— ᠡᠯ᠎ᠡ ᠭᠠᠵᠠᠷ᠎ᠤᠨ ᠬᠢᠨ ᠰᠠᠢ᠌ᠨ ᠰᠠᠢᠬᠠᠨ ᠬᠡᠪ ᠰᠤᠷᠲᠠᠯ᠎ᠢᠶᠠᠷ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠪᠠᠲᠤᠯᠠᠵᠤ ᠪᠠᠢᠨ᠎ᠠ
ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠡᠴᠡ ᠨᠠᠭᠠᠰᠢ᠂ ᠡᠯ᠎ᠡ ᠭᠠᠵᠠᠷ᠎ᠤᠨ ᠬᠢᠨ 《ᠦᠨᠡᠨ》 ᠳᠡᠭᠡᠷ᠎ᠡ ᠬᠦᠴᠦ᠍ ᠣᠷᠣᠭᠤᠯᠵᠤ᠂ 《ᠪᠣᠳᠠᠲᠠᠢ》 ᠳᠡᠭᠡᠷ᠎ᠡ ᠰᠡᠳᠬᠢᠯ ᠲᠠᠯᠪᠢᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢᠨ ᠪᠣᠯᠪᠠᠰᠤᠷᠠᠯ᠎ᠢᠶᠠᠨ ᠦᠨᠡᠨ ᠬᠦ᠌ ᠴᠢᠩᠭᠠᠳᠭᠠᠵᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠠᠵᠢᠯ ᠬᠢᠵᠦ᠍ ᠦᠢᠯᠡᠰ ᠪᠤᠰᠭᠠᠬᠤ᠎ᠶ᠋ᠢ ᠠᠬᠢᠭᠤᠯᠬᠤ᠎ᠶ᠋ᠢ ᠬᠥᠮᠦᠵᠢᠭᠦᠯᠦᠨ ᠵᠢᠯᠣᠭᠣᠳᠪᠠ᠃
ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠭᠠᠵᠠᠷ᠎ᠤᠨ ᠬᠢᠨ ᠰᠤᠷᠤᠯᠴᠠᠯᠭ᠎ᠠ ᠬᠥᠮᠦᠵᠢᠯ᠎ᠦᠨ ᠬᠠᠨᠳᠤᠯᠭᠠᠲᠤ ᠴᠢᠨᠠᠷ ᠪᠣᠳᠠᠲᠤ ᠦᠷ᠎ᠡ ᠪᠦᠲᠦᠮᠵᠢᠲᠦ ᠴᠢᠨᠠᠷ᠎ᠢ ᠬᠦᠴᠦᠯᠡᠨ ᠴᠢᠩᠭᠠᠳᠭᠠᠪᠠ᠃ ᠱᠠᠩᠬᠠᠶ ᠬᠣᠲᠠ᠎ᠶ᠋ᠢᠨ ᠨᠠᠮ᠎ᠤᠨ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠥᠬᠥ᠌ ᠬᠣᠲᠠ᠎ᠶ᠋ᠢᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠳᠠᠢᠴᠢᠯᠠᠨ ᠬᠦᠴᠦᠲᠡᠶ ᠪᠥᠭᠡᠳ ᠡᠮᠬᠢ ᠵᠢᠷᠤᠮ ᠲᠠᠶ ᠡᠬᠢᠯᠡᠭᠦᠯᠪᠡ᠃ ᠬᠠᠮᠢᠶ᠎ᠠ ᠪᠦᠬᠦᠢ ᠰᠠᠯᠠᠭ᠎ᠠ ᠮᠥᠴᠢᠷ 《ᠠᠵᠢᠯ᠎ᠤᠨ ᠲᠣᠬᠢᠷᠠᠭᠤᠯᠤᠯᠲᠠ᠎ᠶ᠋ᠢᠨ ᠬᠦᠰᠦᠨᠦᠭ᠌ᠲᠦ》 ᠶ᠋ᠢ ᠨᠠᠷᠢᠯᠢᠭ᠍ᠵᠢᠭᠤᠯᠤᠨ ᠲᠣᠭ᠍ᠲᠠᠭᠠᠵᠤ᠂ 88 ᠵᠦᠶ᠋ᠯ᠎ᠦᠨ ᠠᠵᠢᠯ᠎ᠤᠨ ᠡᠭᠦᠷᠭᠡ᠎ᠶ᠋ᠢ ᠪᠦᠷᠢᠯᠳᠦᠭᠦᠯᠵᠦ᠍᠂ ᠲᠦᠷᠦᠭᠦᠯᠡᠨ ᠬᠢᠬᠦ᠌ ᠰᠠᠯᠠᠭ᠎ᠠ ᠮᠥᠴᠢᠷ᠂ ᠴᠠᠭ ᠬᠤᠭᠤᠴᠠᠭ᠎ᠠ᠎ᠶ᠋ᠢ ᠲᠣᠳᠣᠷᠬᠠᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠲᠣᠭ᠍ᠲᠠᠭᠤᠨ᠎ᠢᠶᠠᠷ ᠠᠬᠢᠭᠤᠯᠬᠤ᠎ᠶ᠋ᠢ ᠦᠨᠡᠨ ᠬᠦ᠌ ᠪᠠᠲᠤᠯᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠂ ᠬᠣᠶᠠᠳᠤᠭᠠᠷ ᠶᠡᠬᠡ ᠬᠤᠷᠠᠯ᠂ ᠳᠥᠷᠪᠡᠳᠦᠭᠡᠷ ᠶᠡᠬᠡ ᠬᠤᠷᠠᠯ᠎ᠤᠨ ᠳᠤᠷᠠᠰᠭᠠᠯ᠎ᠤᠨ ᠣᠷᠳᠣᠨ᠎ᠳᠤ᠂ ᠤᠷᠢᠳ ᠬᠣᠵᠢᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》᠎ᠤ᠋ᠨ ᠲᠠᠢᠯᠤᠮᠵᠢ ᠵᠡᠷᠭᠡ 3 ᠲᠠᠯᠠᠪᠠᠢ 《ᠣᠭ ᠰᠠᠨᠠᠭ᠎ᠠ᠎ᠶᠢᠨ ᠬᠢᠴᠢᠶᠡᠯ᠎ᠦᠨ ᠲᠠᠩᠬᠢᠮ》 ᠤ᠋ᠨ ᠲᠤᠰᠭᠠᠶ ᠰᠡᠳᠦᠪᠲᠦ ᠲᠠᠢᠯᠤᠮᠵᠢ᠎ᠶ᠋ᠢ ᠡᠷᠭᠢᠯᠡᠭ᠌ᠰᠡᠨ ᠪᠥᠭᠡᠳ 《ᠣᠶᠤᠨᠴᠢ ᠨᠠᠮ᠎ᠤᠨ ᠪᠠᠢᠭᠤᠯᠤᠯᠲᠠ》 ᠶ᠋ᠢᠨ ᠲᠠᠪᠴᠠᠩ᠎ᠢᠶᠠᠷ ᠳᠠᠮᠵᠢᠭᠤᠯᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠬᠦᠷᠭᠡᠪᠡ᠃ ᠡᠭᠦᠨ᠎ᠦ ᠬᠠᠮᠲᠤ᠂ ᠪᠥᠬᠥ᠌ ᠬᠣᠲᠠ᠎ᠶ᠋ᠢᠨ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ ᠪᠠ ᠱᠢᠨ᠎ᠡ ᠴᠠᠭ ᠦᠶ᠎ᠡ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ ᠭᠠᠵᠠᠷ᠎ᠲᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ᠌ ᠬᠥᠮᠦᠵᠢᠯ ᠬᠢᠬᠦ᠌ ᠵᠡᠷᠭᠡ᠎ᠶ᠋ᠢ ᠨᠡᠮᠡᠵᠦ᠍᠂ ᠲᠠᠯᠠᠪᠤᠷ ᠭᠠᠵᠠᠷ᠎ᠤᠨ ᠦᠶ᠋ᠯᠡᠴᠢᠯᠡᠭᠡ᠎ᠶ᠋ᠢ ᠢᠳᠡᠪᠬᠢᠲᠡᠶ ᠬᠠᠩᠭᠠᠪᠠ᠃ ᠱᠠᠩᠬᠠᠶ ᠪᠠᠰᠠ ᠰᠡᠷᠡᠮᠵᠢᠯᠡᠭᠦᠯᠬᠦ᠌ ᠬᠥᠮᠦᠵᠢᠯ᠎ᠦᠨ ᠰᠠᠭᠤᠷᠢᠨ᠂ ᠬᠤᠪᠢᠰᠭᠠᠯ᠎ᠤᠨ ᠡᠬᠢ ᠪᠠᠶᠠᠯᠢᠭ᠎ᠤᠨ ᠨᠡᠷᠡᠰ᠎ᠦᠨ ᠵᠢᠭ᠍ᠰᠠᠭᠠᠯᠲᠠ᠂ ᠬᠢᠴᠢᠶᠡᠯ ᠪᠠ ᠪᠠᠭ᠍ᠰᠢ ᠵᠡᠷᠭᠡ 《ᠭᠤᠷᠪᠠᠨ ᠨᠠᠷᠢᠨ ᠲᠠᠩᠰᠠ》 ᠵᠢ ᠨᠡᠢᠳᠡᠯᠡᠵᠤ᠂ ᠡᠯ᠎ᠡ ᠲᠥᠷᠥᠯ᠎ᠦᠨ ᠰᠤᠷᠤᠯᠴᠠᠯᠭ᠎ᠠ ᠬᠥᠮᠦᠵᠢᠯ᠎ᠦᠨ ᠡᠬᠢ ᠪᠠᠶᠠᠯᠢᠭ᠎ᠤᠨ ᠪᠥᠬᠥ᠌ ᠲᠠᠯ᠎ᠠ᠎ᠶ᠋ᠢᠨ ᠪᠦᠲᠦᠮᠵᠢᠲᠡᠶ ᠬᠠᠩᠭᠠᠯᠭ᠎ᠠ᠎ᠪᠠᠷ ᠪᠥᠬᠥ᠌ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠤᠨ ᠰᠤᠷᠤᠯᠴᠠᠯᠭ᠎ᠠ ᠥᠷᠨᠢᠭᠦᠯᠬᠦ᠌᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠳᠠᠷᠢᠬᠢᠨ᠎ᠳᠠᠭᠠᠨ ᠰᠢᠩᠭᠡᠭᠡᠵᠦ ᠰᠡᠳᠬᠢᠯ᠎ᠳᠡᠭᠡᠨ ᠬᠠᠳᠠᠨᠭᠰᠢᠭᠤᠯᠬᠤᠶ᠋ᠢ ᠠᠬᠢᠭᠤᠯᠪᠠ᠃
ᠭᠤᠤᠯ ᠬᠠᠷᠢᠭᠤᠴᠠᠯᠭ᠎ᠠ ᠡᠴᠡ ᠡᠭᠦᠰᠴᠦ᠍᠂ ᠭᠤᠤᠯ ᠠᠵᠢᠯ᠎ᠲᠠᠶ ᠨᠢᠭ᠍ᠲᠠ ᠤᠶᠠᠯᠳᠤᠭᠤᠯᠤᠨ᠂ ᠡᠯ᠎ᠡ ᠭᠠᠵᠠᠷ᠎ᠤᠨ ᠬᠢᠨ ᠰᠤᠷᠤᠯᠴᠠᠯᠭ᠎ᠠ ᠪᠠ ᠠᠵᠢᠯᠯᠠᠬᠤ᠎ᠵᠢ ᠨᠢᠭᠡᠳᠭᠡᠪᠡ᠃ ᠨᠢᠩᠱᠢᠶᠠ᠎ᠶ᠋ᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠢᠱ᠌ᠢᠢ᠎ᠡ ᠦᠵᠡᠭᠦᠯᠬᠦ᠌ ᠲᠠᠢ᠌ᠴᠢᠯᠠᠯ ᠳᠣᠣᠷ᠎ᠠ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠥᠮ ᠰᠤᠷᠤᠯᠴᠠᠯᠭ᠎ᠠ᠎ᠪᠠᠷ ᠦᠨᠳᠦᠰᠦ ᠪᠣᠯᠭᠠᠬᠤ᠂ ᠪᠣᠳᠠᠲᠤ ᠦᠷ᠎ᠡ ᠪᠦᠲᠦᠮᠵᠢ᠎ᠶ᠋ᠢ ᠲᠤᠪᠤᠢ᠌ᠯᠭᠠᠬᠤ ᠶ᠋ᠢ ᠪᠠᠷᠢᠮᠲᠠᠯᠠᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ᠎ᠶ᠋ᠢ ᠳᠤᠳᠤᠷᠬᠠᠢᠯᠠᠬᠤ᠂ ᠰᠠᠬᠢᠯᠭ᠎ᠠ ᠪᠠᠲᠤ᠎ᠶ᠋ᠢ ᠰᠠᠬᠢᠬᠤ ᠳᠡᠭᠡᠷ᠎ᠡ ᠦᠷᠭᠦᠯᠵᠢᠯᠡᠨ ᠬᠦᠴᠦ᠍ ᠲᠠᠯᠪᠢᠪᠠ᠃
ᠨᠢᠩᠱᠢᠶᠠ᠎ᠶ᠋ᠢᠨ ᠡᠳ᠋᠎ᠦᠨ ᠵᠠᠰᠠᠭ᠎ᠤᠨ ᠲᠢᠩᠬᠢᠮ᠎ᠦᠨ ᠬᠣᠶᠠᠳᠤᠭᠠᠷ ᠳᠠᠪᠬᠤᠷᠯᠢᠭ᠎ᠤᠨ ᠶᠡᠬᠡ ᠬᠤᠷᠠᠯ᠎ᠤᠨ ᠬᠡᠷ᠎ᠲᠦ᠂ ᠵᠠᠯᠠᠭᠤ ᠨᠠᠮ᠎ᠤᠨ ᠭᠡᠱᠢᠭᠦᠨ ᠦᠷᠭᠦᠯᠵᠢ 《ᠲᠦᠷᠢᠮ》 ᠤ᠋ᠨ ᠲᠣᠭᠣᠷᠢᠨ᠎ᠳᠤ ᠲᠥᠪᠯᠡᠷᠡᠭᠦᠯᠦᠨ ᠰᠤᠷᠤᠯᠴᠠᠵᠤ ᠰᠣᠯᠢᠯᠴᠠᠳᠠᠭ᠃ ᠲᠤᠭᠤᠯᠤᠨ ᠤᠩᠱᠢᠬᠤ ᠪᠠ ᠨᠠᠷᠢᠨ ᠤᠩᠱᠢᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ 《ᠳᠦᠷᠢᠮ》 ᠢ᠋ ᠰᠤᠷᠤᠯᠴᠠᠬᠤ ᠳᠤᠮᠳᠠ ᠬᠡᠷᠡᠭ᠎ᠦᠨ ᠵᠢᠱ᠌ᠢᠶ᠎ᠡ᠎ᠶ᠋ᠢᠨ ᠵᠠᠳᠠᠯᠤᠯᠲᠠ᠂ ᠬᠠᠷᠭᠤᠭᠤᠯᠤᠨ ᠪᠠᠢᠴᠠᠭᠠᠨ ᠦᠵᠡᠬᠦ᠌᠎ᠶ᠋ᠢ ᠠᠭᠤᠰᠤᠯᠴᠠᠭᠤᠯᠪᠠ᠃ ᠨᠢᠩᠱᠢᠶᠠ᠎ᠶ᠋ᠢᠨ ᠡᠳ᠋᠎ᠦᠨ ᠵᠠᠰᠠᠭ᠎ᠤᠨ ᠲᠢᠩᠬᠢᠮ ᠲᠥᠰᠦᠪ᠎ᠢ ᠨᠠᠢᠷᠠᠭᠤᠯᠤᠨ ᠵᠣᠬᠢᠶᠠᠬᠤ᠂ ᠪᠡᠯᠡ ᠮᠥᠩᠭᠥ᠌ ᠣᠯᠭᠣᠬᠤ᠂ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠵᠡᠷᠭᠡ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢ ᠴᠢᠩᠭ᠎ᠠ ᠠᠩᠬᠠᠷᠴᠤ᠌᠂ ᠪᠠᠢᠭᠤᠯᠭ᠎ᠠ᠎ᠶ᠋ᠢᠨ ᠺᠠᠳ᠋ᠷ ᠪᠠ ᠵᠠᠯᠠᠭᠤ ᠨᠠᠮ᠎ᠤᠨ ᠭᠡᠱᠢᠭᠦᠨ᠎ᠢ ᠬᠦᠲᠦᠯᠦᠨ ᠵᠢᠯᠣᠭᠣᠳᠴᠤ᠌ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ᠂ ᠦᠵᠡᠯ ᠰᠠᠨᠠᠭᠠᠨ᠎ᠤ ᠰᠡᠷᠭᠡᠢᠯᠡᠯᠲᠡ ᠶ᠋ᠢᠨ ᠱᠤᠭᠤᠮ᠎ᠢ ᠦᠨᠡᠨ ᠬᠦ᠌ ᠪᠠᠲᠤ ᠴᠤᠭᠴᠠᠯᠠᠪᠠ᠃
ᠰᠤᠷᠤᠯᠴᠠᠯᠭ᠎ᠠ᠎ᠶᠢᠨ ᠭᠤᠤᠯᠳᠠᠯᠭ᠎ᠠ ᠨᠢ ᠦᠶ᠋ᠯᠡᠳᠦᠯᠭᠡᠵᠢᠭᠦᠯᠬᠦ᠌᠎ᠳᠦ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ ᠵᠢᠴᠢ ᠲᠠᠢᠯᠤᠮᠵᠢ᠂ ᠪᠣᠯᠪᠠᠰᠤᠷᠠᠯ᠂ ᠤᠬᠠᠭᠤᠯᠭ᠎ᠠ᠎ᠶ᠋ᠢᠨ ᠠᠵᠢᠯ᠎ᠤᠨ ᠲᠥᠰᠦᠯ᠎ᠢ ᠲᠣᠭ᠍ᠲᠠᠭᠠᠵᠤ᠂ ᠲᠡᠷᠡ ᠬᠡᠪ᠎ᠢᠶᠡᠷ᠎ᠨᠢ ᠰᠤᠷᠤᠯᠴᠠᠬᠤ᠂ ᠰᠠᠬᠢᠯᠭ᠎ᠠ ᠪᠠᠲᠤ ᠨᠠᠮ᠎ᠤᠨ ᠬᠢᠴᠢᠶᠡᠯ ᠵᠡᠷᠭᠡ 6 ᠵᠦᠶ᠋ᠯ᠎ᠦᠨ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠨᠠᠮ᠎ᠤᠨ ᠭᠡᠱᠢᠭᠦᠨ ᠺᠠᠳ᠋ᠷ᠎ᠢ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ ᠠᠵᠢᠯ ᠲᠠᠶ ᠪᠠᠨ ᠨᠢᠭᠡᠳᠦᠯᠲᠡᠶ ᠲᠥᠯᠥᠪᠵᠢᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃
ᠬᠢᠩᠭᠠᠨ ᠠᠢᠮᠠᠭ᠎ᠤᠨ ᠷᠠᠱᠢᠶᠠᠨ ᠬᠣᠲᠠ ᠨᠢ ᠱᠢᠨ᠎ᠡ᠎ᠪᠡᠷ ᠰᠣᠩᠭᠣᠭ᠍ᠳᠠᠭ᠍ᠰᠠᠨ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠬᠤᠭᠤᠴᠠᠭᠠᠨ᠎ᠳᠤ ᠵᠢᠭᠤᠯᠴᠢᠯᠠᠯ᠎ᠤᠨ ᠬᠥᠭ᠌ᠵᠢᠶᠡᠨᠲᠦ ᠤᠯᠠᠷᠢᠯ᠎ᠢ ᠤᠬᠳᠤᠪᠠ᠃ ᠪᠦᠬᠦᠳᠦ ᠳᠠᠪᠠᠭᠠᠨ᠎ᠤ ᠳᠡᠭᠷᠢ ᠨᠠᠭᠤᠷ᠂ ᠷᠠᠱᠢᠶᠠᠨ ᠭᠠᠯᠲᠤ ᠲᠡᠷᠭᠡᠨ ᠥᠷᠲᠡᠭᠡ ᠁ ᠷᠠᠱᠢᠶᠠᠨ ᠬᠣᠲᠠ᠎ᠶ᠋ᠢᠨ ᠭᠤᠤᠯ ᠵᠢᠭᠤᠯᠴᠢᠯᠠᠯ ᠭᠠᠵᠠᠷ᠎ᠲᠦ᠂ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭᠳᠠᠭ᠎ᠠ ᠲᠤᠰᠠᠯᠠᠬᠤ ᠴᠠᠭ᠍ᠳᠠᠭ᠎ᠠ ᠨᠠᠷ ᠡᠮᠦᠨ᠎ᠡ ᠹᠷᠣᠨᠲ ᠲᠤ᠌ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠪᠠᠲᠤᠯᠠᠵᠤ ᠪᠠᠢᠳᠠᠭ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠡᠴᠡ ᠨᠠᠭᠠᠰᠢ᠂ 《ᠨᠠᠮ᠎ᠤᠨ ᠪᠠᠢᠭᠤᠯᠤᠯᠲᠠ + ᠵᠢᠭᠤᠯᠴᠢᠯᠠᠯ᠎ᠤᠨ ᠴᠠᠭ᠍ᠳᠠᠭᠠᠨ᠎ᠤ ᠶᠠᠪᠤᠳᠠᠯ》᠎ᠤ᠋ᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠦᠶ᠋ᠯᠡᠳᠦᠯᠭᠡ ᠪᠡᠷ ᠭᠠᠷᠳᠠᠴᠠ ᠪᠣᠯᠭᠠᠵᠤ᠂ ᠷᠠᠱᠢᠶᠠᠨ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠡᠮᠦᠨ᠎ᠡ ᠹᠷᠣᠨᠲ᠎ᠲᠤ᠌ ᠬᠠᠤᠯᠢ ᠬᠡᠷᠡᠭ᠌ᠵᠢᠭᠦᠯᠬᠦ᠌ ᠳᠤᠮᠳᠠ ᠦᠷᠭᠦᠯᠵᠢ ᠲᠣᠬᠢᠶᠠᠯᠳᠤᠳᠠᠭ ᠪᠣᠳᠠᠲᠠᠶ ᠬᠡᠷᠡᠭ᠎ᠦᠨ ᠵᠢᠱ᠌ᠢᠶ᠎ᠡ᠎ᠲᠡᠶ ᠤᠶᠠᠯᠳᠤᠭᠤᠯᠤᠨ᠂ ᠬᠡᠷᠡᠭ᠎ᠢᠶᠡᠷ ᠰᠤᠷᠤᠯᠴᠠᠯᠭ᠎ᠠ᠎ᠶ᠋ᠢ ᠠᠬᠢᠭᠤᠯᠵᠤ᠂ ᠪᠣᠯᠪᠠᠰᠤᠷᠠᠯ᠎ᠢᠶᠠᠷ ᠰᠤᠷᠤᠯᠴᠠᠯᠭ᠎ᠠ᠎ᠶ᠋ᠢ ᠠᠬᠢᠭᠤᠯᠪᠠ᠃
ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠢᠰᠪᠦᠷᠢ ᠲᠠᠷᠠᠬᠠᠢ ᠪᠤᠳᠠᠷᠬᠠᠢ ᠪᠤᠯᠬᠤ ᠡᠴᠡ ᠰᠡᠷᠭᠡᠢᠯᠡᠵᠦ᠍᠂ ᠡᠯ᠎ᠡ ᠭᠠᠵᠠᠷ᠎ᠤᠨ ᠬᠢᠨ ᠦᠨᠡᠨ ᠬᠦ᠌ ᠰᠤᠷᠤᠯᠴᠠᠵᠤ ᠪᠤᠳᠠᠳᠠᠢ ᠰᠤᠷᠤᠯᠴᠠᠬᠤ᠂ ᠰᠤᠷᠴᠤ᠌ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠦᠪᠱᠢᠨ᠎ᠢᠶᠡᠨ ᠴᠢᠨᠠᠭ᠍ᠰᠢᠳᠠ ᠳᠡᠭᠡᠭ᠌ᠰᠢᠯᠡᠭᠦᠯᠪᠡ᠃
《ᠰᠤᠷᠭᠠᠭᠤᠯᠢ᠎ᠶ᠋ᠢᠨ ᠬᠦᠷᠢᠶᠡᠨ᠎ᠦ ᠬᠠᠮᠢᠶᠠᠷᠤᠯᠲᠠ᠎ᠶ᠋ᠢᠨ ᠬᠦᠷᠢᠶ᠎ᠡ ᠴᠠᠷᠠᠭ᠎ᠠ᠎ᠳᠦ ᠶᠠᠮᠠᠷ ᠶᠠᠮᠠᠷ ᠴᠢᠭᠡᠴᠢ ᠵᠠᠰᠠᠭ᠎ᠤᠨ ᠠᠶᠤᠯ ᠲᠦᠭ᠌ᠰᠢᠭᠦᠷᠢ ᠵᠢᠨ ᠴᠡᠭ᠎ᠢ ᠠᠩᠬᠠᠷᠬᠤ ᠴᠢᠬᠤᠯᠠᠲᠠᠶ ᠪᠣᠶ? ᠰᠤᠷᠭᠠᠨ ᠬᠥᠮᠦᠵᠢᠯ᠎ᠦᠨ ᠱᠢᠰᠲ᠋ᠧᠮ᠎ᠳᠡᠬᠢ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠲᠤᠬᠠᠶ ᠶᠠᠮᠠᠷ ᠶᠠᠮᠠᠷ ᠱᠢᠨ᠎ᠡ ᠱᠠᠭᠠᠷᠳᠠᠯᠭ᠎ᠠ ᠪᠠᠢᠬᠤ ᠪᠣᠶ? ᠁》 ᠣᠢᠷ᠎ᠠ᠎ᠳᠤ᠂ ᠬᠤᠨᠠᠨ᠎ᠤ ᠴᠠᠩᠱᠠ᠎ᠶ᠋ᠢᠨ ᠲᠢᠶᠠᠨ ᠱᠢᠨ ᠲᠣᠭᠣᠷᠢᠭ᠎ᠤᠨ ᠱᠢᠶᠠᠩ ᠹᠦ᠋ ᠶᠢᠩ ᠼᠠᠢ ᠪᠠᠭ᠎ᠠ ᠰᠤᠷᠭᠠᠭᠤᠯᠢ᠎ᠳᠤ᠂ ᠪᠥᠬᠥ᠌ ᠲᠤᠭᠤᠷᠢᠭ᠎ᠤᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠂ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠺᠠᠳ᠋ᠷ ᠵᠡᠷᠭᠡ 180 ᠭᠠᠷᠤᠶ ᠨᠠᠮ᠎ᠤᠨ ᠭᠡᠱᠢᠭᠦᠨ ᠨᠢᠭᠡ ᠲᠠᠩᠬᠢᠮ᠎ᠳᠤ ᠴᠤᠭ᠍ᠯᠠᠷᠠᠵᠤ᠂ 《ᠲᠦᠷᠢᠮ》 ᠤ᠋ᠨ ᠬᠠᠪᠰᠤᠷᠤᠨ ᠵᠢᠯᠣᠭᠣᠳᠭᠤ ᠬᠢᠴᠢᠶᠡᠯ᠎ᠢ ᠰᠤᠷᠤᠯᠴᠠᠪᠠ᠃
ᠬᠢᠴᠢᠶᠡᠯ ᠲᠦᠷᠦᠯ᠎ᠤᠨ ᠪᠠᠭ᠍ᠰᠢ᠂ ᠲᠢᠶᠠᠨ ᠱᠢᠨ ᠲᠣᠭᠣᠷᠢᠭ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠲᠤᠭᠤᠷᠢᠭ᠎ᠤᠨ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠲᠡᠰᠲᠤ᠌ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠶᠠᠨ ᠵᠢᠩ ᠲᠸ᠂ ᠬᠢᠴᠢᠶᠡᠯ ᠨᠢ ᠭᠤᠤᠯᠳᠠᠭᠤ ᠰᠤᠷᠭᠠᠨ ᠬᠥᠮᠦᠵᠢᠯ᠎ᠦᠨ ᠱᠢᠰᠲ᠋ᠧᠮ᠎ᠳᠡᠬᠢ ᠴᠢᠭᠡᠴᠢ ᠵᠠᠰᠠᠭ᠎ᠤᠨ ᠠᠶᠤᠯ ᠲᠦᠭ᠌ᠰᠢᠭᠦᠷᠢ᠎ᠶ᠋ᠢᠨ ᠴᠡᠭ᠂ ᠳᠡᠷᠭᠡᠳᠡᠬᠢ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠨᠡᠢᠲᠡᠯᠢᠭ ᠬᠡᠷᠡᠭ᠎ᠦᠨ ᠵᠢᠱ᠌ᠢᠢ᠎ᠡ᠂ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ ᠵᠡᠷᠬᠡ ᠵᠢᠨ ᠲᠤᠭᠤᠷᠢᠨ ᠳ᠋ᠤ᠂ 《ᠲᠠᠢᠯᠪᠤᠷᠢᠯᠠᠬᠤ + ᠬᠤᠷᠱᠢᠯᠴᠠᠭ᠎ᠠ》 ᠵᠢᠨ ᠰᠤᠷᠤᠯᠴᠠᠬᠤ ᠬᠡᠯᠪᠡᠷᠢ᠎ᠶ᠋ᠢ ᠬᠡᠷᠡᠭ᠌ᠯᠡᠵᠦ᠍᠂ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ᠎ᠶ᠋ᠢᠨ ᠳᠤᠮᠳᠠ 《ᠥᠪᠡᠷ᠎ᠤᠨ ᠪᠠᠶ᠎ᠠ ᠪᠠᠨ ᠤᠷᠤᠭᠤᠯᠬᠤ》 ᠵᠢ ᠬᠦᠳᠦᠯᠦᠨ ᠵᠢᠯᠤᠭᠤᠳᠴᠠᠢ ᠭᠡᠵᠦ ᠲᠠᠨᠢᠯᠴᠠᠭᠤᠯᠪᠠ᠃
《ᠲᠦᠷᠢᠮ》 ᠤ᠋ᠨ ᠲᠠᠢᠯᠤᠮᠵᠢ ᠪᠠ ᠪᠣᠯᠪᠠᠰᠤᠷᠠᠯ᠎ᠢ ᠭᠣᠣᠯᠳᠠᠯᠭ᠎ᠠ᠎ᠲᠠᠶ ᠠᠳᠭᠤᠵᠤ᠂ ᠬᠤᠨᠠᠨ ᠮᠤᠵᠢ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶ᠋ᠢ ᠵᠣᠬᠢᠶᠠᠨ ᠪᠠᠢᠭᠤᠯᠤᠨ ᠰᠠᠬᠢᠯᠭ᠎ᠠ ᠪᠠᠲᠤ ᠪᠠᠢᠴᠠᠭᠠᠬᠤ ᠺᠠᠳ᠋ᠷ᠎ᠢ ᠰᠣᠩᠭᠣᠨ ᠲᠣᠮᠢᠯᠠᠵᠤ᠂ ᠨᠠᠮ᠎ᠤᠨ ᠰᠤᠷᠭᠠᠭᠤᠯᠢ ᠶ᠋ᠢᠨ ᠭᠤᠤᠯ ᠴᠣᠭ᠍ᠴᠠ᠎ᠶ᠋ᠢᠨ ᠠᠩᠭᠢ᠎ᠶ᠋ᠢᠨ ᠬᠢᠴᠢᠶᠡᠯ᠎ᠦᠨ ᠲᠠᠪᠴᠠᠩ᠎ᠳᠤ ᠭᠠᠷᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠬᠦᠨᠵᠡᠬᠡᠢᠷᠡᠵᠦ᠂ ᠨᠠᠮ᠎ᠤᠨ ᠭᠡᠱᠢᠭᠦᠨ ᠺᠠᠳ᠋ᠷᠴᠤᠳ᠎ᠤᠨ 《ᠲᠦᠷᠢᠮ》 ᠤ᠋ᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠤᠢ᠍ᠢᠯᠠᠭᠠᠨ ᠣᠨᠣᠪᠴᠢᠲᠠᠢ ᠡᠵᠡᠮᠱᠢᠬᠦ᠎ᠳᠦ ᠳᠤᠰᠠᠯᠠᠪᠠ᠃
(ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠭᠦᠸᠧ ᠵᠢᠩ ᠳ᠋ᠠᠨ ᠶᠠᠩᠸᠸᠨ ᠰᠢ ᠾᠧ ᠱᠤ᠌ ᠴᠧᠨ ᠱᠢᠶᠧ ᠪᠧᠨ ᠶᠡᠷᠦᠩᠬᠡᠢᠯᠡᠨ ᠮᠡᠳᠡᠭᠡᠯᠡᠪᠡ)
(ᠰᠢᠨᠬᠤᠸᠠ ᠬᠤᠷᠢᠶ᠎ᠠ ᠵᠢᠨ ᠪᠡᠬᠡᠵᠢᠩ᠎ᠤᠨ 6 ᠰᠠᠷ᠎ᠠ ᠵᠢᠨ 17᠎ᠤ᠋ ᠴᠠᠬᠢᠯᠭᠠᠨ ᠮᠡᠳᠡᠬᠡ)