ᠪᠠᠢᠭᠠᠯᠢ᠎ᠶ᠋ᠢᠨ ᠥᠪ᠎ᠢ ᠬᠠᠮᠠᠭᠠᠯᠠᠵᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠤᠶ᠎ᠠ
2024-06-10 11:13:27
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 7 ᠎ᠤ᠋ ᠡᠳᠦᠷ᠂ 2024 ᠣᠨ᠎ᠤ ᠰᠣᠶᠣᠯ᠎ᠤᠨ ᠪᠠ ᠪᠠᠢᠭᠠᠯᠢ᠎ᠶ᠋ᠢᠨ ᠥᠪ᠎ᠦᠨ ᠡᠳᠦᠷ ᠬᠦᠷᠴᠦ᠍ ᠢᠷᠡᠬᠦ᠌ ᠲᠠᠱᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠡᠴᠡ ᠭᠣᠣᠯᠯᠠᠨ ᠡᠷᠬᠢᠯᠡᠭ᠌ᠰᠡᠨ 《 ᠳᠡᠯᠡᠬᠡᠢ᠎ᠶ᠋ᠢᠨ ᠥᠪ᠎ᠢ ᠬᠠᠮᠠᠭᠠᠯᠠᠵᠤ  ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠤᠶ᠎ᠠ 》 ᠭᠡᠬᠦ ᠭᠣᠣᠯ ᠰᠡᠳᠦᠪᠲᠦ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ ᠱᠢᠯᠢᠩᠬᠣᠲᠠ᠎ᠳᠤ ᠡᠬᠢᠯᠡᠪᠡ᠃

ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ᠎ᠳᠤ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠤᠬᠠᠭᠤᠯᠭ᠎ᠠ ᠪᠠ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠤᠨ ᠭᠠᠯᠲᠤ ᠠᠭᠤᠯᠠ᠎ᠶ᠋ᠢᠨ ᠭᠠᠵᠠᠷ ᠱᠢᠨᠵᠢᠯᠡᠭᠡᠨ᠎ᠦ ᠴᠡᠴᠡᠷᠯᠢᠭ᠎ᠦᠨ ᠬᠡᠷᠡᠯ ᠵᠢᠷᠤᠭ᠎ᠤᠨ ᠦᠵᠡᠭᠦᠯᠭᠡ᠎ᠶ᠋ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠪᠠᠰᠠ ᠠᠬᠤᠢ ᠲᠠᠯᠠᠪᠠᠢ᠎ᠵᠢᠨ ᠲᠤᠰᠭᠠᠶ ᠲᠠᠢᠯᠤᠮᠵᠢ᠎ᠶ᠋ᠢ ᠤᠷᠢᠳᠴᠢᠯᠠᠨ ᠤᠬᠠᠭᠠᠯᠠᠵᠤ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠦ ᠶᠡᠬᠡ ᠰᠤᠷᠭᠠᠭᠤᠯᠢ (ᠪᠡᠭᠡᠵᠢᠩ)᠎ᠵᠢᠨ ᠪᠠᠶ ᡁᠢ ᠳ᠋ᠡ ᠫᠷᠤᠹᠧᠰᠰᠤᠷ᠎ᠢ ᠤᠷᠢᠵᠤ《ᠥᠪᠥᠷ ᠮᠣᠩᠭᠣᠯ᠎ᠤᠨ ᠭᠠᠢᠬᠠᠮᠱᠢᠭ᠍ᠲᠤ ᠭᠠᠯᠲᠤ ᠠᠭᠤᠯᠠ ᠬᠢᠭᠡᠳ ᠠᠮᠢ ᠠᠬᠤᠶ᠎ᠣᠷᠴᠢᠨ ᠲᠣᠭᠣᠷᠢᠨ》 ᠭᠡᠬᠦ᠌ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠠᠢᠯᠤᠮᠵᠢ ᠬᠢᠯᠭᠡᠪᠡ᠃

ᠰᠣᠶᠣᠯ ᠪᠠ ᠪᠠᠢᠭᠠᠯᠢ᠎ᠶ᠋ᠢᠨ ᠥᠪ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠬᠥᠭ᠌ᠵᠢᠯᠲᠡ ᠪᠠ ᠪᠠᠢᠭᠠᠯᠢ᠎ᠶ᠋ᠢᠨ ᠬᠤᠪᠢᠰᠤᠯᠲᠠ᠎ᠶ᠋ᠢᠨ ᠴᠢᠬᠤᠯᠠ ᠦᠷ᠎ᠡ ᠪᠦᠲᠦᠭᠡᠯ ᠮᠥᠨ᠂ ᠮᠦᠨ ᠴᠤ᠌ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠡᠳᠡᠭᠡᠷ ᠡᠷᠬᠢᠮ ᠨᠠᠨᠳᠢᠨ ᠡᠳ᠋ ᠪᠠᠶᠠᠯᠢᠭ᠎ᠢ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠠᠱᠢᠭ᠍ᠯᠠᠬᠤ ᠪᠣᠯ ᠪᠦᠬᠦ᠌ ᠨᠡᠢᠭᠡᠮ᠎ᠦᠨ ᠬᠠᠮᠲᠤ᠎ᠶ᠋ᠢᠨ ᠬᠠᠷᠢᠭᠤᠴᠠᠯᠭ᠎ᠠ ᠪᠣᠯᠤᠨ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠦᠳ ᠤᠯᠤᠰ᠎ᠤᠨ ᠴᠡᠴᠡᠷᠯᠢᠭ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠂ ᠠᠯᠳᠠᠷᠲᠤ ᠦᠵᠡᠮᠵᠢ᠎ᠶ᠋ᠢᠨ ᠣᠷᠣᠨ᠂ ᠨᠤᠭᠤ ᠭᠠᠵᠠᠷ᠎ᠤᠨ ᠴᠡᠴᠡᠷᠯᠢᠭ᠂ ᠣᠶ ᠱᠢᠭᠤᠶ᠎ᠶ᠋ᠢᠨ ᠴᠡᠴᠡᠷᠯᠢᠭ᠂ ᠭᠠᠵᠠᠷ ᠰᠢᠨᠵᠢᠯᠡᠭᠡᠨ᠎ᠤ ᠴᠡᠴᠡᠷᠯᠢᠭ᠂ ᠡᠯᠡᠰᠦᠨ ᠴᠦᠯ᠎ᠤᠨ ᠴᠡᠴᠡᠷᠯᠢᠭ ᠵᠡᠷᠭᠡ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ ᠪᠠᠢᠭᠤᠯᠬᠤ᠎ᠪᠠᠷ ᠳᠠᠮᠵᠢᠭᠤᠯᠤᠨ᠂ ᠪᠠᠢᠭᠠᠯᠢ᠎ᠶ᠋ᠢᠨ ᠥᠪ᠎ᠢ ᠠᠭᠤᠳᠠᠯᠤᠨ ᠬᠠᠮᠠᠭᠠᠯᠠᠬᠤ᠎ᠶ᠋ᠢ ᠴᠢᠩᠭᠠᠳᠭᠠᠪᠠ᠃ ᠡᠭᠦᠨ᠎ᠦ ᠬᠠᠮᠲᠤ᠂ 《ᠪᠠᠳᠠᠶ᠎ᠶ᠋ᠢᠨ ᠵᠢᠷᠠᠨ᠎ᠤ ᠡᠯᠡᠰᠦ —ᠡᠯᠡᠰᠦᠨ ᠤᠪᠤᠭ᠎ᠠ ᠨᠠᠭᠤᠷ ᠪᠦᠷᠢᠳᠦ》᠎ᠵᠢᠨ ᠳᠡᠯᠡᠬᠡᠶ᠎ᠶ᠋ᠢᠨ ᠪᠠᠢᠭᠠᠯᠢ᠎ᠶ᠋ᠢᠨ ᠥᠪ᠎ᠢ ᠢᠳᠡᠪᠬᠢᠲᠡᠶ ᠭᠤᠶᠤᠴᠢᠯᠠᠨ ᠮᠡᠳᠡᠭᠦᠯᠵᠦ᠍᠂ 2023 ᠣᠨ᠎ᠳᠤ ᠨᠢᠭᠡᠨᠲᠡ ᠳᠡᠯᠡᠬᠡᠶ᠎ᠶ᠋ᠢᠨ ᠪᠠᠢᠭᠠᠯᠢ᠎ᠶ᠋ᠢᠨ ᠥᠪ᠎ᠦᠨ ᠭᠠᠳᠠᠭᠠᠳᠤ᠎ᠶ᠋ᠢᠨ ᠲᠤᠰᠭᠠᠶ ᠮᠡᠷᠭᠡᠵᠢᠯᠲᠡᠨ᠎ᠦ ᠲᠤᠬᠠᠶ᠎ᠶ᠋ᠢᠨ ᠲᠠᠯᠠᠪᠠᠶ᠎ᠳᠤ ᠱᠢᠨᠵᠢᠯᠡᠨ ᠪᠠᠢᠴᠠᠭᠠᠬᠤ᠎ᠶ᠋ᠢ ᠪᠡᠶᠡᠯᠡᠭᠦᠯᠵᠦ᠍᠂ ᠡᠨᠡ ᠵᠢᠯ《ᠳᠡᠯᠡᠬᠡᠶ᠎ᠶ᠋ᠢᠨ ᠥᠪ᠎ᠦᠨ ᠨᠡᠷᠡᠰ᠎ᠦᠨ ᠵᠢᠭ᠍ᠰᠠᠭᠠᠯᠲᠠ》 ᠳ᠋ᠤ ᠵᠢᠩᠬᠢᠨᠢ᠎ᠪᠡᠷ ᠵᠢᠭ᠍ᠰᠠᠭᠠᠭ᠍ᠳᠠᠬᠤ ᠪᠣᠯᠤᠮᠵᠢ᠎ᠲᠠᠶ ᠪᠠᠢᠵᠤ᠂ ᠲᠣᠰ ᠪᠠᠢᠭᠠᠯᠢ᠎ᠶ᠋ᠢᠨ ᠥᠪ᠎ᠢ ᠭᠤᠶᠤᠴᠢᠯᠠᠨ ᠮᠡᠳᠡᠭᠦᠯᠬᠦ᠌ ᠠᠵᠢᠯ᠎ᠨᠢ ᠮᠠᠨ᠎ᠤ ᠣᠷᠣᠨ᠎ᠤ ᠳᠡᠯᠡᠬᠡᠶ᠎ᠶ᠋ᠢᠨ ᠪᠠᠢᠭᠠᠯᠢ᠎ᠶ᠋ᠢᠨ ᠥᠪ᠎ᠦᠨ ᠬᠣᠭᠣᠰᠣᠨ᠎ᠢ ᠨᠥᠬᠥᠪᠥᠷᠢᠯᠡᠬᠦ᠌ ᠪᠣᠯᠤᠨ᠎ᠠ᠃

ᠣᠢᠯᠠᠭᠠᠭ᠍ᠰᠠᠨ᠎ᠢᠶᠠᠷ᠂ ᠲᠠᠷᠠᠭᠠᠴᠢ᠎ᠶ᠋ᠢᠨ ᠠᠯᠬᠤᠮ᠎ᠳᠤ᠂ ᠪᠥᠬᠥ᠌ ᠣᠷᠣᠨ᠎ᠤ ᠡᠯ᠎ᠡ ᠱᠠᠲᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠦᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠥᠯᠥᠭᠡᠯᠡᠬᠦ᠌ ᠴᠢᠨᠠᠷᠲᠠᠶ ᠪᠠ ᠬᠣᠪᠣᠷ ᠨᠠᠨᠳᠢᠨ ᠦᠨ᠎ᠡ ᠥᠷᠲᠡᠭ᠎ᠲᠡᠶ ᠨᠠᠩ ᠣᠯᠠᠨ ᠪᠠᠢᠭᠠᠯᠢ᠎ᠶ᠋ᠢᠨ ᠥᠪ ᠎ᠢ  ᠰᠠᠢᠲᠤᠷ ᠠᠭᠤᠳᠠᠯᠤᠨ ᠰᠠᠢᠲᠤᠷ ᠬᠠᠮᠠᠭᠠᠯᠠᠵᠤ ᠰᠠᠢᠲᠤᠷ ᠤᠬᠠᠭᠤᠯᠬᠤ ᠪᠣᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号