᠬᠠᠤᠯᠢ ᠡᠴᠡ ᠵᠥᠷᠢᠴᠡᠭᠰᠡᠨ ᠲᠣᠪᠣᠢᠮ᠎ᠠ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠬᠠᠤᠯᠢ ᠴᠠᠭᠠᠵᠠ ᠢ᠋ᠢᠨ ᠬᠠᠮᠠᠭᠠᠯᠠᠯᠲᠠ᠎ᠶᠢ ᠴᠢᠩᠭᠠᠳᠬᠠᠬᠤ᠎ᠳᠤ ᠢᠳᠡᠪᠬᠢ ᠠᠴᠢ ᠬᠣᠯᠪᠣᠭᠳᠠᠯ᠎ᠲᠠᠢ ᠬᠡᠵᠦ ᠵᠢᠭᠠᠵᠤ ᠭᠠᠷᠭᠠᠪᠠ᠃

ᠬᠤᠷᠠᠯ ᠡᠴᠡ᠂ ᠲᠦᠷᠪᠡᠨ ᠭᠠᠵᠠᠷ᠎ᠤᠨ ᠬᠢᠨ ᠣᠨ᠎ᠤ ᠤᠯᠤᠰ ᠲᠦᠷᠦ ᠬᠠᠤᠯᠢ ᠴᠠᠭᠠᠵᠠ᠎ᠶᠢᠨ ᠠᠵᠢᠯ᠎ᠤᠨ ᠭᠣᠣᠯᠳᠠᠯᠭ᠎ᠠ ᠪᠣᠯᠣᠨ ᠬᠠᠤᠯᠢ ᠴᠠᠭᠠᠵᠠ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠴᠢᠩᠭ᠎ᠠ ᠠᠩᠬᠠᠷᠴᠤ᠂ ᠬᠠᠷᠢᠯᠴᠠᠨ ᠬᠠᠪᠰᠤᠷᠤᠯᠴᠠᠬᠤ᠂ ᠦᠨᠡᠨᠴᠢ᠎ᠪᠡᠷ ᠰᠣᠯᠢᠯᠴᠠᠬᠤ᠎ᠶᠢ ᠭᠦᠨᠵᠡᠭᠡᠢᠷᠡᠭᠦᠯᠵᠦ᠂ 《ᠬᠠᠮᠲᠤ ᠪᠠᠷ ᠪᠠᠶ᠋ᠢᠭᠤᠯᠬᠤ᠂ ᠬᠠᠮᠲᠤ ᠪᠠᠷ ᠵᠠᠰᠠᠬᠤ᠂ ᠬᠠᠮᠲᠤ  ᠪᠠᠷ ᠡᠳ᠋ᠯᠡᠬᠦ》 ᠪᠠ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ 《ᠨᠢᠭᠡ ᠬᠤᠳᠠ ᠢ᠋ᠢᠨ ᠦᠷ᠎ᠡ ᠠᠰᠢᠭ》 ᠢ᠋ ᠪᠡᠶᠡᠯᠡᠭᠦᠯᠵᠦ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭᠴᠠᠵᠢᠭ᠍ᠰᠠᠨ ᠬᠥᠭᠵᠢᠯᠲᠡ᠎ᠳᠦ ᠬᠦᠴᠦᠨ ᠨᠡᠮᠡᠷᠢᠯᠡᠬᠦ ᠬᠡᠷᠡᠭᠲᠡᠢ᠃ ᠬᠠᠤᠯᠢ ᠴᠠᠭᠠᠵᠠ᠎ᠶᠢᠨ ᠰᠢᠰᠲ᠋ᠸᠮ᠎ᠤᠨ ᠳᠣᠲᠣᠭᠠᠳᠤ᠎ᠶᠢᠨ ᠦᠨᠡᠨᠴᠢ ᠢᠲᠡᠭᠡᠮᠵᠢ᠎ᠶᠢᠨ ᠲᠣᠭᠲᠠᠴᠠ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠬᠠᠤᠯᠢ ᠪᠠᠷᠢᠬᠤ ᠢᠯᠡ ᠲᠣᠳᠣ᠌᠎ᠶᠢᠨ ᠬᠡᠮᠵᠢᠶ᠎ᠡ ᠪᠠ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠨᠢᠭᠡ ᠴᠣᠭᠴᠠᠵᠢᠭᠤᠯᠤᠨ ᠬᠠᠮᠵᠢᠯᠴᠠᠬᠤ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠥᠷᠭᠡᠳᠬᠡᠵᠦ᠂ ᠨᠡᠩ ᠲᠣᠭᠲᠠᠭᠤᠨ᠂ ᠡᠷᠬᠡ ᠲᠡᠭᠰᠢ᠂ ᠢᠯᠡ ᠲᠣᠳᠣ᠌᠂ ᠵᠢᠱ᠌ᠢᠵᠦ ᠪᠣᠯᠬᠤᠢᠴᠠ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠪᠤᠢ ᠪᠣᠯᠭᠠᠬᠤ᠎ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠨᠡ ᠬᠤᠭᠤᠴᠠᠭᠠᠨ᠎ᠳᠤ᠂ 《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠠᠤᠯᠢ ᠴᠠᠭᠠᠵᠠ᠎ᠶᠢᠨ ᠢᠲᠡᠭᠡᠮᠵᠢ᠎ᠶᠢᠨ ᠪᠠᠢᠭᠤᠯᠤᠯᠲᠠ᠎ᠶᠢᠨ ᠬᠣᠯᠪᠣᠭ᠎ᠠ》 ᠠᠩᠬᠠᠳᠤᠭᠠᠷ ᠤᠳᠠᠭ᠎ᠠ᠎ᠶᠢᠨ ᠬᠠᠮᠲᠤᠷᠠᠭᠰᠠᠨ ᠬᠤᠷᠠᠯ ᠬᠢᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号