ᠮᠠᠨ᠎ᠤ ᠣᠷᠣᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠰᠡᠳᠭᠢᠯ᠎ᠳᠤ ᠬᠠᠳᠠᠩᠱᠢᠭᠤᠯᠤᠨ ᠦᠷ᠎ᠡ ᠪᠦᠲᠦᠮᠵᠢ ᠤᠯᠬᠤ᠎ᠵᠢ ᠯᠠᠪᠳᠠᠭᠤᠨ ᠪᠠᠲᠤᠲᠠᠢ ᠠᠬᠢᠭᠤᠯᠵᠦ ᠪᠠᠢᠨ᠎ᠠ
2024-05-30 13:11:16
ᠵᠣᠬᠢᠶᠠᠭ᠍ᠴᠢ᠄
ᠰᠦᠩ ᠱᠤᠸᠠᠩ ᠵᠧᠩ ᠱᠢᠤᠸᠠᠢ ᠯᠢᠶᠠᠩ ᠬᠤᠤ ᠪᠢᠶᠤᠤ ᠬᠤᠤ ᠵᠢᠶᠠ ᠯᠢ ᠠᠨᠢᠷ ᠵᠤᠤ ᠰᠢ
ᠣᠩᠱᠢᠭ᠍ᠰᠠᠨ ᠣᠳᠠᠭ᠎ᠠ᠄
★★★☆☆

 ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠶ᠋ᠢ ᠠᠳᠭᠤᠵᠤ᠂ ᠰᠤᠷᠤᠯᠴᠠᠯᠭ᠎ᠠ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠪᠠ᠁ ᠤᠢ᠍ᠢᠷ᠎ᠠ᠎ᠶ᠋ᠢᠨ ᠡᠳᠦᠷ᠎ᠦᠳ᠎ᠲᠦ᠍᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠨᠢᠭᠡᠴᠢ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠵᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠰᠠᠬᠢᠯᠭ᠎ᠠ ᠪᠠᠲᠤ᠎ᠶ᠋ᠢᠨ ᠤᠬᠠᠮᠰᠠᠷ ᠪᠣᠯᠤᠨ ᠶᠣᠰᠣ ᠲᠦᠷᠢᠮ᠎ᠦᠨ ᠤᠬᠠᠮᠰᠠᠷ᠎ᠢᠶᠠᠨ ᠴᠢᠩᠭᠠᠳᠭᠠᠵᠤ ᠂ ᠢᠮᠠᠭ᠍ᠲᠠ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠪᠡᠷ ᠴᠢᠷᠮᠠᠢᠵᠦ ᠪᠠᠢᠨ᠎ᠠ᠃

ᠬᠥᠬᠡᠬᠣᠲᠠ᠎ᠶ᠋ᠢᠨ ᠬᠢᠨ ᠰᠤᠷᠤᠯᠴᠠᠯᠭ᠎ᠠ᠎ᠪᠠᠷ ᠠᠵᠢᠯᠯᠠᠬᠤ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠠᠯ᠎ᠠ᠎ᠪᠠᠷ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠭᠦᠨᠵᠡᠭᠡᠢ ᠠᠬᠢᠭᠤᠯᠵᠦ ᠪᠠᠢᠨ᠎ᠠ᠃ ᠪᠦᠬᠦ᠌ ᠬᠤᠳᠠ᠎ᠶ᠋ᠢᠨ ᠵᠠᠯᠠᠭᠤ ᠺᠠᠳ᠋ᠷᠴᠤᠳ᠎ᠤᠨ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ ᠶᠠᠷᠢᠯᠴᠠᠬᠤ ᠬᠤᠷᠠᠯ ᠎ᠢ ᠬᠤᠷᠠᠯᠳᠤᠭᠤᠯᠵᠤ᠂ ᠵᠠᠯᠠᠭᠤ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠠᠬᠢᠭᠤᠯᠵᠤ᠂ ᠨᠡᠩ ᠰᠠᠢ᠌ᠳᠤᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠵᠤ᠂ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢ ᠠᠬᠢᠭᠤᠯᠵᠦ ᠪᠠᠢᠨ᠎ᠠ᠃ ᠰᠤᠷᠲᠠᠯ᠎ᠢ ᠴᠡᠭ᠌ᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠠᠵᠤ ᠠᠬᠤᠢ ᠨᠡᠢᠭᠡᠮ᠎ᠦᠨ ᠬᠥᠭ᠌ᠵᠢᠯᠲᠡ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠦᠢᠯᠡᠴᠢᠯᠡᠬᠦ᠌ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠠᠵᠢᠯ ᠬᠢᠬᠦ᠌ ᠦᠭᠡᠢ᠂ ᠳᠤᠷ᠎ᠠ᠎ᠪᠠᠷ᠎ᠢᠶᠠᠨ ᠦᠢᠯᠡᠳᠬᠦ᠂ ᠬᠠᠭᠤᠷᠮᠠᠭ᠎ᠢᠶᠠᠷ ᠦᠢᠯᠡᠳᠬᠦ᠌ ᠵᠢᠴᠢ ᠤᠯᠠᠨ ᠲᠦᠮᠡᠨ᠎ᠲᠡᠶ ᠬᠠᠷᠢᠯᠴᠠᠬᠤ ᠪᠠ ᠤᠯᠠᠨ ᠲᠦᠮᠡᠨ᠎ᠳᠦ ᠦᠢᠯᠡᠴᠢᠯᠡᠬᠦ᠌ ᠳᠤᠮᠳᠠ ᠨᠠᠵᠠᠭᠠᠢ᠎ᠪᠠᠷ ᠠᠷᠭᠠᠴᠡᠭᠠᠬᠤ᠂ ᠬᠦᠢᠲᠡᠮᠰᠦᠭ ᠬᠠᠨᠳᠤᠬᠤ᠂ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ᠎ᠢ ᠪᠠᠢᠴᠠᠭᠠᠨ ᠱᠢᠢᠳᠪᠦᠷᠢᠯᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠶ᠋ᠢ ᠨᠠᠮ᠎ᠤᠨ ᠭᠡᠱᠢᠭᠦᠨ ᠺᠠᠳ᠋ᠷᠴᠤᠳ᠎ᠤᠨ ᠨᠠᠮᠴᠢ ᠴᠢᠨᠠᠷ᠎ᠢᠶᠠᠨ ᠴᠢᠩᠭᠠᠳᠭᠠᠬᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠰᠤᠷᠲᠠᠯ᠎ᠢᠶᠠᠨ ᠴᠢᠨᠭᠳᠠᠯᠠᠬᠤ  ᠶᠠᠪᠤᠴᠠ ᠪᠣᠯᠭᠠᠪᠠ᠃

ᠦᠬᠠᠢ ᠬᠤᠳᠠ᠎ᠶ᠋ᠢᠨ ᠬᠢᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠡᠯ᠎ᠡ ᠵᠦᠢᠯ᠎ᠦᠨ ᠡᠭᠦᠷᠭᠡ᠎ᠶ᠋ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠥᠰᠦᠯ᠎ᠢ ᠲᠣᠭ᠍ᠲᠠᠭᠠᠵᠤ᠂ ᠠᠵᠢᠯ᠎ᠤᠨ ᠡᠭᠦᠷᠭᠡ᠎ᠶ᠋ᠢ 6 ᠲᠠᠯ᠎ᠠ᠎ᠶ᠋ᠢᠨ 15 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠬ᠍ᠵᠢᠭᠤᠯᠵᠤ ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠳᠦ 《ᠴᠠᠭ᠎ᠤᠨ ᠬᠦᠰᠦᠨᠦᠭ᠌ᠲᠦ》 ᠵᠢᠭ᠍ᠰᠠᠭᠠᠵᠤ᠂ 《ᠵᠠᠮ ᠱᠤᠭᠤᠮ᠎ᠤᠨ ᠵᠢᠷᠤᠭ》 ᠎ᠢ᠋ ᠵᠢᠷᠤᠵᠤ ᠥᠭᠪᠡ᠃ ᠦᠬᠠᠢ ᠬᠤᠳᠠ᠎ᠶ᠋ᠢᠨ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠡᠭᠦᠷᠭᠡ᠎ᠶ᠋ᠢᠨ ᠨᠠᠷᠢᠨ ᠳᠠᠨᠭᠰᠠ᠎ᠪᠠᠢᠭᠤᠯᠤᠨ ᠪᠠᠭᠤᠯᠭᠠᠵᠤ᠂ ᠲᠦᠷᠦᠭᠦᠯᠡᠨ ᠬᠢᠬᠦ᠌ ᠰᠠᠯᠠᠭ᠎ᠠ ᠮᠥᠴᠢᠷ ᠂ ᠬᠠᠮᠵᠢᠯᠴᠠᠬᠤ ᠰᠠᠯᠠᠭ᠎ᠠ ᠮᠥᠴᠢᠷ ᠵᠢᠴᠢ ᠪᠣᠳᠠᠲᠠᠢ ᠴᠠᠭ᠎ᠤᠨ ᠳᠤᠬᠢᠷᠠᠭᠤᠯᠤᠯᠳᠠ᠎ᠶ᠋ᠢ ᠲᠣᠳᠣᠷᠬᠠᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠬᠠᠷᠠᠯᠲᠠ᠎ᠲᠠᠶ᠂ ᠬᠡᠷᠡᠭ᠌ᠵᠢᠭᠦᠯᠵᠦ᠍ ᠪᠣᠯᠬᠤ᠂ ᠨᠠᠢᠳᠠᠪᠤᠷᠢᠵᠢᠭᠤᠯᠬᠤ᠎ᠳᠤ ᠠᠮᠠᠷ᠂ ᠬᠢᠨᠠᠯᠲᠠ ᠲᠠᠯᠪᠢᠬᠤ᠎ᠳᠤ ᠲᠦᠬᠦᠮ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠬᠠᠸ᠋ᠯᠢ ᠴᠠᠭᠠᠵᠠ᠎ᠶ᠋ᠢᠨ ᠲᠢᠩᠬᠢᠮ᠎ᠡᠴᠡ ᠱᠢᠭᠤᠳ ᠬᠠᠷᠢᠶ᠎ᠠ ᠬᠠᠸ᠋ᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭᠠᠲᠤ ᠨᠢᠭᠡᠴᠢ᠂ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠳᠣᠷᠬᠠᠢᠯᠠᠪᠠ᠃ ᠲᠢᠩᠬᠢᠮ᠎ᠦᠨ ᠨᠠᠮ᠎ᠤᠨ ᠬᠣᠷᠢᠶ᠎ᠠ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠪᠠ ᠲᠤᠰᠭᠠᠢ ᠰᠡᠳᠦᠪᠲᠦ ᠲᠠᠢᠯᠤᠮᠵᠢ ᠬᠢᠭ᠌ᠰᠡᠨ ᠪᠥᠭᠡᠳ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠬᠤ᠂ ᠰᠡᠷᠡᠮᠵᠢᠯᠡᠭᠦᠯᠬᠦ᠌ ᠬᠥᠮᠦᠵᠢᠯ᠎ᠦᠨ ᠰᠠᠭᠤᠷᠢᠨ᠎ᠢ ᠲᠣᠭᠣᠷᠢᠨ ᠦᠵᠡᠬᠦ᠂ ᠨᠠᠮ᠎ᠤᠨ ᠡᠭᠦᠷ᠎ᠦᠨ ᠲᠥᠪᠯᠡᠷᠡᠭᠦᠯᠦᠨ ᠰᠤᠷᠤᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠲᠤᠰᠭᠠᠢ ᠰᠡᠳᠦᠪᠲᠦ ᠰᠤᠷᠤᠯᠴᠠᠯᠭ᠎ᠠ᠎ᠶ᠋ᠢ ᠴᠢᠩᠭᠠᠳᠭᠠᠵᠤ᠂ ᠭᠦᠨᠵᠡᠭᠡᠢ ᠰᠤᠷᠤᠯᠴᠠᠵᠤ ᠦᠨᠡᠨ ᠬᠦ᠌ ᠣᠢᠯᠠᠭᠠᠬᠤ ᠳᠤᠮᠳᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠪᠠ᠃ ᠡᠭᠦᠨ᠎ᠦ ᠬᠠᠮᠲᠤ᠂ ᠲᠤᠰ ᠲᠢᠩᠬᠢᠮ ᠨᠢ 《ᠥᠪᠥᠷ ᠮᠣᠩᠭᠣᠯ᠎ᠤᠨ ᠠᠯᠠᠭᠠᠨ ᠳᠡᠭᠡᠷᠡᠬᠢ 12348 》 ᠪᠠ ᠵᠢᠷᠭᠢᠶ᠎ᠡ᠎ᠶᠢᠨ ᠤᠯᠠᠨ ᠨᠡᠢᠲᠡ᠎ᠶ᠋ᠢᠨ ᠲᠠᠪᠴᠠᠩ᠎ᠳᠤ ᠲᠦᠱᠢᠭ᠌ᠯᠡᠨ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠶ ᠪᠤᠯᠤᠩ ᠭᠠᠷᠭᠠᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ 》 ( ᠳᠣᠷᠣᠭ᠍ᠰᠢ 《ᠲᠦᠷᠢᠮ 》 ᠭᠡᠵᠦ᠍ ᠲᠣᠪᠴᠢᠯᠠᠨ᠎ᠠ ) ᠎ᠤ᠋ᠨ ᠠᠭᠤᠯᠭ᠎ᠠ᠎ᠶ᠋ᠢ ᠵᠤᠷᠪᠤᠰ ᠳᠠᠷᠠᠭᠠᠯᠠᠨ ᠨᠡᠢᠲᠡᠯᠡᠨ ᠲᠠᠢᠯᠪᠤᠷᠢᠯᠠᠵᠤ᠂ ᠨᠠᠮ᠎ᠤᠨ ᠭᠡᠱᠢᠭᠦᠨ᠎ᠦ ᠥᠪᠡᠷ᠎ᠢ᠎ᠪᠡᠨ ᠱᠠᠭᠠᠷᠳᠠᠬᠤ ᠤᠬᠠᠮᠰᠠᠷ᠎ᠢ ᠴᠢᠩᠭᠠᠳᠬᠠᠪᠠ᠃

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠦᠮᠦᠵᠢᠯ ᠡᠮᠬᠢ ᠵᠢᠷᠤᠮ ᠲᠠᠢ ᠶᠠᠪᠤᠭᠳᠠᠵᠦ ᠪᠤᠢ᠃ ᠪᠥᠬᠥ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠮᠠᠲ᠋ᠧᠷᠢᠶᠠᠯ᠎ᠢ ᠨᠠᠢᠷᠠᠭᠤᠯᠤᠨ ᠬᠡᠪᠯᠡᠭᠦᠯᠵᠦ᠍᠂ ᠪᠥᠬᠥ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠣᠬᠢᠷᠠᠭᠤᠯᠤᠯᠲᠠ ᠪᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠤᠭᠤᠴᠠᠭᠠᠨ᠎ᠳᠤ ᠰᠡᠷᠡᠮᠵᠢᠯᠡᠭᠦᠯᠬᠦ᠌ ᠬᠥᠮᠦᠵᠢᠯ᠎ᠢ ᠲᠥᠷᠥᠯ ᠬᠤᠪᠢᠶᠠᠨ ᠥᠷᠨᠢᠭᠦᠯᠬᠦ᠌ ᠠᠵᠢᠯ᠎ᠤᠨ ᠲᠣᠬᠢᠷᠠᠭᠤᠯᠤᠯᠲᠠ᠎ᠶ᠋ᠢ ᠲᠣᠭ᠍ᠲᠠᠭᠠᠵᠤ᠂ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠳᠠᠭᠠᠭᠤᠯᠤᠨ ᠰᠤᠷᠤᠯᠴᠠᠵᠤ᠂ ᠨᠠᠮ ᠎ᠤᠨ ᠡᠭᠦᠷ ᠭᠦᠨᠵᠡᠭᠡᠶ ᠰᠤᠷᠤᠯᠴᠠᠪᠠ᠃ ᠨᠣᠮ ᠤᠩᠱᠢᠬᠤ ᠠᠩᠭᠢ᠂ 《 ᠭᠤᠷᠪᠠᠨ ᠬᠤᠷᠠᠯ ᠨᠢᠭᠡ ᠬᠢᠴᠢᠶᠡᠯ 》 ᠡᠷᠭᠢᠯᠡᠬᠦ᠌ ᠂ 《 ᠲᠦᠷᠢᠮ 》 ᠎ᠢ᠋ ᠰᠤᠳᠤᠯᠤᠨ ᠶᠠᠷᠢᠯᠴᠠᠵᠤ ᠰᠣᠯᠢᠯᠴᠠᠬᠤ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠦᠨ ᠵᠢᠯᠣᠭᠣᠳᠴᠤ᠌ ᠪᠠᠢᠭᠠᠳ ᠤᠷᠢᠳ᠎ᠢᠶᠡᠷ ᠰᠤᠷᠤᠯᠴᠠᠭᠤᠯᠵᠤ᠂ ᠨᠡᠩ ᠭᠦᠨᠵᠡᠭᠡᠶ ᠰᠤᠷᠤᠯᠴᠠᠭᠤᠯᠵᠤ᠂ ᠢᠯᠡᠭᠦᠸ᠋ ᠰᠡᠷᠡᠮᠵᠢᠯᠡᠬᠥᠯᠪᠡ ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠤ ᠦᠢᠯᠡᠴᠢᠯᠡᠬᠦ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠢᠨᠵᠧᠨᠧᠷᠢᠩ》 ᠎ᠢ᠋ ᠠᠬᠢᠭᠤᠯᠬᠤ ᠪᠠ ᠪᠦᠬᠦ᠌ ᠲᠠᠯ᠎ᠠ᠎ᠪᠠᠷ ᠡᠪᠯᠡᠯ᠎ᠢ ᠴᠢᠩᠭ᠎ᠠ ᠵᠠᠰᠠᠬᠤ᠂ ᠡᠪᠯᠡᠯ᠎ᠦᠨ ᠺᠠᠳ᠋ᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢ ᠥᠷᠨᠢᠭᠦᠯᠬᠦ ᠭᠤᠷᠪᠠᠨ ᠵᠢᠯ᠎ᠦᠨ ᠠᠵᠢᠯᠯᠠᠭ᠎ᠠ᠎ᠶ᠋ᠢᠨ ᠣᠨ᠎ᠤ ᠡᠭᠦᠷᠭᠡ᠎ᠲᠡᠶ ᠨᠢᠭ᠍ᠲᠠ ᠤᠶᠠᠯᠳᠤᠭᠤᠯᠵᠤ᠂ 《ᠲᠦᠷᠢᠮ 》 ᠎ᠤ᠋ᠨ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠡᠭᠦᠷ᠎ᠦᠨ ᠱᠦᠵᠢ ᠳᠠᠭᠠᠭᠤᠯᠤᠨ ᠰᠤᠷᠤᠯᠴᠠᠬᠤ᠂ ᠲᠤᠰᠭᠠᠢ ᠮᠡᠷᠭᠡᠵᠢᠯᠲᠡᠨ ᠲᠠᠢᠯᠪᠤᠷᠢᠯᠠᠨ ᠰᠤᠷᠤᠯᠴᠠᠬᠤ᠂ ᠣᠢᠯᠠᠭᠠᠯᠲᠠ᠎ᠪᠠᠨ ᠰᠣᠯᠢᠯᠴᠠᠨ ᠰᠤᠷᠤᠯᠴᠠᠯᠭ᠎ᠠ᠎ᠶ᠋ᠢ ᠠᠬᠢᠭᠤᠯᠬᠤ ᠵᠡᠷᠭᠡ ᠤᠯᠠᠨ ᠵᠦᠢᠯ᠎ᠦᠨ  ᠬᠡᠯᠪᠡᠷᠢ᠎ᠪᠡᠷ ᠳᠠᠮᠵᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠤᠷᠢᠭ ᠪᠣᠯᠤᠨ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ ᠠᠵᠢᠯ᠎ᠤᠨ ᠰᠤᠷᠲᠠᠯ ᠪᠣᠯᠭᠠᠨ ᠬᠤᠪᠢᠷᠠᠭᠤᠯᠬᠤ᠎ᠶ᠋ᠢ ᠬᠦᠳᠦᠯᠦᠨ ᠵᠢᠯᠣᠭᠣᠳᠪᠠ᠃

ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠢᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ᠎ᠪᠡᠨ ᠪᠣᠯᠭᠠᠵᠤ᠂ ᠨᠠᠮ᠎ᠤᠨ ᠤᠳᠤᠷᠢᠳᠭᠤ ᠳᠤᠭᠤᠢᠯᠠᠩ᠎ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠠᠢᠯᠤᠮᠵᠢ ᠬᠢᠵᠦ᠍ ᠬᠠᠪᠰᠤᠷᠤᠨ ᠵᠢᠯᠣᠭᠣᠳᠭᠤ᠎ᠶ᠋ᠢ ᠤᠶᠠᠯᠳᠤᠭᠤᠯᠬᠤ ᠵᠡᠷᠭᠡ ᠬᠡᠯᠪᠡᠷᠢ᠎ᠪᠡᠷ 《ᠲᠦᠷᠢᠮ》 ᠎ᠢ᠋ ᠨᠠᠷᠢᠨ ᠬᠢᠨᠠᠮᠠᠭᠠᠢ ᠰᠤᠷᠤᠯᠴᠠᠨ ᠰᠤᠳᠤᠯᠤᠨ ᠤᠩᠱᠢᠪᠠ᠃ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠰᠤᠷᠤᠯᠴᠠᠯᠭ᠎ᠠ᠎ᠶ᠋ᠢ ᠳᠠᠭᠠᠭᠤᠯᠤᠨ ᠤᠩᠱᠢᠯᠭ᠎ᠠ᠎ᠶ᠋ᠢ ᠵᠢᠯᠣᠭᠣᠳᠴᠤ᠌᠂ ᠨᠠᠮ᠎ᠤᠨ ᠭᠡᠱᠢᠭᠦᠨ ᠺᠠᠳ᠋ᠷᠴᠤᠳ᠎ᠢ ᠬᠠᠪᠰᠤᠷᠤᠨ ᠰᠠᠬᠢᠯᠭ᠎ᠠ ᠪᠠᠲᠤ᠎ᠶ᠋ᠢᠨ ᠤᠬᠠᠮᠰᠠᠷ᠎ᠢ ᠨᠢ ᠳᠡᠭᠡᠭ᠌ᠰᠢᠯᠡᠭᠦᠯᠵᠦ᠍᠂ ᠨᠠᠮᠴᠢ ᠴᠢᠨᠠᠷ᠎ᠤᠨ ᠪᠣᠯᠪᠠᠰᠤᠷᠠᠯ᠎ᠢ ᠨᠢ ᠳᠡᠭᠡᠭ᠌ᠰᠢᠯᠡᠭᠦᠯᠪᠡ; ᠪᠦᠬᠦ᠌ ᠨᠠᠮ᠎ᠤᠨ ᠭᠡᠱᠢᠭᠦᠨ ᠺᠠᠳ᠋ᠷᠴᠤᠳ ᠲᠤᠰᠭᠠᠢ ᠰᠡᠳᠦᠪᠲᠦ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠲᠥᠪᠯᠡᠷᠡᠭᠦᠯᠦᠨ ᠦᠵᠡᠵᠦ᠍᠂ ᠬᠡᠷᠡᠭ᠎ᠦᠨ ᠠᠬᠤᠢ ᠪᠠᠢᠳᠠᠯ᠎ᠢ ᠲᠠᠬᠢᠨ ᠢᠯᠡᠷᠡᠭᠦᠯᠬᠦ᠌ ᠪᠠ ᠬᠠᠤᠯᠢ ᠰᠠᠬᠢᠯᠭ᠎ᠠ᠎ᠶ᠋ᠢ ᠵᠥᠷᠢᠴᠡᠭ᠌ᠰᠡᠨ ᠬᠥᠮᠦᠰ᠎ᠢᠶᠡᠷ᠎ᠬᠡᠯᠡᠭᠦᠯᠬᠦ ᠪᠡᠷ ᠳᠠᠮᠵᠢᠭᠤᠯᠵᠤ᠂ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠵᠦ᠍᠂ ᠠᠷᠢᠭᠤᠨ ᠴᠢᠬᠡᠴᠢ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠪᠠ; ᠰᠤᠳᠤᠯᠤᠨ ᠶᠠᠷᠢᠯᠴᠠᠵᠤ ᠰᠣᠯᠢᠯᠴᠠᠬᠤ ᠶᠠᠪᠤᠴᠠ᠎ᠳᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠢᠳᠡᠪᠬᠢᠲᠡᠢ᠎ᠪᠡᠷ ᠦᠬᠡ ᠬᠡᠯᠡᠵᠦ᠂ ᠰᠡᠷᠡᠮᠵᠢ ᠠᠪᠴᠤ᠌᠂ ᠬᠣᠷᠢᠭ᠎ᠠ ᠱᠤᠭᠤᠮ᠎ᠢ ᠲᠣᠳᠣᠷᠬᠠᠢ ᠮᠡᠳᠡᠵᠦ᠍᠂ ᠵᠢᠷᠦᠬᠡᠱᠢᠶᠡᠬᠦ᠌᠎ᠶ᠋ᠢ ᠮᠡᠳᠡᠵᠦ᠍᠂ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠵᠠᠯᠠᠷᠠᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠶ᠋ᠢ ᠦᠨᠡᠨ ᠬᠦ᠌ ᠰᠠᠬᠢᠯᠭ᠎ᠠ ᠪᠠᠲᠤ᠎ᠶ᠋ᠢᠨ ᠤᠬᠠᠮᠰᠠᠷ᠎ᠢᠶᠠᠨ ᠴᠢᠩᠭᠠᠳᠭᠠᠬᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠳᠡᠭᠡᠭ᠌ᠰᠢᠯᠡᠭᠦᠯᠬᠦ᠌ ᠶᠠᠪᠤᠴᠠ ᠪᠣᠯᠭᠠᠵᠤ ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠤᠨ ᠬᠠᠮᠲᠤ᠎ᠶ᠋ᠢᠨ ᠲᠠᠨᠢᠯᠲᠠ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠡᠴᠡ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠱᠠᠯᠠᠪᠳᠠᠭᠤᠯᠤᠨ ᠨᠠᠢᠳᠠᠪᠤᠷᠢᠵᠢᠭᠤᠯᠬᠤ᠎ᠶ᠋ᠢ ᠴᠢᠩᠭᠠᠳᠭᠠᠵᠤ᠂ ᠬᠠᠷᠠᠯᠲᠠ᠎ᠲᠠᠶ ᠨᠢᠭ᠍ᠲᠠ ᠤᠶᠠᠯᠳᠤᠭᠤᠯᠤᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠡᠭᠦᠷᠭᠡ ᠱᠠᠭᠠᠷᠳᠠᠯᠭ᠎ᠠ᠎ᠶ᠋ᠢ ᠨᠠᠮ᠎ᠤᠨ ᠡᠭᠦᠷ ᠨᠢᠭᠡᠪᠦᠷᠢ᠂ ᠨᠠᠮ᠎ᠤᠨ ᠭᠡᠱᠢᠭᠦᠨ ᠨᠢᠭᠡᠪᠦᠷᠢ᠎ᠳᠦ ᠨᠠᠢᠳᠠᠪᠤᠷᠢᠵᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠪᠠᠢᠭᠤᠯᠭ᠎ᠠ᠎ᠶ᠋ᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠪᠣᠳᠠᠲᠠᠶ᠎ᠲᠠᠶ᠎ᠪᠠᠨ ᠤᠶᠠᠯᠳᠤᠭᠤᠯᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠎ᠦᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠭᠣᠸ᠋ᠯᠳᠠᠯᠭ᠎ᠠ᠎ᠲᠠᠶ ᠡᠭᠦᠷᠭᠡ ᠪᠠ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠲᠥᠷᠥᠯ ᠬᠤᠪᠢᠶᠠᠨ ᠵᠢᠯᠣᠭᠣᠳᠭᠤ᠎ᠶ᠋ᠢ ᠴᠢᠨᠭᠭᠠᠷᠠᠭᠤᠯᠪᠠ᠃ ᠲᠤᠰ ᠲᠣᠪᠴᠢᠶ᠎ᠠ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠵᠢᠱ᠌ᠢᠢ᠎ᠡ ᠦᠵᠡᠭᠦᠯᠬᠦ᠌ ᠰᠤᠷᠤᠯᠴᠠᠯᠭ᠎ᠠ᠂ ᠨᠠᠮ᠎ᠤᠨ ᠡᠭᠦᠷ᠎ᠦᠨ ᠳᠠᠭᠠᠨ ᠰᠤᠷᠤᠯᠴᠠᠬᠤ ᠰᠤᠷᠤᠯᠴᠠᠯᠭ᠎ᠠ ᠂ ᠪᠣᠯᠪᠠᠰᠤᠷᠠᠯ᠎ᠢ ᠠᠭᠤᠰᠤᠯᠴᠠᠭᠤᠯᠬᠤ ᠰᠤᠷᠤᠯᠴᠠᠯᠭ᠎ᠠ᠂ ᠲᠤᠬᠠᠢ᠎ᠶ᠋ᠢᠨ ᠭᠠᠵᠠᠷ᠎ᠲᠤᠨᠢ ᠰᠡᠷᠡᠮᠵᠢᠯᠡᠭᠦᠯᠬᠦ᠌ ᠰᠤᠷᠤᠯᠴᠠᠯᠭ᠎ᠠ ᠪᠣᠯᠤᠨ ᠨᠠᠮ᠎ᠤᠨ ᠭᠡᠱᠢᠭᠦᠨ᠎ᠤ ᠦᠪᠡᠷ᠎ᠤᠨ ᠰᠤᠷᠤᠯᠴᠠᠯᠭ᠎ᠠ ᠭᠡᠬᠦ 《ᠲᠠᠪᠤᠨ ᠰᠤᠷᠤᠯᠴᠠᠯᠭ᠎ᠠ》 ᠬᠣᠯᠪᠣᠭᠠᠯᠠᠨ ᠬᠥᠳᠡᠯᠦᠯᠴᠡᠬᠦ᠌ ᠬᠡᠯᠪᠡᠷᠢ᠎ᠶ᠋ᠢ ᠠᠪᠴᠤ᠌᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠦ 《ᠲᠦᠷᠢᠮ》 ᠎ᠢ᠋ ᠲᠡᠷᠡ ᠬᠡᠪ᠎ᠢᠶᠡᠷ ᠨᠢ ᠪᠦᠯᠦᠭ ᠵᠤᠷᠪᠤᠰ ᠳᠠᠷᠠᠭᠠᠯᠠᠨ ᠰᠤᠷᠤᠯᠴᠠᠭᠤᠯᠵᠤ᠂ ᠡᠯ᠎ᠡ ᠲᠦᠷᠦᠯ᠎ᠦᠨ ᠰᠤᠷᠤᠯᠴᠠᠯᠭ᠎ᠠ᠎ᠶ᠋ᠢᠨ ᠠᠵᠢᠯᠯᠠᠭ᠎ᠠ᠎ᠶ᠋ᠢ 280 ᠭᠠᠷᠤᠢ ᠤᠳᠠᠭ᠎ᠠ ᠲᠤᠰᠭᠠᠢ ᠰᠡᠳᠦᠪ ᠬᠤᠪᠢᠶᠠᠨ ᠥᠷᠨᠢᠭᠦᠯᠵᠦ᠍᠂ ᠡᠯ᠎ᠡ ᠲᠦᠷᠦᠯ᠎ᠦᠨ ᠰᠤᠷᠤᠯᠴᠠᠯᠭ᠎ᠠ᠎ᠶ᠋ᠢᠨ ᠡᠭᠦᠷᠭᠡ᠎ᠶ᠋ᠢ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠡᠳᠦᠷ ᠲᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢᠩᠭᠤ ᠠᠳᠭᠤᠪᠠ᠃ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠲᠤᠰᠭᠠᠶ ᠮᠡᠷᠭᠡᠵᠢᠯᠲᠡᠨ᠎ᠦ ᠲᠠᠢᠯᠤᠮᠵᠢ᠂ ᠭᠣᠣᠯ ᠰᠡᠳᠦᠪᠲᠦ ᠨᠠᠮ᠎ᠤᠨ ᠡᠳᠦᠷ᠂ ᠰᠡᠷᠡᠮᠵᠢᠯᠡᠭᠦᠯᠬᠦ᠌ ᠬᠥᠮᠦᠵᠢᠯ ᠵᠡᠷᠭᠡ ᠬᠡᠯᠪᠡᠷᠢ᠎ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠬᠥᠲᠥᠯᠦᠨ ᠵᠢᠯᠣᠭᠣᠳᠴᠤ᠌ ᠪᠠᠢᠭᠠᠳ 《 ᠲᠦᠷᠢᠮ 》 ᠎ᠤ᠋ᠨ ᠭᠣᠸ᠋ᠯ ᠵᠣᠷᠢᠯᠲᠠ ᠴᠢᠬᠤᠯᠠ ᠠᠭᠤᠯᠭ᠎ᠠ ᠪᠠ ᠲᠣᠭ᠍ᠲᠠᠭᠠᠯ᠎ᠤᠨ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠱᠢᠭᠦᠯᠵᠦ᠍᠂ ᠰᠠᠬᠢᠯᠭ᠎ᠠ ᠪᠠᠲᠤ᠎ᠵᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠌᠂ ᠰᠠᠬᠢᠯᠭ᠎ᠠ ᠪᠠᠲᠤ᠎ᠶ᠋ᠢ ᠲᠣᠳᠣᠷᠬᠠᠶ ᠮᠡᠳᠡᠬᠦ᠌᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠢᠮᠠᠭ᠍ᠲᠠ ᠦᠨᠡᠨᠴᠢ ᠱᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠡᠶᠡᠯᠡᠭᠦᠯᠵᠦ᠍᠂ ᠰᠠᠢᠨ ᠰᠤᠷᠲᠠᠯ᠂ ᠦᠨᠡᠨ ᠪᠣᠳᠠᠲᠠᠶ ᠡᠷᠴᠢ ᠵᠣᠷᠢᠭ᠎ᠢᠶᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠦᠶ᠋ᠯᠡᠴᠢᠯᠡᠨ ᠪᠠᠲᠤᠯᠠᠭ᠎ᠠ ᠬᠠᠨᠭᠭᠠᠵᠤ᠂ ᠱᠢᠨ᠎ᠡ ᠵᠠᠮ᠎ᠢ ᠨᠡᠬᠡᠭᠡᠵᠦ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠦᠨ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号