ᠰᠠᠬᠢᠯᠭ᠎ᠠ ᠪᠠᠲᠤ ᠪᠠ ᠶᠣᠰᠣ ᠲᠦᠷᠢᠮ ᠢ᠋ ᠲᠡᠷᠢᠭᠦᠨ ᠳ᠋ᠦ ᠲᠠᠯᠪᠢᠵᠤ70 ᠭᠠᠷᠤᠶ ᠨᠢᠭᠡᠴᠢ ᠶ᠋ᠢᠨ 5000 ᠭᠠᠷᠤᠶ ᠨᠠᠮ ᠤ᠋ᠨ ᠭᠡᠱᠢᠭᠦᠨ ᠺᠠᠳ᠋ᠷ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠦᠮᠦᠵᠢᠯ ᠤ᠋ᠨ ᠦᠵᠡᠭᠦᠯᠭᠡ ᠵᠢ ᠲᠣᠭᠣᠷᠢᠨ ᠦᠵᠡᠪᠡ
2024-06-28 16:52:43
ᠵᠣᠬᠢᠶᠠᠭ᠍ᠴᠢ᠄
​ᠪᠠᠶ ᠳ᠋ᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠠᠵᠢᠯ ᠤ᠋ᠨ ᠲᠤᠰᠭᠠᠶ ᠠᠩᠭᠢ ᠡᠴᠡ ᠭᠤᠤᠯᠯᠠᠨ ᠡᠷᠭᠢᠯᠡᠵᠦ᠍ ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠤ᠋ᠨ ᠳᠠᠭᠠᠭᠠᠴᠢᠯᠠᠨ ᠡᠷᠭᠢᠯᠡᠭ᠌ᠰᠡᠨ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠵᠡᠭᠦᠯᠭᠡ ᠥᠪᠥᠷ ᠮᠣᠩᠭᠣᠯ ᠤ᠋ᠨ ᠮᠦᠽᠧᠶ ᠶ᠋ᠢᠨ ᠴᠢᠬᠡᠴᠢ ᠵᠠᠰᠠᠭ ᠤ᠋ᠨ ᠪᠠᠢᠭᠤᠯᠤᠯᠳᠠ ᠵᠢᠨ ᠬᠦᠮᠦᠵᠢᠯ ᠤ᠋ᠨ ᠦᠵᠡᠭᠦᠯᠭᠡ ᠶ᠋ᠢᠨ ᠲᠢᠩᠬᠢᠮ ᠳ᠋ᠦ ᠶᠠᠪᠤᠭᠳᠠᠵᠤ ᠂ 6 ᠰᠠᠷ᠎ᠠ ᠳ᠋ᠤ ᠦᠵᠡᠭᠦᠯᠭᠡ ᠡᠬᠢᠯᠡᠭᠰᠡᠨ ᠡᠴᠡ ᠨᠠᠭᠠᠰᠢ ᠨᠢᠭᠡᠨᠲᠡ 70 ᠭᠠᠷᠤᠶ ᠨᠢᠭᠡᠴᠢ ᠶ᠋ᠢᠨ 5000 ᠭᠠᠷᠤᠶ ᠨᠠᠮ ᠤ᠋ᠨ ᠭᠡᠱᠢᠭᠦᠨ ᠺᠠᠳ᠋ᠷ ᠲᠤᠬᠠᠶ ᠶ᠋ᠢᠨ ᠲᠠᠯᠠᠪᠠᠶ ᠳ᠋ᠤ ᠲᠣᠭᠣᠷᠢᠨ ᠦᠵᠡᠵᠦ᠍ ᠰᠤᠷᠤᠯᠴᠠᠪᠠ᠃ ᠦᠵᠡᠬᠦᠯᠬᠡ ᠨᠢ ᠦᠷᠭᠡᠨ ᠤᠯᠠᠨ ᠨᠠᠮ ᠤ᠋ᠨ ᠭᠡᠰᠢᠭᠦᠨ ᠺᠠᠳ᠋ᠷ ᠤ᠋ᠨ ᠰᠠᠬᠢᠯᠭ᠎ᠠ ᠪᠠᠲᠤ ᠶ᠋ᠢᠨ ᠤᠬᠠᠮᠰᠠᠷ ᠶ᠋ᠢᠡᠨ ᠤᠯᠠᠮ ᠨᠢᠭᠡ ᠠᠯᠬᠤᠮ ᠴᠢᠩᠭᠠᠳᠭᠠᠨ ᠂ ᠥᠪᠡᠷ ᠢ᠋ ᠪᠡᠨ ᠬᠢᠵᠠᠭᠠᠷᠯᠠᠬᠤ ᠪᠠᠨ ᠴᠢᠩᠭᠠᠳᠭᠠᠵᠤ ᠂ ᠲᠦᠷᠢᠮ ᠲᠣᠭ᠍ᠲᠠᠭᠠᠯ ᠢ᠋ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠴᠠᠭ ᠢᠮᠠᠭ᠍ᠲᠠ ᠰᠡᠳᠭᠢᠯ ᠳ᠋ᠡᠭᠡᠨ ᠬᠠᠳᠠᠩᠱᠢᠭᠤᠯᠵᠤ᠂ ᠦᠢᠯᠡ ᠶᠠᠪᠤᠳᠠᠯ ᠳ᠋ᠠᠭᠠᠨ ᠲᠤᠭᠤᠰᠢᠯᠠᠭᠤᠯᠬᠤ ᠵᠢ ᠴᠢᠨᠠᠭᠰᠢᠳᠠ ᠬᠦᠨᠵᠡᠬᠡᠢᠷᠡᠬᠦᠯᠦᠭᠰᠡᠨ ᠪᠠᠢᠨ᠎ᠠ ᠃

ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠦᠵᠡᠭᠦᠯᠭᠡ ᠨᠢ ᠶᠡᠷᠦᠩᠬᠡᠶ  ᠱᠦᠵᠢ ᠰᠢ ᠵᠢᠨ ᠫᠢᠩ ᠤ᠋ᠨ ᠨᠠᠮ ᠤ᠋ᠨ ᠰᠠᠬᠢᠯᠭ᠎ᠠ ᠪᠠᠲᠤ ᠶ᠋ᠢᠨ ᠪᠠᠢᠭᠤᠯᠤᠯᠲᠠ ᠵᠢ ᠪᠥᠬᠥ᠌ ᠲᠠᠯ᠎ᠠ ᠪᠠᠷ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠣᠢᠯᠠᠭᠠᠵᠤ ᠂ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠰᠠᠬᠢᠯᠭ᠎ᠠ ᠪᠠᠲᠤ ᠶ᠋ᠢᠨ ᠱᠢᠢᠳᠭᠡᠯ ᠥᠭ᠌ᠬᠦ ᠲᠦᠷᠢᠮ 》 ᠢ᠋ ᠰᠤᠷᠤᠯᠴᠠᠨ ᠤᠬᠠᠭᠤᠯᠬᠤ ᠪᠠᠷ ᠭᠤᠤᠯ ᠰᠡᠳᠦᠪ ᠪᠣᠯᠭᠠᠨ ᠰᠠᠬᠢᠯᠭ᠎ᠠ ᠪᠠᠲᠤ ᠵᠢ ᠰᠤᠷᠤᠯᠴᠠᠬᠤ ᠂ ᠰᠠᠬᠢᠯᠭ᠎ᠠ ᠪᠠᠲᠤ ᠵᠢ ᠮᠡᠳᠡᠬᠦ᠌᠂ ᠰᠠᠬᠢᠯᠭ᠎ᠠ ᠪᠠᠲᠤ ᠵᠢ ᠤᠢᠯᠠᠭᠠᠬᠤ᠂ ᠰᠠᠬᠢᠯᠭ᠎ᠠ ᠪᠠᠲᠤ ᠵᠢ ᠰᠠᠬᠢᠬᠤ ᠪᠠᠷ ᠭᠤᠤᠯ ᠱᠢᠵᠢᠮ ᠪᠣᠯᠭᠠᠵᠤ᠂ ᠮᠠᠨ ᠤ᠋ ᠣᠷᠣᠨ ᠤ᠋ ᠣᠢᠷ᠎ᠠ ᠶ᠋ᠢᠨ ᠵᠢᠯ ᠳ᠋ᠦ ᠪᠠᠢᠴᠠᠭᠠᠨ ᠰᠢᠢᠳᠬᠡᠭᠰᠡᠨ ᠵᠢᠷᠭᠤᠭᠠᠨ ᠵᠦᠶ᠋ᠯ ᠤ᠋ᠨ ᠰᠠᠬᠢᠯᠭ᠎ᠠ ᠪᠠᠲᠤ ᠡᠴᠡ ᠵᠥᠷᠢᠴᠡᠭ᠌ᠰᠡᠨ ᠨᠡᠢᠲᠡᠯᠢᠭ ᠴᠢᠨᠠᠷᠳᠠᠢ ᠬᠡᠷᠡᠭ ᠤ᠋ᠨ ᠵᠢᠱ᠌ᠢᠶ᠎ᠡ ᠵᠢ ᠭᠤᠤᠯᠳᠠᠯᠭ᠎ᠠ ᠲᠠᠶ ᠳᠡᠯᠭᠡᠨ ᠦᠵᠡᠭᠦᠯᠵᠡᠶ ᠃ ᠦᠵᠡᠭᠦᠯᠭᠡ ᠨᠢ 《〈ᠰᠠᠬᠢᠯᠭ᠎ᠠ ᠪᠠᠲᠤ 〉 ᠵᠢ ᠬᠠᠢᠵᠤ ᠡᠷᠲᠡᠨ ᠤ᠋ ᠬᠢ ᠪᠡᠷ ᠲᠣᠯᠢ ᠪᠣᠯᠭᠠᠬᠤ 》᠂ 《 ᠵᠠᠭᠤᠨ ᠵᠢᠯ ᠤ᠋ᠨ ᠶᠡᠬᠡ ᠨᠠᠮ ᠤ᠋ᠨ ᠪᠤᠯᠤᠳ ᠲᠡᠮᠦᠷ ᠮᠡᠲᠦ ᠪᠠᠳᠤ ᠴᠢᠩᠭ᠎ᠠ ᠰᠠᠬᠢᠯᠭ᠎ᠠ ᠪᠠᠲᠤ 》᠂ 《 ᠨᠠᠮ ᠤ᠋ᠨ ᠰᠠᠬᠢᠯᠭ᠎ᠠ ᠪᠠᠲᠤ ᠵᠢ ᠴᠢᠩᠳᠠᠯᠠᠵᠤ 〈ᠲᠦᠷᠢᠮ〉 ᠳ᠋ᠤ ᠵᠠᠰᠠᠪᠤᠷᠢ ᠣᠷᠣᠭᠤᠯᠤᠭᠰᠠᠨ ᠨᠢ 》 ᠂ 《 ᠬᠡᠷᠡᠭ ᠤ᠋ᠨ ᠵᠢᠱ᠌ᠢᠶ᠎ᠡ ᠪᠡᠷ ᠰᠠᠬᠢᠯᠭ᠎ᠠ ᠪᠠᠲᠤ ᠵᠢ ᠲᠣᠳᠣᠷᠬᠠᠢᠯᠠᠵᠤ ᠰᠡᠷᠡᠮᠵᠢ ᠶ᠋ᠢᠨ ᠬᠣᠩᠬᠣ ᠵᠢ ᠪᠠᠢᠩᠭᠤ ᠳᠤᠤᠭᠠᠷᠭᠠᠨ᠎ᠠ》᠂《ᠬᠥᠮᠦᠨ ᠤ᠋ ᠠᠮᠢᠳᠤᠷᠠᠯ ᠤ᠋ᠨ ᠭᠤᠨᠢᠭ᠍ᠲᠤ ᠶᠠᠪᠤᠳᠠᠯ ᠥᠨᠢ ᠡᠭᠦᠷᠢᠳᠡ ᠶ᠋ᠢᠨ ᠬᠠᠷᠠᠮᠰᠠᠯ》᠂ 《ᠠᠷᠠᠳ ᠤ᠋ᠨ ᠠᠯᠪᠠᠨ ᠵᠠᠷᠤᠴᠠ ᠨᠠᠮ ᠤ᠋ᠨ ᠭᠡᠱᠢᠭᠦᠨ ᠤ᠋ ᠥᠯᠢᠭᠡᠷ ᠳᠠᠭᠤᠷᠢᠶᠠᠯ 》 ᠂ 《ᠰᠠᠬᠢᠯᠭ᠎ᠠ ᠪᠠᠲᠤ ᠵᠢ ᠳᠠᠭᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ》ᠭᠡᠬᠦ᠌ 7 ᠬᠡᠰᠡᠭ ᠶ᠋ᠢᠡᠷ ᠪᠦᠷᠢᠯᠳᠦᠵᠦ᠍᠂ ᠥᠪᠡᠷᠲᠡᠭᠡᠨ ᠵᠠᠰᠠᠬᠤ ᠣᠷᠣᠨ ᠡᠴᠡ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ᠌ ᠴᠢᠬᠤᠯᠠ ᠲᠠᠪᠴᠠᠩ ᠪᠤᠯᠵᠠᠢ ᠃

ᠦᠵᠡᠭᠦᠯᠭᠡ ᠶ᠋ᠢᠨ ᠠᠬᠤᠢ ᠲᠠᠯᠠᠪᠠᠢ ᠳ᠋ᠤ ᠨᠠᠮ ᠤ᠋ᠨ ᠭᠡᠱᠢᠭᠦᠨ ᠺᠠᠳ᠋ᠷᠴᠤᠳ ᠭᠡᠷᠡᠯ ᠵᠢᠷᠤᠭ ᠪᠤᠳᠠᠲᠤ ᠪᠤᠳᠠᠰ ᠢ᠋ ᠨᠠᠷᠢᠯᠢᠭ ᠦᠵᠡᠵᠦ ᠲᠠᠨᠢᠯᠴᠠᠭᠤᠯᠭ᠎ᠠ ᠵᠢ ᠬᠢᠨᠠᠮᠠᠭᠠᠢ ᠰᠤᠨᠤᠰᠤᠨ ᠨᠠᠷᠢᠨ ᠤᠢᠯᠠᠭᠠᠵᠤ ᠪᠠᠢᠯ᠎ᠠ᠃ 《ᠮᠠᠰᠢ ᠶᠡᠬᠡ ᠬᠥᠮᠦᠵᠢᠯ ᠰᠡᠩᠬᠡᠷᠡᠭᠦᠯᠦᠯ ᠬᠦᠷᠳᠡᠵᠠᠢ ᠂ ᠬᠣᠢᠱᠢᠳᠠ ᠶ᠋ᠢᠨ ᠠᠵᠢᠯ ᠳᠤᠮᠳᠠ ᠪᠠᠨ ᠪᠢᠳᠡ ᠤᠨᠤᠯ ᠤ᠋ᠨ ᠰᠤᠷᠤᠯᠴᠠᠯᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍ ᠂ ᠪᠠᠭ᠍ᠰᠢ ᠶ᠋ᠢᠨ ᠶᠣᠰᠣ ᠰᠤᠷᠲᠠᠬᠤᠨ ᠪᠠᠭ᠍ᠰᠢ ᠶ᠋ᠢᠨ ᠬᠡᠪ ᠰᠤᠷᠲᠠᠯ ᠤ᠋ᠨ ᠬᠡᠪ ᠳᠠᠭᠤᠷᠢᠶᠠᠯ ᠢ᠋ ᠪᠠᠲᠤ ᠪᠤᠢ ᠪᠣᠯᠭᠠᠨ ᠂ ᠰᠠᠬᠢᠯᠭ᠎ᠠ ᠪᠠᠲᠤ ᠶ᠋ᠢᠨ ᠤᠬᠠᠮᠰᠠᠷ ᠪᠣᠯᠤᠨ ᠶᠣᠰᠣ ᠲᠦᠷᠢᠮ ᠤ᠋ᠨ ᠤᠬᠠᠮᠰᠠᠷ ᠵᠢᠡᠨ ᠴᠢᠨᠠᠭ᠍ᠰᠢᠳᠠ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠠᠭᠤᠷ ᠠᠮᠢᠰᠭᠤᠯ ᠢ᠋ ᠬᠠᠮᠲᠤ ᠪᠠᠷ ᠪᠤᠢ ᠪᠣᠯᠭᠠᠨ᠎ᠠ》ᠭᠡᠵᠦ ᠥᠪᠥᠷ ᠮᠣᠩᠭᠣᠯ ᠤ᠋ᠨ ᠠᠷᠠᠯᠵᠢᠶ᠎ᠠ ᠬᠤᠳᠠᠯᠳᠤᠭᠠᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠤᠷᠠᠯᠢᠭ ᠤ᠋ᠨ ᠵᠢᠷᠤᠭ ᠲᠥᠯᠥᠪᠯᠡᠭᠡᠨ ᠤ᠋ ᠰᠠᠯᠪᠤᠷᠢ ᠶ᠋ᠢᠨ ᠪᠠᠭ᠍ᠰᠢ ᠂ ᠨᠠᠮ ᠤ᠋ᠨ ᠡᠭᠦᠷ ᠤ᠋ᠨ ᠱᠦᠵᠢ ᠾᠧᠦ ᠱᠢᠶᠠ ᠶᠠᠷᠢᠨ᠎ᠠ᠃

《 ᠨᠠᠮ ᠤ᠋ᠨ ᠭᠡᠱᠢᠭᠦᠨ ᠺᠠᠳ᠋ᠷ ᠪᠣᠯᠤᠭ᠍ᠰᠠᠨ ᠤ᠋ ᠬᠤᠪᠢ ᠳ᠋ᠤ  ᠬᠡᠷᠡᠭ ᠤ᠋ᠨ ᠵᠢᠱ᠌ᠢᠶ᠎ᠡ ᠪᠡᠷ ᠰᠡᠷᠡᠮᠵᠢᠯᠡᠭᠦᠯᠦᠯ ᠪᠠ ᠲᠣᠯᠢ ᠪᠣᠯᠭᠠᠨ᠂ ᠰᠠᠬᠢᠯᠭ᠎ᠠ ᠪᠠᠲᠤ ᠶ᠋ᠢᠨ ᠤᠬᠠᠮᠰᠠᠷ ᠵᠢᠡᠨ ᠴᠢᠩᠭᠠᠳᠭᠠᠵᠤ᠂ ᠤᠯᠤᠰ ᠲᠥᠷᠥ ᠶ᠋ᠢᠨ ᠲᠣᠭ᠍ᠲᠠᠯ ᠬᠦᠴᠦᠨ᠂ ᠰᠠᠬᠢᠯᠭ᠎ᠠ ᠪᠠᠲᠤ ᠶ᠋ᠢᠨ ᠲᠣᠭ᠍ᠲᠠᠯ ᠬᠦᠴᠦᠨ᠂ ᠶᠣᠰᠣ ᠰᠤᠷᠲᠠᠬᠤᠨ ᠤ᠋ ᠲᠣᠭ᠍ᠲᠠᠯ ᠬᠦᠴᠦᠨ ᠂ ᠢᠯᠵᠢᠷᠡᠯ ᠢ᠋ ᠡᠰᠡᠷᠭᠦᠴᠡᠬᠦ᠌ ᠲᠣᠭ᠍ᠲᠠᠯ ᠬᠦᠴᠦᠨ ᠢ᠋ ᠲᠠᠰᠤᠷᠠᠯᠲᠠ ᠥᠬᠡᠶ ᠴᠢᠩᠭᠠᠳᠭᠠᠨ᠂ ᠢᠮᠠᠭ᠍ᠲᠠ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠵᠢ ᠪᠡᠶᠡᠯᠡᠭᠦᠯᠵᠦ᠍᠂ ᠬᠦᠰᠡᠯᠡᠩ ᠢᠲᠡᠭᠡᠯ ᠪᠢᠱᠢᠷᠡᠯ ᠶ᠋ᠢᠡᠨ ᠪᠠᠲᠤᠳᠭᠠᠬᠤ ᠵᠢ ᠨᠠᠮᠴᠢ ᠴᠢᠨᠠᠷ ᠤ᠋ᠨ ᠪᠣᠯᠪᠠᠰᠤᠷᠠᠯ ᠤ᠋ᠨ ᠨᠠᠰᠤᠨ ᠲᠤᠷᠱᠢᠳᠠ ᠶ᠋ᠢᠨ ᠰᠡᠳᠦᠪ ᠪᠣᠯᠭᠠᠨ  ᠴᠥᠬᠥᠷᠡᠰᠢ ᠥᠬᠡᠶ ᠪᠡᠷ ᠰᠤᠷᠤᠯᠴᠠᠯᠭ᠎ᠠ ᠪᠠᠨ ᠴᠢᠩᠭᠠᠳᠭᠠᠵᠤ᠂ ᠨᠠᠮ ᠤ᠋ᠨ ᠲᠦᠷᠢᠮ ᠢ᠋ ᠰᠤᠷᠤᠯᠴᠠᠬᠤ᠂ ᠨᠠᠮ ᠤ᠋ᠨ ᠲᠣᠭ᠍ᠲᠠᠭᠠᠯ ᠢ᠋ ᠵᠢᠷᠤᠮᠯᠠᠬᠤ᠂ ᠨᠠᠮ ᠤ᠋ᠨ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠲᠠᠯ᠎ᠠ ᠪᠠᠷ ᠡᠮᠦᠨ᠎ᠡ ᠡᠩᠨᠡᠭᠡᠨ ᠳ᠋ᠦ ᠶᠠᠪᠤᠵᠤ᠂ ᠨᠠᠮ ᠤ᠋ᠨ ᠭᠡᠱᠢᠭᠦᠨ ᠤ᠋ ᠤᠯᠤᠰ ᠲᠥᠷᠥ ᠶ᠋ᠢᠨ ᠤᠤᠷ ᠴᠢᠨᠠᠷ ᠵᠢᠡᠨ ᠡᠭᠦᠷᠢᠳᠡ ᠬᠠᠳᠠᠭᠠᠯᠠᠨ᠎ᠠ 》 ᠭᠡᠵᠤ ᠤᠯᠤᠰ ᠤ᠋ᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠌ ᠲᠣᠪᠴᠢᠶᠠᠨ ᠤ᠋ ᠥᠪᠥᠷ ᠮᠣᠩᠭᠣᠯ ᠤ᠋ᠨ ᠲᠣᠪᠴᠢᠶ᠎ᠠ ᠶ᠋ᠢᠨ ᠪᠠᠢᠭᠤᠯᠭ᠎ᠠ ᠶ᠋ᠢᠨ ᠨᠠᠮ ᠤ᠋ᠨ ᠬᠣᠷᠢᠶᠠᠨ ᠤ᠋ ᠳᠡᠳ᠋ ᠱᠦᠵᠢ ᠂ ᠪᠠᠢᠭᠤᠯᠭ᠎ᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠱᠦᠵᠢ ᠼᠤᠤ ᠶ᠋ᠢᠨ ᠬᠡᠯᠡᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号