ᠤᠮᠠᠷᠠᠳᠤ ᠬᠢᠯᠢ ᠵᠢᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠰᠣᠳᠣᠨ ᠪᠦᠲᠦᠭᠡᠯ ᠤ᠋ᠨ ᠦᠵᠡᠬᠦᠯᠬᠡ ᠡᠬᠢᠯᠡᠯ᠎ᠠ
2024-06-17 10:09:57
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

 6 ᠰᠠᠷ᠎ᠠ ᠶ᠋ᠢᠨ 15 ᠤ᠋ ᠡᠳᠦᠷ ᠂《 ᠤᠮᠠᠷᠠᠲᠤ ᠬᠢᠯᠢ ᠶ᠋ᠢᠨ ᠰᠣᠶᠣᠯ ᠢ᠋ ᠪᠠᠳᠠᠷᠠᠭᠤᠯᠵᠤ ᠰᠣᠶᠣᠯ ᠵᠢᠭᠤᠯᠴᠢᠯᠠᠯ ᠤ᠋ᠨ ᠬᠡᠷᠡᠭᠯᠡᠭᠡ ᠵᠢ ᠠᠬᠢᠭᠤᠯᠬᠤ 》 ᠪᠡᠷ ᠭᠤᠤᠯ ᠰᠡᠳᠤᠪ ᠪᠤᠯᠭᠠᠭᠰᠠᠨ ᠤᠮᠠᠷᠠᠲᠤ ᠬᠢᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠳᠣᠨ ᠪᠦᠲᠦᠭᠡᠯ ᠤ᠋ᠨ ᠦᠵᠡᠬᠦᠯᠬᠡ ᠥᠪᠥᠷ ᠮᠣᠩᠭᠣᠯ ᠤ᠋ᠨ ᠦᠵᠡᠰᠬᠦᠯᠡᠩ ᠤ᠋ᠨ ᠣᠷᠳᠣᠨ ᠳ᠋ᠤ ᠡᠬᠢᠯᠡᠵᠦ ᠂ ᠦᠵᠡᠭᠦᠯᠭᠡ ᠲᠣᠭᠯᠠᠯᠲᠠ᠂ ᠦᠵᠡᠰᠬᠦᠯᠡᠩ ᠴᠤᠭᠯᠠᠭᠠᠨ ᠂ ᠰᠤᠳᠤᠯᠤᠨ ᠰᠤᠷᠤᠯᠴᠠᠯᠭ᠎ᠠ ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠥᠨᠢ ᠶ᠋ᠢᠨ ᠵᠠᠬ᠎ᠠ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠷᠠᠯᠵᠢᠶᠠᠨ ᠤ᠋ ᠴᠤᠭᠯᠠᠭ᠎ᠠ ᠂ ᠵᠠᠰᠠᠭ᠎ᠤᠨ ᠤᠷᠳᠤᠨ ᠪᠠᠩᠬᠢ ᠠᠵᠤ ᠠᠬᠤᠢᠯᠠᠯ ᠢ᠋ ᠵᠣᠯᠭᠠᠭᠤᠯᠬᠤ ᠬᠤᠷᠠᠯ ᠵᠡᠷᠭᠡ ᠰᠢᠷᠢᠰ ᠠᠵᠢᠯᠯᠠᠭ᠎ᠠ ᠵᠠᠯᠭᠠᠭ᠎ᠠ ᠪᠡᠷ ᠶᠠᠪᠤᠭᠳᠠᠵᠦ ᠡᠬᠢᠯᠡᠯ᠎ᠠ ᠃

ᠥᠪᠥᠷ ᠮᠣᠩᠭᠣᠯ ᠤ᠋ᠨ ᠦᠵᠡᠰᠬᠦᠯᠡᠩ ᠤ᠋ᠨ ᠤᠷᠳᠤᠨ ᠳ᠋ᠤ ᠬᠦᠷᠬᠦ ᠳ᠋ᠤ ᠤᠷᠲᠤ ᠶ᠋ᠢᠨ ᠳᠠᠭᠤᠤ ᠂ ᠬᠥᠭᠡᠮᠡᠢ᠂ ᠭᠡᠰᠡᠷ᠂ ᠵᠠᠩᠭᠠᠷ᠂ ᠬᠣᠯᠪᠣᠭ᠎ᠠ ᠂ ᠡᠯ ᠷᠧᠨ ᠲᠠᠢ ᠂ ᠨᠤᠭᠤ ᠪᠦᠵᠢᠭ᠂ ᠠᠨᠳᠠᠢ ᠪᠥᠵᠢᠭ᠂ ᠣᠷᠣᠰ ᠠᠷᠠᠳ ᠤ᠋ᠨ ᠪᠥᠵᠢᠭ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ᠎ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤ᠋ᠳ᠎ᠢ ᠡᠭᠡᠯᠵᠢᠯᠡᠨ ᠲᠤᠭᠯᠠᠵᠦ᠂ ᠣᠯᠠᠨ ᠲᠦᠮᠡᠨ ᠳ᠋ᠤ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠪᠡᠳᠡᠭᠰᠢ ᠨᠠᠢᠷ ᠤ᠋ᠨ ᠳᠤᠮᠳᠠ ᠤᠮᠠᠷᠠᠲᠤ ᠬᠢᠯᠢ ᠶ᠋ᠢᠨ ᠰᠣᠶᠣᠯ ᠤ᠋ᠨ ᠷᠢᠳᠢ ᠰᠢᠳᠢ ᠵᠢ ᠮᠡᠳᠡᠷᠡᠭᠦᠯᠵᠦ ᠪᠠᠢᠯ᠎ᠠ᠃ ᠲᠤᠰ ᠦᠵᠡᠬᠦᠯᠬᠡ ᠳ᠋ᠤ 150 ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠦᠷᠦᠯ ᠵᠦᠢᠯ ᠤ᠋ᠨ 110 ᠭᠠᠷᠤᠢ ᠤᠯᠠᠮᠵᠢᠯᠠᠭ᠍ᠴᠢ ᠤᠷᠤᠯᠴᠠᠵᠤ᠂ ᠦᠰᠦᠭ ᠪᠢᠴᠢᠭ᠂ ᠭᠡᠷᠡᠯ ᠵᠢᠷᠤᠭ ᠪᠠ ᠸᠢᠳᠢᠤ᠋ ᠵᠡᠷᠬᠡ 2000 ᠭᠠᠷᠤᠢ ᠬᠤᠪᠢ (ᠢᠵᠢ) ᠪᠣᠳᠠᠰ ᠤ᠋ᠨ ᠪᠤᠰᠤ ᠰᠣᠶᠣᠯ  ᠤ᠋ᠨ ᠥᠪ ᠤ᠋ᠨ ᠪᠦᠲᠦᠭᠡᠯ ᠵᠢᠴᠢ ᠰᠣᠶᠣᠯ ᠤ᠋ᠨ ᠡᠭᠦᠳᠦᠯᠲᠡ ᠶ᠋ᠢᠨ ᠪᠦᠲᠦᠭᠡᠭᠳᠡᠬᠦᠨ ᠢ᠋ ᠲᠠᠯᠬᠡᠨ ᠦᠵᠡᠬᠦᠯᠵᠦ᠂ ᠮᠣᠩᠭᠣᠯ ᠮᠣᠷᠢᠨ ᠤ᠋ ᠵᠣᠷᠢᠭ᠋ ᠰᠠᠨᠠᠭ᠎ᠠ ᠂ 《ᠤᠮᠠᠷᠠᠲᠤ ᠶ᠋ᠢᠨ ᠭᠤᠷᠪᠠᠨ ᠣᠷᠣᠨ ᠤ᠋ ᠵᠣᠷᠢᠭ᠋ ᠰᠠᠨᠠᠭ᠎ᠠ》 ᠪᠤᠯᠤᠨ ᠤᠯᠤᠰ ᠢ᠋ᠶ᠋ᠠᠨ ᠬᠠᠢᠷᠠᠯᠠᠬᠤ᠂ ᠦᠨᠡᠨᠴᠢ ᠰᠢᠳᠤᠷᠭᠤ ᠪᠠᠢᠬᠤ᠂ ᠪᠦᠯᠬᠦᠮᠳᠡᠬᠦ ᠂ ᠬᠠᠷᠢᠭᠤᠴᠠᠯᠭ᠎ᠠ ᠡᠭᠦᠷᠭᠡᠯᠡᠬᠦ ᠪᠡᠷ ᠭᠣᠣᠯ ᠣᠢᠯᠠᠭᠠᠭᠳᠠᠬᠤᠨ ᠪᠣᠯᠭᠠᠭᠰᠠᠨ ᠤᠮᠠᠷᠠᠲᠤ ᠬᠢᠯᠢ ᠶ᠋ᠢᠨ ᠰᠣᠶᠣᠯ ᠢ᠋ ᠪᠦᠬᠦ ᠲᠠᠯ᠎ᠠ ᠤᠯᠠᠨ ᠬᠠᠷᠠᠭᠠᠰᠤ ᠡᠴᠡ ᠲᠠᠢᠯᠪᠤᠷᠢᠯᠠᠨ ᠦᠵᠡᠬᠦᠯᠵᠦ ᠪᠤᠢ ᠃ ᠪᠠᠰᠠ 《ᠤᠮᠠᠷᠠᠲᠤ ᠬᠢᠯᠢ ᠶ᠋ᠢᠨ ᠰᠣᠶᠣᠯ ᠤ᠋ᠨ ᠬᠢᠴᠢᠶᠡᠯ ᠤ᠋ᠨ ᠲᠠᠩᠬᠢᠮ》 ᠂ 《ᠤᠯᠠᠮᠵᠢᠯᠠᠯᠲᠤ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ》 ᠂ 《ᠪᠢᠴᠢᠬᠠᠨ ᠤᠯᠠᠮᠵᠢᠯᠠᠭ᠍ᠴᠢ》 ᠵᠡᠷᠭᠡ ᠲᠥᠷᠥᠯ ᠲᠡᠮᠳᠡᠭᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠦᠨ᠂ ᠪᠤᠭᠤᠲᠤ ᠶ᠋ᠢᠨ ᠴᠠᠭᠠᠰᠤᠨ ᠬᠠᠢᠴᠢᠯᠠᠮᠠᠯ ᠂ ᠶᠤᠸᠠᠨ ᠪᠦᠦ ᠱᠠᠨ ᠤ᠋ ᠵᠢᠷᠤᠭᠳᠦ ᠬᠤᠯᠤ᠂ ᠭᠤᠯᠢᠷ ᠪᠠᠷᠢᠮᠠᠯ᠂ ᠬᠠᠳᠠᠨ ᠵᠢᠷᠤᠭ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠲᠤᠬᠠᠢ ᠶ᠋ᠢᠨ ᠲᠠᠯᠠᠪᠠᠢ ᠳ᠋ᠤ ᠬᠢᠴᠢᠶᠡᠯᠯᠡᠵᠤ᠂ ᠲᠤᠬᠠᠢ ᠶ᠋ᠢᠨ ᠲᠠᠯᠠᠪᠠᠢ ᠶ᠋ᠢᠨ ᠦᠵᠡᠭᠴᠢᠳ ᠢ᠋ ᠰᠤᠳᠤᠯᠤᠨ ᠰᠤᠷᠤᠯᠴᠠᠬᠤ ᠦᠢᠯᠡᠳᠦᠯᠭᠡ ᠳ᠋ᠤ ᠣᠷᠣᠯᠴᠠᠭᠤᠯᠵᠦ ᠪᠠᠢᠯ᠎ᠠ ᠃

  ᠤᠢᠯᠠᠭᠠᠭᠰᠠᠨ ᠵᠢᠡᠷ᠂ 6 ᠰᠠᠷ᠎ᠠ ᠶ᠋ᠢᠨ 24 ᠤ᠋ ᠡᠳᠦᠷ ᠪᠤᠯᠳᠠᠯ᠎ᠠ ᠶᠠᠪᠤᠭᠳᠠᠬᠤ ᠤᠮᠠᠷᠠᠲᠤ ᠬᠢᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠳᠣᠨ ᠪᠦᠲᠦᠭᠡᠯ ᠤ᠋ᠨ ᠦᠵᠡᠬᠦᠯᠬᠡ ᠵᠢᠨ ᠬᠤᠭᠤᠴᠠᠭᠠᠨ ᠳ᠋ᠤ ᠪᠠᠰᠠ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠥᠨᠢ ᠶ᠋ᠢᠨ ᠵᠠᠬ᠎ᠠ ᠵᠢᠴᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠤᠳᠠᠯᠳᠤᠭᠠᠨ ᠤ᠋ ᠴᠤᠭᠯᠠᠭ᠎ᠠ ᠵᠢ ᠡᠷᠬᠢᠯᠡᠨ ᠶᠠᠪᠤᠭᠳᠠᠭᠤᠯᠵᠤ᠂ 100 ᠭᠠᠷᠤᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠷᠠᠯᠵᠢᠶᠠᠴᠢᠨ᠂ ᠰᠣᠶᠣᠯ ᠤ᠋ᠨ ᠡᠭᠦᠳᠦᠯᠲᠡ ᠶ᠋ᠢᠨ ᠠᠵᠤ ᠠᠬᠤᠢᠯᠠᠯ᠂ ᠢᠳᠡᠭᠡᠨ ᠤᠮᠳᠠᠭᠠᠨ ᠠᠮᠲᠠᠲᠤ ᠢᠳᠡᠭᠡᠨ ᠤ᠋ ᠳᠡᠯᠭᠡᠭᠦᠷ ᠢ᠋ ᠵᠣᠬᠢᠶᠠᠨ ᠪᠠᠢᠭᠤᠯᠵᠦ ᠰᠥᠨᠢ ᠶ᠋ᠢᠨ ᠬᠤᠳᠠᠯᠳᠤᠭ᠎ᠠ᠂ ᠰᠥᠨᠢ ᠶ᠋ᠢᠨ ᠢᠳᠡᠭᠡᠨ ᠤᠮᠳᠠᠭᠠᠨ᠂ ᠰᠥᠨᠢ ᠶ᠋ᠢᠨ ᠵᠢᠭᠤᠯᠴᠢᠯᠠᠯ ᠵᠡᠷᠭᠡ ᠭᠣᠣᠯ ᠰᠡᠳᠦᠪ ᠤ᠋ᠨ ᠲᠣᠭᠣᠷᠢᠨ ᠳ᠋ᠤ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠵᠦ ᠪᠤᠢ᠃ ᠡᠬᠦᠨ ᠡᠴᠡ ᠭᠠᠳᠠᠨ᠎ᠠ ᠵᠠᠰᠠᠭ᠎ᠤᠨ ᠤᠷᠳᠤᠨ ᠪᠠᠩᠬᠢ ᠠᠵᠤ ᠠᠬᠤᠢᠯᠠᠯ ᠢ᠋ ᠵᠣᠯᠭᠠᠭᠤᠯᠬᠤ ᠲᠤᠰᠬᠠᠢ ᠬᠤᠷᠠᠯ ᠬᠤᠷᠠᠯᠳᠤᠭᠤᠯᠵᠦ᠂ ᠬᠠᠮᠳᠤᠷᠠᠯᠴᠠᠬᠤ ᠬᠦᠰᠡᠯ ᠲᠠᠢ ᠪᠠᠩᠬᠢ ᠪᠣᠯᠣᠨ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠠᠷᠠᠯᠵᠢᠶᠡᠴᠢᠨ᠂ ᠰᠣᠶᠣᠯ ᠤ᠋ᠨ ᠡᠭᠦᠳᠦᠯᠲᠡ ᠶ᠋ᠢᠨ ᠠᠵᠤ ᠠᠬᠤᠢᠯᠠᠯ ᠢ᠋ ᠨᠢᠭᠤᠷᠲᠠᠨ ᠶᠠᠷᠢᠯᠴᠠᠭᠤᠯᠵᠦ᠂ ᠪᠠᠩᠬᠢ ᠠᠵᠤ ᠠᠬᠤᠢᠯᠠᠯ ᠤ᠋ᠨ ᠣᠨᠣᠴᠠᠲᠠᠢ ᠵᠣᠯᠭᠠᠯᠴᠠᠭ᠎ᠠ ᠵᠢ ᠠᠬᠢᠭᠤᠯᠤᠨ ᠰᠣᠶᠣᠯ ᠵᠢᠭᠤᠯᠴᠢᠯᠠᠯ ᠤ᠋ᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠨᠡᠮᠡᠷᠢᠯᠡᠬᠦ ᠪᠤᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号