ᠤᠢ᠍ᠢᠷᠠ ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ ᠤ᠋ ᠱᠢᠭᠤᠳ ᠬᠠᠷᠢᠶ᠎ᠠ ᠪᠠᠢᠭᠤᠯᠭ᠎ᠠ ᠶ᠋ᠢᠨ ᠡᠯ᠎ᠡ ᠨᠢᠭᠡᠴᠢᠵᠢᠨ ᠬᠢᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠵᠢ ᠴᠢᠬᠤᠯᠠ ᠤᠯᠤᠰ ᠲᠦᠷᠦ᠍ ᠶ᠋ᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠨᠠᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠤᠨ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠢ ᠥᠷᠨᠢᠭᠦᠯᠪᠡ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠤᠬᠠᠭᠤᠯᠬᠤ ᠬᠡᠯᠲᠡᠰ ᠤ᠋ᠨ ᠬᠢᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠥᠷᠨᠢᠭᠦᠯᠵᠦ᠍᠂ ᠪᠣᠳᠠᠲᠠᠢ ᠠᠵᠢᠯ ᠢ᠋ ᠵᠠᠳᠠᠯᠤᠨ ᠨᠠᠷᠢᠯᠢᠬ᠍ᠵᠢᠭᠤᠯᠵᠦ᠍᠂ ᠠᠵᠢᠯ ᠤ᠋ᠨ ᠪᠣᠳᠠᠲᠤ ᠪᠠᠢᠳᠠᠯ ᠲᠠᠶᠪᠠᠨ ᠤᠶᠠᠯᠳᠤᠭᠤᠯᠤᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠲᠣᠭ᠍ᠲᠠᠭᠤᠨ ᠶ᠋ᠢᠡᠷ ᠠᠬᠢᠭᠤᠯᠬᠤ ᠵᠢ ᠦᠨᠡᠨ ᠬᠦ᠌ ᠪᠠᠲᠤᠯᠠᠪᠠ᠃ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠲᠤᠰᠭᠠᠢ ᠰᠡᠳᠦᠪᠲᠦ ᠪᠠᠢᠷᠢᠯᠠᠭᠤᠯᠤᠯᠲᠠ ᠶ᠋ᠢᠨ ᠬᠤᠷᠠᠯ ᠬᠤᠷᠠᠯᠳᠤᠭᠤᠯᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠲᠤᠰᠭᠠᠢ ᠰᠡᠳᠦᠪᠲᠦ ᠨᠣᠮ ᠤᠩᠱᠢᠬᠤ ᠠᠩᠬᠢ ᠵᠢ ᠡᠷᠬᠢᠯᠡᠵᠦ᠍᠂ ᠤᠨᠤᠯ ᠰᠤᠷᠤᠯᠴᠠᠬᠤ ᠭᠣᠣᠯ ᠳᠤᠭᠤᠢᠯᠠᠩ ᠤ᠋ᠨ ᠰᠤᠷᠤᠯᠴᠠᠯᠭ᠎ᠠ᠂ ᠨᠠᠮ ᠤ᠋ᠨ ᠡᠭᠦᠷ ᠤ᠋ᠨ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢᠪᠡᠷ ᠰᠤᠷᠤᠯᠴᠠᠯᠭ᠎ᠠ ᠵᠢ ᠵᠣᠬᠢᠶᠠᠨ ᠪᠠᠢᠭᠤᠯᠵᠤ ᠰᠤᠳᠤᠯᠤᠨ ᠶᠠᠷᠢᠯᠴᠠᠪᠠ᠃ ᠬᠤᠪᠢ ᠬᠥᠮᠦᠨ ᠥᠪᠡᠰᠦᠪᠡᠨ ᠰᠤᠷᠤᠯᠴᠠᠬᠤ᠂ ᠪᠤᠳᠤᠯ ᠰᠠᠨᠠᠯᠵᠢᠡᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠰᠭᠠᠶ ᠮᠡᠷᠭᠡᠵᠢᠯᠲᠡᠨ ᠶ᠋ᠢᠡᠷ ᠬᠠᠪᠰᠤᠷᠤᠨ ᠵᠢᠯᠣᠭᠣᠳᠣᠭᠤᠯᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ ᠨᠠᠮ ᠤ᠋ᠨ ᠭᠡᠱᠢᠭᠦᠨ ᠺᠠᠳ᠋ᠷᠴᠤᠳ ᠢ᠋ ᠬᠥᠲᠥᠯᠥᠨ ᠵᠢᠯᠣᠭᠣᠳᠴᠤ᠌ 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠠᠬᠢᠯᠭ᠎ᠠ ᠪᠠᠲᠤ ᠶ᠋ᠢᠨ ᠰᠢᠢᠳᠬᠡᠯ ᠥᠭ᠌ᠬᠦ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠢ᠋ ᠲᠡᠷᠡ ᠬᠡᠪ ᠶ᠋ᠢᠡᠷ ᠨᠢ ᠪᠦᠯᠦᠭ ᠵᠤᠷᠪᠤᠰ ᠳᠠᠷᠠᠭᠠᠯᠠᠨ ᠰᠤᠷᠤᠯᠴᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠵᠢ ᠡᠳᠦᠷ ᠲᠤᠲᠤᠮ ᠤ᠋ᠨ ᠳᠠᠳᠭᠠᠯ ᠪᠠ ᠤᠬᠠᠮᠰᠠᠷᠲᠤ ᠵᠢᠷᠤᠮᠯᠠᠯ ᠪᠣᠯᠭᠠᠵᠤ᠂ ᠨᠠᠮ ᠤ᠋ᠨ ᠰᠠᠬᠢᠯᠭ᠎ᠠ ᠪᠠᠲᠤ ᠵᠢ ᠰᠤᠷᠤᠯᠴᠠᠬᠤ ᠶᠠᠪᠤᠴᠠ ᠵᠢ ᠦᠨᠡᠨ ᠬᠦ᠌ ᠰᠠᠬᠢᠯᠭ᠎ᠠ ᠪᠠᠲᠤ ᠶ᠋ᠢᠨ ᠤᠬᠠᠮᠰᠠᠷ ᠢ᠋ ᠴᠢᠩᠭᠠᠳᠭᠠᠬᠤ᠂ ᠨᠠᠮᠴᠢ ᠴᠢᠨᠠᠷ ᠤ᠋ᠨ ᠪᠣᠯᠪᠠᠰᠤᠷᠠᠯ ᠢ᠋ ᠳᠡᠭᠡᠭ᠌ᠰᠢᠯᠡᠭᠦᠯᠬᠦ᠌ ᠶᠠᠪᠤᠴᠠ ᠪᠤᠯᠭᠠᠪᠠ᠃ ᠡᠭᠦᠨ ᠤ᠋ ᠬᠠᠮᠳᠤ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠵᠢ ᠰᠢ ᠵᠢᠨ ᠫᠢᠩ ᠤ᠋ᠨ ᠰᠣᠶᠣᠯ ᠤ᠋ᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤ᠋ᠨ ᠭᠣᠣᠯᠳᠠᠯᠭᠠᠲᠠᠶ ᠠᠵᠢᠯ ᠢ᠋ ᠴᠢᠨᠠᠷ ᠰᠠᠢᠲᠠᠢ ᠠᠬᠢᠭᠤᠯᠬᠤ ᠲᠠᠶ ᠨᠢᠭ᠍ᠲᠠ ᠤᠶᠠᠯᠳᠤᠭᠤᠯᠵᠤ᠂ ᠡᠳᠦᠷ ᠲᠤᠳᠤᠮ ᠤ᠋ᠨ ᠠᠵᠢᠯᠳᠠᠭᠠᠨ ᠠᠭᠤᠰᠤᠯᠴᠠᠭᠤᠯᠵᠤ᠂ ᠪᠠᠢᠩᠭᠤ ᠠᠳᠭᠤᠵᠤ᠂ ᠬᠣᠶᠠᠷ ᠢ᠋ ᠦᠯᠦ᠍ ᠰᠠᠭᠠᠲᠠᠭᠠᠬᠤ᠂ ᠬᠣᠶᠠᠷ ᠢ᠋ ᠠᠬᠢᠭᠤᠯᠬᠤ ᠵᠢ ᠪᠡᠶᠡᠯᠡᠭᠦᠯᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠢᠭᠡᠳᠦᠮᠡᠯ ᠹᠷᠣᠨᠲ ᠤ᠋ᠨ ᠬᠡᠯᠲᠡᠰᠤᠨ ᠬᠢᠨ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠡᠷ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠠᠬᠢᠭᠤᠯᠵᠤ᠂ ᠲᠥᠰᠦᠯ ᠲᠣᠭ᠍ᠲᠠᠭᠠᠬᠤ᠂ ᠳᠠᠢ᠌ᠴᠢᠯᠠᠨ ᠪᠠᠢᠷᠢᠯᠠᠭᠤᠯᠬᠤ ᠪᠠ ᠲᠤᠰᠭᠠᠢ ᠰᠡᠳᠦᠪᠲᠦ ᠨᠣᠮ ᠤᠩᠱᠢᠬᠤ ᠠᠩᠬᠢ ᠵᠡᠷᠭᠡ ᠭᠣᠭ᠍ᠴᠣᠭᠠ ᠵᠢ ᠬᠦᠴᠦᠯᠡᠨ ᠰᠠᠢᠲᠤᠷ ᠠᠳᠭᠤᠵᠤ᠂ 6 ᠵᠦᠢᠯ ᠤ᠋ᠨ ᠭᠣᠣᠯᠳᠠᠯᠭᠠᠲᠠᠶ ᠠᠵᠢᠯ ᠢ᠋ ᠲᠣᠳᠣᠷᠬᠠᠢᠯᠠᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠨᠠᠢᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠪᠠ᠃ ᠨᠠᠮ ᠤ᠋ᠨ ᠭᠡᠱᠢᠭᠦᠨ ᠥᠪᠡᠰᠦᠪᠡᠨ ᠰᠤᠷᠤᠯᠴᠠᠬᠤ᠂ ᠲᠤᠰᠭᠠᠶ ᠰᠡᠳᠦᠪ ᠶ᠋ᠢᠡᠷ ᠬᠠᠪᠰᠤᠷᠤᠨ ᠵᠢᠯᠣᠭᠣᠳᠴᠤ᠌ ᠳᠠᠭᠠᠭᠤᠯᠤᠨ ᠰᠤᠷᠤᠯᠴᠠᠬᠤ᠂ ᠤᠳᠤᠷᠢᠳᠭᠤ ᠺᠠᠳ᠋ᠷ ᠳᠠᠭᠠᠭᠤᠯᠤᠨ ᠰᠤᠷᠤᠯᠴᠠᠬᠤ᠂ ᠪᠤᠳᠤᠯ ᠰᠠᠨᠠᠯᠵᠢᠡᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢᠪᠡᠷ ᠳᠠᠮᠵᠢᠭᠤᠯᠤᠨ ᠪᠥᠬᠥ᠌ ᠨᠠᠮ ᠤ᠋ᠨ ᠭᠡᠱᠢᠭᠦᠨ ᠶᠡᠷᠦᠩᠬᠡᠶ ᠱᠦᠵᠢ ᠰᠢ ᠵᠢᠨ ᠫᠢᠩ ᠤ᠋ᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠲᠦᠷᠢᠮ》 ᠢ᠋ ᠪᠦᠯᠦᠭ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠰᠤᠷᠤᠯᠴᠠᠪᠠ᠃ ᠤᠯᠠᠨ ᠶ᠋ᠢᠡᠷ ᠶ᠋ᠢᠡᠨ ᠰᠡᠳᠭᠢᠯ ᠲᠠᠯᠪᠢᠨ ᠰᠠᠬᠢᠯᠭ᠎ᠠ ᠪᠠᠲᠤ ᠵᠢ ᠰᠤᠷᠤᠯᠴᠠᠬᠤ ᠲᠤᠮᠳᠠ ᠪᠠᠨ ᠨᠠᠮᠴᠢ ᠴᠢᠨᠠᠷ ᠶ᠋ᠢᠡᠨ ᠳᠠᠪᠲᠠᠨ ᠪᠣᠯᠪᠠᠰᠤᠷᠠᠭᠤᠯᠵᠤ᠂ ᠰᠠᠬᠢᠯᠭ᠎ᠠ ᠪᠠᠲᠤ ᠵᠢ ᠵᠥᠪ ᠣᠢᠯᠠᠭᠠᠬᠤ ᠲᠤᠮᠳᠠ ᠪᠠᠨ ᠦᠭᠡ ᠶᠠᠷᠢᠶ᠎ᠠ ᠦᠢᠯᠡ ᠠᠵᠢᠯᠯᠠᠭ᠎ᠠᠪᠠᠨ ᠵᠠᠯᠠᠷᠠᠭᠤᠯᠵᠤ᠂ ᠰᠠᠬᠢᠯᠭ᠎ᠠ ᠪᠠᠲᠤ ᠵᠢ ᠲᠣᠳᠣᠷᠬᠠᠢ ᠲᠣᠭ᠍ᠲᠠᠭᠠᠬᠤ ᠳᠤᠮᠳᠠ ᠪᠠᠨ ᠥᠪᠡᠷ ᠢ᠋ᠪᠡᠨ ᠰᠡᠷᠡᠮᠵᠢᠯᠡᠭᠦᠯᠵᠦ᠍ ᠥᠪᠡᠷ ᠢ᠋ᠪᠡᠨ ᠲᠤᠩᠭᠠᠵᠤ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠳᠤᠮᠳᠠ ᠪᠠᠨ ᠡᠷᠡᠮᠡᠬᠡᠢᠯᠡᠨ ᠠᠵᠢᠯᠯᠠᠵᠤ᠂ ᠨᠠᠮ ᠤ᠋ᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠢ ᠦᠨᠡᠨ ᠬᠦ᠌ ᠨᠢᠭᠡᠳᠦᠮᠡᠯ ᠹᠷᠣᠨᠲ ᠤ᠋ᠨ ᠠᠵᠢᠯ ᠤ᠋ᠨ ᠡᠭᠦᠷᠭᠡ ᠵᠢ ᠨᠠᠢᠳᠠᠪᠤᠷᠢᠵᠢᠭᠤᠯᠬᠤ ᠵᠢ ᠴᠢᠨᠠᠷ ᠰᠠᠢᠲᠠᠢ ᠰᠠᠢᠲᠤᠷ ᠠᠳᠭᠤᠬᠤ ᠪᠦᠬᠦ᠌ ᠶᠠᠪᠤᠴᠠ᠂ ᠡᠯ᠎ᠡ ᠲᠠᠯ᠎ᠠ ᠳ᠋ᠦ ᠢᠯᠡᠷᠡᠭᠦᠯᠵᠦ᠍᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢᠵᠢ ᠰᠡᠳᠭᠢᠯ ᠨᠢᠭᠡᠳᠤᠨ ᠬᠦᠴᠦ᠍ ᠪᠡᠨ ᠬᠠᠮᠲᠤᠳᠭᠠᠵᠤ ᠥᠪᠡᠷᠲᠡᠭᠡᠨ ᠵᠠᠰᠠᠬᠤ ᠣᠷᠣᠨᠤ᠋ ᠬᠣᠶᠠᠷ ᠶᠡᠬᠡ ᠶᠠᠪᠤᠳᠠᠯᠢ ᠰᠠᠢᠳᠤᠷ ᠬᠢᠬᠦᠳᠤ ᠤᠢᠯᠠᠴᠢᠯᠠᠨ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ ᠳ᠋ᠦ ᠣᠷᠣᠬᠤ ᠬᠠᠷᠠᠯᠲᠠ ᠵᠢ ᠪᠡᠶᠡᠯᠡᠭᠦᠯᠬᠦ᠌ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠪᠠ᠃
ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮᠤᠨ ᠬᠢᠨ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ ᠬᠢᠬᠦ᠌᠂ ᠲᠤᠰᠭᠠᠶ ᠰᠡᠳᠦᠪᠲᠦ ᠲᠠᠢᠯᠤᠮᠵᠢ ᠡᠷᠬᠢᠯᠡᠬᠦ᠂ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠲᠠᠪᠤᠨ ᠰᠤᠷᠤᠯᠴᠠᠯᠭ᠎ᠠ ᠪᠡᠷ ᠬᠣᠯᠪᠣᠭᠠᠯᠠᠨ ᠬᠥᠳᠡᠯᠦᠯᠴᠡᠬᠦ᠌ ᠠᠷᠭ᠎ᠠ ᠬᠡᠯᠪᠡᠷᠢᠪᠡᠷ ᠳᠠᠮᠵᠢᠭᠤᠯᠤᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠪᠠ᠃ ᠨᠠᠮ ᠤ᠋ᠨ ᠭᠡᠱᠢᠭᠦᠨ ᠺᠠᠳ᠋ᠷᠴᠤᠳ ᠶᠡᠷᠦᠩᠬᠡᠶ ᠱᠦᠵᠢ ᠰᠢ ᠵᠢᠨ ᠫᠢᠩ ᠤ᠋ᠨ ᠨᠠᠮ ᠤ᠋ᠨ ᠰᠠᠬᠢᠯᠭ᠎ᠠ ᠪᠠᠲᠤ ᠶ᠋ᠢᠨ ᠪᠠᠢᠭᠤᠯᠤᠯᠲᠠ ᠵᠢ ᠪᠥᠬᠥ᠌ ᠲᠠᠯ᠎ᠠ ᠪᠡᠷ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ ᠵᠢ ᠲᠥᠪᠯᠡᠷᠡᠭᠦᠯᠦᠨ ᠰᠤᠷᠤᠯᠴᠠᠵᠤ᠂ 《ᠲᠦᠷᠢᠮ》 ᠢ᠋ ᠲᠡᠷᠡ ᠬᠡᠪ ᠶ᠋ᠢᠡᠷᠨᠢ ᠰᠤᠷᠤᠯᠴᠠᠵᠤ᠂ ᠠᠵᠢᠯ ᠤ᠋ᠨ ᠪᠣᠳᠠᠲᠠᠶᠲᠠᠶ ᠪᠠᠨ ᠤᠶᠠᠯᠳᠤᠭᠤᠯᠤᠨ᠂ ᠭᠤᠤᠯ ᠰᠡᠳᠦᠪᠲᠦ ᠬᠥᠮᠦᠵᠢᠯ ᠤ᠋ᠨ ᠦᠷ᠎ᠡ ᠪᠦᠲᠦᠮᠵᠢᠵᠢ ᠪᠡᠬᠢᠵᠢᠭᠦᠯᠦᠨ ᠥᠷᠭᠡᠳᠭᠡᠵᠦ᠍᠂ 《ᠺᠠᠳ᠋ᠷ ᠤ᠋ᠨ ᠡᠩᠨᠡᠭᠡ ᠶ᠋ᠢᠨ ᠬᠥᠮᠦᠵᠢᠯ ᠢ᠋ ᠭᠦᠨᠵᠡᠭᠡᠢᠷᠡᠭᠦᠯᠬᠦ᠌ ᠪᠠ ᠠᠵᠢᠯ ᠤ᠋ᠨ ᠰᠤᠷᠲᠠᠯ ᠢ᠋ ᠴᠡᠭ᠌ᠴᠡᠯᠡᠬᠦ᠌》 ᠲᠤᠰᠭᠠᠶ ᠠᠵᠢᠯᠯᠠᠭ᠎ᠠ ᠵᠡᠷᠭᠡ ᠵᠢ ᠭᠦᠨᠵᠡᠭᠡᠢ ᠦᠷᠨᠢᠬᠦᠯᠤᠨ᠂ ᠦᠵᠡᠯ ᠰᠠᠨᠠᠭ᠎ᠠ ᠲᠠᠨᠢᠯᠲᠠᠪᠠᠨ ᠳᠡᠭᠡᠭ᠌ᠰᠢᠯᠡᠭᠦᠯᠪᠡ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮᠤᠨ ᠬᠢᠨ ᠨᠠᠮ ᠤ᠋ᠨ ᠭᠡᠱᠢᠭᠦᠨ ᠺᠠᠳ᠋ᠷᠴᠤᠳᠵᠢᠡᠨ ᠵᠣᠬᠢᠶᠠᠨ ᠪᠠᠢᠭᠤᠯᠵᠤ ᠬᠥᠬᠡᠬᠣᠲᠠ ᠶ᠋ᠢᠨ ᠭᠤᠷᠪᠠᠳᠤᠭᠠᠷ ᠭᠢᠨᠳᠠᠨ ᠳ᠋ᠦ ᠬᠦᠷᠴᠦ᠍ ᠰᠡᠷᠡᠮᠵᠢᠯᠡᠭᠦᠯᠬᠦ᠌ ᠬᠥᠮᠦᠵᠢᠯ ᠤ᠋ᠨ ᠠᠵᠢᠯᠯᠠᠭ᠎ᠠ ᠥᠷᠨᠢᠭᠦᠯᠪᠠ; ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ ᠢ᠋ ᠤᠷᠢᠵᠤ 《ᠲᠦᠷᠢᠮ》 ᠢ᠋ ᠪᠦᠯᠦᠭ ᠵᠤᠷᠪᠤᠰ ᠳᠠᠷᠠᠭᠠᠯᠠᠨ ᠭᠦᠨᠵᠡᠭᠡᠶ ᠲᠠᠢᠯᠪᠤᠷᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠨᠠᠮ ᠤ᠋ᠨ ᠥᠪᠡᠷ ᠤ᠋ᠨ ᠪᠡᠶᠡᠳᠡᠭᠡᠨ ᠬᠤᠪᠢᠰᠭᠠᠯ ᠬᠢᠬᠦ᠌ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠣᠢᠯᠠᠭᠠᠬᠤ ᠶ᠋ᠢᠨ ᠲᠣᠭᠣᠷᠢᠨ ᠳ᠋ᠦ 《ᠵᠢᠷᠭᠤᠭᠠᠨ ᠵᠦᠶ᠋ᠯ ᠤ᠋ᠨ ᠰᠠᠬᠢᠯᠭ᠎ᠠ ᠪᠠᠲᠤ》 ᠶ᠋ᠢᠨ ᠲᠣᠭᠣᠷᠢᠨ ᠳ᠋ᠦ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠢᠯᠠᠪᠠ᠃
ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮᠤᠨ ᠬᠢᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠲᠠᠰᠤᠷᠠᠯᠲᠠ ᠥᠬᠡᠶ ᠴᠢᠡᠭᠭᠠᠳᠭᠠᠵᠤ ᠪᠤᠢ᠃ ᠲᠣᠰ ᠲᠢᠩᠬᠢᠮᠤᠨ ᠬᠢᠨ ᠨᠣᠮ ᠤᠩᠱᠢᠬᠤ ᠠᠩᠭᠢ ᠡᠷᠭᠢᠯᠡᠬᠦ᠌᠂ ᠲᠤᠰᠭᠠᠶ ᠰᠡᠳᠦᠪ ᠶ᠋ᠢᠡᠷ ᠬᠠᠪᠰᠤᠷᠤᠨ ᠵᠢᠯᠣᠭᠣᠳᠭᠤ᠂ ᠲᠤᠰᠭᠠᠶ ᠮᠡᠷᠭᠡᠵᠢᠯᠲᠡᠨ ᠤ᠋ ᠲᠠᠢᠯᠤᠮᠵᠢ ᠡᠷᠬᠢᠯᠡᠬᠦ᠂ ᠵᠠᠯᠠᠭᠤᠴᠤᠳ ᠤ᠋ᠨ ᠣᠨᠣᠯ ᠤ᠋ᠨ ᠳᠤᠭᠤᠢᠯᠠᠩ ᠤ᠋ᠨ ᠰᠤᠷᠤᠯᠴᠠᠯᠭ᠎ᠠ ᠬᠢᠬᠦ᠌᠂ ᠲᠥᠪᠯᠡᠷᠡᠭᠦᠯᠦᠨ ᠰᠡᠷᠡᠮᠵᠢᠯᠡᠭᠦᠯᠬᠦ᠌ ᠬᠥᠮᠦᠵᠢᠯ ᠬᠢᠬᠦ᠌ ᠵᠡᠷᠭᠡ ᠠᠷᠭ᠎ᠠ ᠬᠡᠯᠪᠡᠷᠢᠪᠡᠷ ᠳᠠᠮᠵᠢᠭᠤᠯᠤᠨ ᠨᠠᠮ ᠤ᠋ᠨ ᠭᠡᠱᠢᠭᠦᠨ ᠺᠠᠳ᠋ᠷᠴᠤᠳ ᠢ᠋ ᠬᠥᠮᠦᠵᠢᠭᠦᠯᠦᠨ ᠵᠢᠯᠣᠭᠣᠳᠴᠤ᠌ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠪᠥᠬᠥ᠌ ᠶᠠᠪᠤᠴᠠ ᠶ᠋ᠢᠨ ᠡᠯ᠎ᠡ ᠲᠠᠯ᠎ᠠ ᠳ᠋ᠦ ᠦᠨᠡᠨ ᠬᠦ᠌ ᠠᠭᠤᠰᠤᠯᠴᠠᠭᠤᠯᠵᠤ᠂ ᠰᠠᠬᠢᠯᠭ᠎ᠠ ᠪᠠᠲᠤ ᠪᠠ ᠶᠣᠰᠣ ᠲᠦᠷᠢᠮ ᠢ᠋ ᠰᠡᠳᠭᠢᠯᠳᠡᠭᠡᠨ ᠬᠠᠳᠠᠩᠱᠢᠭᠤᠯᠵᠤ᠂ ᠦᠶ᠋ᠯᠡ ᠠᠵᠢᠯᠯᠠᠭᠠᠳᠠᠭᠠᠨ ᠨᠠᠢᠳᠠᠪᠤᠷᠢᠵᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠬᠠᠷᠢᠭᠤᠴᠠᠯᠭᠠᠲᠠᠨ ᠶᠠᠩ ᠯᠢᠨ ᠯᠢᠨ᠄《ᠪᠢᠳᠡ ᠲᠤᠰᠭᠠᠶ ᠰᠡᠳᠦᠪ ᠶ᠋ᠢᠡᠷ ᠬᠠᠪᠰᠤᠷᠤᠨ ᠵᠢᠯᠣᠭᠣᠳᠭᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠶᠠᠷᠢᠯᠴᠠᠨ ᠰᠣᠯᠢᠯᠴᠠᠬᠤ ᠵᠡᠷᠭᠡ ᠰᠤᠷᠤᠯᠴᠠᠬᠤ ᠠᠷᠭ᠎ᠠ ᠬᠡᠯᠪᠡᠷᠢᠪᠡᠷ ᠳᠠᠮᠵᠢᠭᠤᠯᠤᠨ ᠰᠠᠬᠢᠯᠭ᠎ᠠ ᠪᠠᠲᠤ ᠶ᠋ᠢᠨ ᠤᠬᠠᠮᠰᠠᠷ ᠶ᠋ᠢᠡᠨ ᠪᠦᠲᠦᠮᠵᠢᠲᠡᠶ ᠴᠢᠡᠭᠭᠠᠳᠬᠠᠨ᠂ ᠨᠠᠮᠴᠢ ᠴᠢᠨᠠᠷ ᠤ᠋ᠨ ᠪᠣᠯᠪᠠᠰᠤᠷᠠᠯ ᠶ᠋ᠢᠡᠨ ᠴᠢᠡᠭᠭᠠᠳᠬᠠᠵᠤ᠂ ᠰᠠᠬᠢᠯᠭ᠎ᠠ ᠪᠠᠲᠤ ᠬᠡᠷᠡᠭ᠌ᠵᠢᠭᠦᠯᠬᠦ᠌ ᠴᠢᠳᠠᠪᠤᠷᠢᠪᠠᠨ ᠲᠡᠭᠡᠭᠰᠢᠯᠡᠬᠦᠯᠪᠠ᠃ ᠲᠠᠷᠠᠭᠠᠴᠢ ᠪᠠᠷ ᠪᠢ ᠰᠤᠷᠤᠭ᠍ᠰᠠᠨ ᠵᠦᠢᠯᠡᠰᠵᠢᠡᠨ ᠦᠨᠡᠨ ᠬᠦ᠌ ᠠᠵᠢᠯ ᠶ᠋ᠢᠡᠨ ᠠᠬᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠭᠣᠨ ᠢ᠋ ᠪᠦᠬᠦ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠵᠢ ᠬᠦᠴᠦᠲᠡᠢ ᠠᠬᠢᠭᠤᠯᠬᠤ ᠪᠠ ᠲᠠᠷᠢᠶᠠᠯᠠᠩ ᠮᠠᠯ ᠠᠵᠤ ᠠᠬᠤᠢ ᠶ᠋ᠢᠨ ᠬᠦᠴᠦᠷᠬᠡᠭ ᠣᠷᠣᠨ ᠢ᠋ ᠲᠦᠷᠭᠡᠳᠭᠡᠨ ᠪᠠᠢᠭᠤᠯᠬᠤ ᠳ᠋ᠦ ᠥᠪᠡᠷ ᠤ᠋ᠨ ᠬᠦᠴᠦᠨ ᠴᠢᠳᠠᠯ ᠶ᠋ᠢᠡᠨ ᠡᠷᠭᠦᠨ᠎ᠡ》 ᠭᠡᠯ᠎ᠠ᠃
ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠡᠯ᠎ᠡ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠᠵᠢᠨ ᠬᠢᠨ ᠬᠠᠷᠠᠯᠲᠠ ᠱᠠᠭᠠᠷᠳᠠᠯᠭ᠎ᠠ ᠵᠢ ᠣᠨᠣᠪᠴᠢᠲᠠᠶ ᠡᠵᠡᠮᠳᠡᠵᠦ᠍᠂ ᠠᠵᠢᠯ ᠤ᠋ᠨ ᠪᠣᠳᠠᠲᠠᠶᠲᠠᠶᠪᠠᠨ ᠤᠶᠠᠯᠳᠤᠭᠤᠯᠤᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠨᠠᠷᠢᠨ ᠨᠢᠮᠪᠠᠶ ᠵᠣᠬᠢᠶᠠᠨ ᠪᠠᠢᠭᠤᠯᠤᠨ ᠥᠷᠨᠢᠭᠦᠯᠵᠦ᠍᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠢ᠋ ᠬᠥᠲᠥᠯᠥᠨ ᠵᠢᠯᠣᠭᠣᠳᠴᠤ᠌ ᠰᠠᠬᠢᠯᠭ᠎ᠠ ᠪᠠᠲᠤ ᠵᠢ ᠰᠤᠷᠤᠯᠴᠠᠭᠤᠯᠤᠨ᠂ ᠰᠠᠬᠢᠯᠭ᠎ᠠ ᠪᠠᠲᠤ ᠵᠢ ᠤᠢᠯᠠᠭᠠᠭᠤᠯᠤᠨ᠂ ᠰᠠᠬᠢᠯᠭ᠎ᠠ ᠪᠠᠲᠤ ᠵᠢ ᠵᠢᠷᠤᠮᠯᠠᠭᠤᠯᠪᠠ᠃ 4 ᠰᠠᠷ᠎ᠠ ᠶ᠋ᠢᠨ 23 ᠤ᠋ ᠡᠳᠦᠷᠡᠴᠡ 24 ᠤ᠋ ᠡᠳᠦᠷ ᠪᠣᠯᠲᠠᠯ᠎ᠠ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠲᠤᠰᠭᠠᠶ ᠰᠡᠳᠦᠪᠲᠦ ᠨᠣᠮ ᠤᠩᠱᠢᠬᠤ ᠠᠩᠭᠢ ᠵᠢᠴᠢ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ) ᠤ᠋ᠨ ᠰᠤᠷᠤᠯᠴᠠᠯᠭ᠎ᠠ ᠶ᠋ᠢᠨ ᠬᠤᠷᠠᠯ ᠢ᠋ ᠬᠤᠷᠠᠯᠳᠤᠭᠤᠯᠪᠠ; 4 ᠰᠠᠷ᠎ᠠ ᠶ᠋ᠢᠨ 28 ᠤ᠋ ᠡᠳᠦᠷ᠂ ᠨᠠᠮ ᠤ᠋ᠨ ᠠᠵᠢᠯ ᠪᠠ ᠰᠠᠬᠢᠯᠭ᠎ᠠ ᠪᠠᠲᠤ ᠪᠠᠢᠴᠠᠭᠠᠬᠤ ᠺᠠᠳ᠋ᠷ ᠤ᠋ᠨ ᠪᠣᠯᠪᠠᠰᠤᠷᠠᠯ ᠤ᠋ᠨ ᠠᠩᠭᠢ ᠡᠷᠭᠢᠯᠡᠪᠡ; 5 ᠰᠠᠷ᠎ᠠ ᠶ᠋ᠢᠨ 10 ᠤ᠋ ᠡᠳᠦᠷ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠬᠣᠶᠠᠳᠤᠭᠠᠷ ᠤᠳᠠᠭᠠᠨ ᠤ᠋ ᠲᠥᠪᠯᠡᠷᠡᠩᠭᠦᠶ ᠰᠤᠷᠤᠯᠴᠠᠯᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠲᠤᠰᠭᠠᠶ ᠰᠡᠳᠦᠪ ᠶ᠋ᠢᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ ᠨᠠᠮ ᠤ᠋ᠨ ᠭᠡᠱᠢᠭᠦᠨ ᠺᠠᠳ᠋ᠷᠴᠤᠳ 《ᠲᠦᠷᠢᠮ》 ᠢ᠋ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃ 《ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠶ᠋ᠢᠡᠷ ᠳᠠᠮᠵᠢᠭᠤᠯᠤᠨ ᠰᠠᠬᠢᠯᠭ᠎ᠠ ᠪᠠᠲᠤ ᠶ᠋ᠢᠨ ᠲᠣᠭ᠍ᠲᠠᠭᠠᠯ ᠢ᠋ ᠤᠯᠠᠮ ᠴᠢᠨᠠᠭ᠍ᠰᠢᠳᠠ ᠲᠣᠳᠣᠷᠬᠠᠢᠯᠠᠵᠤ᠂ ᠰᠠᠬᠢᠯᠭ᠎ᠠ ᠪᠠᠲᠤ ᠶ᠋ᠢᠨ ᠤᠬᠠᠮᠰᠠᠷ ᠢ᠋ ᠴᠢᠩᠭᠠᠳᠭᠠᠵᠤ᠂ ᠥᠪᠡᠷ ᠢ᠋ᠪᠡᠨ ᠬᠢᠵᠠᠭᠠᠷᠯᠠᠬᠤ ᠵᠢ ᠴᠢᠩᠭᠠᠳᠭᠠᠪᠠ》 ᠭᠡᠵᠦ᠍ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠠᠵᠢᠯᠲᠠᠨ ᠤ᠋ ᠶᠠᠪᠤᠳᠠᠯ ᠤ᠋ᠨ ᠭᠠᠵᠠᠷ ᠤ᠋ᠨ ᠳᠠᠷᠤᠭ᠎ᠠ ᠱᠢᠤᠸᠠᠢ ᠷᠦ᠋ ᠬᠡᠯᠡᠨ᠎ᠡ᠃
ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯᠤᠨ ᠬᠢᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ 17 ᠵᠤᠷᠪᠤᠰ ᠪᠣᠳᠠᠲᠠᠢ ᠡᠭᠦᠷᠭᠡ ᠵᠢ ᠲᠣᠳᠣᠷᠬᠠᠢᠯᠠᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠪᠣᠯᠤᠨ ᠨᠠᠮ ᠤ᠋ᠨ ᠲᠥᠪ ᠬᠣᠷᠢᠶᠠᠨ ᠤ᠋ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨᠤ᠋ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ᠳᠤ ᠦᠢᠯᠡᠴᠢᠯᠡᠬᠦ ᠵᠢᠴᠢ ᠳᠤᠮᠳᠠᠳᠤ ᠶ᠋ᠢᠨ ᠪᠦᠬᠦ᠌ ᠤᠯᠤᠰ ᠤ᠋ᠨ ᠠᠵᠢᠯᠴᠢᠨ ᠤ᠋ ᠶᠡᠷᠦᠩᠬᠡᠢ ᠡᠪᠯᠡᠯ ᠤ᠋ᠨ 《559》 ᠠᠵᠢᠯ ᠤ᠋ᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠵᠡᠷᠭᠡ ᠵᠢ ᠤᠶᠠᠯᠳᠤᠭᠤᠯᠵᠤ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠪᠣᠯᠤᠨ ᠠᠵᠢᠯᠴᠢᠨ ᠤ᠋ ᠡᠪᠯᠡᠯ ᠤ᠋ᠨ ᠠᠵᠢᠯ ᠢ᠋ ᠬᠠᠷᠢᠯᠴᠠᠨ ᠬᠠᠮᠲᠤ ᠪᠡᠷ ᠠᠬᠢᠭᠤᠯᠵᠤ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠠᠵᠢᠯ ᠤ᠋ᠨ ᠭᠦᠨᠵᠡᠭᠡᠢᠷᠡᠨ ᠬᠥᠭ᠌ᠵᠢᠬᠦ᠌ ᠵᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠨᠣᠮ ᠤᠩᠱᠢᠬᠤ ᠠᠩᠭᠢ ᠡᠷᠭᠢᠯᠡᠬᠦ᠌ᠪᠡᠷ ᠳᠠᠮᠵᠢᠭᠤᠯᠤᠨ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ ᠤ᠋ᠨ ᠹᠢᠯᠢᠮ ᠦᠵᠡᠬᠦ᠂ ᠲᠤᠰᠭᠠᠶ ᠰᠡᠳᠦᠪᠲᠦ ᠲᠠᠢᠯᠤᠮᠵᠢ ᠡᠷᠬᠢᠯᠡᠬᠦ᠂ ᠣᠨᠣᠯ ᠰᠤᠷᠤᠯᠴᠠᠬᠤ ᠭᠤᠤᠯ ᠳᠤᠭᠤᠢᠯᠠᠩ ᠤ᠋ᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠵᠢ ᠠᠪᠴᠤ᠌᠂ 《ᠳᠥᠷᠪᠡᠨ ᠰᠤᠷᠤᠯᠴᠠᠯᠭ᠎ᠠ ᠬᠣᠯᠪᠣᠭᠠᠯᠠᠨ ᠬᠥᠳᠡᠯᠦᠯᠴᠡᠬᠦ᠌》 ᠲᠣᠭ᠍ᠲᠠᠴᠠ ᠵᠢ ᠬᠡᠷᠡᠭ᠌ᠯᠡᠨ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠥᠨᠳᠥᠷ ᠪᠠᠷᠢᠮᠵᠢᠶ᠎ᠠ ᠪᠡᠷ ᠦᠷᠨᠢᠭᠦᠯᠵᠦ᠂ ᠴᠢᠨᠠᠷ ᠰᠠᠢᠲᠠᠶ ᠠᠬᠢᠭᠤᠯᠤᠨ᠂ ᠨᠠᠮ ᠤ᠋ᠨ ᠭᠡᠱᠢᠭᠦᠨ ᠺᠠᠳ᠋ᠷᠴᠤᠳ ᠢ᠋ ᠬᠠᠪᠰᠤᠷᠤᠨ 《ᠲᠦᠷᠢᠮ》 ᠤ᠋ᠨ ᠭᠤᠤᠯ ᠵᠣᠷᠢᠯᠲᠠ ᠪᠠ ᠦᠶ᠋ᠯᠡᠳᠦᠯᠭᠡ ᠶ᠋ᠢᠨ ᠱᠠᠭᠠᠷᠳᠠᠯᠭ᠎ᠠ ᠵᠢ ᠣᠨᠣᠪᠴᠢᠲᠠᠶ ᠡᠵᠡᠮᠱᠢᠭᠦᠯᠵᠦ᠍᠂ ᠰᠠᠬᠢᠯᠭ᠎ᠠ ᠪᠠᠲᠤ ᠶ᠋ᠢᠨ ᠤᠬᠠᠮᠰᠠᠷ ᠢ᠋ ᠤᠯᠠᠮ ᠨᠢᠭᠡ ᠠᠯᠬᠤᠮ ᠴᠢᠩᠭᠠᠷᠠᠭᠤᠯᠤᠨ᠂ ᠥᠪᠡᠷ ᠢ᠋ᠪᠡᠨ ᠬᠢᠵᠠᠭᠠᠷᠯᠠᠬᠤ ᠵᠢ ᠴᠢᠩᠭᠠᠳᠭᠠᠵᠤ᠂ ᠠᠵᠢᠯ ᠬᠢᠵᠦ᠍ ᠦᠶ᠋ᠯᠡᠰ ᠪᠤᠰᠬᠠᠬᠤ ᠡᠷᠴᠢ ᠵᠤᠷᠢᠭᠢ ᠬᠦᠪᠴᠢᠯᠡᠵᠤ ᠬᠦᠴᠤᠨ ᠴᠢᠳᠠᠯᠢ ᠨᠢᠭ᠍ᠲᠠᠷᠠᠭᠤᠯᠤᠨ᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠷ᠎ᠡ ᠪᠦᠲᠦᠮᠵᠢ ᠵᠢ ᠠᠵᠢᠯᠴᠢᠨ ᠤ᠋ ᠡᠪᠯᠡᠯ ᠤ᠋ᠨ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠵᠦ ᠪᠤᠢ᠃