ᠥᠪᠡᠷᠳᠡᠭᠡᠨ ᠵᠠᠰᠠᠬᠤ ᠤᠷᠤᠨ ᠎ᠤ ᠥᠨᠳᠤᠰᠤᠳᠡᠨ ᠎ᠤ ᠭᠡᠷᠨᠭ ᠡᠷᠭᠢᠯᠡᠬᠥ ᠵᠥᠪᠯᠡᠯ 《ᠨᠠᠮ ᠤ᠋ᠨ ᠠᠴᠢ ᠳ᠋ᠤ ᠳᠠᠯᠠᠷᠬᠠᠵᠤ ᠨᠠᠮ ᠤ᠋ᠨ ᠦᠭᠡ ᠵᠢ ᠰᠣᠨᠣᠰᠴᠤ ᠨᠠᠮ ᠶ᠋ᠢᠡᠨ ᠳᠠᠭᠠᠨ ᠤᠷᠤᠬᠰᠢᠯᠠᠨ᠎ᠠ》 ᠭᠡᠬᠥ ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠡᠷᠭᠢᠯᠡᠨ ᠶᠠᠪᠤᠬᠳᠠᠭᠤᠯᠵᠠᠢ
2024-06-30 12:03:51
ᠵᠣᠬᠢᠶᠠᠭ᠍ᠴᠢ᠄
​ᠪᠤᠶᠠᠠᠡᠨᠡᠷᠢᠯ ᠦᠢᠯᠡᠰ
ᠣᠩᠱᠢᠭ᠍ᠰᠠᠨ ᠣᠳᠠᠭ᠎ᠠ᠄
★★★☆☆

ᠣᠷᠣᠨ ᠤ᠋ ᠦᠨᠳᠦᠰᠦᠲᠡᠨ ᠤ᠋ ᠬᠡᠷᠡᠭ ᠡᠷᠭᠢᠯᠡᠬᠦ ᠵᠦᠪᠯᠡᠯ ᠤ᠋ᠨ 《ᠨᠠᠮ ᠤ᠋ᠨ ᠠᠴᠢ ᠳ᠋ᠤ ᠳᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠶ᠋ᠢᠡᠨ ᠳᠠᠭᠠᠨ ᠤᠷᠤᠬᠰᠢᠯᠠᠨ᠎ᠠ》 ᠬᠡᠬᠦ ᠣᠯᠠᠨ ᠲᠦᠮᠡᠨᠴᠢ ᠬᠥᠮᠦᠵᠢᠯ ᠦᠢᠯᠡᠳᠦᠯᠭᠡ ᠵᠢᠨ ᠠᠵᠢᠯᠯᠠᠭ᠎ᠠ ᠵᠢᠨ ᠦᠨᠳᠦᠰᠦᠨ ᠱᠠᠲᠤᠨ ᠤ᠋ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠵᠢᠴᠢ 《ᠠᠨᠠᠷ ᠤ᠋ᠨ ᠦᠷ᠎ᠡ e ︱ ᠲᠥᠷᠥ ᠵᠢᠨ ᠪᠣᠳᠣᠯᠭ᠎ᠠ ᠮᠡᠷᠭᠡᠵᠢᠯ ᠦᠢᠯᠡᠴᠢᠯᠡᠭᠡ ᠵᠢ ᠬᠦᠷᠭᠡᠬᠦ》 ᠠᠵᠢᠯᠯᠠᠭ᠎ᠠ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ ᠳ᠋ᠤ ᠠᠮᠵᠢᠯᠲᠠ ᠲᠠᠢ  ᠶᠠᠪᠤᠭᠳᠠᠪᠠ᠃

ᠲᠤᠰ ᠠᠵᠢᠯᠯᠠᠭ᠎ᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠠᠵᠢᠯ ᠤ᠋ᠨ ᠭᠣᠣᠯ ᠱᠤᠭᠤᠮ ᠲᠠᠢ ᠨᠢᠭ᠍ᠲᠠ ᠤᠶᠠᠯᠳᠤᠭᠤᠯᠤᠨ᠂ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠣᠢᠯᠠᠭᠠᠯᠲᠠ》 ᠵᠢᠨ ᠦᠨᠳᠦᠰᠦᠨ ᠱᠠᠲᠤᠨ ᠳ᠋ᠤ ᠲᠣᠭᠣᠷᠢᠨ ᠳᠡᠯᠭᠡᠨ ᠦᠵᠡᠭᠦᠯᠬᠦ ᠠᠵᠢᠯᠯᠠᠭ᠎ᠠ ᠵᠢᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ᠂ ᠦᠢᠯᠡᠳᠦᠯᠭᠡ ᠵᠢᠨ ᠤᠷ᠎ᠠ ᠴᠢᠳᠠᠪᠤᠷᠢ ᠵᠢᠨ ᠲᠤᠰᠬᠠᠢ ᠰᠡᠳᠦᠪᠲᠦ ᠲᠠᠢᠯᠤᠮᠵᠢ ᠬᠢᠬᠦ᠂ ᠪᠠᠴᠢᠮ ᠠᠪᠤᠷᠠᠬᠤ ᠮᠡᠳᠡᠯᠭᠡ ᠦᠢᠯᠡᠳᠦᠯᠭᠡ ᠵᠢᠨ ᠤᠷ᠎ᠠ ᠴᠢᠳᠠᠪᠤᠷᠢ ᠵᠢᠨ ᠲᠠᠢᠯᠤᠮᠵᠢ ᠬᠢᠬᠦ᠂ ᠨᠠᠮ ᠤ᠋ᠨ ᠦᠨᠳᠦᠰᠦᠲᠡᠨ ᠤ᠋ ᠤᠨᠤᠯ ᠲᠦᠷᠦ ᠵᠢᠨ ᠪᠣᠳᠣᠯᠭ᠎ᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠬᠠᠢᠷ᠎ᠠ ᠬᠠᠯᠠᠮᠵᠢ ᠬᠠᠨᠳᠢᠪᠯᠠᠬᠤ᠂《ᠡᠷᠡᠭᠦᠯ ᠡᠩᠬᠡ ᠤᠯᠠᠭᠠᠨᠮᠥ᠋ᠴᠢᠷ》 ᠤ᠋ᠨ ᠲᠣᠭᠣᠷᠢᠨ ᠡᠮᠴᠢᠯᠡᠬᠦ ᠦᠢᠯᠡᠴᠢᠯᠡᠭᠡ ᠵᠢ ᠦᠨᠳᠦᠰᠦᠨ ᠱᠠᠲᠤᠨ ᠳ᠋ᠤ ᠬᠦᠷᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ᠋ ᠲᠦᠭᠡᠮᠡᠯᠵᠢᠭᠦᠯᠦᠨ ᠰᠤᠷᠭᠠᠭᠤᠯᠢ ᠵᠢᠨ ᠬᠦᠷᠢᠶᠡᠨ ᠳ᠋ᠤ ᠬᠦᠷᠭᠡᠬᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠪᠡᠶᠡᠴᠢᠯᠡᠨ ᠣᠢᠯᠠᠭᠠᠬᠤ ᠮᠠᠶᠢᠭ᠋ ᠤ᠋ᠨ ᠵᠢᠭᠠᠨ ᠰᠤᠷᠭᠠᠯᠲᠠ᠂ ᠤᠷᠳᠤᠰ ᠬᠤᠳᠠ ᠢᠷᠭᠠᠢ ᠬᠤᠳᠠ ᠳᠡᠮᠡᠭᠡᠳᠦ ᠬᠤᠳᠠ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ᠂ ᠮᠡᠳᠡᠭᠡ ᠵᠠᠩᠭᠢᠵᠢᠯᠲᠠ ᠵᠢᠨ ᠦᠷ᠎ᠡ ᠪᠦᠲᠦᠭᠡᠯ ᠤ᠋ᠨ ᠦᠵᠡᠭᠦᠯᠭᠡ᠂ ᠬᠤᠪᠢᠰᠬᠠᠯᠲᠤ ᠺᠢᠨᠣ᠋ ᠵᠢᠨ ᠲᠠᠨᠢᠯᠴᠠᠭᠤᠯᠭ᠎ᠠ᠂ ᠶᠡᠬᠡ ᠳᠡᠭᠡᠳᠦ ᠰᠤᠷᠭᠠᠭᠤᠯᠢ ᠵᠢᠨ ᠪᠠᠭ᠍ᠰᠢ ᠰᠤᠷᠤᠭ᠍ᠴᠢᠳ ᠤ᠋ᠨ ᠪᠦᠲᠦᠭᠡᠯ ᠤ᠋ᠨ ᠦᠵᠡᠭᠦᠯᠭᠡ ᠵᠡᠷᠭᠡ ᠪᠠᠶᠠᠯᠢᠭ᠋ ᠰᠠᠢᠬᠠᠨ ᠠᠵᠢᠯᠯᠠᠭ᠎ᠠ ᠪᠡᠷ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ ᠤ᠋ ᠺᠠᠳ᠋ᠷ ᠤᠯᠠᠨ ᠲᠦᠮᠡᠨ ᠤ᠋ ᠰᠣᠨᠣᠰᠴᠤ ᠣᠢᠯᠠᠭᠠᠬᠤ᠎ᠳᠤ ᠲᠥᠬᠥᠮ ᠭᠢᠯᠪᠡᠷ ᠠᠷᠭ᠎ᠠ ᠮᠠᠶᠢᠭ᠋ ᠶ᠋ᠢᠡᠷ ᠨᠠᠮ ᠤ᠋ᠨ ᠭᠡᠰᠢᠭᠦᠨ ᠺᠠᠳ᠋ᠷ ᠪᠠ ᠦᠨᠳᠦᠰᠦᠲᠡᠨ ᠨᠤᠭᠦᠳ ᠤ᠋ᠨ ᠤᠯᠠᠨ ᠲᠦᠮᠡᠨ ᠢ᠋ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠤᠭ ᠰᠠᠨᠠᠭ᠎ᠠ ᠪᠡᠨ ᠦᠯᠦ ᠮᠠᠷᠲᠠᠨ ᠨᠠᠮ ᠤ᠋ᠨ ᠠᠴᠢ ᠳ᠋ᠤ ᠳᠠᠯᠠᠷᠬᠠᠵᠤ᠂ ᠨᠠᠮ ᠤ᠋ᠨ ᠦᠭᠡ ᠎ᠶᠢ ᠰᠣᠨᠣᠰᠴᠤ᠂ ᠡᠷᠡᠰ ᠭᠤᠢᠪᠢᠰᠢ ᠦᠭᠡᠢ  ᠪᠡᠷ ᠨᠠᠮ ᠶ᠋ᠢᠡᠨ ᠲᠠᠭᠠᠨ ᠤᠷᠤᠬᠰᠢᠯᠠᠬᠤ ᠡᠷᠴᠢ ᠵᠤᠷᠢᠭ ᠎ᠢ ᠬᠥᠪᠴᠢᠯᠡᠵᠠᠢ᠃

ᠲᠤᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠡᠴᠡ ᠭᠣᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ᠋ ᠣᠷᠣᠨ ᠨᠤᠲᠤᠭ ᠤ᠋ᠨ ᠦᠭᠡ ᠬᠡᠯᠡ ᠦᠰᠦᠭ ᠪᠢᠴᠢᠭ ᠤ᠋ᠨ ᠰᠤᠳᠤᠯᠭᠠᠨ ᠤ᠋ ᠬᠡᠷᠡᠭᠯᠡᠭᠡᠨ ᠤ᠋ ᠲᠥᠪ᠂ ᠥᠪᠥᠷ ᠮᠣᠩᠭᠣᠯ ᠤ᠋ᠨ ᠷᠠᠳᠢᠣ᠋ ᠲᠧᠯᠸᠶ᠋ᠰ ᠬᠣᠷᠢᠶ᠎ᠠ ᠵᠢᠨ ᠣᠷᠴᠢᠭᠤᠯᠤᠨ ᠦᠢᠯᠡᠳᠬᠦ ᠲᠥᠪ᠂ ᠣᠷᠳᠣᠰ ᠬᠤᠳᠠ ᠵᠢᠨ ᠦᠨᠳᠦᠰᠦᠲᠡᠨ ᠤ᠋ ᠬᠡᠷᠡᠭ ᠡᠷᠬᠢᠯᠡᠬᠦ ᠵᠥᠪᠯᠡᠯ ᠡᠴᠡ ᠳᠠᠭᠠᠭᠠᠴᠢᠯᠠᠨ ᠡᠷᠬᠢᠯᠡᠵᠦ᠂ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ᠂ ᠥᠪᠥᠷ ᠮᠣᠩᠭᠣᠯ ᠤ᠋ᠨ ᠺᠢᠨᠣ᠋ ᠵᠢᠨ ᠪᠦᠯᠦᠭᠯᠡᠯ᠂ ᠬᠥᠬᠡᠬ᠍ᠤᠲᠠ ᠵᠢᠨ ᠦᠨᠳᠦᠰᠦᠲᠡᠨ ᠤ᠋ ᠳᠡᠭᠡᠳᠦ ᠰᠤᠷᠭᠠᠭᠤᠯᠢ᠂ ᠥᠪᠥᠷ ᠮᠣᠩᠭᠣᠯ ᠤ᠋ᠨ ᠡᠯᠧᠺᠲᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ᠂ ᠥᠪᠥᠷ ᠮᠣᠩᠭᠣᠯ ᠤ᠋ᠨ ᠤᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ ᠤ᠋ᠨ ᠵᠢᠷᠤᠭᠲᠤ ᠰᠡᠳᠬᠦᠯ ᠤ᠋ᠨ ᠬᠣᠷᠢᠶ᠎ᠠ᠂ ᠥᠪᠥᠷ ᠮᠣᠩᠭᠣᠯ ᠤ᠋ᠨ ᠤᠮᠠᠷᠠᠲᠤ ᠬᠢᠯᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠵᠢ ᠪᠠᠲᠤᠯᠠᠬᠤ ᠰᠠᠢᠨ ᠳᠤᠷ᠎ᠠ ᠵᠢᠨ ᠦᠢᠯᠡᠴᠢᠯᠡᠭᠡᠨ ᠤ᠋ ᠬᠣᠷᠢᠶ᠎ᠠ᠂ ᠥᠪᠥᠷ ᠮᠣᠩᠭᠣᠯ ᠤ᠋ᠨ ᠮᠣᠩᠭᠣᠯ ᠦᠭᠡ ᠬᠡᠯᠡ ᠦᠰᠦᠭ ᠪᠢᠴᠢᠭ ᠤ᠋ᠨ ᠮᠡᠳᠡᠭᠡ ᠵᠠᠩᠭᠢᠵᠢᠯᠲᠠ ᠵᠢᠨ ᠨᠡᠢᠭᠡᠮᠯᠢᠭ᠂ ᠣᠷᠳᠣᠰ ᠬᠤᠳᠠ ᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠣᠷᠳᠣᠨ᠂ ᠡᠵᠡᠨ ᠬᠣᠷᠣᠭ᠎ᠠ ᠬᠣᠰᠢᠭᠤᠨ ᠤ᠋ ᠦᠨᠳᠦᠰᠦᠲᠡᠨ ᠤ᠋ ᠬᠡᠷᠡᠭ ᠡᠷᠬᠢᠯᠡᠬᠦ ᠵᠦᠪᠯᠡᠯ᠂ ᠡᠵᠡᠨ ᠬᠣᠷᠣᠭ᠎ᠠ ᠬᠣᠰᠢᠭᠤᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠨᠡᠢᠭᠡᠮᠯᠢᠭ ᠡᠴᠡ ᠬᠠᠮᠵᠢᠯᠴᠠᠨ ᠡᠷᠬᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2024 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号