ᠴᠡᠭᠴᠡᠯᠡᠨ ᠰᠠᠢᠵᠢᠷᠠᠭᠤᠯᠬᠤ ᠵᠢ ᠢᠮᠠᠭᠳᠠ ᠲᠤᠭᠤᠰᠢᠯᠠᠭᠤᠯᠵᠤ ᠲᠤᠪᠤᠢᠮ᠎ᠠ ᠠᠰᠠᠭᠤᠳᠠᠯ ᠢ᠋ ᠦᠨᠡᠨ ᠪᠤᠳᠠᠳᠠᠢ ᠰᠢᠢᠳᠪᠦᠷᠢᠯᠡᠨ᠎ᠡ
2024-06-14 09:57:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠢᠮᠠᠭ᠍ᠲᠠ ᠲᠤᠭᠤᠱᠢᠯᠠᠭᠤᠯᠵᠤ᠂ ᠨᠢᠭᠡ ᠪᠦᠯᠦᠭ ᠲᠤᠪᠤᠢ᠌ᠮ᠎ᠠ ᠠᠰᠠᠭᠤᠳᠠᠯ᠎ᠢ ᠦᠨᠡᠨ ᠪᠣᠳᠠᠲᠠᠢ ᠱᠢᠢᠳᠪᠦᠷᠢᠯᠡᠬᠦ᠌᠎ᠶ᠋ᠢ ᠦᠨᠡᠨ ᠬᠦ᠌ ᠪᠠᠲᠤᠯᠠᠪᠠ᠃

ᠲᠦᠩᠯᠢᠶᠣᠤ ᠬᠣᠲᠠ᠎ᠶ᠋ᠢᠨ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠲᠦᠷᠦᠭᠦᠯᠡᠨ ᠨᠣᠮ ᠤᠩᠱᠢᠬᠤ ᠠᠩᠭᠢ ᠡᠷᠭᠢᠯᠡᠵᠦ᠍᠂ ᠪᠥᠬᠥ᠌ ᠬᠣᠲᠠ᠎ᠶ᠋ᠢᠨ 837 ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠂ 7279 ᠨᠠᠮ᠎ᠤᠨ ᠡᠭᠦᠷ ᠢ᠋ ᠳᠠᠢᠴᠢᠯᠠᠨ ᠰᠤᠷᠤᠯᠴᠠᠯᠭ᠎ᠠ᠎ᠪᠡᠷ ᠡᠬᠢᠯᠡᠯᠲᠡ ᠪᠤᠯᠭᠠᠵᠤ᠂ 16 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠰᠤᠳᠤᠯᠤᠨ ᠲᠣᠭ᠍ᠲᠠᠭᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠲᠥᠷᠥᠯ ᠵᠦᠶ᠋ᠯᠵᠢᠭᠦᠯᠦᠨ ᠠᠬᠢᠭᠤᠯᠪᠠ᠃ ᠲᠣᠰ ᠬᠣᠲᠠ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠪᠣᠯᠤᠨ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠵᠢᠯᠣᠭᠣᠳᠤᠨ ᠠᠬᠢᠭᠤᠯᠬᠤ ᠲᠥᠯᠥᠪᠯᠡᠭᠡ᠎ᠶ᠋ᠢ ᠲᠣᠭ᠍ᠲᠠᠭᠠᠵᠤ᠂ ᠪᠠᠢᠭᠤᠯᠭ᠎ᠠ ᠨᠢᠭᠡᠴᠢ ᠪᠣᠯᠤᠨ ᠭᠠᠴᠠᠭ᠎ᠠ ᠲᠣᠰᠭᠣᠨ᠎ᠤ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠰᠡᠷᠡᠮᠵᠢᠯᠡᠬᠦᠯᠬᠦ ᠲᠡᠮᠳᠡᠭ᠌ᠯᠡᠯ᠎ᠢ ᠲᠥᠷᠥᠯ ᠬᠤᠪᠢᠶᠠᠨ ᠨᠠᠢᠷᠠᠭᠤᠯᠤᠨ ᠪᠢᠴᠢᠵᠦ᠍ ᠳᠠᠷᠤᠮᠠᠯᠯᠠᠨ ᠲᠠᠷᠬᠠᠭᠠᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠡᠷᠴᠢᠮ᠎ᠢ ᠴᠢᠩᠭᠠᠷᠠᠭᠤᠯᠵᠤ᠂ ᠪᠦᠲᠦᠮᠵᠢᠲᠡᠶ ᠰᠦᠷᠳᠡᠭᠦᠯᠦᠯ᠎ᠢ ᠪᠣᠶ ᠪᠣᠯᠭᠠᠪᠠ᠃ ᠡᠭᠦᠨ᠎ᠦ ᠬᠠᠮᠲᠤ᠂ 《ᠬᠤᠷᠤᠭᠤᠨ ᠦᠵᠦᠭᠦᠷ ᠲᠡᠬᠢ ᠬᠡᠯᠪᠡᠷᠢᠴᠢ ᠦᠵᠡᠯ》 ᠢ᠋ ᠴᠡᠭ᠌ᠴᠡᠯᠡᠨ ᠵᠠᠰᠠᠬᠤ ᠵᠡᠷᠭᠡ ᠠᠵᠢᠯ᠎ᠤᠨ ᠲᠣᠭᠣᠷᠢᠨ᠎ᠳᠤ᠂ ᠬᠣᠲᠠ ᠬᠣᠱᠢᠭᠤ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ 22 ᠬᠡᠷᠡᠭ᠌ᠯᠡᠭᠡᠨ᠎ᠦ ᠫᠷᠤᠭ᠌ᠷᠠᠮ᠎ᠢ᠋ ᠪᠠᠢᠳᠠᠯ᠎ᠢ ᠨᠢ ᠣᠢᠯᠠᠭᠠᠵᠤ ᠵᠢᠭ᠍ᠰᠠᠭᠠᠨ ᠪᠠᠢᠴᠠᠭᠠᠵᠤ᠂ ᠵᠢᠷᠤᠮᠵᠢᠭᠤᠨ ᠪᠤᠰᠤ ᠪᠠᠷ ᠫᠠᠢᠰᠠ ᠡᠯᠭᠦᠭᠰᠡᠨ 9191 ᠪᠠᠢᠳᠠᠯ᠎ᠢ ᠴᠡᠭ᠌ᠴᠡᠯᠡᠵᠦ᠍᠂ ᠬᠣᠲᠠ᠎ᠶ᠋ᠢᠨ ᠱᠠᠲᠤᠨ᠎ᠤ ᠠᠵᠢᠯ᠎ᠤᠨ ᠲᠤᠰᠭᠠᠶ ᠠᠩᠭᠢ᠎ᠶ᠋ᠢ ᠴᠣᠮᠬᠠᠳᠭᠠᠭ᠍ᠰᠠᠨ ᠬᠡᠮᠵᠢᠶ᠎ᠡ᠎ᠨᠢ 46.9%᠎ᠳ᠋ᠤ ᠬᠦᠷᠴᠦ᠍᠂ ᠬᠣᠱᠢᠭᠤ ᠱᠢᠶᠠᠨ᠎ᠤ ᠬᠠᠮᠢᠶᠠᠷᠤᠯᠲᠠ᠎ᠶ᠋ᠢᠨ ᠨᠠᠷᠢᠨ ᠲᠠᠩᠰᠠ᠎ᠶ᠋ᠢ ᠴᠣᠮᠬᠠᠳᠭᠠᠭ᠍ᠰᠠᠨ ᠬᠡᠮᠵᠢᠶ᠎ᠡ᠎ᠨᠢ 30.5%᠎ᠳ᠋ᠤ ᠬᠦᠷᠴᠡᠶ᠃

ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠂ ᠲᠤᠰᠭᠠᠶ ᠰᠡᠳᠦᠪᠲᠦ ᠲᠠᠢᠯᠤᠮᠵᠢ᠂ ᠰᠣᠯᠢᠯᠴᠠᠵᠤ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠰᠡᠷᠡᠮᠵᠢᠯᠡᠭᠦᠯᠬᠦ᠌ ᠬᠥᠮᠦᠵᠢᠯ ᠬᠢᠬᠦ ᠵᠡᠷᠭᠡ᠎ᠶ᠋ᠢ ᠡᠷᠭᠢᠯᠡᠵᠦ᠍᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠲᠣᠰ ᠲᠣᠪᠴᠢᠶ᠎ᠠ ᠱᠢᠨ᠎ᠡ᠎ᠪᠡᠷ ᠲᠤᠱᠢᠶᠠᠯ᠎ᠳᠤ ᠳᠡᠪᠱᠢᠭᠦᠯᠬᠦ᠌᠂ ᠱᠢᠨ᠎ᠡ᠎ᠪᠡᠷ ᠲᠤᠱᠢᠶᠠᠯ᠎ᠳᠤ ᠭᠠᠷᠬᠤ ᠵᠢᠴᠢ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠳᠤ ᠭᠠᠷᠬᠤ ᠺᠠᠳ᠋ᠷᠴᠤᠳ᠎ᠤᠨ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠤᠬᠠᠶ ᠬᠠᠮᠲᠤ᠎ᠶ᠋ᠢᠨ ᠶᠠᠷᠢᠯᠴᠠᠭ᠎ᠠ᠎ᠶ᠋ᠢ ᠵᠣᠬᠢᠶᠠᠨ ᠪᠠᠢᠭᠤᠯᠵᠤ᠂ ᠪᠢᠴᠢᠭ ᠮᠠᠲ᠋ᠧᠷᠢᠶᠠᠯ᠎ᠤᠨ ᠬᠤᠷᠠᠯ᠎ᠤᠨ ᠲᠣᠭ᠎ᠠ ᠬᠡᠮᠵᠢᠶ᠎ᠡ᠎ᠶ᠋ᠢ ᠬᠢᠵᠠᠭᠠᠷᠯᠠᠬᠤ ᠬᠠᠲᠠᠭᠤ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠯ ᠤ᠋ᠨ ᠲᠤᠬᠠᠢᠯᠠᠭ᠍ᠰᠠᠨ ᠠᠵᠢᠯ᠎ᠤᠨ ᠶᠠᠪᠤᠴᠠ᠎ᠶ᠋ᠢ ᠱᠢᠯᠢᠳᠡᠭ᠌ᠵᠢᠭᠦᠯᠦᠨ ᠵᠢᠷᠤᠮᠵᠢᠭᠤᠯᠬᠤ᠎ᠪᠠᠷ ᠬᠦᠴᠦᠯᠡᠨ ᠴᠢᠷᠮᠠᠢᠵᠤ᠂ ᠬᠢᠨᠠᠨ ᠱᠢᠯᠭᠠᠬᠤ ᠵᠢᠭᠠᠯᠳᠠ ᠲᠣᠭ᠎ᠠ᠎ᠶ᠋ᠢ ᠱᠢᠨᠵᠢᠯᠡᠬᠦ᠌ ᠤᠬᠠᠭᠠᠨᠴᠢ ᠪᠠᠷ ᠲᠣᠬᠢᠷᠠᠭᠤᠯᠤᠨ᠂ ᠵᠠᠬᠢᠳᠠᠯ ᠰᠤᠷᠪᠤᠯᠵᠢᠯᠠᠯ ᠤ᠋ᠨ ᠵᠦᠶ᠋ᠯᠡᠰ᠎ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ 《ᠡᠳᠦᠷ ᠤ᠋ᠨ ᠠᠵᠢᠯ ᠢ᠋ ᠡᠳᠦᠷ ᠲᠤᠨᠢ ᠭᠦᠢᠴᠡᠳᠬᠡᠵᠦ ᠳᠠᠭᠤᠰᠭᠠᠬᠤ》 ᠶ᠋ᠢ ᠠᠬᠢᠭᠤᠯᠪᠠ᠃ ᠡᠭᠦᠨ᠎ᠦ ᠬᠠᠮᠲᠤ᠂ 《ᠵᠠᠷᠭᠤ ᠬᠢᠬᠦ ᠡᠴᠡ ᠡᠮᠦᠨ᠎ᠡ ᠤᠷᠢᠳ᠎ᠢᠶᠡᠷ ᠰᠢᠢᠳᠪᠦᠷᠢᠯᠡᠬᠦ᠌᠂ ᠵᠠᠷᠭᠤ᠎ᠶ᠋ᠢ ᠭᠥᠯᠢᠶᠡᠨ ᠠᠪᠤᠪᠠᠯ ᠳᠠᠷᠤᠶ᠎ᠳᠤᠨᠢ ᠭᠦᠶ᠋ᠴᠡᠳᠭᠡᠬᠦ᠌᠂ ᠱᠠᠲᠤ ᠬᠤᠪᠢᠶᠠᠨ ᠣᠷᠣᠯᠠᠨ ᠭᠦᠶ᠋ᠴᠡᠳᠭᠡᠬᠦ᠌》 ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠬᠣᠱᠢᠭᠤ ᠱᠢᠶᠠᠨ᠎ᠡᠴᠡ ᠠᠢᠮᠠᠭ ᠬᠣᠲᠠ᠂ ᠠᠢᠮᠠᠭ ᠬᠣᠲᠠ᠎ᠡᠴᠡ ᠥᠪᠡᠷᠲᠡᠭᠡᠨ ᠵᠠᠰᠠᠬᠤ ᠣᠷᠣᠨ᠎ᠳᠤ ᠬᠦᠷᠲᠡᠯᠡᠬᠢ ᠱᠢᠶ᠋ᠳᠪᠦᠷᠢᠯᠡᠬᠦ᠌ ᠡᠷᠬᠡ᠎ᠲᠡᠶ ᠰᠠᠯᠠᠭ᠎ᠠ ᠮᠥᠴᠢᠷ᠎ᠦᠨ ᠭᠦᠢᠴᠡᠳᠭᠡᠬᠦ ᠠᠷᠭ᠎ᠠ ᠵᠠᠮ᠎ᠢ ᠬᠦᠴᠦᠯᠡᠨ ᠨᠡᠪᠲᠡᠷᠡᠭᠦᠯᠵᠦ᠍᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠵᠠᠬᠢᠳᠠᠯ ᠰᠤᠷᠪᠤᠯᠵᠢᠯᠠᠯ᠎ᠤᠨ ᠣᠶᠤᠨᠴᠢ ᠲᠤᠰᠠᠯᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠬᠡᠲᠦᠷᠡᠲᠡᠯ᠎ᠡ ᠣᠷᠣ ᠮᠥᠷ ᠦᠯᠡᠳᠡᠭᠡᠬᠦ᠌᠂ ᠬᠡᠷᠡᠭ ᠥᠬᠡᠶ ᠵᠠᠷᠤᠴᠠᠭᠤᠯᠬᠤ ᠬᠥᠳᠡᠯᠮᠦᠷᠢ᠎ᠶ᠋ᠢ ᠪᠠᠭᠠᠰᠭᠠᠬᠤ᠎ᠶ᠋ᠢ ᠰᠡᠷᠭᠡᠢᠯᠡᠨ᠂ 《ᠬᠤᠷᠤᠭᠤᠨ ᠦᠵᠦᠭᠦᠷ ᠲᠡᠬᠢ ᠬᠡᠯᠪᠡᠷᠢᠴᠢ ᠦᠵᠡᠯ》 ᠢ᠋ ᠡᠷᠡᠰ ᠬᠣᠷᠢᠭ᠍ᠯᠠᠪᠠ᠃

ᠬᠥᠬᠡᠬᠣᠲᠠ ᠪᠣᠭᠣᠮᠲᠠ ᠨᠢ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠲᠤᠰᠭᠠᠢ ᠰᠡᠳᠦᠪ ᠬᠤᠪᠢᠶᠠᠨ ᠵᠢᠱ᠌ᠢᠢ᠎ᠡ ᠦᠵᠡᠭᠦᠯᠬᠦ᠌ ᠰᠤᠷᠤᠯᠴᠠᠯᠭ᠎ᠠ᠂ ᠨᠠᠮ᠎ᠤᠨ ᠬᠤᠷᠢᠶ᠎ᠠ ᠵᠢᠨ ᠤᠳᠤᠷᠢᠳᠭᠤ ᠪᠠᠭ᠎ᠤᠨ ᠪᠦᠷᠢᠯᠳᠦᠬᠦᠨ ᠥᠪᠡᠷ᠎ᠦᠨ ᠪᠠᠢᠭ᠎ᠠ ᠨᠠᠮ᠎ᠤᠨ ᠡᠭᠦᠷ᠎ᠲᠡᠬᠡᠨ ᠬᠦᠷᠴᠦ᠍ ᠳᠠᠭᠠᠭᠤᠯᠤᠨ ᠰᠤᠷᠤᠯᠴᠠᠬᠤ᠂ ᠬᠠᠷᠢᠶ᠎ᠠ ᠪᠣᠭᠣᠮᠲᠠ᠎ᠳᠠᠭᠠᠨ 《ᠱᠦᠵᠢ ᠳᠤᠭᠤᠢᠯᠠᠩ᠎ᠤᠨ ᠳᠠᠷᠤᠭ᠎ᠠ ᠰᠠᠬᠢᠯᠭ᠎ᠠ ᠪᠠᠲᠤ᠎ᠶ᠋ᠢᠨ ᠲᠤᠬᠠᠢ ᠶᠠᠷᠢᠯᠴᠠᠬᠤ》 ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠨᠠᠮ᠎ᠤᠨ ᠡᠭᠦᠷ᠎ᠦᠨ ᠱᠦᠵᠢ ᠲᠦᠷᠦᠭᠦᠯᠡᠨ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠬᠤ ᠪᠡᠷ ᠲᠠᠮᠵᠢᠨ᠂ 97 ᠦᠨᠳᠦᠰᠦᠨ ᠱᠠᠲᠤᠨ᠎ᠤ ᠨᠠᠮ᠎ᠤᠨ ᠡᠭᠦᠷ᠎ᠢ ᠵᠣᠬᠢᠶᠠᠨ ᠪᠠᠢᠭᠤᠯᠵᠤ 《〈ᠲᠦᠷᠢᠮ〉 ᠢ᠋ ᠰᠤᠷᠤᠯᠴᠠᠵᠤ᠂ ᠨᠠᠮ᠎ᠤᠨ ᠰᠠᠬᠢᠯᠭ᠎ᠠ ᠪᠠᠲᠤ᠎ᠶ᠋ᠢ ᠰᠠᠬᠢᠬᠤ》 ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠦ᠍᠂ 《ᠬᠢᠯᠢ᠎ᠶ᠋ᠢᠨ ᠪᠣᠭᠣᠮᠲᠠ᠎ᠶ᠋ᠢᠨ ᠵᠠᠯᠠᠭᠤᠴᠤᠳ ᠰᠠᠬᠢᠯᠭ᠎ᠠ ᠪᠠᠲᠤ᠎ᠶ᠋ᠢᠨ ᠲᠤᠬᠠᠢ ᠶᠠᠷᠢᠯᠴᠠᠬᠤ ᠬᠤᠷᠠᠯ》 ᠬᠢᠵᠦ᠍᠂ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ᠎ᠡᠴᠡ ᠬᠠᠷᠢᠶ᠎ᠠ ᠪᠣᠭᠣᠮᠲᠠ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ᠎ᠡᠴᠡ ᠰᠤᠯᠠ ᠰᠣᠨᠣᠰᠴᠤ᠎ᠵᠢᠯᠤᠭᠤᠳᠤᠯᠭ᠎ᠠ ᠬᠢᠬᠦ ᠶ᠋ᠢ ᠪᠦᠬᠦᠨ᠎ᠢ ᠪᠦᠷᠬᠦᠬᠦᠯᠪᠡ᠃ ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠂ ᠭᠡᠮᠱᠢᠯ᠎ᠦᠨ ᠲᠡᠮᠳᠡᠭ᠌ᠯᠡᠯ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠵᠡᠷᠭᠡ᠎ᠶ᠋ᠢ ᠶᠡᠷᠦᠩᠬᠡᠢᠯᠡᠨ ᠬᠡᠷᠡᠭ᠌ᠯᠡᠵᠦ᠍ ᠵᠠᠳᠠᠯᠤᠨ ᠱᠢᠨᠵᠢᠯᠡᠬᠦ᠌ ᠮᠠᠶᠢᠭ᠎ᠤᠨ ᠰᠤᠷᠤᠯᠴᠠᠯᠭ᠎ᠠ ᠬᠢᠵᠦ᠍᠂ ᠬᠡᠷᠡᠭ᠎ᠢᠶᠡᠷ ᠰᠤᠷᠤᠯᠴᠠᠯᠭ᠎ᠠ᠎ᠶ᠋ᠢ ᠠᠬᠢᠭᠤᠯᠬᠤ᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠪᠡ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠪᠠ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠪᠦᠬᠦ᠌ ᠲᠠᠯ᠎ᠠ᠎ᠪᠠᠷ ᠯᠠᠪᠳᠠᠭᠤᠨ ᠪᠠᠲᠤᠲᠠᠢ ᠥᠷᠨᠢᠭᠦᠯᠵᠦ᠍᠂ ᠴᠢᠩᠭ᠎ᠠ ᠪᠣᠳᠠᠲᠠᠢ ᠰᠤᠷᠲᠠᠯ᠎ᠢᠶᠠᠷ ᠬᠢᠯᠢ᠎ᠶ᠋ᠢᠨ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠭᠠᠳᠠᠭᠠᠳᠤ ᠠᠷᠠᠯᠵᠢᠶᠠᠨ᠎ᠤ ᠲᠣᠭ᠍ᠲᠠᠭᠤᠨ ᠪᠠᠢᠳᠠᠯ᠎ᠢ ᠪᠠᠲᠤᠯᠠᠵᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃

ᠥᠪᠥᠷ ᠮᠣᠩᠭᠣᠯ᠎ᠤᠨ ᠮᠦᠽᠧᠶ ᠨᠣᠮ ᠤᠩᠱᠢᠬᠤ ᠠᠩᠭᠢ᠂ ᠪᠣᠯᠪᠠᠰᠤᠷᠠᠯ ᠲᠠᠢᠯᠤᠮᠵᠢ ᠬᠢᠬᠦ ᠵᠢ ᠵᠤᠬᠢᠶᠠᠨ ᠪᠠᠢᠭᠤᠯᠤᠨ ᠦᠷᠨᠢᠭᠦᠯᠵᠦ᠂ ᠱᠦᠵᠢ ᠨᠠᠮ᠎ᠤᠨ ᠬᠢᠴᠢᠶᠡᠯ ᠣᠷᠣᠵᠤ᠂ ᠪᠥᠬᠥ᠌ ᠮᠦᠽᠧᠶ ᠵᠢᠨ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠣᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ ᠵᠢ ᠠᠬᠢᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠲᠣᠳᠣᠷᠠᠭᠤᠯᠬᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠭᠠᠳᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠭᠦᠨᠴᠡ ᠪᠠ ᠥᠷᠭᠡᠴᠡ᠎ᠶ᠋ᠢ ᠦᠷᠭᠦᠯᠵᠢᠯᠡᠨ ᠥᠷᠭᠡᠳᠭᠡᠪᠡ᠃ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠦᠵᠡᠭᠦᠯᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠠᠵᠢᠯᠯᠠᠭ᠎ᠠ᠎ᠶ᠋ᠢ ᠥᠷᠨᠢᠭᠦᠯᠦᠨ᠂ ᠬᠡᠷᠡᠭ᠎ᠢᠶᠡᠷ ᠶᠣᠰᠣ ᠶᠠᠷᠢᠬᠤ᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠶᠠᠷᠢᠬᠤ᠂ ᠬᠡᠷᠡᠭ᠎ᠢᠶᠡᠷ ᠬᠠᠤᠯᠢ᠎ᠶ᠋ᠢ ᠶᠠᠷᠢᠬᠤ᠂ ᠬᠡᠷᠡᠭ᠎ᠢᠶᠡᠷ ᠬᠠᠷᠢᠭᠤᠴᠠᠯᠭ᠎ᠠ ᠵᠢ ᠲᠤᠳᠤᠷᠬᠠᠢᠯᠠᠬᠤ᠎ᠶ᠋ᠢ ᠭᠦᠨᠵᠡᠭᠡᠢᠷᠡᠭᠦᠯᠵᠦ᠍᠂ 《ᠳᠡᠷᠭᠡᠳᠡᠬᠢ ᠶᠠᠪᠤᠳᠠᠯ》 ᠵᠢᠡᠷ 《ᠳᠡᠷᠭᠡᠳᠡᠬᠢ ᠬᠥᠮᠦᠨ》 ᠢ᠋ ᠰᠡᠷᠡᠮᠵᠢᠯᠡᠭᠦᠯᠵᠦ᠍᠂ 《ᠠᠳᠠᠯᠢ ᠲᠦᠷᠦᠯ᠎ᠦᠨ ᠶᠠᠪᠤᠳᠠᠯ》 ᠵᠢᠡᠷ 《ᠠᠳᠠᠯᠢ ᠲᠦᠷᠦᠯ᠎ᠦᠨ ᠬᠥᠮᠦᠨ》 ᠢ᠋ ᠰᠡᠷᠡᠮᠵᠢᠯᠡᠭᠦᠯᠵᠦ᠍᠂ 《ᠬᠡᠷᠡᠭ᠎ᠦᠨ ᠳᠤᠮᠳᠠᠬᠢ ᠬᠥᠮᠦᠨ》 ᠵᠢᠡᠷ 《ᠬᠡᠢ ᠬᠦᠰᠡᠯ ᠡᠪᠦᠷᠯᠡᠵᠤ ᠪᠠᠢᠭ᠎ᠠ ᠬᠦᠮᠦᠨ》 ᠢ᠋ ᠰᠤᠷᠭᠠᠨ ᠰᠡᠷᠡᠮᠵᠢᠯᠡᠭᠦᠯᠵᠦ᠂ ᠪᠥᠬᠥ᠌ ᠮᠦᠽᠧᠶ ᠵᠢᠨ ᠨᠠᠮ᠎ᠤᠨ ᠭᠡᠱᠢᠭᠦᠨ ᠺᠠᠳ᠋ᠷ᠎ᠤᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠵᠢᠷᠤᠮᠯᠠᠨ ᠰᠠᠬᠢᠬᠤ᠂ ᠬᠣᠷᠢᠭ᠎ᠠ ᠱᠤᠭᠤᠮ᠎ᠤᠨ ᠰᠡᠷᠭᠡᠢᠯᠡᠯᠲᠡ᠎ᠶ᠋ᠢᠨ ᠱᠤᠭᠤᠮ᠎ᠢ ᠬᠢᠴᠢᠶᠡᠩᠭᠦᠢ ᠪᠣᠯᠭᠣᠮᠵᠢᠲᠠᠢ ᠪᠠᠲᠤ ᠪᠡᠬᠢ ᠪᠣᠯᠭᠠᠬᠤ ᠵᠢ ᠬᠦᠮᠦᠵᠢᠭᠦᠯᠵᠦ᠍ ᠵᠢᠯᠣᠭᠣᠳᠪᠠ᠃

ᠱᠢᠯᠢ᠎ᠶ᠋ᠢᠨ ᠭᠤᠤᠯ ᠠᠢᠮᠠᠭ᠎ᠤᠨ ᠱᠢᠯᠤᠭᠤᠨ ᠬᠥᠬᠡ ᠬᠣᠱᠢᠭᠤ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ ᠵᠢᠴᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠢ᠋ ᠭᠦᠨᠵᠡᠭᠡᠶ ᠰᠤᠷᠤᠯᠴᠠᠨ ᠣᠢᠯᠠᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠰᠠᠢᠲᠤᠷ ᠠᠳᠭᠤᠪᠠ᠃ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ᠎ᠶ᠋ᠢ ᠡᠭᠦᠳᠦᠨ ᠪᠠᠢᠭᠤᠯᠬᠤ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠲᠡᠢᠯᠠᠯᠳᠤᠭᠠᠨ᠎ᠦ ᠢᠯᠠᠯᠲᠠ᠎ᠶ᠋ᠢ ᠤᠯᠬᠤ ᠵᠡᠷᠭᠡ ᠭᠤᠤᠯᠳᠠᠯᠭ᠎ᠠ᠎ᠲᠠᠶ ᠠᠵᠢᠯ᠎ᠢ ᠴᠢᠩᠭ᠎ᠠ ᠠᠳᠭᠤᠵᠤ᠂ 42 ᠠᠰᠠᠭᠤᠳᠠᠯ᠎ᠤᠨ ᠰᠦᠪᠡᠭ᠌ᠴᠢ᠎ᠶ᠋ᠢ ᠢᠯᠡᠷᠡᠭᠦᠯᠦᠨ ᠪᠠᠢᠴᠠᠭᠠᠨ ᠱᠢᠶ᠋ᠳᠪᠦᠷᠢᠯᠡᠵᠦ᠍᠂ 5 ᠬᠡᠷᠡᠭ 6 ᠬᠥᠮᠦᠨ᠎ᠢ ᠬᠡᠷᠡᠭ ᠪᠣᠯᠭᠠᠨ ᠳᠡᠩᠰᠡᠯᠡᠪᠡ᠃ ᠡᠭᠦᠨ᠎ᠦ ᠬᠠᠮᠲᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠤᠨ ᠡᠰᠡᠷᠭᠦ᠌ ᠲᠠᠯ᠎ᠠ᠎ᠶ᠋ᠢᠨ 14 ᠬᠡᠷᠡᠭ᠎ᠦᠨ ᠵᠢᠱ᠌ᠢᠶ᠎ᠡ᠎ᠶ᠋ᠢ ᠭᠦᠨᠵᠡᠭᠡᠶ ᠠᠭᠤᠳᠠᠯᠵᠤ᠂ ᠠᠳᠠᠯᠢ ᠪᠤᠰᠤ ᠬᠦᠮᠦᠰ᠎ᠤᠨ ᠣᠨᠴᠠᠯᠢᠭ᠎ᠢ ᠦᠨᠳᠦᠰᠦᠯᠡᠨ᠂ ᠬᠡᠷᠡᠭ᠎ᠢᠶᠡᠷ ᠰᠤᠷᠤᠯᠴᠠᠯᠭ᠎ᠠ᠎ᠶ᠋ᠢ ᠠᠬᠢᠭᠤᠯᠬᠤ ᠠᠵᠢᠯ᠎ᠢ ᠲᠥᠷᠥᠯ ᠬᠤᠪᠢᠶᠠᠨ ᠥᠷᠨᠢᠭᠦᠯᠵᠦ᠍᠂ 《ᠳᠡᠷᠭᠡᠳᠡᠬᠢ ᠶᠠᠪᠤᠳᠠᠯ》 ᠵᠢᠡᠷ 《ᠳᠡᠷᠭᠡᠳᠡᠬᠢ ᠬᠥᠮᠦᠨ》 ᠢ᠋ ᠰᠡᠷᠡᠮᠵᠢᠯᠡᠭᠦᠯᠪᠡ᠃

(ᠲᠤᠰ ᠰᠣᠨᠢᠨ᠎ᠤ ᠰᠤᠷᠪᠤᠯᠵᠢᠯᠠᠭ᠍ᠴᠢ  ᠰᠦᠩ ᠱᠤᠸᠠᠩ     ᠭᠦᠸᠧ ᠬᠣᠩ ᠱᠸᠨ    ᠪᠠᠶᠠᠰᠭᠤᠯᠠᠩ    ᠶᠠᠩ ᠯᠢᠦ   ᠠᠨᠠᠷ     ᠹᠸᠩ ᠱᠢᠤᠸᠠᠢ ᠢᠦᠢ  ᠴᠢᠮᠡᠭᠡᠯᠡᠭ᠌ᠴᠢ ᠯᠢ ᠱᠢᠶᠤᠤ ᠵᠢᠤᠸᠠᠨ  ᠨᠠᠷ ᠶᠡᠷᠦᠨᠭᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号