ᠦᠨᠡᠨᠴᠢ ᠢᠲᠡᠭᠡᠮᠵᠢ ᠵᠢᠨ ᠪᠠᠢᠭᠤᠯᠤᠯᠲᠠ ᠦᠨᠳᠦᠰᠦᠨ ᠱᠠᠲᠤᠨ᠎ᠤ ᠵᠠᠰᠠᠯᠲᠠ ᠵᠢᠨ ᠬᠦᠳᠡᠯᠭᠡᠭᠦ ᠬᠦᠴᠦᠨ᠎ᠢ ᠬᠦᠭᠵᠢᠭᠡᠨ᠎ᠡ
2024-04-21 12:17:31
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠬᠠᠷᠠᠴᠢᠨ ᠬᠣᠱᠢᠭᠤᠨ᠎ᠤ ᠠᠷᠪᠠᠨᠭᠡᠷ ᠮᠠᠨᠵᠤ ᠦᠨᠳᠦᠰᠦᠲᠡᠨ᠎ᠦ ᠰᠢᠶᠠᠡᠭ ᠤ᠋ᠨ ᠮᠠᠯᠴᠢᠳ ᠤᠳᠤ ᠮᠠᠯ ᠰᠦᠷᠦᠭ ᠵᠢᠡᠨ ᠪᠠᠢᠭᠠᠯᠢᠯᠢᠭ ᠪᠡᠯᠴᠢᠭᠡᠷ᠎ᠡᠴᠡ ᠨᠢ ᠲᠠᠷᠢᠶᠠᠯᠠᠬᠤ ᠣᠷᠣᠨ ᠤ᠋《ᠰᠠᠭᠤᠷᠢᠰᠢᠯ》 ᠳ᠋ᠤ ᠨᠡᠬᠦᠯᠭᠡᠵᠠᠢ᠃ ᠲᠡᠭᠡᠪᠡᠯ ᠳᠤᠰ ᠱᠢᠶᠠᠩ᠎ᠤᠨ ᠬᠢᠨ ᠮᠠᠯᠴᠢᠳ᠎ᠤᠨ ᠵᠢᠠᠨ ᠤᠯᠠᠮᠵᠢᠯᠠᠯᠲᠤ  ᠮᠠᠯᠵᠢᠯ ᠎ᠤᠨ  ᠬᠡᠯᠪᠡᠷᠢ᠎ᠶ᠋ᠢ ᠬᠡᠷᠬᠢᠨ ᠬᠤᠪᠢᠷᠠᠭᠤᠯᠤᠭ᠍ᠰᠠᠨ ᠪᠤᠯ?

ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ ᠳ᠋ᠤ ᠮᠠᠨᠵᠤ ᠦᠨᠳᠦᠰᠦᠲᠡᠨ᠎ᠦ ᠬᠥᠮᠦᠨ ᠠᠮᠠ ᠪᠠᠷᠤᠭ 16.3%᠎ᠶ᠋ᠢ ᠡᠵᠡᠯᠡᠵᠦ᠍  ᠬᠢᠯᠢ᠎ᠶ᠋ᠢᠨ ᠳᠣᠲᠣᠷ᠎ᠠ ᠠᠭᠤᠯᠠᠷᠬᠠᠭ ᠭᠠᠵᠠᠷ ᠠᠷᠪᠢᠨ ᠲᠠᠷᠢᠶᠠᠨ ᠭᠠᠵᠠᠷ ᠪᠠᠭ᠎ᠠ  ᠮᠠᠯᠵᠢᠯ ᠎ᠤᠨ  ᠦᠶ᠋ᠯᠡᠰ ᠪᠣᠯ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠦ ᠭᠣᠸ᠋ᠯ ᠣᠷᠣᠯᠭ᠎ᠠ ᠪᠠᠢᠵᠤ᠂ 7000 ᠲᠤᠯᠤᠭᠠᠢ ᠡᠴᠡ ᠳᠡᠭᠡᠭ᠌ᠰᠢ ᠮᠢᠬᠠᠨ᠎ᠤ ᠦᠬᠡᠷ᠂ 3.3 ᠲᠦᠮᠡᠨ ᠲᠤᠯᠤᠭᠠᠢ ᠮᠢᠬᠠᠨ᠎ᠤ ᠬᠣᠨᠢ ᠲᠠᠢ᠃

ᠵᠢᠯ ᠪᠦᠷᠢ᠎ᠶ᠋ᠢᠨ ᠠᠭᠤᠯᠠ᠎ᠶ᠋ᠢ ᠪᠢᠲᠡᠭᠦᠮᠵᠢᠯᠡᠨ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠬᠤᠭᠤᠴᠠᠭᠠᠨ᠎ᠳᠤ ᠲᠤᠰ ᠱᠢᠶᠠᠩ᠎ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠤᠬᠠᠭᠤᠯᠭ᠎ᠠ᠎ᠶ᠋ᠢᠨ ᠤᠷᠢᠶ᠎ᠠ ᠯᠣᠽᠦ᠋ᠩ ᠭᠠᠷᠭᠠᠬᠤ ᠵᠡᠷᠭᠡ ᠤᠯᠠᠨ ᠬᠡᠯᠪᠡᠷᠢ᠎ᠪᠡᠷ ᠤᠬᠠᠭᠤᠯᠵᠤ᠂ ᠮᠠᠯᠵᠢᠯ ᠎ᠤᠨ ᠡᠷᠦᠬᠡ᠎ᠶ᠋ᠢᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ ᠡᠵᠡᠩᠨᠡᠯᠲᠡ ᠬᠢᠬᠦ᠌᠎ᠶ᠋ᠢ ᠬᠦᠰᠡᠳᠡᠭ ᠪᠤᠯᠪᠠᠴᠤ ᠲᠣᠰᠭᠣᠨ᠎ᠤ ᠠᠷᠠᠳ ᠮᠦᠨ ᠯᠡ ᠠᠭᠤᠯᠠᠨ᠎ᠳᠤ ᠭᠠᠷᠴᠤ᠌ ᠮᠠᠯ ᠬᠠᠷᠢᠭᠤᠯᠬᠤ ᠪᠠᠢᠳᠠᠯ ᠭᠠᠷᠳᠠᠭ᠃ ᠣᠯᠠᠨ ᠲᠦᠮᠡᠨ᠎ᠢ ᠬᠡᠷᠬᠢᠨ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠵᠢ ᠤᠬᠠᠮᠰᠠᠷ ᠡᠴᠡ᠎ᠪᠠᠨ ᠰᠠᠬᠢᠭᠤᠯᠬᠤ ᠨᠢ ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ᠎ᠤᠨ ᠪᠠᠴᠢᠮ ᠱᠢᠶ᠋ᠳᠪᠦᠷᠢᠯᠡᠬᠦ᠌ ᠴᠢᠬᠤᠯᠠᠲᠠᠶ ᠪᠡᠷᠬᠡ ᠰᠡᠳᠦᠪ ᠪᠣᠯᠵᠠᠶ᠃

2023 ᠣᠨ᠎ᠳᠤ  ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ 《ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ ᠤ᠋ᠨ ᠲᠣᠰᠭᠣᠨ᠎ᠤ ᠠᠷᠠᠳ᠎ᠤᠨ ᠢᠲᠡᠭᠡᠮᠵᠢ᠎ᠶ᠋ᠢᠨ ᠬᠤᠪᠢ ᠬᠤᠷᠠᠮᠳᠤᠭᠤᠯᠬᠤ ᠳᠦᠷᠢᠮ᠎ᠦᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌)》 ᠵᠢ ᠲᠣᠭ᠍ᠲᠠᠭᠠᠵᠤ᠂ ᠲᠤᠰᠭᠠᠢᠯᠠᠨ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠬᠤᠪᠢ ᠬᠤᠷᠠᠮᠳᠤᠭᠤᠯᠬᠤ ᠺᠠᠷᠲ ᠭᠠᠷᠭᠠᠨ᠂ ᠪᠦᠬᠦ᠌ ᠱᠢᠶᠠᠩ᠎ᠤᠨ ᠮᠠᠯᠴᠢᠳ ᠠᠭᠤᠯᠠ᠎ᠶ᠋ᠢ ᠪᠢᠲᠡᠭᠦᠮᠵᠢᠯᠡᠨ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠠᠮᠠᠯᠠᠯᠲᠠ᠎ᠶ᠋ᠢᠨ ᠪᠢᠴᠢᠭ ᠲᠤ᠌ ᠭᠠᠷ ᠤ᠋ᠨ ᠦᠰᠦᠭ ᠵᠢᠷᠤᠵᠤ᠂ ᠠᠮᠠᠯᠠᠯᠲᠠ᠎ᠶ᠋ᠢᠨ ᠱᠠᠭᠠᠷᠳᠠᠯᠭ᠎ᠠ ᠶᠣᠰᠣᠭᠠᠷ ᠮᠠᠯᠴᠢᠳ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠬᠤᠭᠤᠴᠠᠭᠠᠨ᠎ᠳᠤ ᠪᠣᠢ ᠪᠦᠬᠦᠢ ᠮᠠᠯ᠎ᠢᠶᠠᠨ ᠬᠠᠱᠢᠶᠠᠯᠠᠨ ᠲᠡᠵᠢᠭᠡᠨ᠎ᠡ᠂ ᠱᠢᠶᠠᠩ ᠡᠴᠡ ᠠᠮᠠᠯᠠᠯᠲᠠ᠎ᠶ᠋ᠢ ᠴᠢᠩᠭ᠎ᠠ ᠵᠢᠷᠤᠮᠯᠠᠭ᠍ᠰᠠᠨ ᠮᠠᠯᠴᠢᠳ ᠲᠸ᠋ ᠬᠤᠷᠠᠮᠳᠤᠯ ᠬᠤᠪᠢ ᠱᠠᠡᠭᠨᠠᠵᠤ᠂ ᠣᠯᠤᠭ᠍ᠰᠠᠨ ᠬᠤᠷᠠᠮᠳᠤᠯ ᠬᠤᠪᠢ ᠪᠠᠷ ᠵᠢᠡᠨ ᠲᠣᠰᠭᠣᠨ᠎ᠤ ᠬᠠᠢᠷ᠎ᠠ ᠬᠠᠯᠠᠮᠵᠢ᠎ᠶ᠋ᠢᠨ ᠬᠠᠮ ᠳᠡᠯᠭᠡᠭᠦᠷ᠎ᠡᠴᠡ ᠡᠳ᠋ ᠪᠠᠷᠠᠭ᠎ᠠ ᠰᠣᠯᠢᠵᠤ ᠠᠪᠴᠤ᠌ ᠪᠣᠯᠤᠨ᠎ᠠ᠃

《ᠢᠳᠡᠬᠡᠮᠵᠢ ᠶ᠋ᠢᠨ ᠬᠤᠪᠢ ᠬᠤᠷᠠᠮᠳᠤᠭᠤᠯᠬᠤ ᠬᠦᠰᠦᠨᠦᠭ᠌᠎ᠢ ᠰᠠᠷ᠎ᠠ᠎ᠳᠤ ᠨᠢᠭᠡ ᠤᠳᠠᠭ᠎ᠠ ᠪᠦᠷᠢᠳᠬᠡᠵᠤ᠂ ᠲᠤᠰᠭᠠᠶ ᠬᠥᠮᠦᠨ᠎ᠲᠤᠮᠢᠯᠠᠨ ᠳᠤᠰᠬᠤᠨ᠎ᠤ ᠠᠷᠠᠳ᠎ᠤᠨ ᠬᠤᠷᠠᠮᠳᠤᠭᠤᠯᠤᠭ᠍ᠰᠠᠨ ᠬᠤᠪᠢ ᠵᠢ ᠲᠡᠮᠳᠡᠭ᠌ᠯᠡᠨ᠎ᠡ᠂ ᠰᠠᠷ᠎ᠠ ᠪᠦᠷᠢ᠎ᠶ᠋ᠢᠨ ᠡᠬᠢᠨ᠎ᠳᠦ ᠳᠡᠭᠡᠷ᠎ᠡ ᠰᠠᠷ᠎ᠠ᠎ᠶ᠋ᠢᠨ ᠭᠠᠴᠠᠭᠠᠨ᠎ᠤ ᠠᠷᠠᠳ᠎ᠤᠨ ᠪᠠᠢᠳᠠᠯ᠎ᠢ ᠦᠨᠳᠦᠰᠦᠯᠡᠨ ᠬᠤᠪᠢ ᠦᠭᠴᠦ᠂ ᠵᠠᠷᠯᠠᠨ ᠮᠡᠳᠡᠭ᠌ᠳᠡᠵᠦ᠍᠂ ᠪᠦᠬᠦ᠌ ᠳᠤᠰᠬᠤᠨ᠎ᠤ ᠠᠷᠠᠳ᠎ᠤᠨ ᠬᠢᠨᠠᠯᠲᠠ᠎ᠶ᠋ᠢ ᠬᠦᠯᠢᠶᠡᠵᠦ᠍᠂ ᠢᠲᠡᠭᠡᠮᠵᠢ᠎ᠶ᠋ᠢᠨ ᠬᠤᠪᠢ ᠬᠤᠷᠠᠮᠳᠤᠭᠤᠯᠬᠤ ᠳᠦᠷᠢᠮ᠎ᠦᠨ ᠬᠠᠮᠢᠶᠠᠷᠤᠯᠲᠠ᠎ᠶ᠋ᠢᠨ ᠱᠢᠨᠵᠢᠯᠡᠬᠦ᠌ ᠤᠬᠠᠭᠠᠨᠴᠢ ᠢᠯᠡ ᠲᠣᠳᠣ ᠪᠠᠢᠬᠤ᠎ᠶ᠋ᠢ ᠦᠨᠡᠨ ᠬᠦ᠌ ᠪᠠᠲᠤᠯᠠᠵᠤ᠂ ᠬᠤᠪᠢ ᠦᠨᠡᠯᠡᠭ᠌ᠰᠡᠨ ᠦᠷ᠎ᠡ ᠳ᠋ᠦᠩ᠎ᠦᠨ ᠳᠠᠩᠰᠠ ᠡᠪᠬᠡᠮᠡᠯ᠎ᠢ ᠬᠠᠳᠠᠭᠠᠯᠠᠵᠤ᠂ ᠵᠢᠷᠤᠮᠯᠠᠬᠤ ᠳᠦᠷᠢᠮ᠎ᠲᠡᠶ ᠪᠠᠢᠬᠤ᠎ᠶ᠋ᠢ ᠪᠡᠶᠡᠯᠡᠭᠦᠯᠦᠨ᠂ ᠬᠣᠢᠱᠢᠳᠠ᠎ᠶ᠋ᠢᠨ ᠱᠠᠩᠨᠠᠵᠤ ᠲᠣᠷᠭᠠᠬᠤ᠎ᠳᠤ ᠴᠢᠬᠤᠯᠠ ᠦᠨᠳᠦᠰᠦᠯᠡᠯ ᠪᠣᠯᠭᠠᠨ᠎ᠠ》 ᠭᠡᠵᠦ᠍ ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ ᠎ᠤᠨ ᠨᠠᠮ᠎ᠤᠨ ᠬᠣᠷᠢᠶ᠎ᠠ ᠵᠢᠨ ᠱᠦᠵᠢ ᠰᠦᠨ ᠵᠢᠶᠠᠨ ᠯᠦᠩ ᠰᠤᠷᠪᠤᠯᠵᠢᠯᠠᠭ᠍ᠴᠢ᠎ᠳᠤ ᠲᠠᠨᠢᠯᠴᠠᠭᠤᠯᠵᠤ ᠪᠠᠢᠪᠠ᠃

ᠸᠠᠩ ᠷᠦᠢ ᠵᠢᠶ᠍ᠸ ᠵᠢᠨ ᠬᠢᠨ ᠪᠣᠯ ᠲᠡᠭᠡᠷ᠎ᠠ ᠱᠤᠤ ᠭᠦᠸᠧ ᠲᠣᠰᠭᠣᠨ᠎ᠤ ᠮᠠᠯᠴᠢᠨ  ᠪᠣᠯᠤᠨ᠎ᠠ᠂ ᠸᠠᠩ ᠷᠦᠢ ᠵᠢᠶ᠍ᠸ ᠡᠨᠡ ᠵᠢᠯ 60 ᠨᠠᠰᠤᠲᠠᠢ᠃ ᠥᠩᠭᠡᠷᠡᠭ᠌ᠰᠡᠨ ᠨᠢᠭᠡ ᠵᠢᠯ᠎ᠳᠦ ᠲᠡᠷᠡ ᠠᠮᠠᠯᠠᠯᠲᠠ᠎ᠪᠠᠨ ᠨᠠᠷᠢᠨ ᠬᠢᠨᠠᠮᠠᠭᠠᠢ ᠭᠦᠢᠴᠡᠳᠭᠡᠭ᠌ᠰᠡᠨ ᠪᠤᠯᠬᠤᠷ ᠲᠣᠰᠭᠣᠨ ᠡᠴᠡ ᠲᠡᠭᠦᠨ ᠢ᠋ 1 ᠲᠦᠮᠡᠨ ᠬᠤᠷᠠᠮᠳᠤᠯ ᠬᠤᠪᠢ ᠪᠠᠷ ᠱᠠᠩᠨᠠᠵᠤ᠂ ᠲᠡᠷᠡ ᠡᠳᠡᠭᠡᠷ ᠬᠤᠷᠠᠮᠳᠤᠯ ᠬᠤᠪᠢ ᠪᠠᠷ᠎ᠢᠶᠠᠨ ᠲᠣᠰᠭᠣᠨ᠎ᠤ ᠬᠠᠢᠷ᠎ᠠ ᠬᠠᠯᠠᠮᠵᠢ᠎ᠶ᠋ᠢᠨ ᠬᠠᠮ ᠳᠡᠯᠭᠡᠭᠦᠷ ᠡᠴᠡ ᠤᠷᠢᠳ ᠬᠣᠵᠢᠳ ᠴᠠᠬᠢᠯᠭᠠᠨ ᠳᠤᠭᠤᠭ᠎ᠠ᠂ ᠲᠠᠮᠤᠷ ᠬᠦᠷᠵᠡ᠂ ᠱᠠᠬᠠᠢ ᠵᠡᠷᠭᠡ 3000 ᠭᠠᠷᠤᠢ ᠲᠥᠭᠥᠷᠢᠭ᠎ᠦᠨ ᠦᠷᠳᠡᠭ ᠪᠦᠬᠦᠢ ᠡᠳ᠋ ᠪᠠᠷᠠᠭ᠎ᠠ ᠰᠣᠯᠢᠵᠤ ᠠᠪᠴᠠᠢ᠃ 《ᠮᠠᠨ᠎ᠤ ᠬᠢᠨ 70 ᠭᠠᠷᠤᠢ ᠦᠬᠡᠷ᠎ᠲᠡᠶ᠂ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠠᠮᠠᠯᠠᠯᠲᠠ᠎ᠶ᠋ᠢᠨ ᠪᠢᠴᠢᠭ ᠲᠤ᠌ ᠭᠠᠷ ᠤ᠋ᠨ ᠦᠰᠦᠭ ᠵᠢᠷᠤᠭᠰᠠᠨ ᠤ᠋ ᠳᠠᠷᠠᠭ᠎ᠠ ᠪᠦᠬᠦᠨ᠎ᠢ ᠬᠠᠱᠢᠶᠠᠯᠠᠨ ᠲᠡᠵᠢᠭᠡᠵᠡᠢ᠂ ᠮᠢᠨᠦ᠍ ᠦᠵᠡᠬᠦ᠌᠎ᠪᠡᠷ ᠠᠮᠠᠯᠳᠠᠴᠢᠬᠠᠪᠠᠯ ᠵᠠᠪᠠᠯ ᠪᠡᠶᠡᠯᠡᠭᠦᠯᠬᠦ᠌ ᠬᠡᠷᠡᠭ᠌ᠲᠡᠢ᠂ ᠲᠡᠷᠡᠴᠢᠯᠡᠨ ᠠᠮᠠᠯᠠᠯᠲᠠ ᠪᠠᠨ ᠦᠢᠯᠡᠳᠦᠯᠭᠡᠵᠢᠭᠦᠯᠪᠡᠯ ᠪᠠᠰᠠ ᠦᠨ᠎ᠡ ᠲᠥᠯᠥᠪᠦᠷᠢ ᠦᠭᠡᠢ᠎ᠪᠡᠷ ᠡᠳ᠋ ᠪᠠᠷᠠᠭ᠎ᠠ ᠰᠤᠯᠢᠵᠤ ᠲᠠᠢᠯᠤᠨ᠎ᠠ᠂ ᠶᠡᠬᠡ ᠰᠠᠢ᠌ᠨ ᠶᠠᠪᠤᠳᠠᠯ ᠡ 》 ᠭᠡᠵᠦ᠍ ᠸᠠᠩ ᠷᠦᠢ ᠵᠢᠶ᠍ᠸ ᠪᠠᠶᠠᠷᠳᠠᠢ ᠬᠡᠯᠡᠪᠡ᠃

《ᠥᠩᠭᠡᠷᠡᠭ᠌ᠰᠡᠨ᠎ᠳᠦ ᠡᠷᠦᠬᠡ ᠪᠣᠯᠭᠠᠨ ᠴᠥᠮ ᠠᠭᠤᠯᠠ ᠵᠢ ᠳᠤᠭᠤᠷᠢᠨ ᠪᠡᠯᠴᠢᠭᠡᠷᠯᠡᠭᠦᠯᠵᠦ ᠪᠠᠢᠭ᠍ᠰᠠᠨ ᠪᠣᠯᠬᠣᠷ ᠤᠤᠯ ᠡᠴᠡ᠎ᠪᠠᠨ ᠬᠡᠪᠡᠷᠡᠭ ᠪᠠᠢᠭ᠍ᠰᠠᠨ ᠠᠮᠢ  ᠣᠷᠴᠢᠨ ᠨᠥᠬᠥᠴᠡᠯ ᠤᠯᠠᠮ ᠡᠴᠡ ᠤᠯᠠᠮ ᠮᠠᠭᠤᠳᠠᠨ᠂ ᠤᠯᠠᠮᠵᠢᠯᠠᠯᠲᠤ ᠮᠠᠯᠵᠢᠯ ᠎ᠤᠨ  ᠦᠢᠯᠡᠰ ᠴᠦ᠍ ᠮᠠᠭᠤ ᠣᠷᠴᠢᠯ᠎ᠳᠤ ᠣᠷᠣᠭᠠᠳ ᠪᠠᠢᠵᠠᠢ᠂ ᠢᠲᠡᠭᠡᠮᠵᠢ᠎ᠶ᠋ᠢᠨ ᠬᠤᠪᠢ ᠬᠤᠷᠠᠮᠳᠤᠭᠤᠯᠬᠤ ᠳᠦᠷᠢᠮ᠎ᠦᠨ ᠬᠠᠮᠢᠶᠠᠷᠤᠯᠲᠠ᠎ᠶ᠋ᠢᠨ ᠠᠷᠭ᠎ᠠ ᠲᠣᠰᠭᠣᠨ᠎ᠤ ᠠᠷᠠᠳ᠎ᠢ ᠳᠠᠢᠴᠢᠯᠠᠨ᠂ ᠣᠳᠣᠬᠠᠨ᠎ᠳᠤ ᠲᠣᠰᠭᠣᠨ᠎ᠤ ᠠᠷᠠᠳ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠲᠣᠭ᠍ᠲᠠᠭᠠᠯ᠎ᠢ ᠤᠬᠠᠮᠰᠠᠷ ᠡᠴᠡ᠎ᠪᠠᠨ ᠵᠢᠷᠤᠮᠯᠠᠬᠤ᠎ᠪᠠᠷ ᠪᠠᠷᠠᠬᠤ ᠦᠭᠡᠢ ᠪᠠᠰᠠ ᠬᠤᠷᠠᠮᠳᠤᠯ ᠬᠤᠪᠢ  ᠪᠠᠨ ᠭᠠᠢᠬᠠᠭᠤᠯᠬᠤ ᠪᠤᠯᠵᠠᠢ》 ᠬᠡᠵᠤ ᠲᠡᠭᠡᠷ᠎ᠠ ᠱᠤᠤ ᠭᠦᠸᠧ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠭᠦᠸᠧ ᠱᠢᠶᠤᠤ ᠳ᠋ᠦᠩ ᠬᠡᠯᠡᠪᠡ᠃

ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠪᠠᠷ ᠪᠣᠬᠢᠷᠲᠤᠯ ᠦᠭᠡᠢ ᠬᠥᠳᠡᠭᠡ ᠲᠣᠰᠭᠣᠨ᠎ᠢ ᠴᠣᠭ᠍ᠴᠠᠯᠠᠨ ᠪᠠᠢᠭᠤᠯᠵᠤ᠂ ᠠᠮᠠᠯᠲᠠᠬᠤ ᠡᠴᠡ ᠠᠮᠠᠯᠠᠯᠲᠠ᠎ᠪᠠᠨ ᠪᠡᠶᠡᠯᠡᠭᠦᠯᠬᠦ᠌ ᠬᠦᠷᠲᠡᠯ᠎ᠡ ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ ᠦᠨᠡᠨᠴᠢ ᠢᠲᠡᠭᠡᠮᠵᠢ᠎ᠪᠡᠷ ᠶᠡᠬᠡ ᠬᠥᠭ᠌ᠵᠢᠯᠲᠡ᠎ᠶ᠋ᠢ ᠰᠣᠯᠢᠵᠤ ᠠᠪᠴᠢᠷᠠᠭ᠍ᠰᠠᠨ ᠪᠠᠢᠨ᠎ᠠ᠃

ᠪᠦᠬᠦ᠌ ᠱᠢᠶᠠᠩ᠎ᠵᠢᠡᠷ ᠵᠢᠡᠨ ᠪᠡᠯᠴᠢᠭᠡᠷᠯᠡᠭᠦᠯᠬᠦ᠌᠎ᠶ᠋ᠢ ᠵᠤᠭᠰᠤᠭᠠᠬᠤ ᠬᠤᠭᠤᠴᠠᠭᠠᠨ᠎ᠳᠤ ᠲᠣᠭ᠍ᠲᠠᠭᠠᠯ ᠡᠴᠡ ᠵᠥᠷᠢᠴᠡᠨ ᠪᠡᠯᠴᠢᠭᠡᠷᠯᠡᠭᠦᠯᠦᠭ᠌ᠰᠡᠨ ᠬᠡᠮᠵᠢᠶ᠎ᠠ ᠠᠳᠠᠯᠢ ᠬᠤᠭᠤᠴᠠᠭᠠᠨ ᠤ᠋ ᠬᠢ ᠡᠴᠡ 86% ᠪᠠᠷ ᠪᠠᠭᠠᠰᠴᠤ᠌᠂ ᠪᠡᠯᠴᠢᠭᠡᠷᠯᠡᠭᠦᠯᠬᠦ᠌᠎ᠶ᠋ᠢ ᠵᠤᠭᠰᠤᠭᠠᠭᠰᠠᠨ ᠡᠴᠡ ᠪᠣᠯᠤᠭ᠍ᠰᠠᠨ ᠵᠥᠷᠢᠴᠡᠯ ᠵᠠᠭᠤᠷᠠᠯᠳᠤᠭᠠᠨ ᠴᠦ᠍ ᠠᠳᠠᠯᠢ ᠬᠤᠭᠤᠴᠠᠭᠠᠨ ᠤ᠋ ᠬᠢ ᠡᠴᠡ 74% ᠪᠠᠷ ᠪᠠᠭᠠᠰᠴᠠᠢ᠃ ᠡᠭᠦᠨ᠎ᠦ ᠵᠡᠷᠭᠡ᠎ᠳᠦ ᠳᠤᠰᠬᠤᠨ ᠤ᠋ ᠠᠷᠠᠳ᠎ᠤᠨ ᠬᠠᠢᠷ᠎ᠠ ᠬᠠᠯᠠᠮᠵᠢ᠎ᠶ᠋ᠢᠨ ᠬᠠᠮ ᠳᠡᠯᠭᠡᠭᠦᠷ᠂ ᠱᠢᠯᠢᠳᠡᠭ ᠲᠡᠷᠢᠭᠦᠨ᠎ᠦ ᠬᠢ᠎ᠶ᠋ᠢ ᠱᠢᠯᠭᠠᠷᠠᠭᠤᠯᠬᠤ ᠠᠵᠢᠯᠯᠠᠭ᠎ᠠ ᠳ᠋ᠤ ᠣᠷᠣᠯᠴᠠᠬᠤ ᠢᠳᠡᠪᠬᠢᠵᠢᠯ ᠳᠠᠢᠴᠢᠯᠠᠭᠳᠠᠪᠠ᠃

2023 ᠣᠨ᠎ᠤ 6 ᠰᠠᠷ᠎ᠠ᠎ᠳᠤ  ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ᠎ᠤᠨ《ᠪᠠᠭ᠎ᠠ ᠢᠲᠡᠭᠡᠮᠵᠢ·ᠶᠡᠬᠡ ᠬᠥᠭ᠌ᠵᠢᠯᠲᠡ 》 ᠵᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠵᠠᠭ᠍ᠪᠤᠷ᠎ᠢ ᠤᠯᠤᠰ᠎ᠤᠨ ᠢᠲᠡᠭᠡᠮᠵᠢ᠎ᠶ᠋ᠢᠨ ᠲᠥᠪ ᠡᠴᠡ ᠪᠥᠬᠥ᠌ ᠤᠯᠤᠰ᠎ᠤᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠢᠲᠡᠭᠡᠮᠵᠢ᠎ᠶ᠋ᠢᠨ ᠠᠮᠠᠯᠠᠯᠲᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠦᠨᠡᠯᠡᠵᠡᠶ᠃

《〈ᠢᠲᠡᠭᠡᠮᠵᠢ᠎ᠶ᠋ᠢᠨ ᠬᠤᠪᠢ ᠬᠤᠷᠠᠮᠳᠤᠭᠤᠯᠬᠤ ᠲᠦᠷᠢᠮ᠎ᠦᠨ ᠬᠠᠮᠢᠶᠠᠷᠤᠯᠲᠠ〉ᠬᠠᠷᠢᠭᠤᠴᠠᠯᠭ᠎ᠠ᠎ᠲᠠᠶ ᠪᠠᠢᠬᠤ᠂ ᠲᠡᠷᠢᠭᠦᠨ ᠤ᠋ ᠬᠢ ᠵᠢ ᠲᠡᠮᠡᠴᠡᠬᠦ ᠳ᠋ᠤ ᠪᠠᠷᠢᠮᠵᠢᠶ᠎ᠠ᠎ᠲᠠᠶ᠂ ᠰᠢᠯᠢᠳᠡᠭ ᠢ᠋ ᠱᠢᠯᠭᠠᠷᠠᠭᠤᠯᠬᠤ᠎ᠳᠤ ᠪᠠᠷᠢᠮᠲᠠ᠎ᠲᠠᠶ ᠭᠡᠳᠡᠭ᠎ᠢ ᠲᠣᠰᠭᠣᠨ᠎ᠤ ᠠᠷᠠᠳ᠎ᠲᠦ᠍ ᠮᠡᠳᠡᠭᠦᠯᠵᠦ᠂ ᠲᠣᠰᠭᠣᠨ᠎ᠤ ᠠᠷᠠᠳ᠎ᠤᠨ ᠤᠬᠠᠮᠰᠠᠷ ᠡᠴᠡ᠎ᠪᠠᠨ ᠲᠦᠷᠢᠮ ᠲᠣᠭ᠍ᠲᠠᠭᠠᠯ᠎ᠢ ᠵᠢᠷᠤᠮᠯᠠᠬᠤ ᠪᠠ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ ᠢᠳᠡᠪᠬᠢᠵᠢᠯ᠎ᠢ ᠤᠯᠠᠮ ᠴᠢᠨᠠᠭ᠍ᠰᠢᠳᠠ ᠬᠥᠭ᠌ᠵᠢᠭᠡᠵᠡᠢ᠃ ᠬᠤᠢᠰᠢᠳᠠ ᠡᠨᠡ ᠬᠦ᠌ ᠲᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠎ᠶ᠋ᠢᠨ ᠬᠠᠮᠲᠤ  ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠱᠢᠰᠲ᠋ᠧᠮ᠎ᠢ ᠪᠠᠢᠭᠤᠯᠬᠤ ᠡᠷᠴᠢᠮ᠎ᠢᠶᠡᠨ ᠴᠢᠩᠭᠠᠳᠬᠠᠵᠤ᠂ ᠦᠨᠡᠨᠴᠢ ᠢᠲᠡᠭᠡᠮᠵᠢᠲᠡᠶ ᠬᠥᠳᠡᠭᠡ ᠲᠣᠰᠭᠣᠨ᠎ᠢ ᠲᠦᠷᠭᠡᠳᠭᠡᠨ ᠪᠠᠢᠭᠤᠯᠵᠤ᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠳᠤ ᠨᠠᠩ ᠰᠠᠢᠳᠤᠷ ᠵᠢᠠᠷ ᠬᠦᠴᠦᠨ ᠨᠡᠮᠡᠷᠢᠯᠡᠨ᠎ᠡ》 ᠬᠡᠵᠤ ᠠᠷᠪᠠᠨᠭᠡᠷ ᠮᠠᠨᠵᠤ ᠦᠨᠳᠦᠰᠦᠲᠡᠨ᠎ᠦ ᠱᠢᠶᠠᠩ᠎ᠤᠨ ᠨᠠᠮ᠎ᠤᠨ ᠬᠣᠷᠢᠶ᠎ᠠ ᠵᠢᠨ ᠱᠦᠵᠢ ᠰᠦᠨ ᠵᠢᠶᠠᠨ ᠯᠦᠩ ᠬᠡᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号