ᠵᠠᠭᠠᠯᠳᠤᠯᠭ᠎ᠠ᠎ᠶ᠋ᠢ ᠬᠦᠯᠢᠶᠡᠨ ᠠᠪᠬᠤ ᠲᠠᠰᠤᠭ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ ᠳ᠋ᠤ ᠬᠦᠴᠦᠨ ᠨᠠᠮᠠᠷᠢᠯᠠᠨ᠎ᠠ
2024-04-18 14:44:56
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

《ᠨᠢᠭᠡ ᠡᠳᠦᠷ᠎ᠦᠨ ᠳᠣᠲᠣᠷ᠎ᠠ ᠠᠵᠤ ᠠᠬᠤᠢᠯᠠᠯ᠎ᠵᠢᠡᠨ ᠳᠠᠩᠰᠠᠯᠠᠭᠤᠯᠵᠤ᠂ ᠪᠠᠰᠠ ᠡᠵᠡᠩᠨᠡᠯᠲᠡ᠎ᠶ᠋ᠢᠨ ᠦᠨᠡᠮᠯᠡᠯ᠎ᠢᠶᠡᠨ ᠣᠯᠤᠯ᠎ᠠ᠂ ᠲᠠ᠎ᠨᠠᠷ᠎ᠲᠤ ᠮᠠᠰᠢ ᠲᠠᠯᠠᠷᠬᠠᠵᠤ ᠪᠠᠢᠨ᠎ᠠ》 ᠬᠡᠵᠤ ᠰᠠᠶᠢᠬᠠᠨ ᠠᠵᠤ ᠠᠬᠤᠢᠯᠠᠯ᠎ᠢᠶᠠᠨ ᠳᠠᠩᠰᠠᠯᠠᠭᠤᠯᠤᠭ᠍ᠰᠠᠨ ᠱᠠᠩᠬᠠᠢ᠎ᠶ᠋ᠢᠨ ᠭᠦᠩ ᠵᠶ᠋ᠢ ᠷᠦᠨ ᠳ᠋ᠤᠤ ᠪᠡᠯᠡ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠠᠷᠠᠴᠢᠨ ᠬᠣᠱᠢᠭᠤᠨ᠎ᠤ ᠲᠦᠷᠦᠯ ᠵᠦᠢᠯ᠎ᠦᠨ ᠭᠠᠷ ᠭᠦᠢᠴᠡᠳᠭᠡᠯ᠎ᠦᠨ ᠣᠷᠣᠯᠠᠨ ᠭᠦᠢᠴᠡᠳᠭᠡᠭ᠌ᠴᠢ ᠵᠠᠩ ᠾᠧ ᠯᠢᠩ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠵᠠᠭᠠᠯᠳᠤᠯᠭ᠎ᠠ ᠵᠢ ᠭᠥᠯᠢᠶᠡᠨ ᠠᠪᠬᠤ ᠲᠠᠰᠤᠭ》 ᠤ᠋ᠨ ᠠᠵᠢᠯᠲᠠᠳ᠎ᠲᠤ ᠲᠠᠯᠠᠷᠬᠠᠯ᠎ᠢᠶᠠᠨ ᠳᠡᠪᠱᠢᠭᠦᠯᠦᠨ᠎ᠡ᠃

ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ᠂ 2024 ᠣᠨ᠎ᠤ 3 ᠰᠠᠷ᠎ᠠ᠎ᠳᠤ ᠬᠠᠷᠠᠴᠢᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ 《ᠤᠴᠢᠷ ᠶᠠᠪᠤᠳᠠᠯ ᠪᠦᠲᠦᠭᠡᠵᠦ᠍ ᠳᠡᠢᠯᠬᠦ᠌ ᠥᠬᠡᠶ》 ᠪᠠᠢᠳᠠᠯ ᠢ᠋ ᠳᠤᠰᠬᠠᠬᠤ ᠭᠥᠯᠢᠶᠡᠨ ᠠᠪᠬᠤ ᠲᠠᠰᠤᠭ᠎ᠲᠤ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠵᠠᠭᠠᠯᠳᠤᠯᠭ᠎ᠠ ᠵᠢ ᠭᠥᠯᠢᠶᠡᠨ ᠠᠪᠬᠤ ᠲᠠᠰᠤᠭ》 ᠢ᠋ ᠨᠡᠮᠡᠵᠦ᠍ ᠪᠠᠢᠭᠤᠯᠤᠭᠠᠳ ᠠᠵᠢᠯᠲᠠᠨ ᠲᠣᠬᠢᠷᠠᠭᠤᠯᠵᠤ᠂ ᠠᠵᠤ ᠠᠬᠤᠢᠯᠠᠯ ᠣᠯᠠᠨ ᠲᠦᠮᠡᠨ᠎ᠦ ᠵᠠᠭᠠᠯᠳᠤᠯᠭ᠎ᠠ ᠪᠠ ᠰᠠᠨᠠᠯ᠎ᠢ ᠭᠥᠯᠢᠶᠡᠨ ᠠᠪᠴᠤ᠌ ᠱᠢᠶ᠋ᠳᠪᠦᠷᠢᠯᠡᠵᠡᠶ᠃

ᠱᠠᠩᠬᠠᠶ᠎ᠶ᠋ᠢᠨ ᠭᠦᠩ ᠵᠶ᠋ᠢ ᠷᠦᠨ ᠳ᠋ᠤᠤ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ ᠪᠣᠯ ᠬᠠᠷᠠᠴᠢᠨ ᠬᠣᠱᠢᠭᠤᠨ᠎ᠤ ᠠᠷᠠᠯᠵᠢᠶᠠᠴᠢᠨ ᠤᠷᠢᠵᠤ ᠪᠠᠯᠠ ᠤᠷᠤᠭᠤᠯᠤᠨ ᠠᠪᠴᠢᠷᠠᠬᠤ ᠭᠣᠸ᠋ᠯᠳᠠᠯᠭ᠎ᠠ᠎ᠲᠠᠶ ᠠᠵᠤ ᠠᠬᠤᠢᠯᠠᠯ ᠮᠥᠨ᠂ ᠠᠵᠤ ᠠᠬᠤᠢᠯᠠᠯ᠎ᠤᠨ ᠳᠠᠩᠰᠠᠯᠠᠭᠤᠯᠬᠤ ᠠᠵᠢᠯ ᠲᠥᠷᠥᠯ᠎ᠦᠨ ᠣᠷᠣᠯᠠᠬᠤ ᠨᠣᠮᠧᠷ ᠨᠢ ᠪᠠᠯᠠ ᠣᠷᠣᠭᠤᠯᠤᠯᠲᠠ ᠪᠠ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠲᠥᠷᠥᠯ ᠵᠦᠶ᠋ᠯ᠎ᠳᠦ ᠬᠠᠷᠢᠶᠠᠯᠠᠭ᠍ᠳᠠᠵᠤ᠂ ᠣᠯᠠᠨ ᠰᠠᠯᠠᠭ᠎ᠠ ᠮᠥᠴᠢᠷ ᠬᠣᠯᠪᠣᠭᠠᠯᠠᠨ ᠬᠠᠮᠢᠶᠠᠷᠬᠤ ᠠᠵᠢᠯ ᠲᠥᠷᠥᠯ  ᠪᠣᠯᠬᠤ ᠤᠴᠢᠷ ᠡᠴᠡ ᠣᠯᠠᠨ ᠰᠠᠯᠠᠭ᠎ᠠ ᠮᠥᠴᠢᠷ ᠳᠡᠭᠡᠷ᠎ᠠ ᠱᠠᠲᠤᠨ᠎ᠠᠴᠠ ᠵᠢᠭᠠᠪᠤᠷᠢ ᠠᠪᠴᠤ ᠭᠦᠶ᠋ᠴᠡᠳᠭᠡᠬᠦ ᠴᠢᠬᠤᠯᠠᠳᠠᠢ ᠪᠠᠢᠯ᠎ᠠ᠃ ᠵᠠᠰᠠᠭ᠎ᠤᠨ ᠣᠷᠳᠣᠨ᠎ᠠᠴᠠ ᠬᠢᠨᠠᠨ ᠵᠥᠪᠱᠢᠶᠡᠷᠡᠬᠦ᠌ ᠭᠠᠷ ᠭᠦᠶ᠋ᠴᠡᠳᠭᠡᠯ᠎ᠢ ᠪᠥᠬᠥ᠌ ᠶᠠᠪᠤᠴᠠ᠎ᠳᠤ ᠣᠷᠣᠯᠠᠨ ᠭᠦᠶ᠋ᠴᠡᠳᠭᠡᠨ᠎ᠡ ᠭᠡᠵᠦ᠍ ᠠᠮᠠᠯᠳᠠᠭ᠍ᠰᠠᠨ ᠪᠣᠯᠪᠠᠴᠤ᠌ ᠠᠵᠤ ᠠᠬᠤᠢᠯᠠᠯ ᠨᠡᠷᠡᠢᠳᠦᠯ᠎ᠢᠶᠡᠨ ᠳᠠᠩᠰᠠᠯᠠᠭᠤᠯᠬᠤ᠎ᠪᠠᠷ ᠶᠠᠭᠠᠷᠠᠵᠤ᠂ ᠱᠠᠯᠠᠪᠳᠠᠨ ᠭᠦᠶ᠋ᠴᠡᠳᠭᠡᠵᠦ᠍ ᠪᠣᠯᠬᠤ ᠡᠰᠡᠬᠦ᠌᠎ᠶ᠋ᠢ ᠠᠰᠠᠭᠤᠨ ᠯᠠᠪᠯᠠᠬᠤ᠎ᠪᠠᠷ ᠢᠷᠡᠭᠰᠡᠨ ᠪᠠᠢᠨ᠎ᠠ᠃

ᠬᠦᠯᠢᠶᠡᠨ ᠠᠪᠬᠤ ᠲᠠᠰᠤᠭ ᠤ᠋ᠨ ᠠᠵᠢᠯᠲᠠᠨ ᠵᠠᠩ ᠱᠢᠨ ᠬᠦᠰᠡᠯ ᠬᠡᠷᠡᠭᠴᠡᠭᠡ᠎ᠶ᠋ᠢ ᠰᠣᠨᠣᠰᠤᠭ᠍ᠰᠠᠨ᠎ᠤ ᠳᠠᠷᠠᠭ᠎ᠠ ᠲᠡᠷᠡ ᠳᠠᠷᠤᠢ᠎ᠳᠤᠨᠢ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠮᠥᠩᠭᠥᠨ ᠭᠦᠢᠯᠭᠡᠭᠡᠨ᠎ᠦ ᠪᠡᠯᠡ ᠣᠷᠣᠭᠤᠯᠤᠯᠲᠠ ᠵᠡᠷᠭᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠬᠤᠯᠪᠤᠭ᠎ᠠ ᠠᠪᠴᠤ᠂ ᠵᠣᠬᠢᠴᠠᠭᠤᠯᠬᠤ ᠬᠤᠷᠠᠯ ᠬᠢᠭᠡᠳ ᠲᠤᠰ ᠡᠳᠦᠷ᠎ᠲᠡᠭᠡᠨ ᠲᠡᠭᠦᠨ᠎ᠳᠦ 《ᠭᠦᠩ ᠵᠶ᠋ᠢ ᠷᠦᠨ ᠳ᠋ᠤᠤ ᠵᠢᠩ ᠮᠠᠢ ᠠᠵᠤ ᠦᠢᠯᠡᠰ᠎ᠦᠨ ᠬᠦᠷᠢᠶᠡᠯᠡᠩ (ᠤᠯᠠᠭᠠᠨᠬᠠᠳᠠ) ᠤ᠋ᠨ ᠬᠢᠵᠠᠭᠠᠷᠲᠤ ᠺᠣᠮᠫᠠᠨᠢ》 ᠵᠢ ᠳᠠᠩᠰᠠᠯᠠᠵᠤ ᠦᠭᠭᠦᠭᠰᠡᠨ᠎ᠤ ᠬᠠᠮᠲᠤ ᠠᠵᠤ ᠠᠬᠤᠢᠯᠠᠯ᠎ᠳᠤ ᠡᠵᠡᠩᠨᠡᠯᠲᠡ᠎ᠶ᠋ᠢᠨ ᠦᠨᠡᠮᠯᠡᠯ ᠣᠯᠭᠣᠵᠤ᠂ ᠪᠠᠰᠠ ᠡᠬᠦᠳᠡ ᠨᠡᠬᠡᠬᠡᠵᠤ ᠡᠷᠦᠬᠡ ᠪᠤᠰᠬᠠᠬᠰᠠᠨ ᠲᠤᠮᠤ ᠪᠡᠯᠡᠭ ᠭᠠᠷᠳᠠᠭᠤᠯᠪᠠ᠃

ᠬᠠᠷᠠᠴᠢᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠵᠠᠭᠠᠯᠳᠤᠯᠭ᠎ᠠ ᠵᠢ ᠭᠥᠯᠢᠶᠡᠨ ᠠᠪᠬᠤ ᠲᠠᠰᠤᠭ》 ᠪᠠᠢᠭᠤᠯᠬᠤ᠎ᠶ᠋ᠢᠨ ᠬᠠᠮᠲᠤ᠂ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠰᠦᠯᠵᠢᠶ᠎ᠡ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠵᠡᠷᠭᠡ ᠵᠠᠭᠠᠯᠳᠤᠯᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠠᠷᠭ᠎ᠠ ᠵᠠᠮ᠎ᠳᠤ ᠲᠦᠱᠢᠭ᠌ᠯᠡᠨ᠂ ᠵᠠᠭᠠᠯᠳᠤᠯᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠪᠥᠬᠥ᠌ ᠬᠡᠯᠬᠢᠶ᠎ᠡ᠂ ᠪᠥᠬᠥ᠌ ᠬᠦᠴᠦᠨ ᠵᠦᠶ᠋ᠯ᠂ ᠪᠥᠬᠥ᠌ ᠦᠶᠡᠯᠡᠯ᠎ᠦᠨ ᠬᠤᠭᠤᠴᠠᠭᠠᠨ᠎ᠤ ᠲᠣᠭ᠍ᠲᠠᠴᠠ᠎ᠶ᠋ᠢ ᠪᠠᠢᠭᠤᠯᠤᠨ᠂ ᠵᠠᠭᠠᠯᠳᠤᠯᠭ᠎ᠠ᠎ᠶ᠋ᠢ ᠵᠠᠪᠠᠯ ᠪᠠᠢᠴᠠᠭᠠᠵᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠡᠶᠡᠯᠡᠭᠦᠯᠵᠠᠢ᠃ 《ᠪᠢᠳᠡ ᠱᠢᠯᠵᠢᠭᠦᠯᠦᠨ ᠱᠢᠶ᠋ᠳᠪᠦᠷᠢᠯᠡᠭᠦᠯᠦᠭ᠌ᠰᠡᠨ ᠵᠠᠭᠠᠯᠳᠤᠯᠭ᠎ᠠ᠎ᠶ᠋ᠢᠨ ᠠᠰᠠᠭᠤᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠲᠣᠬᠢᠷᠠᠭᠤᠯᠤᠨ ᠬᠤᠷᠢᠶᠠᠩᠭᠤᠢᠯᠠᠵᠤ᠂ ᠵᠠᠭᠠᠯᠳᠤᠯᠭ᠎ᠠ᠎ᠶ᠋ᠢᠨ ᠠᠬᠢᠴᠠ᠎ᠶ᠋ᠢ ᠠᠵᠤ ᠠᠬᠤᠢᠯᠠᠯ ᠪᠣᠯᠤᠨ ᠣᠯᠠᠨ ᠲᠦᠮᠡᠨ᠎ᠳᠦ ᠴᠠᠭ ᠲᠤᠬᠠᠶ᠎ᠳᠤᠨᠢ ᠬᠠᠷᠢᠭᠤ ᠲᠤᠰᠭᠠᠵᠤ᠂ ᠠᠵᠤ ᠠᠬᠤᠢᠯᠠᠯ ᠪᠣᠯᠤᠨ ᠣᠯᠠᠨ ᠲᠦᠮᠡᠨ᠎ᠦ ᠵᠠᠭᠠᠯᠳᠤᠯᠭ᠎ᠠ᠎ᠶ᠋ᠢᠨ ᠬᠡᠷᠡᠭᠴᠡᠭᠡ᠎ᠳᠤ ᠴᠥᠮ ᠬᠠᠷᠢᠭᠤᠯᠲᠠ ᠥᠭ᠌ᠬᠦ᠎ᠶ᠋ᠢ ᠦᠨᠡᠨ ᠬᠦ᠌ ᠪᠠᠲᠤᠯᠠᠵᠤ ᠪᠤᠢ》 ᠭᠡᠵᠦ᠍ ᠵᠠᠩ ᠱᠢᠨ ᠲᠠᠨᠢᠯᠴᠠᠭᠤᠯᠪᠠ᠃ ᠣᠲᠣ ᠪᠣᠯᠲᠠᠯ᠎ᠠ ᠬᠠᠷᠠᠴᠢᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠵᠠᠭᠠᠯᠳᠤᠯᠭ᠎ᠠ ᠵᠢ ᠭᠥᠯᠢᠶᠡᠨ ᠠᠪᠬᠤ ᠲᠠᠰᠤᠭ》 45 ᠡᠯ᠎ᠡ ᠲᠥᠷᠥᠯ᠎ᠦᠨ ᠢᠲᠡᠭᠡᠮᠵᠢ ᠠᠯᠳᠠᠭ᠍ᠰᠠᠨ᠎ᠢ ᠢᠯᠡᠴᠢᠯᠡᠨ ᠵᠠᠭᠠᠯᠳᠤᠭ᠍ᠰᠠᠨ ᠬᠡᠷᠡᠭ᠎ᠢ ᠱᠢᠶ᠋ᠳᠪᠦᠷᠢᠯᠡᠵᠦ᠍᠂ ᠣᠯᠠᠨ ᠲᠦᠮᠡᠨ᠎ᠦ ᠬᠠᠨᠤᠮᠵᠢ ᠵᠢᠨ ᠨᠣᠷᠮ᠎ᠠ 100% ᠎ᠳ᠋ᠤ ᠬᠦᠷᠦᠭᠰᠡᠨ ᠪᠠᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号