6 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ ᠵᠣᠬᠢᠶᠠᠨ ᠪᠠᠢᠭᠤᠯᠤᠭ᠍ᠰᠠᠨ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠨ ᠤᠷᠤᠭᠰᠢᠯᠠᠶ᠎ᠠ》 ᠬᠡᠬᠦ ᠭᠣᠣᠯ ᠰᠡᠳᠦᠪᠲᠦ ᠦᠵᠡᠭᠦᠯᠭᠡ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶ᠋ᠢᠨ ᠮᠠᠨᠵᠤᠤᠷ ᠬᠤᠪᠢᠶᠠᠷᠢ ᠰᠤᠷᠭᠠᠭᠤᠯᠢ᠎ᠳᠤ ᠲᠣᠭᠣᠷᠢᠨ ᠦᠵᠡᠭᠦᠯᠭᠡ᠎ᠪᠡᠨ ᠡᠬᠢᠯᠡᠭᠦᠯᠪᠡ᠃
ᠲᠤᠰ ᠤᠳᠠᠭ᠎ᠠ᠎ᠶ᠋ᠢᠨ ᠦᠵᠡᠭᠦᠯᠭᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠪᠡᠷ ᠭᠣᠣᠯ ᠱᠢᠵᠢᠮ ᠪᠣᠯᠭᠠᠵᠤ᠂ 《〈ᠵᠢᠷᠭᠤᠭᠠᠨ ᠥᠭᠦᠯᠡᠪᠦᠷᠢ ᠦᠭᠡ〉 ᠵᠢᠨ ᠪᠣᠳᠠᠲᠤ ᠶᠠᠪᠤᠳᠠᠯ ᠪᠠ ᠶᠣᠰᠣ ᠤᠴᠢᠷ》 ᠢ᠋ᠢᠡᠷ ᠦᠨᠳᠦᠰᠦ ᠪᠣᠯᠭᠠᠵᠤ᠂ 103 ᠦᠵᠡᠭᠦᠯᠭᠡ᠎ᠶ᠋ᠢᠨ ᠰᠠᠮᠪᠠᠷ᠎ᠠ᠎ᠪᠠᠷ ᠳᠠᠮᠵᠢᠭᠤᠯᠤᠨ ᠥᠪᠥᠷ ᠮᠣᠩᠭᠣᠯ᠎ᠤᠨ ᠨᠡᠢᠭᠡᠮ ᠵᠢᠷᠤᠮᠲᠤ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠡᠯ᠎ᠡ ᠲᠡᠦᠬᠡᠨ ᠴᠠᠭ ᠦᠶ᠎ᠡ᠎ᠳᠦ ᠬᠡᠳᠦᠢ ᠬᠦᠴᠢᠷ ᠪᠡᠷᠬᠡᠱᠢᠶᠡᠯ ᠪᠠ ᠥᠷᠢᠰᠥᠯᠳᠦᠭᠡᠨ᠎ᠳᠦ ᠲᠤᠯᠭᠠᠷᠠᠭ᠍ᠰᠠᠨ ᠴᠤ᠌ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠮ᠎ᠳᠠᠭᠠᠨ ᠬᠠᠢᠷᠠᠲᠠᠢ ᠪᠠᠢᠬᠤ ᠪᠠ ᠦᠨᠡᠨᠴᠢ ᠱᠢᠳᠤᠷᠭᠤ ᠪᠠᠢᠬᠤ᠎ᠶ᠋ᠢ ᠥᠴᠦᠬᠡᠨ ᠴᠦ᠍ ᠭᠤᠢᠪᠢᠯᠵᠠᠭᠤᠯᠵᠤ ᠳᠡᠢᠯᠬᠦ ᠦᠭᠡᠢ ᠭᠡᠳᠡᠭ᠎ᠢ ᠪᠦᠬᠦ᠌ ᠲᠠᠯ᠎ᠠ᠎ᠪᠠᠷ ᠢᠯᠡᠷᠡᠭᠦᠯᠪᠡ᠃
ᠭᠤᠤᠯ ᠰᠡᠳᠦᠪᠲᠦ ᠦᠵᠡᠭᠦᠯᠭᠡ᠎ᠶ᠋ᠢᠨ ᠲᠢᠩᠬᠢᠮ᠎ᠳᠦ᠂ ᠦᠵᠡᠭᠦᠯᠭᠡ᠎ᠶᠢ ᠰᠤᠨᠢᠷᠬᠠᠭᠰᠠᠨ ᠺᠠᠳ᠋ᠷ ᠣᠯᠠᠨ ᠲᠦᠮᠡᠨ ᠲᠠᠢᠯᠪᠤᠷᠢᠯᠠᠭ᠍ᠴᠢ᠎ᠶ᠋ᠢᠨ ᠳᠠᠭᠠᠭᠤᠯᠭ᠎ᠠ ᠳᠤᠤᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷᠠᠬᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠠᠬᠢᠴᠠ ᠪᠣᠯᠤᠨ ᠠᠮᠢᠳᠤᠯᠢᠭ ᠪᠥᠭᠡᠳ ᠰᠡᠳᠭᠢᠯ ᠬᠥᠳᠡᠯᠭᠡᠮ᠎ᠡ ᠦᠨᠳᠦᠰᠦᠲᠡᠨ᠎ᠦ ᠥᠯᠢᠭᠡᠷ᠎ᠢ ᠨᠠᠷᠢᠨ ᠬᠢᠨᠠᠮᠠᠭᠠᠶ ᠰᠣᠨᠣᠰᠴᠤ᠌᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠠᠷᠠᠳ ᠲᠦᠮᠡᠨ᠎ᠳᠦ ᠥᠭ᠌ᠭᠦᠭ᠌ᠰᠡᠨ ᠭᠦᠨ ᠵᠤᠵᠠᠭᠠᠨ ᠬᠠᠢᠷ᠎ᠠ ᠰᠡᠳᠭᠢᠯᠭᠡ ᠪᠠ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠭᠦᠨᠵᠡᠭᠡᠶ ᠣᠢᠯᠠᠭᠠᠨ ᠮᠡᠳᠡᠷᠡᠪᠡ᠃
ᠮᠠᠨᠵᠤᠤᠷ ᠬᠤᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠨᠠᠮ᠎ᠤᠨ ᠠᠯᠪᠠᠨ ᠭᠡᠷ᠎ᠦᠨ ᠡᠷᠬᠢᠯᠡᠭ᠌ᠴᠢ ᠵᠠᠩ ᠨᠠ ᠄ 《ᠥᠨᠥᠳᠦᠷ᠎ᠦᠨ ᠲᠣᠭᠣᠷᠢᠨ ᠦᠵᠡᠭᠦᠯᠭᠡ᠎ᠪᠡᠷ ᠳᠠᠮᠵᠢᠨ᠂ ᠪᠢ 〈ᠵᠢᠷᠭᠤᠭᠠᠨ ᠥᠭᠦᠯᠡᠪᠦᠷᠢ ᠦᠭᠡ〉 ᠵᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠨᠡᠩ ᠭᠦᠨᠵᠡᠭᠡᠢ ᠣᠢᠯᠠᠭᠠᠪᠠ᠂ ᠨᠠᠮ᠎ᠤᠨ ᠦᠭᠡ᠎ᠶ᠋ᠢ ᠢᠮᠠᠭ᠍ᠲᠠ ᠰᠣᠨᠣᠰᠳᠠᠭ᠎ᠡᠴᠡ ᠥᠪᠥᠷ ᠮᠣᠩᠭᠣᠯ ᠰᠠᠶᠢ ᠥᠨᠥᠳᠦᠷ᠎ᠦᠨ ᠶᠡᠬᠡ ᠰᠠᠢ᠌ᠨ ᠬᠥᠭ᠌ᠵᠢᠯᠲᠡ᠎ᠶ᠋ᠢᠨ ᠪᠠᠢᠳᠠᠯ᠎ᠲᠠᠶ ᠪᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠠᠶᠢ ᠥᠨᠥᠳᠦᠷ᠎ᠦᠨ ᠵᠣᠯ ᠵᠢᠷᠭᠠᠯᠲᠤ ᠰᠠᠢ᠌ᠨ ᠰᠠᠢᠬᠠᠨ ᠠᠮᠢᠳᠤᠷᠠᠯ᠎ᠲᠠᠶ ᠪᠤᠯᠵᠤ ᠴᠢᠳᠠᠭ᠍ᠰᠠᠨ ᠶᠤᠮ᠃ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ᠂ ᠪᠢᠳᠡ ᠨᠡᠩ ᠴᠤ᠌ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ ᠤᠬᠠᠮᠰᠠᠷ᠎ᠢᠶᠠᠨ ᠪᠠᠲᠤᠳᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 〈ᠬᠣᠶᠠᠷ ᠶᠡᠬᠡ ᠶᠠᠪᠤᠳᠠᠯ〉᠎ᠤ᠋ᠨ ᠠᠮᠢᠳᠤᠯᠢᠭ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ》 ᠭᠡᠵᠦ ᠢᠯᠡᠳᠭᠡᠪᠡ᠃
ᠣᠢᠯᠠᠭᠠᠭ᠍ᠰᠠᠨ᠎ᠢᠶᠠᠷ᠂ ᠲᠣᠰ ᠤᠳᠠᠭ᠎ᠠ᠎ᠶᠢᠨ ᠲᠣᠭᠣᠷᠢᠨ ᠦᠵᠡᠭᠦᠯᠭᠡ᠎ᠶ᠋ᠢ ᠡᠬᠢᠯᠡᠭᠦᠯᠦᠭ᠌ᠰᠡᠨᠦ ᠳᠠᠷᠠᠭ᠎ᠠ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶ᠋ᠢᠨ ᠮᠠᠨᠵᠤᠤᠷ ᠬᠤᠪᠢᠶᠠᠷᠢ ᠰᠤᠷᠭᠠᠭᠤᠯᠢ᠎ᠳᠤ ᠪᠠᠢᠩᠭᠤᠵᠢᠭᠰᠠᠨ ᠦᠵᠡᠭᠦᠯᠭᠡ ᠪᠣᠯᠭᠠᠨ ᠬᠤᠪᠢᠷᠠᠭᠤᠯᠵᠤ᠂ ᠳᠠᠷᠠᠭ᠎ᠠ᠎ᠨᠢ ᠲᠣᠭᠣᠷᠢᠨ ᠦᠵᠡᠭᠦᠯᠭᠡ᠎ᠶ᠋ᠢᠨ ᠠᠵᠢᠯᠯᠠᠭ᠎ᠠ᠎ᠶ᠋ᠢ ᠴᠤ᠌ ᠵᠠᠯᠭᠠᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠪᠤᠰᠤᠳ ᠠᠢᠮᠠᠭ ᠬᠣᠲᠠ᠎ᠳᠤ ᠥᠷᠨᠢᠭᠦᠯᠬᠦ᠌ ᠪᠣᠯᠤᠨ᠎ᠠ᠃ ᠲᠣᠰ ᠤᠳᠠᠭ᠎ᠠ᠎ᠶᠢᠨ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ ᠨᠠᠮ᠎ᠢᠶᠠᠨ ᠳᠠᠭᠠᠨ ᠤᠷᠤᠭᠰᠢᠯᠠᠬᠤ》 ᠭᠤᠤᠯ ᠰᠡᠳᠦᠪᠲᠦ ᠦᠵᠡᠭᠦᠯᠭᠡ᠎ᠶ᠋ᠢᠨ ᠲᠣᠭᠣᠷᠢᠨ ᠦᠵᠡᠭᠦᠯᠭᠡ᠎ᠶ᠋ᠢ ᠥᠷᠨᠢᠭᠦᠯᠦᠭ᠌ᠰᠡᠨᠦ ᠵᠣᠷᠢᠯᠭ᠎ᠠ᠎ᠨᠢ ᠪᠥᠬᠥ᠌ ᠣᠷᠣᠨ᠎ᠤ ᠨᠠᠮ᠎ᠤᠨ ᠭᠡᠱᠢᠭᠦᠨ᠂ ᠣᠯᠠᠨ ᠲᠦᠮᠡᠨ᠎ᠳᠦ 《ᠵᠢᠷᠭᠤᠭᠠᠨ ᠥᠭᠦᠯᠡᠪᠦᠷᠢ ᠦᠭᠡ》 ᠶ᠋ᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠪᠠᠲᠤ ᠴᠡᠭᠡᠵᠢᠯᠡᠭᠦᠯᠵᠦ᠍᠂ 《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ ᠨᠠᠮ᠎ᠢᠶᠠᠨ ᠳᠠᠭᠠᠨ ᠤᠷᠤᠭᠰᠢᠯᠠᠬᠤ》ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠂ ᠪᠠᠢᠩᠭᠤᠵᠢᠭᠤᠯᠤᠨ ᠥᠷᠨᠢᠭᠦᠯᠬᠦ᠌᠎ᠶ᠋ᠢ ᠠᠬᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠴᠢᠩ ᠰᠡᠳᠭᠢᠯ᠎ᠡᠴᠡ᠎ᠪᠡᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠭᠰᠢᠯᠠᠬᠤ ᠪᠣᠯᠭᠠᠵᠤ᠂ ᠬᠦᠴᠦᠨ ᠴᠢᠳᠠᠯ᠎ᠢ ᠴᠢᠨᠠᠭᠰᠢᠲᠠ ᠨᠢᠭ᠍ᠲᠠᠷᠠᠭᠤᠯᠤᠨ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》 ᠢ᠋ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌᠎ᠳᠦ ᠬᠦᠴᠦᠨ ᠴᠢᠳᠠᠯ᠎ᠢᠶᠠᠨ ᠡᠷᠭᠦᠬᠦ ᠶᠠᠪᠤᠳᠠᠯ ᠪᠤᠯᠤᠨ᠎ᠠ᠃