ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠢ᠍ᠢᠷ᠎ᠠ᠎ᠶ᠋ᠢᠨ ᠡᠳᠦᠷ᠎ᠤᠳ᠎ᠲᠦ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂《ᠣᠳᠣᠬᠠᠨ᠎ᠳᠤ ᠴᠡᠭ᠌ᠴᠡᠯᠡᠨ ᠰᠠᠢᠵᠢᠷᠠᠭᠤᠯᠬᠤ》 ᠪᠣᠯᠤᠨ《ᠤᠷᠳᠤ ᠬᠤᠭᠤᠴᠠᠭ᠎ᠠ ᠪᠠᠷᠢᠮᠳᠠᠯᠠᠬᠤ》 ᠵᠢ ᠤᠶᠠᠯᠳᠤᠭᠤᠯᠵᠤ᠂ ᠴᠢᠩᠭ᠎ᠠ ᠠᠳᠭᠤᠵᠤ ᠪᠠᠢᠩᠭᠤ ᠠᠳᠭᠤᠵᠤ᠂ ᠪᠣᠳᠠᠲᠠᠢ ᠠᠰᠠᠭᠤᠳᠠᠯ᠎ᠢ ᠱᠢᠢᠳᠪᠦᠷᠢᠯᠡᠵᠦ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠵᠢ ᠦᠨᠡᠨ ᠬᠦ᠌ ᠪᠠᠳᠤᠯᠠᠵᠦ ᠪᠠᠢᠨ᠎ᠠ᠃
ᠬᠢᠩᠭᠠᠨ ᠠᠢᠮᠠᠭ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ《ᠬᠠᠷᠢᠭᠤᠴᠠᠯᠭ᠎ᠠ ᠡᠭᠦᠷᠭᠡᠯᠡᠬᠦ᠌ ᠥᠬᠡᠶ᠂ ᠠᠵᠢᠯ ᠬᠢᠬᠦ᠌ ᠥᠬᠡᠶ》 ᠠᠰᠠᠭᠤᠳᠠᠯ᠎ᠢ ᠪᠠᠢᠩᠭᠤᠵᠢᠭᠤᠯᠤᠨ ᠴᠡᠭᠴᠡᠯᠡᠨ ᠵᠠᠰᠠᠬᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠲᠠᠶ ᠤᠶᠠᠯᠳᠤᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)ᠨᠣᠮ ᠤᠩᠱᠢᠬᠤ ᠠᠩᠭᠢ᠎ᠶ᠋ᠢ 1100 ᠭᠠᠷᠤᠶ ᠬᠤᠭᠤᠴᠠᠭ᠎ᠠ ᠡᠷᠭᠢᠯᠡᠵᠦ᠍᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠬᠤᠷᠠᠯ᠎ᠢ 2100 ᠭᠠᠷᠤᠶ ᠤᠳᠠᠭ᠎ᠠ ᠬᠤᠷᠠᠯᠳᠤᠭᠤᠯᠪᠠ᠃ ᠲᠣᠰ ᠠᠢᠮᠠᠭ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠰᠡᠭᠦᠳᠡᠷᠯᠡᠨ ᠦᠶ᠋ᠯᠡᠳᠴᠦ᠍᠂ ᠬᠢᠩᠭᠠᠨ ᠠᠢᠮᠠᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠭᠡᠮᠱᠢᠯᠦᠨ ᠲᠡᠮᠳᠡᠭ᠌ᠯᠡᠯ᠎ᠦᠨ ᠡᠮᠬᠢᠳᠭᠡᠯᠢ ᠨᠠᠢᠷᠠᠭᠤᠯᠤᠨ ᠳᠠᠷᠤᠮᠠᠯᠯᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠰᠡᠷᠡᠮᠵᠢᠯᠡᠭᠦᠯᠦᠨ᠂ ᠬᠣᠷᠢᠭ᠎ᠠ ᠱᠤᠭᠤᠮ᠎ᠢ ᠮᠡᠳᠡᠭᠦᠯᠵᠡᠢ᠃《ᠬᠠᠷᠢᠭᠤᠴᠠᠯᠭ᠎ᠠ ᠡᠭᠦᠷᠭᠡᠯᠡᠬᠦ᠌ ᠥᠬᠡᠶ᠂ ᠠᠵᠢᠯ ᠬᠢᠬᠦ᠌ ᠥᠬᠡᠶ》 ᠠᠰᠠᠭᠤᠳᠠᠯ᠎ᠢ ᠪᠠᠢᠩᠭᠤ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠡᠰᠡᠷᠭᠦ᠌ ᠴᠢᠭ᠌ᠯᠡᠯ᠎ᠢᠶᠡᠷ ᠵᠠᠯᠬᠠᠭᠠᠨ ᠴᠡᠭᠡᠷᠯᠡᠭᠦᠯᠬᠦ᠌᠎ᠶ᠋ᠢ ᠴᠢᠩᠭᠠᠳᠭᠠᠵᠤ᠂ ᠠᠵᠢᠯ᠎ᠢᠶᠠᠨ ᠤᠳᠠᠭᠠᠨ᠎ᠡᠴᠡ ᠲᠦᠷᠭᠡᠨ᠂ ᠪᠦᠳᠦᠭᠦᠯᠢᠭ᠎ᠡᠴᠡ ᠨᠠᠷᠢᠯᠢᠭ᠂ ᠬᠡᠢᠰᠪᠦᠷᠢ᠎ᠡᠴᠡ ᠪᠣᠳᠠᠲᠠᠶ ᠳᠠᠢᠰᠢ ᠬᠤᠪᠢᠷᠠᠭᠤᠯᠬᠤ᠎ᠶ᠋ᠢ ᠠᠬᠢᠭᠤᠯᠤᠭ᠍ᠰᠠᠨ᠎ᠢᠶᠠᠷ ᠪᠠᠷᠠᠬᠤ ᠥᠬᠡᠶ ᠵᠥᠪ ᠴᠢᠭ᠌ᠯᠡᠯ᠎ᠢᠶᠡᠷ ᠤᠷᠮᠠᠱᠢᠭᠤᠯᠤᠨ ᠵᠣᠷᠢᠭ᠍ᠵᠢᠭᠤᠯᠬᠤ᠎ᠶ᠋ᠢ ᠴᠢᠩᠭᠠᠳᠭᠠᠵᠤ᠂ ᠠᠵᠢᠯ ᠬᠢᠵᠦ᠍ ᠴᠢᠳᠠᠬᠤ᠂ ᠠᠵᠢᠯ ᠬᠢᠬᠦ ᠺᠠᠳ᠋ᠷ᠎ᠢ ᠳᠡᠮᠵᠢᠨ ᠵᠣᠷᠢᠭ᠍ᠵᠢᠭᠤᠯᠪᠠ᠃ ᠡᠭᠦᠨ᠎ᠦ ᠬᠠᠮᠲᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠠᠬᠢᠭᠤᠯᠵᠤ᠂ 808 ᠵᠢᠷᠭᠢᠶ᠎ᠡ᠎ᠶ᠋ᠢᠨ ᠬᠣᠯᠪᠣᠭ᠎ᠠ᠂ 4191 ᠬᠠᠭᠤᠷᠮᠠᠭ ᠫᠠᠢᠰᠠ᠂ 20 ᠬᠡᠷᠡᠴᠢ ᠭᠠᠷᠭᠠᠵᠤ ᠪᠣᠯᠬᠤ ᠦᠭᠡᠢ ᠵᠦᠢᠯᠡᠰ᠎ᠢ ᠴᠡᠪᠡᠷᠯᠡᠵᠦ᠍᠂ 1 ᠬᠤᠭᠤᠴᠠᠭᠠᠨ᠎ᠤ《ᠬᠤᠷᠤᠭᠤᠨ ᠦᠵᠦᠭᠦᠷ ᠳᠡᠭᠢ ᠬᠡᠯᠪᠡᠷᠢᠴᠢ ᠦᠵᠡᠯ》᠎ᠤ᠋ᠨ ᠨᠡᠢᠲᠡᠯᠢᠭ ᠠᠰᠠᠭᠤᠳᠠᠯ᠎ᠢ ᠵᠠᠷᠯᠠᠨ ᠮᠡᠳᠡᠭ᠌ᠳᠡᠪᠡ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠤᠰᠭᠠᠶ ᠰᠡᠳᠦᠪᠲᠦ ᠨᠣᠮ ᠤᠩᠱᠢᠬᠤ ᠠᠩᠭᠢ ᠡᠷᠭᠢᠯᠡᠵᠦ᠍᠂ 18 ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠵᠤ᠂ ᠭᠤᠤᠯ ᠰᠡᠳᠦᠪᠲᠦ ᠨᠠᠮ᠎ᠤᠨ ᠡᠳᠦᠷ ᠤ᠋ᠨ ᠠᠵᠢᠯᠯᠠᠭ᠎ᠠ᠎ᠶᠢ 68 ᠤᠳᠠᠭ᠎ᠠ ᠦᠷᠨᠢᠭᠦᠯᠵᠦ᠂ ᠬᠥᠬᠡᠬᠣᠲᠠ ᠭᠢᠨᠳᠠᠨ ᠵᠡᠷᠭᠡ ᠰᠠᠭᠤᠷᠢᠨ ᠳ᠋ᠤ ᠬᠦᠷᠴᠦ᠍ 37 ᠤᠳᠠᠭ᠎ᠠ ᠵᠢᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠪᠡ᠃ 《ᠤᠳᠠᠭᠠᠨ ᠪᠦᠳᠦᠭᠦᠯᠢᠭ ᠬᠡᠢᠰᠪᠦᠷᠢ》᠂ ᠬᠠᠷᠢᠭᠤᠴᠠᠯᠭ᠎ᠠ ᠡᠭᠦᠷᠭᠡᠯᠡᠬᠦ᠌ ᠦᠭᠡᠢ ᠠᠵᠢᠯ ᠬᠢᠬᠦ᠌ ᠦᠭᠡᠢ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠬᠣᠯᠪᠣᠭ᠍ᠳᠠᠯ ᠪᠦᠬᠦᠢ ᠬᠥᠮᠦᠰ ᠲᠦ᠍ ᠰᠠᠨᠠᠭᠤᠯᠤᠨ ᠶᠠᠷᠢᠯᠴᠠᠵᠤ᠂ ᠱᠢᠭᠦᠮᠵᠢᠯᠡᠨ ᠰᠤᠷᠭᠠᠪᠠ᠃ ᠲᠣᠰ ᠲᠢᠩᠬᠢᠮ ᠣᠯᠠᠨ ᠲᠦᠮᠡᠨ᠎ᠤ ᠲᠤᠰᠭᠠᠭ᠍ᠰᠠᠨ ᠲᠣᠪᠣᠢᠮ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠡᠮᠬᠢᠯᠡᠨ ᠵᠠᠳᠠᠯᠵᠤ᠂ ᠲᠦᠷᠭᠡᠨ ᠤ᠋ ᠵᠠᠰᠠᠮᠠᠯ ᠵᠠᠮ᠎ᠤᠨ ᠬᠤᠷᠳᠤᠴᠠ᠎ᠶ᠋ᠢ ᠬᠡᠳᠦ ᠬᠢᠵᠠᠭᠠᠷᠯᠠᠭ᠍ᠰᠠᠨ ᠵᠡᠷᠭᠡ 5 ᠲᠠᠯ᠎ᠠ᠎ᠶ᠋ᠢᠨ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ ᠠᠭᠤᠯᠭ᠎ᠠ᠎ᠶ᠋ᠢ ᠲᠣᠭ᠍ᠲᠠᠭᠠᠵᠤ᠂ ᠲᠦᠷᠭᠡᠨ ᠤ᠋ ᠵᠠᠰᠠᠮᠠᠯ ᠵᠠᠮ᠎ᠤᠨ ᠬᠤᠷᠳᠤᠴᠠ᠎ᠶ᠋ᠢ ᠲᠦᠷᠭᠡᠳᠭᠡᠬᠦ᠌᠂ ETC ᠪᠡᠷ ᠭᠦᠶ᠋ᠴᠡᠳᠭᠡᠬᠦ᠌ ᠵᠡᠷᠭᠡ ᠲᠠᠯ᠎ᠠ᠎ᠪᠠᠷ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠣᠯᠠᠨ ᠲᠦᠮᠡᠨ᠎ᠦ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ ᠢᠯᠡᠳᠲᠡ ᠳᠡᠭᠡᠭ᠌ᠰᠢᠯᠡᠪᠡ᠃ ᠡᠭᠦᠨ᠎ᠦ ᠬᠠᠮᠲᠤ ᠲᠣᠰ ᠲᠢᠩᠬᠢᠮ ᠭᠤᠤᠯᠳᠠᠯᠭ᠎ᠠ᠎ᠲᠠᠶ ᠬᠦᠷᠢᠶᠡᠨ᠎ᠳᠡᠬᠢ ᠲᠤᠰᠭᠠᠶ ᠵᠠᠰᠠᠯᠲᠠ᠎ᠶ᠋ᠢ ᠰᠠᠢᠲᠤᠷ ᠠᠳᠭᠤᠵᠤ᠂ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠵᠦᠶ᠋ᠯᠡᠰ᠎ᠦᠨ ᠵᠠᠭᠠᠯᠳᠤᠯᠭ᠎ᠠ᠎ᠶ᠋ᠢ ᠱᠢᠶ᠋ᠳᠪᠦᠷᠢᠯᠡᠬᠦ᠌ ᠵᠡᠷᠭᠡ ᠠᠷᠭ᠎ᠠ᠎ᠶ᠋ᠢ ᠲᠣᠭ᠍ᠲᠠᠭᠠᠵᠤ᠂ ᠵᠠᠰᠠᠮᠠᠯ ᠵᠠᠮ᠎ᠤᠨ ᠲᠥᠷᠥᠯ ᠵᠦᠶ᠋ᠯ᠎ᠦᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠴᠢᠨᠠᠭᠰᠢᠳᠠ ᠵᠢᠷᠤᠮᠵᠢᠭᠤᠯᠪᠠ; ᠵᠠᠰᠠᠮᠠᠯ ᠵᠠᠮ ᠤᠰᠤᠨ ᠵᠠᠮ᠎ᠤᠨ ᠵᠠᠮ ᠬᠠᠷᠢᠯᠴᠠᠭᠠᠨ᠎ᠤ ᠪᠦᠲᠦᠭᠡᠨ ᠪᠠᠢᠭᠤᠯᠤᠯᠲᠠ᠎ᠶ᠋ᠢᠨ ᠪᠡᠯᠡ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ ᠵᠡᠷᠭᠡ 4 ᠵᠦᠢᠯ᠎ᠦᠨ ᠳᠦᠷᠢᠮ᠎ᠢ ᠲᠣᠭ᠍ᠲᠠᠭᠠᠵᠤ᠂ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ ᠠᠷᠠᠴᠢᠯᠠᠨ ᠬᠠᠮᠠᠭᠠᠯᠠᠯᠳᠡ ᠵᠡᠷᠭᠡ ᠪᠡᠯᠡ ᠮᠥᠩᠭᠥ᠎ᠶ᠋ᠢᠨ ᠬᠤᠪᠢᠶᠠᠷᠢᠯᠠᠯᠲᠠ᠎ᠶ᠋ᠢ ᠴᠢᠨᠠᠭᠰᠢᠳᠠ ᠵᠢᠷᠤᠮᠵᠢᠭᠤᠯᠵᠤ᠂ ᠡᠷᠬᠡ᠎ᠪᠡᠨ ᠳᠤᠷ᠎ᠠ᠎ᠪᠠᠷ ᠬᠡᠷᠡᠭ᠌ᠯᠡᠬᠦ᠌᠎ᠶ᠋ᠢ ᠳᠦᠷᠢᠮ᠎ᠦᠨ ᠲᠠᠯ᠎ᠠ᠎ᠡᠴᠡ ᠰᠡᠷᠭᠡᠢᠯᠡᠪᠡ᠃
ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠲᠥᠪ᠎ᠨᠢ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠪᠣᠯᠪᠠᠰᠤᠷᠠᠯ ᠲᠠᠢᠯᠤᠮᠵᠢ ᠬᠢᠬᠦ᠂ ᠰᠡᠷᠡᠮᠵᠢᠯᠡᠭᠦᠯᠬᠦ᠌ ᠬᠥᠮᠦᠵᠢᠯ ᠪᠠ ᠱᠦᠵᠢ ᠰᠠᠬᠢᠯᠭ᠎ᠠ ᠪᠠᠲᠤ᠎ᠶ᠋ᠢᠨ ᠨᠠᠮ᠎ᠤᠨ ᠬᠢᠴᠢᠶᠡᠯ ᠣᠷᠣᠬᠤ᠎ᠶ᠋ᠢ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠲᠤᠰ ᠲᠥᠪ᠎ᠦᠨ ᠪᠥᠬᠥ᠌ ᠨᠠᠮ᠎ᠤᠨ ᠭᠡᠱᠢᠭᠦᠨ ᠺᠠᠳ᠋ᠷᠴᠤᠳ ᠡᠰᠡᠷᠭᠦ᠌ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠡᠴᠡ ᠬᠢᠨᠠᠮᠠᠭᠠᠶ ᠰᠤᠷᠭᠠᠮᠵᠢ ᠠᠪᠴᠠᠢ᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠠᠵᠢᠯ᠎ᠤᠨ ᠳᠤᠭᠤᠢᠯᠠᠩ᠎ᠤᠨ ᠠᠯᠪᠠᠨ ᠭᠡᠷ᠎ᠦᠨ ᠤᠳᠤᠷᠢᠳᠤᠯᠭ᠎ᠠ ᠳᠤᠤᠷ᠎ᠠ ᠠᠯᠪᠠᠨ ᠲᠤᠱᠢᠶᠠᠯᠲᠠᠳ ᠲᠣᠭ᠍ᠲᠠᠭᠠᠯ᠎ᠡᠴᠡ ᠵᠥᠷᠢᠴᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳ᠋ᠦ ᠭᠠᠷ ᠲᠦᠷᠦᠭᠦ᠌᠂ ᠬᠢᠨᠠᠨ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠢ ᠤᠷᠤᠭᠤ ᠲᠠᠳᠠᠨ ᠢᠯᠵᠠᠷᠠᠭᠤᠯᠬᠤ᠂ ᠵᠠᠰᠠᠭ ᠤ᠋ᠨ ᠣᠷᠳᠣᠨ᠎ᠤ ᠬᠤᠳᠠᠯᠳᠤᠨ ᠠᠪᠬᠤ ᠦᠨ᠎ᠡ ᠨᠢ ᠥᠨᠳᠥᠷ ᠴᠢᠨᠠᠷ ᠨᠢ ᠮᠠᠭᠤ᠂ ᠠᠷᠠᠯᠵᠢᠶ᠎ᠠ ᠵᠢ ᠵᠢᠭᠠᠨ ᠲᠣᠭ᠍ᠲᠠᠭᠠᠭ᠍ᠤ ᠪᠠᠢᠳᠠᠯ ᠤᠷᠤᠰᠢᠵᠤ᠂ ᠪᠠᠷᠢᠯᠭ᠎ᠠ᠎ᠶ᠋ᠢᠨ ᠲᠣᠭ᠍ᠲᠠᠭᠠᠯ᠎ᠡᠴᠡ ᠵᠥᠷᠢᠴᠡᠨ ᠳᠠᠭᠠᠭᠠᠴᠢᠯᠠᠬᠤ᠂ ᠱᠠᠲᠤ ᠱᠠᠲᠤ᠎ᠪᠠᠷ ᠱᠢᠯᠵᠢᠭᠦᠯᠦᠨ ᠳᠠᠭᠠᠭᠠᠴᠢᠯᠠᠭᠤᠯᠬᠤ᠂ ᠬᠤᠳᠠᠯ ᠬᠠᠭᠤᠷᠮᠠᠭ ᠶᠠᠭᠤᠮ᠎ᠠ ᠪᠡᠷ ᠬᠠᠰᠢ ᠶᠠᠰᠢ ᠦᠢᠯᠡᠳᠬᠦ ᠵᠡᠷᠭᠡ ᠳᠥᠷᠪᠡᠨ ᠲᠥᠷᠥᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ᠎ᠳᠤ ᠠᠩᠬᠠᠷᠤᠯ᠎ᠢᠶᠠᠨ ᠭᠤᠤᠯᠳᠠᠯᠭ᠎ᠠ᠎ᠲᠠᠶ ᠲᠥᠪᠯᠡᠷᠡᠭᠦᠯᠵᠦ᠍᠂ ᠠᠷᠤ᠎ᠳᠠᠬᠢ ᠠᠱᠢᠭ ᠲᠤᠰᠠ ᠵᠢᠨ ᠲᠠᠮᠵᠢᠭᠤᠯᠭ᠎ᠠ᠂ ᠳᠣᠲᠣᠨ᠎ᠠ ᠭᠠᠳᠠᠨ᠎ᠠ ᠰᠦᠯᠪᠡᠭᠡᠯᠡᠬᠦ᠌ ᠵᠡᠷᠭᠡ ᠠᠰᠠᠭᠤᠳᠠᠯ᠎ᠢ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠪᠠ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠎ᠶ᠋ᠢᠨ ᠲᠥᠪ᠎ᠨᠢ ᠪᠥᠬᠥ᠌ ᠣᠷᠣᠨ᠎ᠤ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠶᠡᠷᠦᠩᠬᠡᠢᠯᠡᠨ ᠠᠬᠢᠭᠤᠯᠬᠤ ᠳᠤᠭᠤᠢᠯᠠᠩ ᠪᠣᠯᠤᠭ᠍ᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠳᠦ ᠪᠠᠢᠭᠤᠯᠤᠭ᠍ᠰᠠᠨ ᠱᠠᠯᠠᠪᠳᠠᠭᠤᠯᠤᠨ ᠵᠢᠯᠣᠭᠣᠳᠴᠤ᠌ ᠵᠣᠬᠢᠴᠠᠭᠤᠯᠬᠤ ᠳᠤᠭᠤᠢᠯᠠᠩᠯᠤᠭᠠ ᠨᠢᠭ᠍ᠲᠠ ᠬᠠᠮᠵᠢᠯᠴᠠᠵᠤ᠂ ᠨᠢᠭᠡᠨᠲᠡ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠂ ᠵᠠᠰᠠᠭ᠎ᠤᠨ ᠣᠷᠳᠣᠨ ᠡᠴᠡ ᠬᠤᠳᠠᠯᠳᠤᠨ ᠠᠪᠬᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠷᠠᠯᠵᠢᠶ᠎ᠠ᠂ ᠤᠯᠤᠰ᠎ᠤᠨ ᠥᠮᠴᠢᠯᠡᠯ᠎ᠤᠨ ᠥᠮᠴᠢᠯᠡᠬᠦ᠌ ᠡᠷᠬᠡ᠎ᠶ᠋ᠢᠨ ᠠᠷᠠᠯᠵᠢᠶ᠎ᠠ ᠵᠡᠷᠭᠡ ᠳᠥᠷᠪᠡᠨ ᠲᠥᠷᠥᠯ ᠵᠦᠶ᠋ᠯ᠎ᠦᠨ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ ᠳᠤᠭᠤᠢᠯᠠᠩ᠎ᠢ ᠡᠯ᠎ᠡ ᠠᠢᠮᠠᠭ ᠬᠣᠲᠠ᠂ ᠡᠯ᠎ᠡ ᠰᠠᠯᠠᠭ᠎ᠠ ᠮᠥᠴᠢᠷ᠎ᠲᠦ ᠲᠣᠮᠢᠯᠠᠨ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠣᠭᠤᠯᠤᠭ᠍ᠰᠠᠨ ᠪᠥᠭᠡᠳ ᠢᠳᠡᠪᠬᠢᠲᠡᠶ ᠦᠷ᠎ᠡ ᠪᠦᠲᠦᠮᠵᠢ ᠣᠯᠤᠭ᠍ᠰᠠᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭᠤᠨᠬᠢᠨᠦ ᠬᠣᠯᠪᠣᠭ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠠᠵᠢᠯ᠎ᠤᠨ ᠲᠥᠰᠦᠯ ᠲᠣᠭ᠍ᠲᠠᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠰᠤᠷᠤᠯᠴᠠᠬᠤ ᠭᠤᠤᠯᠳᠠᠯᠭ᠎ᠠ᠎ᠶ᠋ᠢ ᠠᠳᠭᠤᠨ᠂ ᠰᠤᠷᠤᠯᠴᠠᠬᠤ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠨ᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠣᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠬᠥᠲᠥᠯᠥᠨ ᠵᠢᠯᠣᠭᠣᠳᠪᠠ᠃ ᠲᠤᠰᠭᠠᠶ ᠮᠡᠷᠭᠡᠵᠢᠯᠲᠡᠨ᠎ᠢ ᠤᠷᠢᠵᠤ ᠬᠢᠴᠢᠶᠡᠯ ᠵᠢᠭᠠᠯᠭᠠᠬᠤ᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》(ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠢ᠋ ᠲᠠᠢᠯᠪᠤᠷᠢᠯᠠᠨ ᠲᠤᠳᠤᠷᠬᠠᠢᠯᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠬᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠤᠭ ᠵᠤᠬᠢᠶᠠᠯ ᠢ᠋ ᠲᠡᠷᠡ ᠬᠡᠪ᠎ᠢᠶᠡᠷ ᠨᠢ ᠲᠠᠭᠠᠭᠤᠯᠤᠨ ᠰᠤᠷᠤᠯᠴᠠᠬᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠵᠤ ᠳᠠᠭᠠᠭᠤᠯᠤᠨ ᠰᠤᠷᠤᠯᠴᠠᠬᠤ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠠᠪᠰᠤᠷᠤᠨ《ᠲᠦᠷᠢᠮ》 ᠤ᠋ᠨ ᠠᠭᠤᠯᠭ᠎ᠠ᠎ᠶ᠋ᠢ ᠣᠨᠣᠪᠴᠢᠲᠠᠶ ᠣᠢᠯᠠᠭᠠᠭᠤᠯᠤᠨ ᠡᠵᠡᠮᠱᠢᠭᠦᠯᠵᠦ᠍᠂ ᠦᠵᠡᠯ ᠰᠠᠨᠠᠭᠠᠨ᠎ᠤ ᠲᠠᠯ᠎ᠠ᠎ᠪᠠᠷ ᠤᠯᠠᠭᠠᠨ ᠱᠤᠭᠤᠮ᠎ᠢ ᠨᠠᠩ ᠰᠠᠢᠲᠤᠷ ᠵᠠᠭᠠᠭ᠍ᠯᠠᠨ ᠲᠣᠭ᠍ᠲᠠᠭᠠᠵᠤ᠂ ᠬᠣᠷᠢᠭ᠎ᠠ ᠱᠤᠭᠤᠮ᠎ᠢ ᠪᠠᠲᠤ ᠴᠣᠭ᠍ᠴᠠᠯᠠᠬᠤ ᠪᠣᠯᠭᠠᠪᠠ᠃ ᠡᠯ᠎ᠡ ᠨᠠᠮ᠎ᠤᠨ ᠡᠭᠦᠷ ᠲᠥᠪᠯᠡᠷᠡᠭᠦᠯᠦᠨ ᠰᠤᠷᠤᠯᠴᠠᠬᠤ᠎ᠶ᠋ᠢ ᠠᠬᠢᠭᠤᠯᠵᠤ᠂ ᠰᠡᠷᠡᠮᠵᠢᠯᠡᠭᠦᠯᠬᠦ᠌ ᠬᠥᠮᠦᠵᠢᠯ᠎ᠳᠦ ᠬᠡᠷᠡᠭ᠎ᠢᠶᠡᠷ ᠲᠣᠯᠢ ᠪᠣᠯᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠭ᠌ᠰᠡᠨ ᠬᠡᠷᠡᠭ᠎ᠦᠨ ᠵᠢᠱ᠌ᠢᠶ᠎ᠡ᠎ᠶ᠋ᠢᠨ《ᠪᠤᠳᠠᠳᠠᠢ ᠵᠢᠭᠠᠬᠤ ᠮᠠᠲ᠋ᠧᠷᠢᠶᠠᠯ》 ᠢ᠋ ᠰᠠᠢᠲᠤᠷ ᠬᠡᠷᠡᠭ᠌ᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠲᠣᠭ᠍ᠲᠠᠭᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠵᠠᠯᠠᠷᠠᠭᠤᠯᠬᠤ᠎ᠶ᠋ᠢ ᠬᠥᠲᠥᠯᠥᠨ ᠵᠢᠯᠣᠭᠣᠳᠪᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢᠶᠡᠷ ᠠᠵᠠ ᠲᠣᠬᠢᠶᠠᠯ ᠪᠣᠯᠭᠠᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠺᠠᠳ᠋ᠷ᠎ᠤᠨ ᠳᠠᠷᠤᠭᠠᠰᠤ᠎ᠶ᠋ᠢ ᠬᠥᠩᠭᠡᠷᠡᠭᠦᠯᠬᠦ᠌ ᠬᠦᠷᠲᠡᠮᠵᠢ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ᠎ᠢ ᠠᠵᠢᠯ ᠬᠢᠵᠦ᠍ ᠦᠢᠯᠡᠰ ᠪᠤᠰᠭᠠᠬᠤ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠤᠳᠤᠯ ᠪᠣᠯᠭᠠᠨ ᠬᠤᠪᠢᠷᠠᠭᠤᠯᠪᠠ᠃
ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠡᠷᠭᠡ ᠠᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠡᠴᠡ ᠱᠢᠭᠤᠳ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠳᠦ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠤᠨ ᠳᠤᠮᠳᠠ ᠣᠷᠣᠱᠢᠵᠤ ᠪᠠᠢᠭ᠎ᠠ ᠠᠰᠠᠭᠤᠳᠠᠯ᠎ᠢ ᠲᠤᠰᠭᠠᠬᠤ ᠬᠢᠨᠠᠯᠲᠠ ᠲᠠᠯᠪᠢᠬᠤ ᠠᠷᠭ᠎ᠠ ᠵᠠᠮ᠎ᠢ ᠨᠡᠭᠡᠭᠡᠵᠦ᠍᠂ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠨᠡᠪᠲᠡᠷᠡᠯᠴᠡᠭ᠌ᠰᠡᠨ᠂ ᠴᠣᠮᠬᠠᠳᠭᠠᠨ ᠵᠢᠷᠤᠮᠵᠢᠭᠤᠯᠤᠭ᠍ᠰᠠᠨ ᠠᠵᠢᠯ᠎ᠤᠨ ᠵᠦᠶ᠋ᠯᠡᠰ᠎ᠦᠨ ᠱᠢᠨ᠎ᠡ ᠵᠠᠭ᠍ᠪᠤᠷ ᠢ ᠰᠦᠪᠡᠭ᠌ᠴᠢᠯᠡᠨ ᠪᠦᠷᠢᠯᠳᠦᠭᠦᠯᠪᠡ᠃ ᠦᠨᠳᠦᠰᠦᠨ ᠱᠠᠲᠤᠨ᠎ᠤ ᠺᠠᠳ᠋ᠷ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠦᠨᠳᠦᠰᠦᠨ ᠱᠠᠲᠤᠨ ᠤ ᠵᠠᠰᠠᠯᠲᠠ ᠳᠤ ᠴᠢᠳᠠᠪᠬᠢ ᠣᠯᠭᠣᠬᠤ ᠶ᠋ᠢᠨ ᠲᠥᠯᠥᠭᠡ᠂ ᠲᠣᠰ ᠲᠣᠭᠣᠷᠢᠭ᠎ᠨᠢ《ᠵᠢᠷᠭᠤᠭ᠎ᠠ᠎ᠶ᠋ᠢ ᠴᠡᠪᠡᠷᠯᠡᠵᠦ ᠬᠣᠶᠠᠷ᠎ᠢ ᠴᠢᠩᠭᠠᠳᠭᠠᠬᠤ》 ᠲᠤᠰᠭᠠᠶ ᠠᠵᠢᠯᠯᠠᠭ᠎ᠠ ᠥᠷᠨᠢᠭᠦᠯᠵᠦ᠍᠂ ᠡᠯ᠎ᠡ ᠱᠠᠲᠤᠨ᠎ᠤ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠲᠣᠭ᠍ᠲᠠᠴᠠ᠎ᠶ᠋ᠢᠨ ᠫᠠᠢᠰᠠ ᠢᠯᠡᠷᠬᠡᠢᠯᠡᠯ᠎ᠢ 60 ᠲᠥᠷᠥᠯ᠎ᠦᠨ 710 ᠭᠠᠷᠤᠶ ᠬᠡᠰᠡᠭ᠎ᠢ ᠬᠦᠴᠦᠨ ᠥᠬᠡᠶ ᠪᠣᠯᠭᠠᠵᠤ᠂ ᠦᠨᠳᠦᠰᠦᠨ ᠱᠠᠲᠤᠨ᠎ᠤ ᠨᠢᠭᠡᠴᠢ᠎ᠶ᠋ᠢᠨ ᠵᠢᠷᠬᠢᠶ᠎ᠠ ᠵᠢᠨ ᠣᠯᠠᠨ ᠨᠡᠢᠲᠡ᠎ᠶ᠋ᠢᠨ ᠲᠠᠪᠴᠠᠩ᠂ ᠠᠵᠢᠯ᠎ᠤᠨ ᠬᠤᠯᠪᠤᠭ᠎ᠠ ᠵᠢ 99 ᠡᠮᠬᠢᠯᠡᠨ ᠴᠡᠪᠡᠷᠯᠡᠵᠦ᠂ 10 ᠬᠢᠨᠠᠨ ᠱᠢᠯᠭᠠᠬᠤ ᠵᠦᠶ᠋ᠯᠡᠰ ᠢ ᠴᠤᠮᠬᠠᠳᠬᠠᠨ ᠨᠡᠢᠳᠭᠡᠵᠦ᠂ ᠲᠣᠭ᠎ᠠ ᠪᠠᠷᠢᠮᠲᠠ᠎ᠶ᠋ᠢᠨ ᠬᠦᠰᠦᠨᠦᠭ᠌ᠲᠦ᠍᠎ᠶ᠋ᠢᠨ ᠨᠠᠷᠢᠨ ᠲᠠᠩᠰᠠ᠎ᠶ᠋ᠢ 123 ᠬᠠᠰᠤᠵᠤ ᠨᠡᠢᠳᠭᠡᠬᠦ ᠶ᠋ᠢ ᠱᠠᠯᠠᠪᠳᠠᠭᠤᠯᠤᠨ ᠵᠢᠯᠣᠭᠣᠳᠴᠤ᠌᠂ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠦᠨᠡᠨ ᠪᠣᠳᠠᠲᠠᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃ ᠲᠣᠰ ᠲᠣᠭᠣᠷᠢᠭ ᠪᠠᠰᠠ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢᠨ ᠵᠠᠳᠠᠯᠤᠯᠲᠠ᠎ᠶ᠋ᠢᠨ ᠲᠠᠪᠴᠠᠩ᠎ᠳᠤ ᠲᠦᠱᠢᠭ᠌ᠯᠡᠨ᠂《ᠺᠣᠳ᠋》ᠳᠡᠭᠡᠷ᠎ᠡ ᠬᠢᠨᠠᠯᠲᠠ ᠲᠠᠯᠪᠢᠵᠤ ᠣᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠂ ᠰᠤᠷᠭᠠᠨ ᠬᠥᠮᠦᠵᠢᠯ᠎ᠦᠨ ᠱᠢᠰᠲ᠋ᠧᠮ᠂ ᠡᠮᠴᠢᠯᠡᠭᠡᠨ᠎ᠦ ᠱᠢᠰᠲ᠋ᠧᠮ᠂ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶᠢ ᠬᠡᠷᠡᠭ᠌ᠵᠢᠭᠦᠯᠦᠨ᠂ ᠣᠯᠠᠨ ᠲᠦᠮᠡᠨ᠎ᠦ ᠬᠢᠨᠠᠯᠲᠠ ᠲᠠᠯᠪᠢᠬᠤ ᠠᠷᠭ᠎ᠠ ᠵᠠᠮ᠎ᠢ ᠴᠢᠨᠠᠭᠰᠢᠳᠠ ᠱᠢᠯᠤᠭᠤᠳᠭᠠᠪᠠ᠃