— ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠪᠡ
ᠰᠠᠬᠢᠯᠭ᠎ᠠ ᠪᠠᠲᠤ ᠴᠢᠩᠭ᠎ᠠ ᠪᠠᠢᠬᠤ ᠪᠣᠯ ᠮᠠᠨ᠎ᠤ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠃
ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠨᠢᠭᠡᠴᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ᠎ᠪᠡᠨ ᠪᠣᠯᠭᠠᠵᠤ᠂ ᠡᠮᠦᠨ᠎ᠡ ᠨᠢ ᠬᠣᠱᠢᠭᠤᠷᠠᠨ᠂ ᠦᠯᠢᠭᠡᠷ ᠳᠠᠭᠤᠷᠢᠶᠠᠯ ᠪᠤᠯᠵᠤ᠂ ᠰᠤᠷᠤᠯᠴᠠᠬᠤ ᠭᠣᠣᠯᠳᠠᠯᠭ᠎ᠠ᠎ᠶ᠋ᠢ ᠠᠳᠭᠤᠨ᠂ ᠰᠤᠷᠤᠯᠴᠠᠬᠤ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠰᠡᠷᠡᠮᠵᠢᠯᠡᠭᠦᠯᠦᠯ ᠬᠥᠮᠦᠵᠢᠯ᠎ᠢ ᠴᠢᠩᠭᠠᠳᠭᠠᠨ᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠌᠂ ᠰᠠᠬᠢᠯᠭ᠎ᠠ ᠪᠠᠲᠤ᠎ᠶ᠋ᠢ ᠲᠣᠳᠣᠷᠬᠠᠢᠯᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠠᠬᠢᠭᠤᠯᠪᠠ᠃
4 ᠰᠠᠷ᠎ᠠ᠎ᠶ᠋ᠢᠨ 27 ᠤ᠋ ᠡᠳᠦᠷ᠂ ᠡᠮᠬᠢ ᠵᠢᠷᠤᠮ᠎ᠲᠠᠶ᠂ ᠲᠥᠪ ᠴᠢᠩᠭ᠎ᠠ ᠨᠠᠷᠢᠨ ᠬᠢᠨᠠᠮᠠᠭᠠᠶ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠲᠤᠬᠠᠢ ᠨᠢᠭᠡ ᠤᠳᠠᠭ᠎ᠠ᠎ᠶᠢᠨ ᠱᠢᠯᠭᠠᠯᠲᠠ ᠵᠢ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠱᠢᠶᠠᠨ᠎ᠤ ᠨᠠᠮ᠎ᠤᠨ ᠬᠤᠷᠢᠶ᠎ᠠ ᠵᠢᠨ ᠱᠦᠵᠢ ᠨᠡᠷ᠎ᠤᠨ ᠰᠤᠳᠤᠯᠤᠨ ᠰᠤᠷᠤᠯᠴᠠᠬᠤ ᠠᠩᠭᠢ᠎ᠳᠤ ᠶᠠᠪᠤᠭᠳᠠᠭᠤᠯᠪᠠ᠃
ᠰᠤᠷᠤᠯᠭ᠎ᠠ᠎ᠶ᠋ᠢᠨ ᠬᠤᠭᠤᠴᠠᠭ᠎ᠠ ᠨᠢ ᠨᠢᠭᠡ ᠰᠠᠷ᠎ᠠ᠎ᠡᠴᠡ ᠳᠡᠭᠡᠭ᠌ᠰᠢ ᠪᠠᠢᠬᠤ ᠠᠩᠭᠢ᠎ᠳᠤ᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢᠳᠭᠡᠯ ᠥᠭ᠌ᠬᠦ ᠲᠦᠷᠢᠮ》᠎ᠢ᠋ ᠭᠤᠤᠯᠳᠠᠯᠭ᠎ᠠ᠎ᠲᠠᠶ ᠱᠢᠯᠭᠠᠨ ᠪᠠᠢᠴᠠᠭᠠᠬᠤ ᠠᠭᠤᠯᠭ᠎ᠠ ᠪᠣᠯᠭᠠᠨ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠲᠤᠬᠠᠢ ᠱᠢᠯᠭᠠᠯᠲᠠ᠎ᠳᠤ ᠠᠭᠤᠰᠤᠯᠴᠠᠭᠤᠯᠬᠤ ᠪᠣᠯ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠱᠢᠯᠭᠠᠯᠲᠠ᠎ᠪᠠᠷ ᠰᠤᠷᠤᠯᠴᠠᠯᠭ᠎ᠠ᠎ᠶ᠋ᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠᠢᠵᠤ᠂ ᠰᠤᠷᠤᠭ᠍ᠴᠢᠳ᠎ᠢ ᠱᠠᠯᠠᠪᠳᠠᠭᠤᠯᠵᠤ ᠲᠦᠷᠢᠮ᠎ᠦᠨ ᠠᠭᠤᠯᠭ᠎ᠠ᠎ᠶ᠋ᠢ ᠪᠥᠬᠥ᠌ ᠲᠠᠯ᠎ᠠ᠎ᠪᠠᠷ ᠡᠵᠡᠮᠱᠢᠭᠦᠯᠵᠦ᠍ ᠂ ᠲᠦᠷᠢᠮ᠎ᠦᠨ ᠵᠣᠷᠢᠭ ᠰᠠᠨᠠᠭ᠎ᠠ᠎ᠶ᠋ᠢ ᠨᠠᠩ ᠰᠠᠢᠲᠤᠷ ᠣᠢᠯᠠᠭᠠᠭᠤᠯᠬᠤ᠎ᠪᠡᠷ ᠵᠤᠷᠢᠯᠭ᠎ᠠ ᠪᠤᠯᠭᠠᠬᠰᠠᠨ ᠶᠤᠮ᠃
ᠡᠭᠦᠨ᠎ᠦ ᠬᠠᠮᠲᠤ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠲᠦᠷᠢᠮ᠎ᠢ ᠰᠤᠷᠤᠯᠴᠠᠨ ᠲᠤᠭᠤᠱᠢᠯᠠᠭᠤᠯᠬᠤ᠎ᠶ᠋ᠢ ᠵᠠᠪᠠᠯ ᠰᠤᠷᠬᠤ ᠬᠢᠴᠢᠶᠡᠯ ᠪᠣᠯᠭᠠᠨ ᠵᠢᠭᠠᠨ ᠰᠤᠷᠭᠠᠯᠲᠠ᠎ᠶ᠋ᠢᠨ ᠲᠥᠯᠥᠪᠯᠡᠭᠡ᠎ᠳᠡᠭᠡᠨ ᠣᠷᠣᠭᠤᠯᠵᠤ᠂ ᠪᠥᠬᠥᠢᠯᠡ ᠠᠩᠭᠢ ᠤᠳᠠᠭ᠎ᠠ᠎ᠶ᠋ᠢ ᠬᠠᠮᠤᠷᠴᠤ᠌᠂ ᠲᠦᠷᠢᠮ᠎ᠢ ᠰᠤᠷᠤᠯᠴᠠᠨ ᠲᠤᠭᠤᠱᠢᠯᠠᠭᠤᠯᠬᠤ ᠲᠤᠰᠭᠠᠶ ᠰᠡᠳᠦᠪᠲᠦ ᠬᠢᠴᠢᠶᠡᠯ᠎ᠦᠨ ᠬᠠᠮᠲᠤ᠎ᠪᠠᠷ ᠬᠢᠴᠢᠶᠡᠯ ᠪᠡᠯᠡᠳᠭᠡᠬᠦ᠌ ᠬᠤᠷᠠᠯ᠎ᠢ ᠡᠷᠭᠢᠯᠡᠨ᠂ ᠰᠤᠷᠭᠠᠭᠤᠯᠢ᠎ᠶ᠋ᠢᠨ ᠳᠣᠲᠣᠭᠠᠳᠤ᠎ᠶ᠋ᠢᠨ ᠰᠤᠷᠤᠭ᠍ᠴᠢᠳ᠎ᠤᠨ ᠬᠢᠴᠢᠶᠡᠯ᠎ᠦᠨ ᠬᠠᠪᠰᠤᠷᠤᠨ ᠵᠢᠯᠣᠭᠣᠳᠣᠯᠭ᠎ᠠ᠎ᠶ᠋ᠢ ᠰᠠᠢᠲᠤᠷ ᠬᠢᠭ᠌ᠰᠡᠨ ᠮᠥᠷᠲᠡᠭᠡᠨ ᠪᠠᠰᠠ ᠪᠥᠬᠥ᠌ ᠨᠠᠮ᠎ᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠳᠦ ᠴᠢᠨᠠᠷ ᠰᠠᠢᠲᠠᠶ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠬᠠᠩᠭᠠᠭ᠍ᠰᠠᠨ ᠪᠠᠢᠨ᠎ᠠ᠃
ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠳᠦ ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠶ᠋ᠢ ᠠᠳᠭᠤᠵᠤ᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ 》 ᠢ᠋ ᠰᠤᠷᠤᠯᠴᠠᠨ ᠲᠤᠭᠤᠱᠢᠯᠠᠭᠤᠯᠬᠤ ᠳᠡᠭᠡᠷ᠎ᠡ ᠬᠦᠴᠦ᠍ ᠲᠠᠯᠪᠢᠵᠤ ᠦᠷ᠎ᠡ ᠪᠦᠲᠦᠮᠵᠢ ᠭᠠᠷᠭᠠᠬᠤ ᠬᠡᠷᠡᠭ᠌ᠲᠡᠢ᠃ ᠤᠢ᠍ᠢᠷ᠎ᠠ᠎ᠶ᠋ᠢᠨ ᠡᠳᠦᠷ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠨᠢᠭᠡᠴᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠵᠢ ᠪᠠᠷᠢᠮᠳᠠᠯᠠᠵᠤ ᠲᠦᠷᠢᠮ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠰᠤᠷᠤᠯᠴᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠲᠦᠷᠢᠮ᠎ᠦᠨ ᠪᠣᠳᠠᠲᠠᠢ ᠱᠠᠭᠠᠷᠳᠠᠯᠭ᠎ᠠ ᠪᠣᠯᠤᠨ ᠮᠥᠨ ᠴᠢᠨᠠᠷ᠎ᠤᠨ ᠴᠢᠬᠤᠯᠠ ᠠᠭᠤᠯᠭ᠎ᠠ᠎ᠶ᠋ᠢ ᠡᠵᠡᠮᠱᠢᠭᠦᠯᠪᠡ᠃
ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠦᠪᠯᠡᠯ ᠤᠳᠤᠷᠢᠳᠭᠤ ᠪᠠᠭ᠎ᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠬᠦ᠌ ᠂ ᠦᠵᠡᠰᠭᠦᠯᠡᠩ᠎ᠢ ᠲᠣᠭᠣᠷᠢᠨ ᠦᠵᠡᠬᠦ᠌ ᠵᠡᠷᠭᠡ ᠬᠡᠯᠪᠡᠷᠢ᠎ᠪᠡᠷ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ》᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢᠳᠭᠡᠯ ᠥᠭ᠌ᠬᠦ ᠲᠦᠷᠢᠮ》 ᠢ᠋ ᠤᠤᠯ ᠬᠡᠪ᠎ᠢᠶᠡᠷ᠎ᠨᠢ ᠰᠤᠷᠤᠯᠴᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ᠎ᠶ᠋ᠢ ᠲᠠᠷᠢᠬᠢ ᠲᠤᠯᠤᠭᠠᠢ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠬᠤ᠎ᠶ᠋ᠢ ᠠᠬᠢᠭᠤᠯᠪᠠ᠃
ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠤ᠋ ᠦᠯᠢᠭᠡᠷ ᠳᠠᠭᠤᠷᠢᠶᠠᠯ᠎ᠤᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠬᠠᠮᠲᠤ᠎ᠶ᠋ᠢᠨ ᠰᠤᠷᠤᠯᠴᠠᠯᠭ᠎ᠠ ᠪᠣᠯᠤᠨ ᠬᠤᠪᠢ ᠬᠥᠮᠦᠨ᠎ᠦ ᠥᠪᠡᠰᠦᠪᠡᠨ ᠰᠤᠷᠤᠯᠴᠠᠬᠤ᠎ᠶ᠋ᠢ ᠤᠶᠠᠯᠳᠤᠭᠤᠯᠬᠤ᠂ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠬᠦ ᠪᠣᠯᠤᠨ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠬᠡᠯᠪᠡᠷᠢ᠎ᠪᠡᠷ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ᠎ᠶ᠋ᠢ ᠡᠷᠬᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢᠳᠭᠡᠯ ᠥᠭ᠌ᠬᠦ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢᠴᠠᠭᠠᠬᠤ ᠠᠵᠢᠯ᠎ᠤᠨ ᠲᠦᠷᠢᠮ 》 ᠵᠡᠷᠭᠡ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠳᠡᠭᠡᠷ᠎ᠡ ᠱᠠᠳᠤ ᠨᠢ ᠳᠤᠤᠷ᠎ᠡ ᠱᠠᠳᠤ᠎ᠪᠠᠨ ᠳᠠᠭᠠᠭᠤᠯᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠌᠎ᠶ᠋ᠢ ᠠᠬᠢᠭᠤᠯᠪᠠ᠃
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠥᠪᠡᠷ ᠪᠡᠶ᠎ᠡ ᠵᠢᠨ ᠬᠤᠪᠢᠰᠭᠠᠯ᠎ᠤᠨ ᠲᠤᠬᠠᠶ ᠴᠢᠬᠤᠯᠠ ᠦᠵᠡᠯ ᠰᠠᠨᠠᠭ᠎ᠠ ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠰᠢᠢᠳᠭᠡᠯ ᠥᠭ᠌ᠬᠦ ᠲᠦᠷᠢᠮ》 ᠢ᠋ ᠤᠤᠯ ᠬᠡᠪ᠎ᠢᠶᠡᠷ ᠨᠢ ᠰᠤᠳᠤᠯᠤᠨ ᠤᠩᠱᠢᠵᠤ᠂ ᠵᠤᠷᠭᠠᠨ ᠲᠣᠪᠴᠢᠶᠠᠨ᠎ᠤ ᠲᠠᠰ᠎ᠤᠨ ᠺᠠᠳ᠋ᠷᠴᠤᠳ᠎ᠤᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠵᠢᠴᠢ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯᠪᠣᠯᠪᠠᠰᠤᠷᠠᠯᠤᠨ ᠠᠩᠭᠢ᠎ᠶ᠋ᠢ ᠬᠣᠶᠠᠷ ᠬᠤᠭᠤᠴᠠᠭ᠎ᠠ ᠪᠡᠯᠡᠳᠭᠡᠨ ᠡᠷᠭᠢᠯᠡᠵᠦ᠍ ᠂ ᠪᠥᠬᠥ᠌ ᠨᠠᠮ᠎ᠤᠨ ᠭᠡᠱᠢᠭᠦᠨ ᠺᠠᠳ᠋ᠷᠴᠤᠳ᠎ᠢ ᠳᠠᠢᠴᠢᠯᠠᠨ ᠰᠤᠷᠤᠯᠴᠠᠯᠭ᠎ᠠ᠎ᠶ᠋ᠢᠨ ᠬᠠᠯᠠᠭᠤᠨ ᠥᠷᠨᠢᠯᠲᠡ ᠵᠢ ᠪᠤᠢ ᠪᠤᠯᠭᠠᠪᠠ᠃
ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠵᠢᠨ ᠨᠠᠮ᠎ᠤᠨ ᠤᠳᠤᠷᠢᠳᠭᠤ ᠳᠤᠭᠤᠢᠯᠠᠩ ᠲᠦᠷᠦᠭᠦᠯᠡᠨ ᠵᠢᠱ᠌ᠢᠶ᠎ᠡ ᠦᠵᠡᠭᠦᠯᠵᠦ᠍᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ᠎ᠬᠢᠨ ᠪᠥᠬᠥ᠌ ᠨᠠᠮ᠎ᠤᠨ ᠭᠡᠱᠢᠭᠦᠨ᠎ᠢ ᠵᠡᠷᠭᠡ᠎ᠪᠡᠷ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠨᠣᠮ ᠤᠩᠱᠢᠬᠤ ᠠᠩᠭᠢ᠎ᠶ᠋ᠢ ᠥᠷᠨᠢᠭᠦᠯᠵᠦ᠍᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠢ᠋ ᠤᠤᠯ ᠬᠡᠪ᠎ᠢᠶᠡᠷ᠎ᠨᠢ᠂ ᠲᠦᠷᠢᠮ ᠵᠤᠷᠪᠤᠰ ᠳᠠᠷᠠᠭᠠᠯᠠᠨ ᠰᠤᠷᠤᠯᠴᠠᠵᠤ᠂ ᠳᠠᠭᠠᠭᠤᠯᠤᠨ ᠤᠩᠱᠢᠵᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠦᠪᠡᠷᠲᠡᠭᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠶ᠋ᠢ ᠤᠶᠠᠯᠳᠤᠭᠤᠯᠵᠤ᠂ 《ᠵᠢᠷᠭᠤᠭᠠᠨ ᠵᠦᠶ᠋ᠯ᠎ᠦᠨ ᠰᠠᠬᠢᠯᠭ᠎ᠠ ᠪᠠᠲᠤ》 ᠶ᠋ᠢ ᠴᠢᠩᠭ᠎ᠠ ᠵᠢᠷᠤᠮᠯᠠᠨ ᠰᠤᠷᠤᠯᠴᠠᠵᠤ ᠰᠤᠳᠤᠯᠤᠨ ᠶᠠᠷᠢᠯᠴᠠᠵᠤ᠂ ᠰᠤᠷᠤᠯᠴᠠᠯᠭ᠎ᠠ ᠬᠥᠮᠦᠵᠢᠯ᠎ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠪᠠ᠃
ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠨᠢᠭᠡᠴᠢ ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠶ᠋ᠢ ᠴᠢᠩᠭ᠎ᠠ ᠡᠵᠡᠮᠳᠡᠵᠦ᠍᠂ ᠤᠯᠠᠨ ᠬᠡᠯᠪᠡᠷᠢ᠎ᠶ᠋ᠢᠨ ᠰᠤᠷᠤᠯᠴᠠᠯᠭ᠎ᠠ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠴᠢᠩᠭᠠᠳᠭᠠᠪᠠ᠃
ᠲᠥᠪ᠎ᠦᠨ ᠭᠠᠳᠠᠭᠠᠳᠤ ᠲᠠᠢ ᠬᠣᠯᠪᠣᠭ᠎ᠠ ᠠᠪᠬᠤ ᠶᠠᠮᠤᠨ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠲᠤᠰᠭᠠᠶ ᠰᠡᠳᠦᠪᠲᠦ ᠲᠠᠢᠯᠤᠮᠵᠢ ᠡᠷᠭᠢᠯᠡᠭ᠌ᠰᠡᠨ ᠰᠠᠭᠤᠷᠢᠨ ᠳᠡᠭᠡᠷ᠎ᠡ᠂ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠱᠢᠭᠤᠳ ᠬᠠᠷᠢᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠭᠡᠱᠢᠭᠦᠳ᠎ᠢ ᠵᠣᠬᠢᠶᠠᠨ ᠪᠠᠢᠭᠤᠯᠤᠨ 《ᠰᠠᠬᠢᠯᠭ᠎ᠠ ᠪᠠᠲᠤ ᠵᠢ ᠲᠠᠢᠯᠪᠤᠷᠢᠯᠠᠨ ᠬᠠᠤᠯᠢ ᠶᠠᠷᠢᠬᠤ》 ᠠᠵᠢᠯᠯᠠᠭ᠎ᠠ ᠥᠷᠨᠢᠭᠦᠯᠵᠦ᠍᠂《〈ᠲᠦᠷᠢᠮ〉᠎ᠤ᠋ᠨ ᠨᠠᠮ᠎ᠤᠨ ᠰᠠᠬᠢᠯᠭ᠎ᠠ ᠪᠠᠲᠤ᠎ᠶ᠋ᠢ ᠰᠤᠷᠤᠯᠴᠠᠭᠰᠠᠨ ᠮᠡᠳᠡᠯᠭᠡ᠎ᠶ᠋ᠢᠨ ᠤᠷᠤᠯᠳᠤᠭᠠᠨ》 ᠢ᠋ ᠡᠬᠢᠯᠡᠭᠦᠯᠵᠦ᠍᠂《〈ᠮᠡᠳᠡᠬᠦᠶ ᠬᠢᠬᠦᠶ᠎ᠶ᠋ᠢ ᠨᠢᠭᠡᠳᠭᠡᠬᠦ᠌〉 — ᠲᠥᠪ᠎ᠦᠨ ᠭᠠᠳᠠᠭᠠᠳᠤ ᠲᠠᠢ ᠬᠣᠯᠪᠣᠭ᠎ᠠ ᠠᠪᠬᠤ ᠶᠠᠮᠤᠨ᠎ᠤ ᠰᠠᠬᠢᠯᠭ᠎ᠠ ᠪᠠᠲᠤ ᠬᠠᠤᠯᠢ ᠴᠠᠭᠠᠵᠠ᠎ᠶ᠋ᠢᠨ ᠰᠤᠷᠤᠯᠴᠠᠯᠭ᠎ᠠ᠎ᠶ᠋ᠢᠨ ᠭᠠᠷ ᠠᠪᠤᠯᠭ᠎ᠠ》 ᠵᠡᠷᠭᠡ᠎ᠶ᠋ᠢ ᠨᠠᠢᠷᠠᠭᠤᠯᠤᠨ ᠳᠠᠷᠤᠮᠠᠯᠯᠠᠵᠤ᠂ ᠡᠯ᠎ᠡ ᠱᠢᠭᠤᠳ ᠬᠠᠷᠢᠶ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ《ᠨᠠᠮ᠎ᠤᠨ ᠰᠠᠬᠢᠯᠭ᠎ᠠ ᠪᠠᠲᠤ᠎ᠶ᠋ᠢᠨ ᠪᠢᠴᠢᠯ ᠬᠢᠴᠢᠶᠡᠯ᠎ᠦᠨ ᠲᠠᠩᠬᠢᠮ》 ᠂ 《ᠰᠠᠬᠢᠯᠭ᠎ᠠ ᠪᠠᠲᠤ ᠬᠠᠤᠯᠢ ᠴᠠᠭᠠᠵᠠ᠎ᠶ᠋ᠢᠨ ᠭᠠᠷᠠᠭ᠎ᠤᠨ ᠰᠤᠷᠤᠯᠴᠠᠯᠭ᠎ᠠ》ᠵᠡᠷᠭᠡ ᠬᠡᠯᠪᠡᠷᠢ᠎ᠪᠡᠷ ᠰᠤᠷᠤᠯᠴᠠᠬᠤ ᠠᠵᠢᠯᠯᠠᠭ᠎ᠠ ᠥᠷᠨᠢᠭᠦᠯᠬᠦ᠌᠎ᠶ᠋ᠢ ᠠᠬᠢᠭᠤᠯᠪᠠ᠃
ᠠᠷᠠᠳ᠎ᠤᠨ ᠶᠠᠪᠤᠳᠠᠯ᠎ᠤᠨ ᠶᠠᠮᠤᠨ ᠡᠯ᠎ᠡ ᠵᠤᠷᠭᠠᠨ ᠲᠣᠪᠴᠢᠶ᠎ᠠ᠂ ᠱᠢᠭᠤᠳ ᠬᠠᠷᠢᠶ᠎ᠠ ᠨᠢᠭᠡᠴᠢ᠎ᠶ᠋ᠢᠨ ᠤᠨᠤᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠡᠳᠦᠷ ᠲᠤᠲᠤᠮ᠎ᠤᠨ ᠰᠤᠷᠤᠯᠴᠠᠯᠭ᠎ᠠ᠎ᠶ᠋ᠢ ᠥᠷᠭᠡᠨ᠎ᠢᠶᠡᠷ ᠥᠷᠨᠢᠭᠦᠯᠬᠦ᠌᠎ᠶ᠋ᠢ ᠠᠬᠢᠭᠤᠯᠵᠤ᠂ ᠵᠠᠷᠢᠮ ᠨᠢᠭᠡᠴᠢ᠎ᠶ᠋ᠢᠨ ᠬᠢᠨ ᠰᠦᠯᠵᠢᠶᠡᠨ ᠳᠡᠭᠡᠷ᠎ᠡ ᠰᠤᠷᠤᠯᠴᠠᠬᠤ᠌ ᠵᠡᠷᠭᠡ ᠤᠯᠠᠨ ᠠᠷᠭ᠎ᠠ ᠮᠠᠶᠢᠭ ᠣᠯᠠᠨ ᠠᠷᠭ᠎ᠠ ᠵᠠᠮ᠎ᠵᠢᠡᠷ ᠰᠤᠷᠤᠯᠴᠠᠯᠭ᠎ᠠ ᠥᠷᠨᠢᠭᠦᠯᠵᠦ᠍᠂ ᠵᠠᠷᠢᠮ ᠨᠢᠭᠡᠴᠢ᠎ᠶ᠋ᠢᠨ ᠬᠢᠨ《ᠴᠠᠭ ᠢᠮᠠᠭᠲᠠ ᠰᠤᠷᠤᠯᠴᠠᠬᠤ》ᠲᠣᠭ᠍ᠲᠡᠴᠡ ᠵᠢ ᠪᠠᠢᠭᠤᠯᠵᠤ᠂ ᠮᠡᠳᠡᠪᠡᠯ ᠵᠣᠬᠢᠬᠤ ᠮᠡᠳᠡᠯᠭᠡ᠎ᠶ᠋ᠢᠨ ᠴᠡᠭ᠎ᠢ ᠡᠮᠬᠢᠳᠭᠡᠬᠦ᠂ 《ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ᠎ᠶ᠋ᠢᠨ ᠮᠠᠲ᠋ᠧᠷᠢᠶᠠᠯ᠎ᠤᠨ ᠬᠥᠮᠥᠷᠭᠡ》 ᠵᠢ ᠪᠠᠢᠭᠤᠯᠬᠤ ᠵᠡᠷᠭᠡ᠎ᠪᠡᠷ ᠳᠠᠮᠵᠢᠭᠤᠯᠤᠨ ᠨᠠᠮ᠎ᠤᠨ ᠭᠡᠱᠢᠭᠦᠨ ᠺᠠᠳ᠋ᠷᠴᠤᠳ᠎ᠤᠨ ᠡᠳᠦᠷ ᠲᠤᠲᠤᠮ᠎ᠤᠨ ᠰᠤᠷᠤᠯᠴᠠᠯᠭ᠎ᠠ᠂ ᠪᠠᠢᠩᠭᠤ ᠰᠤᠷᠤᠯᠴᠠᠯᠭ᠎ᠠ᠎ᠶ᠋ᠢ ᠬᠥᠲᠥᠯᠥᠨ ᠵᠢᠯᠣᠭᠣᠳᠴᠤ᠌ ᠪᠠᠢᠨ᠎ᠠ᠃
ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠎ᠡᠴᠡ ᠲᠥᠪ᠎ᠦᠨ ᠡᠪᠯᠡᠯ᠎ᠦᠨ ᠰᠤᠷᠭᠠᠭᠤᠯᠢ᠂ ᠪᠦᠬᠦ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠵᠢᠩᠭᠠᠩᠱᠠᠨ᠎ᠤ ᠬᠤᠪᠢᠰᠭᠠᠯ᠎ᠤᠨ ᠤᠯᠠᠮᠵᠢᠯᠠᠯ᠎ᠤᠨ ᠬᠥᠮᠦᠵᠢᠯ᠎ᠦᠨ ᠰᠠᠭᠤᠷᠢᠨ ᠭᠠᠵᠠᠷ᠎ᠢ ᠵᠣᠬᠢᠶᠠᠨ ᠪᠠᠢᠭᠤᠯᠵᠤ 《ᠨᠠᠮ᠎ᠤᠨ ᠥᠪᠡᠷ ᠪᠡᠶ᠎ᠡ᠎ᠵᠢᠨ ᠬᠤᠪᠢᠰᠭᠠᠯ᠎ᠤᠨ ᠵᠣᠷᠢᠭ ᠰᠠᠨᠠᠭ᠎ᠠ》 ᠂ 《〈ᠲᠦᠷᠢᠮ〉 ᠤ᠋ᠨ ᠲᠠᠢᠯᠤᠮᠵᠢ 》 ᠵᠡᠷᠭᠡ ᠬᠠᠮᠢᠶ᠎ᠠ ᠪᠦᠬᠦᠢ ᠬᠢᠴᠢᠶᠡᠯ᠎ᠢ ᠲᠤᠰᠭᠠᠢᠯᠠᠨ ᠰᠤᠳᠤᠯᠤᠨ ᠨᠡᠭᠡᠭᠡᠵᠦ᠍᠂ ᠡᠪᠯᠡᠯ᠎ᠦᠨ ᠺᠠᠳ᠋ᠷ᠎ᠤᠨ ᠪᠣᠯᠪᠠᠰᠤᠷᠠᠯ᠎ᠤᠨ ᠭᠣᠣᠯ ᠴᠣᠭ᠍ᠴᠠ᠎ᠶ᠋ᠢᠨ ᠠᠩᠬᠢ᠎ᠳᠤ ᠪᠦᠬᠦᠨ᠎ᠢ ᠣᠷᠣᠭᠤᠯᠬᠤ᠎ᠶ᠋ᠢᠨ ᠬᠠᠮᠲᠤ《ᠳᠤᠮᠳᠠᠳᠤ ᠤᠯᠤᠰ᠎ᠤᠨ ᠵᠠᠯᠠᠭᠤᠴᠤᠳ ᠰᠣᠨᠢᠨ》 ᠳ᠋ᠤ《ᠨᠠᠮ᠎ᠤᠨ ᠰᠠᠬᠢᠯᠭ᠎ᠠ ᠪᠠᠲᠤ᠎ᠶ᠋ᠢ ᠰᠤᠷᠤᠯᠴᠠᠵᠤ ᠦᠵᠡᠯ ᠰᠠᠨᠠᠭ᠎ᠠ᠎ᠪᠠᠨ ᠶᠠᠷᠢᠬᠤ》 ᠲᠤᠰᠭᠠᠢ ᠪᠤᠯᠤᠩ ᠨᠡᠭᠡᠭᠡᠵᠦ᠍᠂ ᠡᠯ᠎ᠡ ᠱᠠᠲᠤᠨ᠎ᠤ ᠡᠪᠯᠡᠯ᠎ᠦᠨ ᠬᠣᠷᠢᠶ᠎ᠠ᠎ᠶ᠋ᠢᠨ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠶ᠋ᠢᠨ ᠤᠳᠤᠷᠢᠳᠤᠯᠭ᠎ᠠ ᠳᠣᠣᠷ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠰᠠᠢᠲᠤᠷ ᠥᠷᠨᠢᠭᠦᠯᠬᠦ᠌᠎ᠶ᠋ᠢ ᠠᠬᠢᠭᠤᠯᠪᠠ᠃
ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠨᠢᠭᠡᠴᠢ᠎ᠶ᠋ᠢᠨ ᠬᠢᠨ ᠰᠡᠷᠡᠮᠵᠢᠯᠡᠭᠦᠯᠬᠦ᠌ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠳᠡᠷᠭᠡᠳᠡᠬᠢ ᠶᠠᠪᠤᠳᠠᠯ᠎ᠢᠶᠠᠷ᠎ᠢᠶᠠᠨ ᠳᠡᠷᠭᠡᠳᠡᠬᠢ ᠬᠥᠮᠦᠰ᠎ᠢᠶᠡᠨ ᠬᠥᠮᠦᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠲᠤ ᠰᠡᠷᠡᠮᠵᠢ ᠥᠭ᠌ᠴᠦ᠂ ᠬᠣᠷᠢᠭ᠎ᠠ ᠱᠤᠭᠤᠮ᠎ᠢ ᠲᠣᠳᠣᠷᠬᠠᠢᠯᠠᠵᠤ᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠭᠦᠯᠪᠡ᠃
ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠵᠣᠬᠢᠶᠠᠨ ᠪᠠᠢᠭᠤᠯᠵᠤ ᠨᠢᠭᠡᠳᠦᠮᠡᠯ ᠹᠷᠣᠨᠲ᠎ᠤᠨ ᠱᠢᠰᠲ᠋ᠧᠮ᠎ᠦᠨ ᠨᠡᠢᠲᠡᠯᠢᠭ ᠬᠡᠷᠡᠭ᠎ᠢᠶᠡᠷ ᠲᠤᠯᠢ ᠪᠣᠯᠭᠠᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ ᠵᠡᠷᠭᠡ᠎ᠶ᠋ᠢ ᠬᠤᠷᠠᠯᠳᠤᠭᠤᠯᠵᠤ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠪᠠ; ᠨᠡᠢᠲᠡᠯᠢᠭ ᠬᠡᠷᠡᠭ᠎ᠢ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ᠎ᠲᠠᠶ ᠬᠠᠷᠭᠤᠭᠤᠯᠵᠤ᠂ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠨᠠᠢᠳᠠᠪᠤᠷᠢᠵᠢᠭᠤᠯᠤᠨ᠂ ᠡᠷᠬᠡ᠎ᠶ᠋ᠢᠨ ᠨᠠᠷᠢᠨ ᠲᠠᠩᠰᠠ᠎ᠶ᠋ᠢ ᠪᠦᠬᠦ᠌ ᠲᠠᠯ᠎ᠠ᠎ᠪᠠᠷ ᠡᠮᠬᠢᠳᠭᠡᠵᠦ᠍᠂ ᠡᠷᠬᠡ ᠪᠠᠨ ᠠᠰᠢᠭᠯᠠᠨ ᠠᠰᠢᠭ ᠬᠤᠨᠵᠢᠪᠤᠷᠢ ᠤᠯᠬᠤ ᠪᠠ ᠴᠢᠬᠡᠴᠢ ᠵᠠᠰᠠᠭ᠎ᠤᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠲᠥᠪᠯᠡᠷᠡᠭᠦᠯᠦᠨ ᠪᠠᠢᠴᠠᠭᠠᠵᠤ᠂ ᠨᠠᠮ᠎ᠤᠨ ᠭᠡᠱᠢᠭᠦᠨ ᠺᠠᠳ᠋ᠷ᠎ᠤᠨ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠰᠡᠳᠭᠢᠯ᠎ᠳᠡᠭᠡᠨ ᠬᠠᠳᠠᠩᠱᠢᠭᠤᠯᠵᠤ᠂ ᠳᠣᠲᠣᠭᠠᠳᠤ᠎ᠳᠠᠭᠠᠨ ᠦᠭᠡ ᠶᠠᠷᠢᠶ᠎ᠠ ᠦᠢᠯᠡ ᠠᠵᠢᠯᠯᠠᠭ᠎ᠠ᠎ᠶ᠋ᠢᠨ ᠪᠠᠷᠢᠮᠵᠢᠶ᠎ᠠ ᠪᠣᠯᠭᠠᠬᠤ᠎ᠶ᠋ᠢ ᠠᠬᠢᠭᠤᠯᠪᠠ᠃
ᠲᠥᠪ᠎ᠦᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠤᠯᠤᠰ ᠲᠥᠷᠥ᠍ ᠬᠠᠤᠯᠢ ᠴᠠᠭᠠᠵᠠ᠎ᠶ᠋ᠢᠨ ᠬᠦᠷᠢᠶᠡᠨ᠎ᠳᠡᠬᠢ ᠲᠥᠪ᠎ᠡᠴᠡ ᠬᠠᠮᠢᠶᠠᠷᠴᠤ᠌ ᠪᠠᠢᠭ᠎ᠠ ᠺᠠᠳ᠋ᠷ᠎ᠤᠨ ᠪᠠᠢᠴᠠᠭᠠᠭ᠍ᠳᠠᠭ᠍ᠰᠠᠨ ᠪᠠᠢᠳᠠᠯ᠎ᠢ ᠪᠥᠬᠥ᠌ ᠲᠠᠯ᠎ᠠ᠎ᠪᠠᠷ ᠡᠮᠬᠢᠯᠡᠨ ᠵᠠᠳᠠᠯᠵᠤ᠂ ᠳᠡᠷᠭᠡᠳᠡᠬᠢ ᠬᠡᠷᠡᠭ᠎ᠦᠨ ᠵᠢᠱ᠌ᠢᠶ᠎ᠡ ᠪᠣᠯᠤᠨ 《ᠲᠦᠷᠢᠮ》 ᠤ᠋ᠨ ᠵᠦᠶ᠋ᠯ ᠵᠤᠷᠪᠤᠰ᠎ᠢ ᠤᠶᠠᠯᠳᠤᠭᠤᠯᠵᠤ᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠲᠠᠢᠯᠪᠤᠷᠢᠯᠠᠬᠤ᠂ ᠬᠡᠷᠡᠭ᠎ᠢᠶᠡᠷ ᠬᠠᠷᠢᠭᠤᠴᠠᠯᠭ᠎ᠠ᠎ᠶ᠋ᠢ ᠲᠤᠯᠭᠠᠬᠤ᠎ᠶ᠋ᠢ ᠴᠢᠩᠭᠠᠳᠭᠠᠵᠤ᠂ ᠡᠩᠨᠡᠭᠡᠨ᠎ᠦ ᠬᠥᠮᠦᠵᠢᠯ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ᠍ ᠤᠷᠢᠳᠴᠢᠯᠠᠨ ᠰᠡᠷᠭᠡᠢᠯᠡᠬᠦ᠌᠂ ᠬᠢᠨᠠᠯᠲᠠ ᠲᠠᠯᠪᠢᠵᠤ ᠵᠠᠯᠬᠠᠭᠠᠨ ᠱᠢᠢᠳᠭᠡᠬᠦ᠌ ᠵᠡᠷᠭᠡ ᠲᠦᠷᠢᠮ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ᠎ᠶ᠋ᠢᠨ ᠦᠵᠡᠯᠲᠡ᠎ᠪᠡᠨ ᠴᠢᠩᠭᠠᠳᠭᠠᠬᠤ᠎ᠶ᠋ᠢ ᠠᠬᠢᠭᠤᠯᠪᠠ᠃
ᠰᠤᠷᠭᠠᠨ ᠬᠥᠮᠦᠵᠢᠯ᠎ᠦᠨ ᠶᠠᠮᠤᠨ ᠪᠥᠬᠥ᠌ ᠨᠠᠮ᠎ᠤᠨ ᠭᠡᠱᠢᠭᠦᠨ ᠺᠠᠳ᠋ᠷ᠎ᠤᠨ ᠰᠤᠷᠭᠠᠨ ᠬᠥᠮᠦᠵᠢᠯ᠎ᠦᠨ ᠶᠠᠮᠤᠨ᠎ᠤ ᠱᠢᠭᠤᠳ ᠬᠠᠷᠢᠶ᠎ᠠ ᠱᠢᠰᠲ᠋ᠧᠮ᠎ᠦᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠡᠴᠡ ᠨᠠᠭᠠᠱᠢᠬᠢ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨ ᠬᠡᠷᠡᠭ᠎ᠦᠨ ᠵᠢᠱ᠌ᠢᠶ᠎ᠡ᠎ᠶ᠋ᠢᠨ ᠡᠮᠬᠢᠳᠭᠡᠯ 《ᠴᠡᠭᠡᠷᠯᠡᠯ 2 》 ᠵᠡᠷᠭᠡ ᠰᠡᠷᠡᠮᠵᠢᠯᠡᠭᠦᠯᠬᠦ᠌ ᠬᠥᠮᠦᠵᠢᠯ᠎ᠦᠨ ᠮᠠᠲ᠋ᠧᠷᠢᠶᠠᠯ᠎ᠢ ᠭᠦᠨᠵᠡᠭᠡᠶ ᠰᠤᠷᠤᠯᠴᠠᠬᠤ᠎ᠶ᠋ᠢ ᠠᠬᠢᠭᠤᠯᠬᠤ᠎ᠶ᠋ᠢᠨ ᠬᠠᠮᠲᠤ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ᠎ᠢ ᠪᠡᠯᠡᠳᠭᠡᠨ ᠬᠤᠷᠠᠯᠳᠤᠭᠤᠯᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠲᠥᠪᠯᠡᠷᠡᠭᠦᠯᠦᠨ ᠮᠡᠳᠡᠭ᠌ᠳᠡᠵᠦ᠍᠂ ᠣᠯᠠᠨ ᠵᠦᠶ᠋ᠯ᠎ᠦᠨ ᠬᠡᠯᠪᠡᠷᠢ᠎ᠶ᠋ᠢᠨ ᠰᠡᠷᠡᠮᠵᠢᠯᠡᠭᠦᠯᠬᠦ᠌ ᠬᠥᠮᠦᠵᠢᠯ᠎ᠦᠨ ᠠᠵᠢᠯᠯᠠᠭ᠎ᠠ᠎ᠪᠠᠷ ᠨᠠᠮ᠎ᠤᠨ ᠭᠡᠱᠢᠭᠦᠨ ᠺᠠᠳ᠋ᠷ᠎ᠤᠨ ᠤᠯᠤᠰ ᠲᠥᠷᠥ᠎ᠶ᠋ᠢᠨ ᠲᠣᠭ᠍ᠲᠠᠯ ᠬᠦᠴᠦᠨ᠂ ᠰᠠᠬᠢᠯᠭ᠎ᠠ ᠪᠠᠲᠤ᠎ᠶ᠋ᠢᠨ ᠲᠣᠭ᠍ᠲᠠᠯ ᠬᠦᠴᠦᠨ᠂ ᠶᠣᠰᠣ ᠰᠤᠷᠲᠠᠬᠤᠨ᠎ᠤ ᠲᠣᠭ᠍ᠲᠠᠯ ᠬᠦᠴᠦᠨ᠂ ᠢᠯᠵᠠᠷᠡᠯ᠎ᠢ ᠡᠰᠡᠷᠭᠦᠴᠡᠬᠦ᠌ ᠲᠣᠭ᠍ᠲᠠᠯ ᠬᠦᠴᠦᠨ᠎ᠢ ᠴᠢᠩᠭᠠᠳᠭᠠᠬᠤ᠎ᠶ᠋ᠢ ᠠᠬᠢᠭᠤᠯᠪᠠ᠃
ᠳᠣᠲᠣᠭᠠᠳᠤ᠎ᠶ᠋ᠢ ᠬᠠᠮᠠᠭᠠᠯᠠᠬᠤ ᠶᠠᠮᠤᠨ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ《ᠰᠡᠷᠡᠮᠵᠢ᠎ᠶ᠋ᠢᠨ ᠬᠣᠩᠬᠣ》 ᠱᠢᠷᠢᠰ ᠰᠡᠷᠡᠮᠵᠢᠯᠡᠭᠦᠯᠬᠦ᠌ ᠬᠥᠮᠦᠵᠢᠯ᠎ᠦᠨ 10 ᠺᠢᠨᠣ᠋᠎ᠶ᠋ᠢ ᠲᠥᠪᠯᠡᠷᠡᠭᠦᠯᠦᠨ ᠦᠵᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠨᠠᠮ᠎ᠤᠨ ᠰᠠᠬᠢᠯᠭ᠎ᠠ ᠪᠠᠲᠤ ᠬᠠᠤᠯᠢ ᠲᠣᠭ᠍ᠲᠠᠭᠠᠯ᠎ᠤᠨ ᠤᠬᠠᠮᠰᠠᠷ᠎ᠡᠴᠡ᠎ᠪᠠᠨ ᠬᠦᠨᠳᠦᠳᠭᠡᠭ᠌ᠴᠢ᠂ ᠡᠷᠡᠰ ᠪᠠᠲᠤ ᠬᠡᠷᠡᠭ᠌ᠵᠢᠭᠦᠯᠦᠭ᠌ᠴᠢ᠂ ᠦᠨᠡᠨᠴᠢ ᠱᠢᠳᠤᠷᠭᠤ ᠬᠠᠮᠠᠭᠠᠯᠠᠭ᠍ᠴᠢ ᠪᠣᠯᠭᠠᠪᠠ ; ᠪᠥᠬᠥ᠌ ᠨᠠᠮ᠎ᠤᠨ ᠭᠡᠱᠢᠭᠦᠨ ᠺᠠᠳ᠋ᠷ᠎ᠤᠨ ᠬᠡᠷ ᠪᠦᠯᠢ᠎ᠶ᠋ᠢᠨ᠎ᠬᠢᠨ᠎ᠳᠦ ᠬᠠᠯᠠᠭᠤᠨ ᠳᠣᠲᠣᠨᠣ ᠰᠠᠨᠠᠭᠤᠯᠤᠮᠵᠢ᠎ᠶ᠋ᠢᠨ ᠪᠢᠴᠢᠭ ᠳᠠᠷᠤᠮᠠᠯᠯᠠᠨ ᠲᠠᠷᠬᠠᠭᠠᠵᠤ᠂ ᠬᠡᠷ ᠪᠦᠯᠢ᠎ᠶ᠋ᠢᠨ᠎ᠬᠢᠨ᠎ᠳᠦ ᠨᠠᠮ᠎ᠤᠨ ᠭᠡᠱᠢᠭᠦᠨ ᠺᠠᠳ᠋ᠷ᠎ᠤᠨ ᠠᠷᠢᠬᠢ ᠤᠤᠭᠤᠵᠤ ᠰᠣᠭ᠍ᠲᠣᠬᠤ᠂ ᠭᠠᠳᠠᠭ᠍ᠰᠢ ᠭᠠᠷᠴᠤ᠌ ᠬᠠᠮᠲᠤ ᠬᠣᠭᠣᠯᠠ ᠢᠳᠡᠬᠦ᠌᠂ ᠨᠢᠭᠤᠷᠳᠠᠵᠤ ᠤᠴᠠᠷᠠᠬᠤ ᠦᠭᠡᠢ ᠪᠡᠷ ᠪᠡᠯᠡᠭ ᠬᠤᠷᠢᠶᠠᠬᠤ ᠵᠡᠷᠭᠡ ᠠᠰᠠᠭᠤᠳᠠᠯ ᠣᠯᠠᠨ ᠭᠠᠷᠳᠠᠭ ᠵᠠᠩᠭᠢᠯᠠᠭ᠎ᠠ᠎ᠶ᠋ᠢᠨ ᠴᠠᠭ᠎ᠲᠤ ᠰᠤᠷᠭᠠᠨ ᠬᠥᠮᠦᠵᠢᠭᠦᠯᠵᠦ᠍ ᠰᠠᠨᠠᠭᠤᠯᠬᠤ᠎ᠶ᠋ᠢ ᠴᠢᠩᠭᠠᠳᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠠᠰᠠᠭᠤᠳᠠᠯ ᠡᠭᠦᠰᠭᠦ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ ᠭᠡᠵᠦ᠍ ᠰᠠᠨᠠᠭᠤᠯᠪᠠ᠃
ᠰᠠᠬᠢᠯᠭ᠎ᠠ ᠪᠠᠲᠤᠴᠢ ᠴᠢᠨᠠᠷ᠎ᠢᠶᠠᠨ ᠴᠢᠩᠭᠠᠳᠭᠠᠪᠠᠯ ᠬᠤᠪᠢᠰᠭᠠᠯ ᠢᠯᠠᠯᠲᠠ ᠤᠯᠬᠤ ᠦᠭᠡᠢ ᠭᠡᠰᠡᠨ ᠶᠠᠪᠤᠳᠠᠯ ᠦᠭᠡᠢ᠃
ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ᠍᠂ ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠶ᠋ᠢ ᠠᠳᠭᠤᠵᠤ᠂ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠨᠢᠭᠡᠴᠢ᠎ᠶ᠋ᠢᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠢᠲᠠᠢ ᠥᠷᠨᠢᠭᠦᠯᠵᠦ᠍᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)