ᠶᠤᠰᠤ ᠲᠦᠷᠢᠮ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠰᠡᠳᠭᠢᠯ ᠳ᠋ᠡᠭᠡᠨ ᠬᠠᠳᠠᠩᠰᠢᠭᠤᠯᠵᠤ ᠠᠵᠢᠯᠯᠠᠭᠠᠨ ᠳ᠋ᠠᠭᠠᠨ ᠨᠠᠢᠳᠠᠪᠤᠷᠢᠵᠢᠭᠤᠯᠤᠨ᠎ᠠ
2024-06-28 19:47:57
ᠵᠣᠬᠢᠶᠠᠭ᠍ᠴᠢ᠄
​ᠰᠦᠩ ᠱᠤᠸᠠᠩ ᠪᠠᠶᠠᠰᠭᠤᠯᠠᠩ ᠪᠠᠢ ᠯᠢᠶᠠᠨ ᠭᠤᠤ ᠬᠤᠢ ᠸᠸᠢ ᠨᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠤᠳ᠎ᠲᠦ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠦᠨᠡᠨ ᠬᠦ᠌ ᠰᠠᠬᠢᠯᠭ᠎ᠠ ᠪᠠᠲᠤ᠎ᠶ᠋ᠢ ᠴᠢᠩᠳᠠᠯᠠᠨ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠂ ᠶᠡᠬᠡ ᠲᠠᠯ᠎ᠠ᠎ᠳᠤ ᠦᠢᠯᠡᠴᠢᠯᠡᠨ ᠱᠢᠨ᠎ᠡ ᠭᠠᠪᠢᠶ᠎ᠠ ᠪᠠᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ ᠪᠤᠢ᠃

ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠳᠦ ᠱᠢᠯᠢ᠎ᠶ᠋ᠢᠨ ᠭᠤᠤᠯ ᠠᠢᠮᠠᠭ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ᠂《ᠬᠤᠷᠤᠭᠤᠨ ᠦᠵᠦᠭᠦᠷ ᠳᠡᠬᠢ ᠬᠡᠯᠪᠡᠷᠢᠴᠢ ᠦᠵᠡᠯ 》 ᠵᠡᠷᠭᠡ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ  ᠲᠥᠪᠯᠡᠷᠡᠩᠭᠦᠢ ᠴᠡᠭ᠌ᠴᠡᠯᠡᠨ ᠵᠠᠰᠠᠵᠤ᠂ 26 ᠵᠦᠶ᠋ᠯ᠎ᠦᠨ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ ᠵᠦᠶ᠋ᠯᠡᠰ᠎ᠢ ᠰᠤᠳᠤᠯᠤᠨ ᠲᠣᠭ᠍ᠲᠠᠭᠠᠵᠤ᠂ ᠠᠳᠠᠯᠢ ᠬᠤᠭᠤᠴᠠᠭᠠᠨ᠎ᠤ᠎ᠬᠢ᠎ᠡᠴᠡ 18 ᠵᠦᠶ᠋ᠯ᠎ᠢ ᠪᠠᠭᠠᠰᠭᠠᠪᠠ;ᠰᠤᠮᠤ ᠱᠢᠶᠠᠩ ᠪᠠᠯᠭᠠᠰᠤ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠵᠦᠶ᠋ᠯᠡᠰ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠵᠦᠶ᠋ᠯᠡᠰ᠎ᠢ ᠨᠠᠷᠢᠯᠢᠬ᠍ᠵᠢᠭᠤᠯᠤᠨ ᠡᠮᠬᠢᠯᠡᠵᠦ᠍᠂ ᠲᠣᠰ ᠲᠣᠰ ᠠᠳᠠᠯᠢ ᠬᠤᠭᠤᠴᠠᠭᠠᠨ᠎ᠤ᠎ᠬᠢ᠎ᠡᠴᠡ 73 ᠵᠦᠶ᠋ᠯ᠂ 43 ᠵᠦᠶ᠋ᠯ᠎ᠢ ᠪᠠᠭᠠᠰᠭᠠᠵᠤ᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠵᠦᠶ᠋ᠯᠡᠰ᠎ᠢ ᠳᠤᠮᠳᠠᠴᠢ᠎ᠪᠠᠷ 25 ᠵᠦᠶ᠋ᠯ ᠪᠠᠭᠠᠰᠭᠠᠵᠤ᠂ ᠬᠡᠯᠪᠡᠷᠢᠴᠢ ᠦᠵᠡᠯ ᠢ᠋ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠦᠨᠡᠨ ᠬᠦ᠌ ᠠᠬᠢᠭᠤᠯᠪᠠ᠃ ᠡᠭᠦᠨ᠎ᠦ ᠬᠠᠮᠲᠤ ᠪᠥᠬᠥ᠌ ᠠᠢᠮᠠᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠨᠣᠮ ᠤᠩᠱᠢᠬᠤ ᠠᠩᠭᠢ ᠡᠷᠭᠢᠯᠡᠵᠦ᠍᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠱᠦᠵᠢ ᠬᠤᠪᠢᠳᠠᠨ ᠬᠠᠮᠢᠶᠠᠷᠴᠤ᠌ ᠪᠠᠢᠭ᠎ᠠ ᠬᠦᠷᠢᠶ᠎ᠡ ᠪᠤᠶᠤ ᠨᠠᠮ᠎ᠤᠨ ᠪᠠᠢᠭᠤᠯᠤᠯᠲᠠ᠎ᠶ᠋ᠢᠨ ᠬᠠᠷᠢᠯᠴᠠᠬᠤ ᠴᠡᠭ᠎ᠢᠶᠡᠷ ᠭᠦᠨᠵᠡᠭᠡᠢᠷᠡᠨ 400 ᠭᠠᠷᠤᠶ ᠤᠳᠠᠭ᠎ᠠ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠵᠤ ᠂ ᠬᠢᠴᠢᠶᠡᠯ ᠵᠢᠡᠷ ᠰᠤᠷᠤᠯᠴᠠᠯᠭ᠎ᠠ᠎ᠶ᠋ᠢ ᠠᠬᠢᠭᠤᠯᠬᠤ᠂ ᠬᠢᠴᠢᠶᠡᠯ ᠵᠢᠡᠷ ᠰᠤᠷᠤᠯᠴᠠᠯᠭ᠎ᠠ᠎ᠶ᠋ᠢ ᠳᠠᠢᠴᠢᠯᠠᠬᠤ᠎ᠶ᠋ᠢ ᠦᠨᠡᠨ ᠬᠦ᠌ ᠪᠡᠶᠡᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ ᠂ 6 ᠲᠠᠯ᠎ᠠ᠎ᠶ᠋ᠢᠨ ᠭᠤᠤᠯᠳᠠᠯᠭ᠎ᠠ᠎ᠲᠠᠶ ᠠᠵᠢᠯ᠎ᠢ ᠲᠣᠳᠣᠷᠬᠠᠢᠯᠠᠵᠤ ᠂ ᠨᠣᠮ ᠤᠩᠱᠢᠬᠤ ᠠᠩᠭᠢ ᠡᠷᠭᠢᠯᠡᠬᠦ᠌᠂ ᠲᠥᠪᠯᠡᠷᠡᠭᠦᠯᠦᠨ ᠰᠤᠷᠤᠯᠴᠠᠬᠤ᠎ᠶ᠋ᠢ ᠵᠣᠬᠢᠶᠠᠨ ᠪᠠᠢᠭᠤᠯᠬᠤ᠂ ᠰᠡᠷᠡᠮᠵᠢᠯᠡᠭᠦᠯᠬᠦ᠌ ᠬᠥᠮᠦᠵᠢᠯ᠎ᠢ ᠥᠷᠨᠢᠭᠦᠯᠬᠦ᠌᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠬᠥᠮᠦᠵᠢᠯ᠎ᠦᠨ ᠰᠠᠭᠤᠷᠢᠨ᠎ᠢ ᠲᠣᠭᠣᠷᠢᠨ ᠦᠵᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠨᠠᠮ᠎ᠤᠨ ᠰᠠᠬᠢᠯᠭ᠎ᠠ ᠪᠠᠲᠤ᠎ᠶ᠋ᠢ ᠰᠤᠷᠤᠯᠴᠠᠵᠤ ᠶᠣᠰᠣ ᠲᠦᠷᠢᠮ᠎ᠢ ᠰᠠᠬᠢᠬᠤ᠎ᠶ᠋ᠢ ᠬᠥᠮᠦᠵᠢᠭᠦᠯᠦᠨ ᠵᠢᠯᠣᠭᠣᠳᠪᠠ᠃ ᠲᠣᠰ ᠲᠢᠩᠬᠢᠮ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠤᠤᠯᠳᠠᠯᠭ᠎ᠠ᠎ᠲᠠᠶ ᠠᠵᠢᠯ᠎ᠲᠠᠶ ᠬᠠᠮᠲᠤ᠎ᠳᠤᠨᠢ ᠲᠣᠬᠢᠷᠠᠭᠤᠯᠵᠤ᠂ ᠬᠠᠮᠲᠤ᠎ᠳᠤᠨᠢ ᠪᠠᠢᠷᠢᠯᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢᠨ ᠤᠬᠠᠮᠰᠠᠷ᠎ᠢᠶᠠᠨ ᠴᠢᠩᠭᠠᠳᠭᠠᠬᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠬᠥᠲᠥᠯᠥᠨ ᠳᠠᠭᠠᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠦᠨᠡᠨ ᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠢ ᠠᠬᠢᠭᠤᠯᠬᠤ ᠪᠣᠳᠠᠲᠠᠶ ᠦᠶ᠋ᠯᠡᠳᠦᠯᠭᠡ ᠪᠣᠯᠭᠠᠨ ᠬᠤᠪᠢᠷᠠᠭᠤᠯᠵᠤ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠳᠡ ᠰᠢᠪᠳᠤᠯᠬᠤ》 ᠢᠨᠵᠧᠨᠧᠷᠢᠩ ᠵᠡᠷᠭᠡ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠬᠡᠷᠡᠭ᠌ᠵᠢᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠴᠡᠶ᠃

ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠨᠣᠮ ᠤᠩᠱᠢᠬᠤ ᠠᠩᠭᠢ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠨᠠᠮ᠎ᠤᠨ ᠭᠡᠱᠢᠭᠦᠳ᠎ᠢ ᠵᠣᠬᠢᠶᠠᠨ ᠪᠠᠢᠭᠤᠯᠤᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》(ᠳᠣᠷᠣᠭ᠍ᠰᠢ《ᠲᠦᠷᠢᠮ》ᠭᠡᠵᠦ᠍ ᠲᠣᠪᠴᠢᠯᠠᠨ᠎ᠠ)ᠢ᠋ ᠪᠦᠯᠦᠭ ᠵᠤᠷᠪᠤᠰ ᠵᠢᠡᠷ ᠳᠠᠷᠠᠭᠠᠯᠠᠨ ᠰᠤᠷᠤᠯᠴᠠᠭᠤᠯᠪᠠ;ᠬᠡᠷᠡᠭ᠎ᠢᠶᠡᠷ ᠰᠤᠷᠤᠯᠴᠠᠯᠭ᠎ᠠ᠎ᠶ᠋ᠢ ᠠᠬᠢᠭᠤᠯᠬᠤ ᠠᠵᠢᠯ᠎ᠢ ᠰᠠᠢᠲᠤᠷ ᠠᠳᠭᠤᠵᠤ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠦᠵᠡᠭᠦᠯᠵᠦ᠍ ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠰᠠᠬᠢᠯᠭ᠎ᠠ ᠪᠠᠲᠤ ᠬᠠᠤᠯᠢ ᠴᠠᠭᠠᠵᠠ ᠳᠡᠷᠭᠡᠳᠡ ᠨᠢ ᠪᠠᠢᠬᠤ ᠂ ᠰᠤᠷᠭᠠᠮᠵᠢ ᠨᠢᠳᠦᠨ ᠡᠮᠦᠨ᠎ᠡ ᠪᠠᠢᠬᠤ ᠭᠡᠳᠡᠭ᠎ᠢ ᠦᠨᠡᠨ ᠬᠦ᠌ ᠮᠡᠳᠡᠷᠡᠭᠦᠯᠪᠡ; ᠪᠣᠯᠪᠠᠰᠤᠷᠠᠯ᠎ᠢᠶᠠᠷ ᠰᠤᠷᠤᠯᠴᠠᠯᠭ᠎ᠠ᠎ᠶ᠋ᠢ ᠠᠬᠢᠭᠤᠯᠬᠤ ᠶ᠋ᠢ ᠰᠠᠢᠲᠤᠷ ᠠᠳᠭᠤᠵᠤ ᠂ ᠪᠦᠯᠦᠭ᠌ᠯᠡᠯ ᠺᠣᠮᠫᠠᠨᠢ᠎ᠨᠢ 《ᠲᠦᠷᠢᠮ 》 ᠢ᠋ ᠰᠤᠷᠤᠯᠴᠠᠬᠤ᠎ᠶ᠋ᠢ ᠱᠢᠨ᠎ᠡ᠎ᠪᠡᠷ ᠲᠤᠱᠢᠶᠠᠯ ᠡᠭᠦᠷᠭᠡᠯᠡᠭ᠌ᠰᠡᠨ ᠤᠳᠤᠷᠢᠳᠭᠤ ᠬᠥᠮᠦᠰ᠎ᠦᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠠᠪᠰᠤᠷᠤᠨ 《 ᠲᠦᠷᠢᠮ 》 ᠤ᠋ᠨ ᠠᠭᠤᠯᠭ᠎ᠠ᠎ᠶ᠋ᠢ ᠭᠦᠨᠵᠡᠭᠡᠶ ᠣᠢᠯᠠᠭᠠᠭᠤᠯᠵᠤ ᠂ ᠲᠡᠳᠡᠨ᠎ᠳᠦ ᠰᠠᠬᠢᠯᠭ᠎ᠠ ᠪᠠᠲᠤ ᠪᠠ ᠶᠣᠰᠣ ᠲᠦᠷᠢᠮ᠎ᠦᠨ ᠤᠬᠠᠮᠰᠠᠷ᠎ᠢ᠎ᠨᠢ ᠰᠡᠳᠭᠢᠯ᠎ᠳᠤᠨᠢ ᠬᠠᠳᠠᠩᠱᠢᠭᠤᠯᠪᠠ; ᠳᠠᠷᠤᠭᠠᠰᠤ᠎ᠶ᠋ᠢ ᠬᠥᠩᠭᠡᠷᠡᠭᠦᠯᠬᠦ᠌ ᠪᠠ ᠬᠥᠭ᠌ᠵᠢᠯᠳᠡ ᠬᠣᠶᠠᠷ᠎ᠢ ᠰᠠᠭᠠᠲᠠᠭᠠᠬᠤ ᠥᠬᠡᠶ ᠪᠠᠢᠬᠤ᠎ᠶ᠋ᠢ ᠪᠠᠷᠢᠮᠲᠠᠯᠠᠵᠤ ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠣᠷᠭᠠᠨᠢᠭ᠎ᠢᠶᠠᠷ ᠤᠶᠠᠯᠳᠤᠭᠤᠯᠵᠤ ᠬᠠᠷᠢᠯᠴᠠᠨ ᠠᠬᠢᠭᠤᠯᠬᠤ᠎ᠶ᠋ᠢ ᠠᠬᠢᠭᠤᠯᠪᠠ᠃

ᠤᠯᠠᠭᠠᠨᠬᠠᠳᠠ ᠬᠣᠲᠠ᠎ᠶ᠋ᠢᠨ ᠬᠡᠱᠢᠭ᠌ᠲᠡᠨ ᠬᠣᠱᠢᠭᠤ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠵᠦ᠍᠂ ᠬᠢᠨᠠᠨ ᠵᠥᠪᠱᠢᠶᠡᠷᠡᠬᠦ᠌᠂ ᠬᠠᠤᠯᠢ ᠬᠡᠷᠡᠭ᠌ᠵᠢᠭᠦᠯᠬᠦ᠌ ᠵᠡᠷᠭᠡ ᠬᠦᠷᠢᠶ᠎ᠡ᠎ᠪᠠᠷ ᠭᠤᠤᠯᠳᠠᠯᠭ᠎ᠠ ᠪᠣᠯᠭᠠᠨ᠂ 《ᠲᠦᠭ᠌ᠵᠢᠷᠡᠯ》 ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠥᠷᠨᠢᠭᠦᠯᠵᠦ᠍ ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠣᠯᠠᠨ ᠲᠦᠮᠡᠨ᠎ᠳᠦ ᠦᠶ᠋ᠯᠡᠴᠢᠯᠡᠬᠦ᠌ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠪᠡ᠃ ᠲᠣᠰ ᠬᠣᠱᠢᠭᠤ ᠨᠢ ᠰᠣᠯᠪᠢᠴᠠᠨ ᠶᠠᠷᠢᠯᠴᠠᠬᠤ ᠲᠣᠭ᠍ᠲᠠᠴᠠ᠎ᠪᠠᠷ ᠳᠠᠮᠵᠢᠭᠤᠯᠤᠨ ᠨᠠᠮ᠎ᠤᠨ ᠭᠡᠱᠢᠭᠦᠨ ᠺᠠᠳ᠋ᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠂ ᠬᠠᠤᠯᠢ ᠶᠣᠰᠣᠭᠠᠷ ᠵᠠᠰᠠᠭ ᠶᠠᠪᠤᠭᠤᠯᠬᠤ ᠂ ᠦᠶ᠋ᠯᠡᠴᠢᠯᠡᠭᠡᠨ᠎ᠦ ᠶᠠᠰᠤ ᠴᠢᠨᠠᠷ ᠵᠡᠷᠭᠡ ᠪᠠᠢᠳᠠᠯ᠎ᠢ ᠴᠠᠭ ᠲᠤᠬᠠᠶ᠎ᠳᠤᠨᠢ ᠣᠢᠯᠠᠭᠠᠵᠤ ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ᠎ᠢ ᠴᠥᠬᠥᠷᠡᠰᠢ ᠥᠬᠡᠶ ᠴᠡᠭ᠌ᠴᠡᠯᠡᠨ ᠵᠠᠰᠠᠪᠠ᠃ ᠡᠭᠦᠨ᠎ᠦ ᠬᠠᠮᠲᠤ ᠲᠣᠰ ᠬᠣᠱᠢᠭᠤ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠨᠠᠮ᠎ᠤᠨ ᠭᠡᠱᠢᠭᠦᠨ ᠺᠠᠳ᠋ᠷᠴᠤᠳ᠎ᠤᠨ ᠠᠵᠢᠯ᠎ᠤᠨ ᠪᠠᠢᠳᠠᠯ ᠪᠠ ᠪᠣᠳᠠᠲᠤ ᠢᠯᠡᠷᠡᠯ᠎ᠢ ᠪᠤᠰᠤᠳᠴᠢ ᠪᠥᠭᠡᠳ ᠪᠥᠬᠥ᠌ ᠲᠠᠯ᠎ᠠ᠎ᠪᠠᠷ ᠣᠨᠣᠪᠴᠢᠲᠠᠶ ᠡᠵᠡᠮᠱᠢᠵᠦ᠍ ᠂ ᠺᠠᠳ᠋ᠷᠴᠤᠳ᠎ᠤᠨ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠬᠦ᠌ ᠂ ᠰᠠᠨᠠᠭᠠᠴᠢᠯᠠᠭ᠎ᠠ᠎ᠡᠴᠡ᠎ᠪᠠᠨ ᠠᠵᠢᠯ ᠬᠢᠬᠦ᠌᠎ᠶ᠋ᠢ ᠲᠠᠰᠤᠷᠠᠯᠲᠠ ᠥᠬᠡᠶ  ᠵᠣᠷᠢᠭ᠍ᠵᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号