ᠤᠢᠷ᠎ᠠ ᠵᠢᠨ ᠡᠳᠦᠷ᠎ᠦᠨ ᠲᠤᠷᠰᠢ᠂ ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠᠲᠤ ᠴᠢᠩᠭ᠎ᠠ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠡᠷ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠶ ᠥᠷᠨᠢᠭᠦᠯᠬᠦ᠌᠎ᠶ᠋ᠢ ᠠᠬᠢᠭᠤᠯᠵᠦ ᠪᠠᠢᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠰᠠᠬᠢᠯᠭ᠎ᠠ ᠪᠠᠲᠤ᠎ᠶ᠋ᠢᠨ ᠤᠬᠠᠮᠰᠠᠷ᠎ᠢᠶᠠᠨ ᠲᠠᠰᠤᠷᠠᠯᠳᠠ ᠦᠭᠡᠢ ᠴᠢᠩᠭᠠᠳᠭᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠡᠭᠡᠭ᠌ᠰᠢᠯᠡᠭᠦᠯᠦᠨ᠂ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠪᠠ᠃
ᠤᠯᠠᠭᠠᠨᠬᠠᠳᠠ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 (ᠳᠣᠷᠣᠭ᠍ᠰᠢ 《ᠲᠦᠷᠢᠮ》 ᠭᠡᠵᠦ᠍ ᠲᠤᠪᠴᠢᠯᠠᠨ᠎ᠠ)᠎ᠢ᠋ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠦᠬᠦ᠌ ᠨᠠᠮ᠎ᠤᠨ ᠭᠡᠱᠢᠭᠦᠨ ᠺᠠᠳ᠋ᠷ ᠲᠡᠷᠡ ᠬᠡᠪ᠎ᠢᠶᠡᠷ ᠨᠢ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ᠂ ᠰᠤᠷᠤᠯᠴᠠᠪᠠᠯ ᠣᠯᠤᠯᠲᠠ᠎ᠲᠠᠶ᠂ ᠰᠤᠷᠤᠯᠴᠠᠪᠠᠯ ᠤᠬᠠᠭᠠᠷᠠᠯ᠎ᠲᠠᠶ᠂ ᠰᠤᠷᠤᠯᠴᠠᠪᠠᠯ ᠬᠡᠷᠡᠭ᠌ᠴᠡᠭᠡ᠎ᠲᠡᠶ ᠪᠠᠢᠬᠤ᠎ᠶ᠋ᠢ ᠪᠡᠶᠡᠯᠡᠭᠦᠯᠪᠡ᠃ ᠤᠯᠠᠨ᠎ᠢᠶᠠᠷ᠎ᠢᠶᠠᠨ᠂ 《ᠲᠦᠷᠢᠮ》 ᠪᠣᠯ ᠡᠪ ᠬᠠᠮᠲᠤ ᠨᠠᠮ᠎ᠤᠨ ᠭᠡᠱᠢᠭᠦᠨ ᠨᠢᠭᠡᠪᠦᠷᠢ᠎ᠶ᠋ᠢᠨ ᠡᠷᠬᠡᠪᠰᠢ ᠴᠠᠭ ᠢᠮᠠᠭ᠍ᠲᠠ ᠬᠠᠷᠢᠴᠠᠭᠤᠯᠬᠤ ᠬᠤᠷᠢᠭ᠎ᠠ ᠴᠡᠭᠡᠷ᠂ ᠰᠤᠷᠭᠠᠮᠵᠢ ᠮᠥᠨ᠂ ᠭᠦᠨᠵᠡᠭᠡᠢ ᠰᠤᠷᠤᠯᠴᠠᠨ ᠣᠢᠯᠠᠭᠠᠵᠤ᠂ ᠰᠠᠬᠢᠯᠭ᠎ᠠ ᠪᠠᠲᠤ᠎ᠶ᠋ᠢᠨ ᠦᠵᠡᠯᠲᠡ᠎ᠪᠡᠨ ᠴᠢᠩᠭᠠᠳᠭᠠᠵᠤ᠂ ᠥᠪᠡᠷ᠎ᠢ᠎ᠪᠡᠨ ᠴᠢᠩᠭ᠎ᠠ ᠬᠢᠵᠠᠭᠠᠷᠯᠠᠵᠤ᠂ ᠥᠪᠡᠷ᠎ᠢ᠎ᠪᠡᠨ ᠴᠡᠪᠡᠷᠱᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠌᠂ ᠥᠪᠡᠷ᠎ᠢ᠎ᠪᠡᠨ ᠱᠢᠨᠡᠴᠢᠯᠡᠬᠦ᠌᠂ ᠥᠪᠡᠷ᠎ᠢ᠎ᠪᠡᠨ ᠳᠡᠭᠡᠭ᠌ᠰᠢᠯᠡᠭᠦᠯᠬᠦ᠌᠎ᠶ᠋ᠢ ᠲᠠᠰᠤᠷᠠᠯᠳᠠ ᠦᠭᠡᠢ ᠪᠡᠶᠡᠯᠡᠭᠦᠯᠬᠦ᠌ ᠬᠡᠷᠡᠭ᠌ᠲᠡᠢ ᠭᠡᠵᠦ ᠰᠠᠨᠠᠯ ᠨᠢᠭᠡᠲᠡᠢ ᠦᠵᠡᠵᠡᠭᠡᠪᠡ᠃
ᠱᠢᠯᠢ᠎ᠶ᠋ᠢᠨ ᠭᠤᠤᠯ ᠠᠢᠮᠠᠭ ᠲᠡᠷᠡ ᠤᠭ ᠵᠤᠬᠢᠶᠠᠯ᠎ᠢ ᠥᠪᠡᠰᠦᠪᠡᠨ ᠰᠤᠷᠤᠯᠴᠠᠬᠤ᠂ ᠨᠣᠮ ᠤᠩᠱᠢᠬᠤ ᠠᠩᠭᠢ ᠳᠠᠭᠠᠭᠤᠯᠤᠨ ᠰᠤᠷᠤᠯᠴᠠᠬᠤ᠂ ᠤᠨᠤᠯ ᠰᠤᠷᠤᠯᠴᠠᠬᠤ ᠭᠤᠤᠯ ᠳᠤᠭᠤᠢᠯᠠᠩ ᠰᠤᠳᠤᠯᠤᠨ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠴᠤ᠌ ᠳᠠᠭᠠᠭᠤᠯᠤᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠢᠶᠡᠷ ᠰᠤᠷᠤᠯᠴᠠᠯᠭ᠎ᠠ᠎ᠶ᠋ᠢ ᠠᠬᠢᠭᠤᠯᠬᠤ᠂ ᠲᠠᠰ ᠳᠠᠪᠬᠤᠷᠭ᠎ᠠ ᠬᠤᠪᠢᠶᠠᠨ ᠪᠣᠯᠪᠠᠰᠤᠷᠠᠭᠤᠯᠵᠤ ᠰᠤᠷᠤᠯᠴᠠᠯᠭ᠎ᠠ᠎ᠳᠤ ᠲᠤᠰᠠᠯᠠᠬᠤ 《ᠵᠢᠷᠭᠤᠭᠠᠨ ᠰᠤᠷᠤᠯᠴᠠᠯᠭ᠎ᠠ ᠬᠣᠯᠪᠣᠭᠠᠯᠠᠨ ᠬᠥᠳᠡᠯᠦᠯᠴᠡᠬᠦ᠌》 ᠵᠠᠭ᠍ᠪᠤᠷ᠎ᠢ ᠬᠡᠷᠡᠭ᠌ᠵᠢᠭᠦᠯᠪᠡ᠃ ᠠᠢᠮᠠᠭ᠎ᠤᠨ ᠨᠠᠮ᠎ᠤᠨ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠬᠢᠯᠡᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠳᠠᠢᠴᠢᠯᠠᠨ 《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠡᠱᠢᠭᠦᠨ᠎ᠦ ᠭᠣᠣᠯᠳᠠᠯᠭᠠᠲᠤ ᠡᠷᠦᠬᠡ ᠵᠡᠷᠭᠡ ᠠᠴᠢᠶᠠᠯᠠᠪᠤᠷᠢ᠎ᠳᠤ ᠲᠦᠱᠢᠭ᠌ᠯᠡᠨ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠎ᠵᠢ ᠪᠡᠶᠡᠯᠡᠭᠦᠯᠪᠡ᠃ ᠡᠭᠦᠨ᠎ᠦ ᠬᠠᠮᠳᠦ ᠨᠡᠭᠦᠳᠡᠯ ᠨᠠᠮ᠎ᠤᠨ ᠭᠡᠱᠢᠭᠦᠨ᠂ ᠠᠵᠢᠯ᠎ᠡᠴᠡ᠎ᠪᠠᠨ ᠲᠠᠷᠬᠠᠯᠠᠭᠳᠠᠭᠰᠠᠨ ᠨᠠᠮ᠎ᠤᠨ ᠭᠡᠱᠢᠭᠦᠨ ᠵᠡᠷᠭᠡ ᠬᠦᠮᠦᠰ᠎ᠲᠤ ᠴᠢᠭ᠌ᠯᠡᠭᠦᠯᠦᠨ᠂ ᠨᠢᠭᠡᠴᠢ᠎ᠶ᠋ᠢᠨ ᠰᠤᠷᠤᠯᠴᠠᠬᠤ ᠲᠠᠪᠴᠠᠩ ᠪᠠ ᠵᠢᠷᠭᠢᠶ᠎ᠡ᠎ᠶᠢᠨ ᠬᠤᠯᠪᠤᠭᠠᠨ᠎ᠳᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠦᠷᠭᠡᠬᠦ᠌᠂ ᠨᠠᠮ᠎ᠤᠨ ᠪᠠᠢᠭᠤᠯᠤᠯᠲᠠ᠎ᠶ᠋ᠢᠨ ᠵᠢᠭᠠᠨ ᠵᠢᠯᠣᠭᠣᠳᠣᠭ᠍ᠴᠢ᠎ᠶ᠋ᠢ ᠰᠣᠩᠭᠣᠨ ᠲᠣᠮᠢᠯᠠᠵᠤ ᠮᠥᠷᠳᠡᠨ ᠵᠢᠯᠣᠭᠣᠳᠭᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠰᠤᠷᠤᠯᠴᠠᠯᠭ᠎ᠠ ᠬᠦᠷᠭᠡᠬᠦ᠌ ᠪᠠ ᠰᠤᠷᠤᠯᠴᠠᠯᠭ᠎ᠠ᠎ᠶ᠋ᠢ ᠲᠤᠰᠠᠯᠠᠬᠤ ᠠᠵᠢᠯ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠌᠂ ᠰᠠᠬᠢᠯᠭ᠎ᠠ ᠪᠠᠲᠤ᠎ᠶ᠋ᠢ ᠲᠣᠳᠣᠷᠬᠠᠶ ᠮᠡᠳᠡᠬᠦ᠌᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠬᠥᠮᠦᠵᠢᠭᠦᠯᠦᠨ ᠵᠢᠯᠣᠭᠣᠳᠪᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠷᠢᠨ ᠬᠢᠨᠠᠮᠠᠭᠠᠶ ᠲᠥᠯᠥᠪᠵᠢᠭᠦᠯᠵᠦ᠍᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ᠎ᠶ᠋ᠢ ᠲᠣᠭ᠍ᠲᠠᠭᠠᠵᠤ᠂ ᠴᠠᠭ᠎ᠤᠨ ᠵᠠᠩᠭᠢᠯᠠᠭ᠎ᠠ᠎ᠶ᠋ᠢᠨ ᠴᠡᠭ ᠪᠠ ᠰᠤᠷᠤᠯᠴᠠᠯᠭ᠎ᠠ᠎ᠶ᠋ᠢᠨ ᠭᠤᠤᠯᠳᠠᠯᠭ᠎ᠠ᠎ᠶ᠋ᠢ ᠲᠣᠳᠣᠷᠬᠠᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠶ᠋ᠯ᠎ᠦᠨ ᠠᠵᠢᠯ᠎ᠢ ᠨᠢᠭ᠍ᠲᠠ ᠤᠶᠠᠯᠳᠤᠭᠤᠯᠵᠤ᠂ ᠨᠢᠭᠡ ᠴᠣᠭ᠍ᠴᠠᠵᠢᠭᠤᠯᠤᠨ ᠠᠬᠢᠭᠤᠯᠬᠤ᠂ ᠲᠣᠭ᠍ᠲᠠᠭᠠᠭ᠍ᠰᠠᠨ ᠬᠥᠳᠡᠯᠭᠡᠭᠡᠨ᠎ᠢ ᠴᠠᠭ ᠲᠤᠬᠠᠶ᠎ᠳᠤᠨᠢ ᠪᠣᠳᠠᠲᠠᠢᠵᠢᠭᠤᠯᠬᠤ᠂ ᠥᠪᠡᠰᠦᠪᠡᠨ ᠰᠣᠩᠭᠣᠬᠤ ᠬᠥᠳᠡᠯᠭᠡᠭᠡᠨ᠎ᠦ ᠬᠢᠯᠠᠰ ᠴᠡᠭ᠎ᠢ ᠳᠣᠪᠣᠢᠯᠭᠠᠬᠤ᠎ᠶ᠋ᠢ ᠦᠨᠡᠨ ᠬᠦ᠌ ᠪᠠᠲᠤᠯᠠᠪᠠ᠃ ᠲᠠᠢᠯᠤᠮᠵᠢ ᠰᠤᠨᠤᠰᠬᠤ᠂ ᠤᠭ ᠵᠣᠬᠢᠶᠠᠯ᠎ᠢ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠭᠣᠣᠯ ᠰᠡᠳᠦᠪᠲᠦ ᠨᠠᠮ᠎ᠤᠨ ᠡᠳᠦᠷ᠂ ᠰᠡᠷᠡᠮᠵᠢᠯᠡᠭᠦᠯᠬᠦ᠌ ᠬᠥᠮᠦᠵᠢᠯ ᠵᠡᠷᠭᠡ ᠠᠷᠭ᠎ᠠ ᠬᠡᠯᠪᠡᠷᠢ᠎ᠪᠡᠷ ᠰᠤᠷᠲᠠᠯ ᠴᠢᠬᠡᠴᠢ ᠣᠪᠣᠷ ᠲᠥᠪ ᠠᠵᠢᠯ ᠬᠢᠵᠦ᠍ ᠦᠢᠯᠡᠰ ᠪᠤᠰᠭᠠᠬᠤ ᠠᠭᠤᠷ ᠠᠮᠢᠰᠭᠤᠯ᠎ᠢ ᠪᠤᠢ ᠪᠣᠯᠭᠠᠵᠤ᠂ ᠡᠯ᠎ᠡ ᠵᠦᠢᠯ᠎ᠦᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠲᠡᠷᠡ ᠳᠠᠷᠤᠢ᠎ᠳᠤ᠎ᠨᠢ ᠠᠵᠢᠯ᠎ᠤᠨ ᠲᠥᠰᠦᠯ᠎ᠢ ᠲᠣᠭ᠍ᠲᠠᠭᠠᠨ ᠪᠠᠭᠤᠯᠭᠠᠵᠤ᠂ ᠡᠯ᠎ᠡ ᠱᠠᠲᠤᠨ᠎ᠤ ᠠᠵᠢᠯ᠎ᠤᠨ ᠲᠤᠬᠢᠷᠠᠭᠤᠯᠤᠯᠳᠠ᠂ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠠᠯᠲᠠ ᠡᠭᠦᠷᠭᠡ᠎ᠶ᠋ᠢ ᠲᠣᠳᠣᠷᠬᠠᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠢ ᠠᠵᠢᠯ᠎ᠢ ᠠᠬᠢᠭᠤᠯᠬᠤ᠎ᠯᠤᠭ᠎ᠠ ᠣᠷᠭᠠᠨᠢᠭ᠎ᠢᠶᠠᠷ ᠤᠶᠠᠯᠳᠤᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠦᠢᠯᠡᠴᠢᠯᠡᠬᠦ᠌ᠯᠦᠭᠡ ᠤᠶᠠᠯᠳᠤᠭᠤᠯᠪᠠ᠃ ᠤᠨᠤᠯ ᠰᠤᠷᠤᠯᠴᠠᠬᠤ ᠭᠣᠣᠯ ᠳᠤᠭᠤᠢᠯᠠᠩᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠦᠵᠡᠬᠦ᠂ ᠰᠤᠷᠤᠯᠴᠠᠵᠥ᠍ ᠰᠤᠳᠤᠯᠤᠨ ᠶᠠᠷᠢᠯᠴᠠᠬᠤ᠂ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠵᠡᠷᠭᠡ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠢᠯᠠᠩᠭᠤᠶ᠎ᠠ ᠤᠷᠳᠤ ᠬᠤᠭᠤᠴᠠᠭ᠎ᠠ ᠪᠠᠷ ᠳᠠᠭᠤᠰᠭᠠᠭᠠᠳᠤᠢ ᠬᠡᠷᠡᠭ᠂ ᠳᠠᠨᠭᠰᠠ ᠡᠪᠬᠡᠮᠡᠯ᠎ᠢ ᠴᠠᠭ ᠲᠤᠬᠠᠢᠳᠤᠨᠢ ᠳᠠᠩᠰᠠᠠ᠎ᠳᠦ ᠣᠷᠣᠭᠤᠯᠤᠭ᠍ᠰᠠᠨ ᠦᠭᠡᠢ ᠵᠡᠷᠭᠡ ᠠᠰᠠᠭᠤᠳᠠᠯ᠎ᠢ ᠱᠠᠯᠠᠪᠳᠠᠭᠤᠯᠤᠨ ᠴᠡᠭ᠌ᠴᠡᠯᠡᠨ ᠰᠠᠢᠵᠢᠷᠠᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠰᠠᠬᠢᠯᠭ᠎ᠠ ᠪᠠᠲᠤ᠎ᠶ᠋ᠢ ᠴᠢᠩᠳᠠᠯᠠᠬᠤ ᠪᠠ ᠯᠠᠪᠳᠠᠭᠤᠨ ᠪᠠᠲᠤᠲᠠᠢ ᠪᠠᠢᠬᠤ ᠰᠤᠷᠲᠠᠯ᠎ᠢᠶᠠᠷ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠪᠠ᠃