ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠵᠢᠨ ᠬᠢᠨ ᠠᠵᠤ ᠠᠬᠤᠢᠯᠠᠯ ᠤ᠋ᠨ ᠪᠠᠯᠠ ᠲᠤᠬᠢᠷᠠᠭᠤᠯᠬᠤᠳᠤ ᠬᠦᠴᠢᠷᠲᠡᠯᠳᠡᠶ ᠪᠠᠢᠬᠤ ᠵᠡᠷᠭᠡ ᠠᠰᠠᠭᠤᠳᠠᠯᠢ ᠱᠢᠶ᠋ᠳᠪᠦᠷᠢᠯᠡᠨ᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨᠢ ᠪᠦᠲᠦᠮᠵᠢᠲᠡᠶ ᠬᠥᠭ᠌ᠵᠢᠭᠡᠵᠦ᠍᠂ ᠦᠨᠡᠨᠴᠢ ᠢᠲᠡᠭᠡᠮᠵᠢᠲᠡᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯᠢ ᠪᠣᠶ ᠪᠣᠯᠭᠠᠬᠤ ᠶ᠋ᠢᠨ ᠲᠥᠯᠥᠭᠡ᠂ ᠢᠲᠡᠭᠡᠮᠵᠢ ᠶ᠋ᠢᠨ ᠦᠶ᠋ᠯᠡᠴᠢᠯᠡᠭᠡ ᠵᠢ ᠦᠷᠭᠦᠯᠵᠢᠯᠡᠨ ᠱᠢᠯᠢᠳᠡᠭ᠌ᠵᠢᠭᠦᠯᠵᠤ᠂ ᠮᠥᠩᠭᠥᠨ ᠭᠦᠶ᠋ᠯᠭᠡᠭᠡᠨ ᠤ᠋ ᠰᠠᠯᠠᠭ᠎ᠠ ᠮᠥᠴᠢᠷᠯᠦᠭᠡ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠠᠬᠢᠭᠤᠯᠵᠤ᠂ ᠢᠲᠡᠭᠡᠮᠵᠢ ᠶ᠋ᠢᠨ ᠦᠨᠡᠯᠡᠯᠲᠡᠪᠡᠷ ᠦᠨᠳᠤᠰᠤᠨ ᠪᠠᠷᠢᠮᠵᠢᠶ᠎ᠠ ᠪᠣᠯᠭᠠᠵᠤ᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠦ 《ᠵᠠᠬ᠎ᠠ ᠳᠡᠯᠭᠡᠭᠦᠷ ᠢ᠋ ᠰᠢᠯᠢᠳᠡᠭᠵᠢᠭᠦᠯᠬᠦ ᠵᠢᠭᠡᠯᠡᠯᠭᠡ》᠂ 《ᠦᠪᠦᠷ ᠮᠤᠡᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠵᠢᠭᠡᠯᠡᠯᠭᠡ》 ᠵᠡᠷᠭᠡ ᠮᠥᠩᠭᠥᠨ ᠭᠦᠶ᠋ᠯᠭᠡᠭᠡᠨᠦ ᠪᠦᠲᠦᠭᠡᠭᠳᠡᠭᠦᠨ ᠢ᠋ ᠲᠤᠬᠢᠷᠠᠭᠤᠯᠪᠠ᠃
ᠬᠣᠶᠠᠷ ᠵᠦᠶ᠋ᠯ ᠤ᠋ᠨ ᠮᠥᠩᠭᠥᠨ ᠭᠦᠶ᠋ᠯᠭᠡᠭᠡᠨᠦ ᠪᠦᠲᠦᠭᠡᠭᠳᠡᠭᠦᠨ ᠤ᠋ ᠤᠷᠤᠭ᠍ᠰᠢᠲᠠᠶ ᠬᠡᠷᠡᠭ᠌ᠵᠢᠭᠦᠯᠦᠭ᠌ᠳᠡᠬᠦ᠌ ᠵᠢ ᠦᠨᠡᠨ ᠬᠦ᠌ ᠪᠠᠲᠤᠯᠠᠬᠤ ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠵᠢᠨ ᠬᠢᠨ ᠬᠤᠪᠢ ᠶ᠋ᠢᠨ ᠠᠵᠤ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠡᠯ᠎ᠡ ᠲᠥᠷᠥᠯ ᠤ᠋ᠨ ᠰᠠᠭᠤᠷᠢ ᠲᠣᠭ᠎ᠠ ᠪᠠᠷᠢᠮᠲᠠ ᠵᠢ ᠴᠤᠭ᠍ᠯᠠᠭᠤᠯᠤᠨ ᠨᠡᠢᠯᠡᠭᠦᠯᠵᠦ᠍᠂ ᠢᠲᠡᠭᠡᠮᠵᠢ ᠶ᠋ᠢᠨ ᠡᠬᠢ ᠪᠠᠶᠠᠯᠢᠭᠢ ᠭᠦᠨᠵᠡᠭᠡᠶ ᠠᠭᠤᠳᠠᠯᠤᠨ᠂ 3 ᠲᠠᠰ ᠤ᠋ᠨ 30 ᠲᠣᠭ᠎ᠠ ᠪᠠᠷᠢᠮᠲᠠ ᠶ᠋ᠢᠨ ᠭᠦᠶ᠋ᠴᠡᠳᠭᠡᠯ ᠲᠣᠭ᠎ᠠ ᠶ᠋ᠢᠨ ᠱᠢᠰᠲ᠋ᠧᠮ ᠢ᠋ᠪᠠᠢᠭᠤᠯᠤᠨ ᠢᠲᠡᠭᠡᠮᠵᠢ ᠶ᠋ᠢᠨ ᠦᠨᠡᠯᠡᠯᠲᠡ ᠬᠢᠵᠦ᠍᠂ ᠢᠲᠡᠭᠡᠮᠵᠢ ᠶ᠋ᠢᠨ ᠦᠨᠡᠯᠡᠯᠲᠡ ᠶ᠋ᠢᠨ ᠦᠷ᠎ᠡ ᠳ᠋ᠦᠩᠢ ᠮᠥᠩᠭᠥᠨ ᠭᠦᠶ᠋ᠯᠭᠡᠭᠡᠨᠦ ᠪᠠᠢᠭᠤᠯᠤᠮᠵᠢᠯᠤᠭᠠ ᠬᠠᠮᠲᠤ ᠪᠠᠷ ᠡᠳ᠋ᠯᠡᠪᠡ; ᠢᠲᠡᠭᠡᠮᠵᠢ ᠳ᠋ᠦ ᠲᠦᠱᠢᠭ᠌ᠯᠡᠬᠦ᠌᠂ ᠪᠠᠷᠢᠴᠠᠭ᠎ᠠ ᠥᠬᠡᠶ᠂ ᠳᠠᠭᠠᠭᠠᠴᠢᠯᠠᠯᠲᠠ ᠥᠬᠡᠶ᠂ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠠᠷᠭ᠎ᠠ ᠮᠠᠶᠢᠭᠢ ᠠᠪᠴᠤ᠌᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠴᠡᠪᠡᠷ ᠢᠲᠡᠭᠡᠮᠵᠢᠲᠦ ᠪᠠᠯᠠ ᠬᠤᠷᠠᠮᠳᠤᠭᠤᠯᠭ᠎ᠠ ᠶ᠋ᠢᠨ ᠵᠢᠭᠡᠯᠡᠯᠭᠡ ᠵᠢ ᠲᠤᠰᠭᠠᠢᠯᠠᠨ ᠳᠡᠮᠵᠢᠵᠦ᠂ ᠬᠣᠶᠠᠷ ᠵᠦᠶ᠋ᠯ ᠤ᠋ᠨ ᠪᠦᠲᠦᠭᠡᠭᠳᠡᠭᠦᠨ 《ᠲᠦᠭᠡᠮᠡᠯ ᠬᠠᠷᠠᠭᠠᠯᠵᠠᠯᠳᠤ ᠴᠢᠨᠠᠷ᠂ ᠣᠨᠣᠪᠴᠢᠲᠤ ᠴᠢᠨᠠᠷ᠂ ᠳᠥᠭᠥᠮ ᠳᠥᠲᠡ ᠴᠢᠨᠠᠷ᠂ ᠤᠷᠮᠠᠱᠢᠭᠤᠯᠬᠤ ᠴᠢᠨᠠᠷ》 ᠵᠡᠷᠭᠡ ᠣᠨᠴᠠᠯᠢᠭᠲᠠᠶ ᠪᠠᠢᠵᠤ᠂ ᠪᠥᠬᠥ᠌ ᠣᠷᠣᠨ ᠤ᠋ ᠡᠯ᠎ᠡ ᠲᠥᠷᠥᠯ ᠤ᠋ᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠢ ᠬᠠᠮᠤᠷᠴᠤ᠌᠂ ᠬᠦᠦ ᠮᠥᠩᠭᠥ ᠶ᠋ᠢᠨ ᠨᠣᠷᠮ᠎ᠠ ᠬᠠᠮᠤᠭ ᠤ᠋ᠨ ᠳᠤᠤᠷ᠎ᠠ ᠳ᠋ᠠᠭᠠᠨ 3.45% ᠡᠴᠡ 6% ᠪᠠᠢᠵᠤ᠂ ᠴᠢᠨᠠᠷ ᠰᠠᠢᠲᠠᠶ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠦᠦ ᠮᠥᠩᠭᠥ ᠶ᠋ᠢᠨ ᠨᠣᠷᠮ᠎ᠠ ᠶ᠋ᠢᠨ ᠪᠠᠭᠤᠷᠠᠯᠲᠠ ᠶ᠋ᠢᠨ ᠬᠡᠮᠵᠢᠶ᠎ᠡ 20% ᠱᠢᠬᠠᠮ ᠳ᠋ᠦ ᠬᠦᠷᠴᠦ᠂ ᠬᠠᠮᠤᠭ ᠤ᠋ᠨ ᠥᠨᠳᠥᠷ ᠵᠢᠭᠡᠯᠡᠯᠭᠡ ᠶ᠋ᠢᠨ ᠲᠣᠭ᠎ᠠ ᠬᠡᠮᠵᠢᠶ᠎ᠡ 500 ᠲᠦᠮᠡ ᠳ᠋ᠦ ᠬᠦᠷᠪᠡ; ᠠᠵᠢᠯ ᠶᠠᠪᠤᠳᠠᠯ ᠭᠦᠶ᠋ᠴᠡᠳᠭᠡᠬᠦ᠌ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠪᠥᠬᠥ᠌ ᠶᠠᠪᠤᠴᠠ ᠵᠢ ᠰᠦᠯᠵᠢᠶᠡᠨ ᠳᠡᠭᠡᠷ᠎ᠡ ᠭᠤᠶᠤᠴᠢᠯᠠᠨ ᠭᠦᠶ᠋ᠴᠡᠳᠭᠡᠵᠤ᠂ ᠵᠢᠭᠡᠯᠡᠯᠭᠡ ᠭᠤᠶᠤᠴᠢᠯᠠᠬᠤ᠂ ᠭᠡᠷ᠎ᠡ ᠲᠣᠭ᠍ᠲᠠᠬᠤ᠂ ᠵᠣᠭᠣᠰ ᠭᠠᠷᠭᠠᠨ ᠠᠪᠴᠤ᠌ ᠬᠡᠷᠡᠭ᠌ᠯᠡᠬᠦ᠌ ᠵᠡᠷᠭᠡ ᠭᠣᠭ᠍ᠴᠣᠭᠠ ᠶ᠋ᠢᠨ ᠬᠢᠨᠠᠨ ᠵᠥᠪᠱᠢᠶᠡᠷᠡᠬᠦ᠌ ᠴᠠᠭᠢ ᠲᠤᠬᠠᠢ ᠶ᠋ᠢᠨ ᠲᠠᠯᠠᠪᠠᠢ ᠳ᠋ᠦ ᠭᠦᠢᠴᠡᠳᠭᠡᠬᠦ ᠳ᠋ᠦ 3 ᠡᠴᠡ 5 ᠠᠵᠢᠯᠯᠠᠬᠤ ᠡᠳᠦᠷ ᠪᠠᠢᠭ᠍ᠰᠠᠨᠢ ᠬᠠᠭᠠᠰ ᠴᠠᠭ ᠪᠣᠯᠭᠠᠨ ᠪᠣᠭᠣᠨᠢᠰᠭᠠᠪᠠ᠃
《ᠵᠠᠬ᠎ᠠ ᠳᠡᠯᠭᠡᠭᠦᠷ ᠢ᠋ ᠰᠢᠯᠢᠳᠡᠭᠵᠢᠭᠦᠯᠬᠦ ᠵᠢᠭᠡᠯᠡᠯᠭᠡ》᠂ 《ᠦᠪᠦᠷ ᠮᠤᠡᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠵᠢᠭᠡᠯᠡᠯᠭᠡ》 ᠡᠳᠦᠷ ᠲᠤᠲᠤᠮ ᠤ᠋ᠨ ᠬᠢᠨᠠᠯᠲᠠ ᠬᠠᠮᠢᠶᠠᠷᠤᠯᠲᠠᠳᠠᠬᠢ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠢᠲᠡᠭᠡᠮᠵᠢ ᠶ᠋ᠢᠨ ᠲᠣᠭ᠎ᠠ ᠪᠠᠷᠢᠮᠲᠠ ᠵᠢ ᠬᠥᠷᠥᠩᠭᠡ ᠮᠥᠩᠭᠥ᠌ ᠪᠣᠯᠭᠠᠨ ᠬᠤᠪᠢᠷᠠᠭᠤᠯᠵᠤ᠂ ᠪᠠᠷᠢᠴᠠᠭᠠᠨ ᠤ᠋ ᠡᠳ᠋ ᠴᠥᠭᠡᠨ᠂ ᠬᠦᠦ ᠮᠥᠩᠭᠥ ᠶ᠋ᠢᠨ ᠨᠣᠷᠮ᠎ᠠ ᠥᠨᠳᠥᠷ᠂ ᠶᠠᠪᠤᠴᠠ ᠣᠯᠠᠨ ᠵᠡᠷᠭᠡ ᠪᠠᠢᠳᠠᠯᠠᠴᠠ ᠪᠣᠯᠤᠭ᠍ᠰᠠᠨ ᠪᠠᠯᠠ ᠲᠣᠬᠢᠷᠠᠭᠤᠯᠭ᠎ᠠ ᠶ᠋ᠢᠨ ᠬᠦᠴᠢᠷ ᠠᠰᠠᠭᠤᠳᠠᠯᠢ ᠤᠨᠤᠴᠢᠲᠠᠢᠪᠠᠷ ᠰᠢᠢᠳᠪᠦᠷᠢᠯᠡᠵᠦ᠂ ᠮᠥᠩᠭᠥᠨ ᠭᠦᠶ᠋ᠯᠭᠡᠭᠡᠨ ᠤ᠋ ᠬᠦᠴᠦᠨ ᠶ᠋ᠢᠡᠷ ᠬᠤᠪᠢ ᠶ᠋ᠢᠨ ᠠᠵᠤ ᠠᠬᠤᠶ ᠵᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠵᠢ ᠳᠡᠮᠵᠢᠨ᠂ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠦᠨᠡᠨᠴᠢ ᠢᠲᠡᠭᠡᠮᠵᠢᠲᠡᠶᠪᠡᠷ ᠡᠵᠡᠩᠨᠡᠬᠦ᠌᠂ ᠬᠠᠤᠯᠢ ᠵᠢ ᠵᠢᠷᠤᠮᠯᠠᠨ ᠡᠵᠡᠩᠨᠡᠬᠦ᠌᠂ ᠢᠲᠡᠭᠡᠮᠵᠢᠲᠡᠶᠪᠡᠷ ᠠᠮᠠᠯᠠᠯᠲᠠᠪᠠᠨ ᠦᠶ᠋ᠯᠡᠳᠦᠯᠭᠡᠵᠢᠭᠦᠯᠬᠦ᠌ ᠶ᠋ᠢ ᠵᠣᠷᠢᠭ᠍ᠵᠢᠭᠤᠯᠵᠤ᠂ ᠢᠲᠡᠭᠡᠮᠵᠢᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯᠢ ᠱᠢᠯᠢᠳᠡᠭ᠌ᠵᠢᠭᠦᠯᠬᠦ᠌᠂ ᠠᠵᠤ ᠠᠬᠤᠶ ᠶ᠋ᠢᠨ ᠪᠣᠳᠠᠲᠤ ᠴᠣᠭ᠍ᠴᠠᠳᠤ ᠦᠶ᠋ᠯᠡᠴᠢᠯᠡᠬᠦ᠌ ᠪᠣᠳᠠᠲᠠᠶ ᠠᠷᠭ᠎ᠠ ᠬᠡᠮᠵᠢᠶ᠎ᠡ ᠪᠠ ᠠᠮᠢᠳᠤᠯᠢᠭ ᠦᠶ᠋ᠯᠡᠳᠦᠯᠭᠡ ᠪᠣᠯᠤᠨ᠎ᠠ᠃
2024 ᠣᠨ ᠤ᠋ 3 ᠰᠠᠷ᠎ᠠ ᠶ᠋ᠢᠨ ᠳᠤᠮᠳᠠᠴᠢ ᠪᠣᠯᠲᠠᠯ᠎ᠠ᠂ 《ᠵᠠᠬ᠎ᠠ ᠳᠡᠯᠭᠡᠭᠦᠷ ᠢ᠋ ᠰᠢᠯᠢᠳᠡᠭᠵᠢᠭᠦᠯᠬᠦ ᠵᠢᠭᠡᠯᠡᠯᠭᠡ》 523ᠡᠵᠡᠩᠨᠡᠯᠲᠡ ᠶ᠋ᠢᠨ ᠭᠤᠤᠯ ᠴᠣᠭ᠍ᠴᠠᠳᠤ 1.3 ᠳ᠋ᠦᠩᠱᠢᠭᠤᠷ ᠲᠥᠭᠥᠷᠢᠭ ᠤ᠋ᠨ ᠵᠢᠭᠡᠯᠡᠯᠭᠡ ᠲᠠᠯᠪᠢᠵᠤ᠂ 160 ᠲᠦᠮᠡᠨ ᠲᠥᠭᠥᠷᠢᠭ ᠤ᠋ᠨ ᠬᠦᠦ ᠮᠥᠩᠭᠥ ᠶ᠋ᠢᠨ ᠬᠠᠷᠠᠭᠠᠯᠵᠠᠯ ᠦᠵᠡᠭᠦᠯᠪᠡ᠃ 2 ᠰᠠᠷ᠎ᠠ ᠶ᠋ᠢᠨ 22 ᠤ᠋ᠨ ᠡᠳᠦᠷ 《ᠦᠪᠦᠷ ᠮᠤᠡᠭᠭᠤᠯ ᠤ᠋ᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠵᠢᠭᠡᠯᠡᠯᠭᠡ》 ᠵᠢ ᠬᠡᠷᠡᠭᠵᠢᠭᠦᠯᠦᠭᠰᠡᠨᠡᠴᠡ ᠨᠠᠭᠠᠰᠢ᠂ 3 ᠰᠠᠷ᠎ᠠ ᠶ᠋ᠢᠨ 27 ᠤ᠋ ᠡᠳᠦᠷ ᠪᠣᠯᠲᠠᠯ᠎ᠠ᠂ ᠨᠢᠭᠡᠨᠲᠡ 300 ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠳ᠋ᠦ 1.07 ᠳ᠋ᠦᠩᠱᠢᠭᠤᠷ ᠲᠥᠭᠥᠷᠢᠭ ᠤ᠋ᠨ ᠢᠲᠡᠭᠡᠮᠵᠢᠲᠦ ᠵᠢᠭᠡᠯᠡᠯᠭᠡ ᠣᠯᠭᠣᠪᠠ᠃ ᠪᠥᠬᠥ᠌ ᠣᠷᠣᠨ ᠤ᠋ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠢᠲᠡᠭᠡᠮᠵᠢ ᠵᠢ ᠰᠡᠷᠭᠦᠭᠡᠬᠦ᠌ ᠠᠵᠢᠯ ᠤ᠋ᠨ ᠰᠦᠯᠵᠢᠶᠡᠨ ᠳᠡᠭᠡᠷ᠎ᠡ ᠬᠦᠢᠴᠡᠳᠭᠡᠭᠰᠡᠨ ᠨᠣᠷᠮ᠎ᠠ 2023 ᠣᠨ ᠤ᠋ ᠲᠦᠷᠦᠬᠦᠤ ᠤᠯᠠᠷᠢᠯ ᠤ᠋ᠨ 5% ᠬᠥᠷᠬᠥ᠌ ᠥᠬᠡᠶ ᠪᠠᠢᠭ᠍ᠰᠠᠨᠠᠴᠠᠪᠠᠨ ᠣᠲᠣ 41.7% ᠪᠣᠯᠵᠣ ᠳᠡᠭᠡᠭ᠌ᠰᠢᠯᠡᠪᠡ᠂ ᠡᠨᠡ ᠬᠤᠭᠤᠴᠠᠭᠠᠨᠳᠤ 1.59 ᠲᠦᠮᠡᠨ ᠡᠷᠦᠬᠡ ᠡᠵᠡᠩᠨᠡᠯᠲᠡ ᠬᠡᠪ ᠤ᠋ᠨ ᠪᠤᠰᠤ ᠭᠤᠤᠯ ᠴᠣᠭ᠍ᠴᠠ ᠵᠢ ᠱᠢᠯᠵᠢᠭᠦᠯᠵᠦ᠍᠂ 9.84 ᠲᠦᠮᠡᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠡᠪ ᠤ᠋ᠨ ᠡᠵᠡᠡᠭᠨᠡᠯᠲᠡ ᠵᠢ ᠰᠡᠷᠭᠦᠭᠡᠪᠡ᠃