ᠪᠦᠬᠦ᠌ ᠣᠷᠣᠨ ᠤ ᠡᠯ᠎ᠡ ᠱᠠᠲᠤᠨ ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ ᠠᠰᠠᠭᠤᠳᠠᠯ᠎ᠢ ᠪᠠᠢᠴᠠᠭᠠᠨ ᠡᠷᠢᠬᠦ᠌᠂ ᠠᠰᠠᠭᠤᠳᠠᠯ᠎ᠢ ᠱᠢᠢᠳᠪᠦᠷᠢᠯᠡᠬᠦ᠌᠎ᠲᠡᠶ ᠤᠶᠠᠯᠳᠤᠭᠤᠯᠵᠤ᠂ ᠨᠠᠮ ᠤᠨ ᠭᠡᠱᠢᠭᠦᠨ ᠺᠠᠳ᠋ᠷ᠎ᠤᠨ ᠤᠯᠠᠨ ᠲᠦᠮᠡᠨ᠎ᠳᠦ ᠦᠢᠯᠡᠴᠢᠯᠡᠬᠦ᠌ ᠤᠬᠠᠮᠰᠠᠷ᠎ᠢᠶᠠᠨ ᠳᠡᠭᠡᠭ᠌ᠰᠢᠯᠡᠭᠦᠯᠬᠦ᠌᠂ ᠤᠯᠠᠨ ᠲᠦᠮᠡᠨ᠎ᠦ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠯᠭ᠎ᠠ᠎ᠶ᠋ᠢᠨ ᠭᠤᠤᠯᠳᠠᠯᠭ᠎ᠠ᠎ᠶ᠋ᠢ ᠴᠢᠩᠭ᠎ᠠ ᠠᠳᠭᠤᠵᠤ᠂ 15 ᠵᠦᠶ᠋ᠯ᠎ᠦᠨ ᠠᠵᠢᠯ᠎ᠤᠨ ᠠᠷᠭ᠎ᠠ ᠬᠡᠮᠵᠢᠶ᠎ᠡ᠎ᠶ᠋ᠢ ᠬᠤᠪᠢᠶᠠᠷᠢᠯᠠᠨ᠂ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢ ᠲᠣᠳᠣᠷᠬᠠᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠳᠦ ᠡᠭᠦᠷᠭᠡ᠎ᠲᠡᠶ᠂ ᠠᠷᠭ᠎ᠠ ᠬᠡᠮᠵᠢᠶ᠎ᠡ᠎ᠲᠡᠶ᠂ ᠦᠷ᠎ᠡ ᠪᠦᠲᠦᠮᠵᠢᠲᠡᠶ ᠪᠠᠢᠬᠤ᠎ᠶ᠋ᠢ ᠪᠡᠶᠡᠯᠡᠭᠦᠯᠪᠡ; ᠪᠦᠬᠦ᠌ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠡᠯ᠎ᠡ ᠨᠢᠭᠡᠴᠢ ᠲᠦᠷᠦᠭᠦᠯᠡᠨ ᠶᠡᠷᠦᠩᠬᠡᠢᠯᠡᠨ ᠠᠳᠭᠤᠬᠤ᠂ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ᠂ ᠱᠠᠯᠠᠪᠳᠠᠭᠤᠯᠤᠨ ᠱᠢᠢᠳᠪᠦᠷᠢᠯᠡᠬᠦ ᠨᠠᠢᠳᠠᠪᠤᠷᠢᠵᠢᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠬᠠᠮᠢᠶ᠎ᠠ ᠪᠦᠬᠦᠢ ᠠᠵᠢᠯ᠎ᠤᠨ ᠠᠬᠢᠴᠠ᠎ᠶ᠋ᠢᠨ ᠪᠠᠢᠳᠠᠯ᠎ᠢ ᠴᠠᠭ ᠲᠤᠬᠠᠶ᠎ᠳᠤᠨᠢ ᠡᠵᠡᠮᠱᠢᠪᠡ;ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠶ ᠰᠡᠳᠦᠪᠲᠦ ᠨᠣᠮ ᠤᠩᠱᠢᠬᠤ ᠠᠩᠭᠢ᠎ᠶ᠋ᠢ ᠡᠷᠭᠢᠯᠡᠵᠦ᠍᠂ ᠲᠥᠪᠯᠡᠷᠡᠭᠦᠯᠦᠨ ᠰᠤᠷᠤᠯᠴᠠᠬᠤ ᠥᠪᠡᠰᠦᠪᠡᠨ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ ᠵᠡᠷᠭᠡ ᠠᠷᠭ᠎ᠠ ᠬᠡᠯᠪᠡᠷᠢ᠎ᠪᠡᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》(ᠳᠣᠷᠣᠭ᠍ᠰᠢ 《ᠲᠦᠷᠢᠮ》 ᠭᠡᠵᠦ᠍ ᠳᠦᠬᠦᠮᠴᠢᠯᠡᠨ᠎ᠡ) ᠢ᠋ ᠪᠦᠯᠦᠭ ᠪᠦᠯᠦᠭ᠎ᠢᠶᠡᠷ ᠵᠠᠳᠠᠯᠤᠨ ᠲᠠᠢᠯᠪᠤᠷᠢᠯᠠᠵᠤ ᠰᠤᠳᠤᠯᠤᠨ ᠰᠤᠷᠤᠯᠴᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠤᠯᠤᠰ ᠲᠥᠷᠥ᠎ᠶ᠋ᠢᠨ ᠮᠥᠨ ᠴᠢᠨᠠᠷ᠎ᠢᠶᠠᠨ ᠢᠮᠠᠭ᠍ᠲᠠ ᠪᠠᠲᠤᠯᠠᠬᠤ᠎ᠶ᠋ᠢ ᠬᠥᠲᠥᠯᠥᠨ ᠵᠢᠯᠣᠭᠣᠳᠪᠠ; ᠨᠠᠮ᠎ᠤᠨ ᠭᠡᠱᠢᠭᠦᠳ ᠢ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠪᠣᠯᠪᠠᠰᠤᠷᠠᠯ᠎ᠳᠤ ᠢᠳᠡᠪᠬᠢᠲᠡᠶ ᠣᠷᠣᠯᠴᠠᠭᠤᠯᠵᠤ᠂ ᠨᠠᠮ ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠵᠡᠭᠦᠯᠭᠡ᠎ᠶ᠋ᠢ ᠲᠣᠭᠣᠷᠢᠨ ᠦᠵᠡᠭᠦᠯᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠲᠤᠰᠭᠠᠶ ᠰᠡᠳᠦᠪᠲᠦ ᠹᠢᠯᠢᠮ᠎ᠢ ᠦᠵᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠣᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠬᠥᠲᠥᠯᠥᠨ ᠵᠢᠯᠣᠭᠣᠳᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠨᠢᠭᠡᠳᠦᠯᠲᠡᠶ ᠲᠥᠯᠥᠪᠵᠢᠭᠦᠯᠬᠦ᠌᠎ᠶ᠋ᠢ ᠰᠠᠢᠲᠤᠷ ᠠᠳᠭᠤᠬᠤ᠂ ᠭᠤᠤᠯᠳᠠᠯᠭ᠎ᠠ᠎ᠶ᠋ᠢ ᠠᠳᠭᠤᠬᠤ᠂ ᠴᠢᠩᠭ᠎ᠠ ᠵᠢᠯᠣᠭᠣᠳᠭᠤ᠎ᠶ᠋ᠢ ᠠᠳᠭᠤᠬᠤ᠂ ᠪᠠᠢᠴᠠᠭᠠᠨ ᠰᠤᠳᠤᠯᠬᠤ ᠪᠠ ᠰᠠᠬᠢᠯᠭ᠎ᠠ ᠪᠠᠲᠤ ᠨᠠᠮ᠎ᠤᠨ ᠬᠢᠴᠢᠶᠡᠯ᠎ᠢ ᠰᠤᠯᠠ ᠰᠣᠨᠣᠰᠭᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠯ᠎ᠡ ᠨᠢᠭᠡᠴᠢ᠎ᠶ᠋ᠢᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ᠎ᠢ ᠬᠥᠳᠡᠯᠦᠩᠭᠦᠶ ᠡᠵᠡᠮᠱᠢᠵᠦ᠍᠂ ᠴᠢᠭ᠌ᠯᠡᠭᠦᠯᠦᠯᠲᠦ ᠴᠢᠨᠠᠷᠲᠠᠶ ᠵᠢᠯᠣᠭᠣᠳᠣᠯᠭ᠎ᠠ ᠬᠠᠩᠭᠠᠵᠤ᠂ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠠᠭᠤᠳᠠᠯᠤᠨ ᠳᠡᠯᠭᠡᠷᠡᠭᠦᠯᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠴᠢᠭ᠌ᠯᠡᠭᠦᠯᠦᠯᠲᠦ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ ᠢ ᠬᠦᠴᠦᠯᠡᠨ ᠳᠡᠭᠡᠭ᠌ᠰᠢᠯᠡᠭᠦᠯᠪᠡ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠨᠢᠭᠡ ᠴᠤᠬ᠍ᠴᠠᠵᠢᠭᠤᠯᠤᠨ ᠠᠬᠢᠭᠤᠯᠵᠤ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠡᠯ᠎ᠡ ᠨᠢᠭᠡᠴᠢ᠎ᠶ᠋ᠢ ᠵᠣᠬᠢᠶᠠᠨ ᠪᠠᠢᠭᠤᠯᠵᠤ ᠲᠤᠰ ᠠᠵᠢᠯ ᠲᠦᠷᠦᠯ ᠲᠤᠰ ᠬᠦᠷᠢᠶᠡᠨ᠎ᠦ ᠲᠤᠪᠤᠢ᠌ᠮ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠤᠢ᠍ᠢᠯᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠵᠤ᠂ ᠴᠠᠭ ᠲᠤᠬᠠᠢᠳᠤᠨᠢ ᠠᠰᠠᠭᠤᠳᠠᠯ᠎ᠢ ᠢᠯᠡᠷᠡᠭᠦᠯᠵᠦ᠍᠂ ᠠᠰᠠᠭᠤᠳᠠᠯ᠎ᠢ ᠱᠢᠢᠳᠪᠦᠷᠢᠯᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠭᠡᠯ᠎ᠦᠨ ᠲᠣᠪᠴᠢᠶ᠎ᠠ 《ᠲᠦᠷᠢᠮ》 ᠢ᠋ ᠰᠤᠷᠤᠯᠴᠠᠬᠤ᠎ᠶ᠋ᠢ ᠲᠣᠭ᠎ᠠ ᠪᠦᠷᠢᠳᠭᠡᠯ᠎ᠦᠨ ᠠᠵᠢᠯ ᠥᠷᠨᠢᠭᠦᠯᠬᠦ᠌᠎ᠲᠡᠶ ᠤᠶᠠᠯᠳᠤᠭᠤᠯᠵᠤ᠂ ᠲᠣᠭ᠎ᠠ ᠪᠦᠷᠢᠳᠭᠡᠯ᠎ᠦᠨ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠂ ᠨᠠᠮ᠎ᠤᠨ ᠡᠭᠦᠷ᠎ᠦᠨ 《ᠭᠤᠷᠪᠠᠨ ᠬᠤᠷᠠᠯ ᠨᠢᠭᠡ ᠬᠢᠴᠢᠶᠡᠯ》᠂ ᠺᠠᠳ᠋ᠷ᠎ᠤᠨ ᠬᠥᠮᠦᠵᠢᠯ ᠪᠣᠯᠪᠠᠰᠤᠷᠠᠯ᠎ᠳᠤ ᠣᠷᠣᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠵᠤ᠂ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ ᠶᠣᠰᠣ ᠲᠦᠷᠢᠮ᠎ᠦᠨ ᠤᠬᠠᠮᠰᠠᠷ ᠴᠢᠩᠭ᠎ᠠ ᠪᠢᠰᠢ ᠵᠡᠷᠭᠡ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ;ᠲᠣᠭ᠎ᠠ ᠪᠦᠷᠢᠳᠭᠡᠯ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠵᠥᠷᠢᠴᠡᠭ᠌ᠰᠡᠨᠢ ᠰᠡᠷᠡᠮᠵᠢᠯᠡᠭᠦᠯᠬᠦ᠌ ᠬᠥᠮᠦᠵᠢᠯ᠎ᠦᠨ ᠬᠤᠷᠠᠯ ᠬᠤᠷᠠᠯᠳᠤᠭᠤᠯᠵᠤ᠂ ᠲᠣᠭ᠎ᠠ ᠪᠦᠷᠢᠳᠭᠡᠯ᠎ᠦᠨ ᠬᠤᠳᠠᠯ ᠬᠠᠭᠤᠷᠮᠠᠭ ᠵᠣᠬᠢᠶᠠᠬᠤ ᠪᠠ ᠲᠣᠭ᠎ᠠ ᠪᠦᠷᠢᠳᠭᠡᠯ᠎ᠦᠨ ᠬᠤᠳᠠᠯ ᠬᠠᠭᠤᠷᠮᠠᠭ ᠵᠣᠬᠢᠶᠠᠬᠤ ᠵᠢ ᠪᠠᠢᠴᠠᠭᠠᠵᠤ ᠤᠯᠤᠭᠰᠠᠨ ᠦᠭᠡᠢ᠎ᠡᠴᠡ ᠪᠣᠯᠤᠭ᠍ᠰᠠᠨ ᠬᠠᠮᠢᠶ᠎ᠠ ᠪᠦᠬᠦᠢ ᠳᠦᠷᠢᠮ᠎ᠦᠨ ᠠᠭᠤᠯᠭ᠎ᠠ᠎ᠶ᠋ᠢ ᠲᠣᠭ᠎ᠠ ᠪᠦᠷᠢᠳᠭᠡᠯ᠎ᠦᠨ ᠲᠤᠬᠠᠢᠯᠠᠭ᠍ᠰᠠᠨ ᠠᠵᠢᠯ᠎ᠤᠨ ᠶᠡᠬᠡ ᠮᠥᠷᠥᠢᠴᠡᠭᠡᠨ᠎ᠳᠦ ᠣᠷᠣᠭᠤᠯᠵᠤ᠂ ᠪᠦᠬᠦ᠌ ᠣᠷᠣᠨ᠎ᠤ ᠲᠣᠭ᠎ᠠ ᠪᠦᠷᠢᠳᠭᠡᠯ᠎ᠦᠨ ᠱᠢᠰᠲ᠋ᠧᠮ᠎ᠦᠨ ᠨᠠᠮ᠎ᠤᠨ ᠭᠡᠱᠢᠭᠦᠨ ᠺᠠᠳ᠋ᠷᠴᠤᠳ᠎ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠭᠦᠨᠵᠡᠭᠡᠶ ᠰᠤᠷᠤᠯᠴᠠᠬᠤ᠎ᠶ᠋ᠢ ᠠᠬᠢᠭᠤᠯᠪᠠ; ᠥᠪᠥᠷ ᠮᠣᠩᠭᠣᠯ᠎ᠤᠨ ᠲᠣᠭ᠎ᠠ ᠪᠦᠷᠢᠳᠭᠡᠯ᠎ᠦᠨ ᠪᠢᠴᠢᠯ ᠮᠡᠳᠡᠭᠡ ᠵᠡᠷᠭᠡ ᠰᠦᠯᠵᠢᠶᠡᠨ ᠳᠡᠭᠡᠷᠡᠬᠢ ᠲᠠᠪᠴᠠᠩ᠎ᠢ ᠠᠱᠢᠭ᠍ᠯᠠᠨ 《ᠲᠦᠷᠢᠮ》᠎ᠤ᠋ᠨ ᠤᠬᠠᠭᠤᠯᠭ᠎ᠠ ᠪᠠ ᠲᠠᠢᠯᠤᠮᠵᠢ᠎ᠶ᠋ᠢ ᠴᠢᠩᠭᠠᠳᠭᠠᠵᠤ᠂ ᠪᠥᠬᠥ᠌ ᠨᠡᠢᠭᠡᠮ᠎ᠦᠨ ᠬᠡᠪᠴᠢᠶᠡᠨ᠎ᠳᠦ ᠲᠣᠭ᠎ᠠ ᠪᠦᠷᠢᠳᠭᠡᠯ᠎ᠦᠨ ᠲᠣᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠴᠢᠬᠤᠯᠠᠴᠢᠯᠠᠬᠤ᠂ ᠲᠣᠭ᠎ᠠ ᠪᠦᠷᠢᠳᠭᠡᠯ᠎ᠦᠨ ᠬᠤᠳᠠᠯ ᠬᠠᠭᠤᠷᠮᠠᠭ ᠵᠣᠬᠢᠶᠠᠬᠤ᠎ᠶ᠋ᠢ ᠰᠡᠷᠭᠡᠢᠯᠡᠬᠦ᠌ ᠵᠠᠯᠬᠠᠭᠠᠨ ᠱᠢᠢᠳᠭᠡᠬᠦ᠌ ᠠᠭᠤᠷ ᠠᠮᠢᠰᠭᠤᠯ᠎ᠢ ᠪᠣᠶ ᠪᠣᠯᠭᠠᠪᠠ᠃
ᠬᠥᠯᠥᠨ ᠪᠣᠢᠷ ᠬᠣᠲᠠ᠎ᠶ᠋ᠢᠨ ᠮᠠᠨᠵᠤᠤᠷ ᠬᠣᠲᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯ᠎ᠤᠨ ᠬᠦᠴᠦᠯᠡᠬᠦ᠌ ᠴᠡᠭ᠎ᠢᠶᠡᠨ ᠬᠠᠮᠤᠭ᠎ᠤᠨ ᠲᠣᠪᠣᠢᠮ᠎ᠠ ᠵᠥᠷᠢᠴᠡᠯ ᠪᠠ ᠠᠰᠠᠭᠤᠳᠠᠯ᠎ᠢ ᠱᠢᠶ᠋ᠳᠪᠦᠷᠢᠯᠡᠬᠦ᠌ ᠳᠡᠭᠡᠷ᠎ᠡ ᠲᠠᠯᠪᠢᠵᠤ᠂ ᠨᠡᠢᠭᠡᠮ ᠲᠣᠭᠣᠷᠢᠭ᠎ᠤᠨ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶ᠎ᠡ᠎ᠡᠴᠡ ᠳᠠᠪᠠᠭ᠍ᠰᠠᠨ ᠬᠡᠷᠡᠭ ᠶᠠᠪᠤᠳᠠᠯ᠂ ᠳᠠᠭᠠᠭᠠᠵᠤ ᠳᠡᠢᠯᠬᠦ᠌ ᠥᠬᠡᠶ ᠵᠦᠶ᠋ᠯᠡᠰ᠂ ᠳᠠᠪᠬᠤᠷᠳᠠᠭᠤᠯᠤᠨ ᠲᠠᠭ᠍ᠯᠠᠨ ᠮᠡᠳᠡᠭᠦᠯᠬᠦ᠌ ᠬᠦᠰᠦᠨᠦᠭ᠎ᠦᠨ ᠨᠠᠷᠢᠨ ᠲᠠᠩᠰᠠ ᠵᠡᠷᠭᠡ 24 ᠵᠦᠶ᠋ᠯ᠎ᠦᠨ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠵᠦ᠍᠂ ᠭᠤᠤᠯ ᠬᠠᠷᠢᠭᠤᠴᠠᠯᠭ᠎ᠠ᠎ᠲᠠᠶ ᠨᠢᠭᠡᠴᠢ ᠪᠠ ᠵᠣᠬᠢᠴᠠᠭᠤᠯᠬᠤ ᠨᠢᠭᠡᠴᠢ᠎ᠶ᠋ᠢ ᠨᠢᠭᠡᠳ ᠨᠢᠭᠡ᠎ᠪᠡᠷ ᠱᠢᠯᠤᠭᠤᠳᠭᠠᠵᠤ᠂ ᠲᠠᠨᠢᠨ ᠠᠪᠴᠤ᠌ ᠳᠠᠭᠠᠭᠠᠨ ᠠᠪᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ᠎ᠢ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠨᠠᠷᠢᠨ ᠳᠠᠩᠰᠠᠨ᠎ᠳᠤ ᠣᠷᠣᠭᠤᠯᠵᠤ᠂ ᠠᠵᠢᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ᠎ᠶ᠋ᠢ ᠱᠠᠯᠠᠪᠳᠠᠭᠤᠯᠪᠠ᠃ ᠲᠣᠰ ᠬᠣᠲᠠ ᠨᠡᠢᠭᠡᠮ ᠲᠣᠭᠣᠷᠢᠭ᠎ᠤᠨ ᠨᠠᠮ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠴᠢᠳᠠᠮᠵᠢ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠫᠠᠢᠰᠠ ᠲᠡᠮᠳᠡᠭ᠎ᠢ ᠴᠡᠭ᠌ᠴᠡᠯᠡᠵᠦ᠍ ᠵᠠᠰᠠᠬᠤ ᠠᠵᠢᠯ ᠥᠷᠨᠢᠭᠦᠯᠵᠦ᠍᠂ ᠨᠡᠢᠭᠡᠮ ᠲᠣᠭᠣᠷᠢᠭ᠎ᠤᠨ ᠠᠵᠢᠯ ᠶᠠᠪᠤᠳᠠᠯ᠎ᠢ ᠡᠭᠦᠷᠭᠡᠯᠡᠬᠦ᠌ ᠨᠠᠷᠢᠨ ᠲᠠᠩᠰᠠ ᠪᠠ ᠭᠡᠷᠡᠴᠢᠯᠡᠬᠦ᠌ ᠵᠦᠶ᠋ᠯᠡᠰ᠎ᠦᠨ ᠨᠠᠷᠢᠨ ᠲᠠᠩᠰᠠ᠎ᠶ᠋ᠢ ᠡᠮᠬᠢᠯᠡᠨ ᠲᠣᠭ᠍ᠲᠠᠭᠠᠵᠤ᠂ ᠨᠠᠮ᠎ᠤᠨ ᠭᠡᠱᠢᠭᠦᠨ᠎ᠦ ᠦᠶ᠋ᠯᠡᠴᠢᠯᠡᠭᠡ᠂ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠂ ᠬᠠᠪᠰᠤᠷᠤᠨ ᠭᠦᠶ᠋ᠴᠡᠳᠭᠡᠬᠦ᠌ ᠣᠷᠣᠯᠠᠨ ᠭᠦᠶ᠋ᠴᠡᠳᠭᠡᠬᠦ᠌᠂ ᠠᠰᠠᠭᠤᠨ ᠯᠠᠪᠯᠠᠬᠤ ᠵᠠᠭᠠᠯᠳᠤᠬᠤ ᠵᠡᠷᠭᠡ 4 ᠲᠥᠷᠥᠯ᠎ᠦᠨ ᠦᠶ᠋ᠯᠡᠴᠢᠯᠡᠭᠡᠨ᠎ᠦ ᠴᠤᠩᠬᠤᠪᠴᠢ᠎ᠶ᠋ᠢ ᠵᠢᠷᠤᠮᠵᠢᠭᠤᠯᠤᠨ ᠪᠠᠢᠷᠢᠯᠠᠭᠤᠯᠵᠤ᠂ ᠣᠲᠣᠬᠠᠨ ᠪᠣᠯᠲᠠᠯ᠎ᠠ ᠨᠡᠢᠭᠡᠮ ᠲᠣᠭᠣᠷᠢᠭ᠎ᠤᠨ ᠳᠣᠲᠣᠷᠠᠬᠢ ᠰᠠᠯᠠᠭ᠎ᠠ ᠮᠥᠴᠢᠷ᠎ᠦᠨ ᠫᠠᠢᠰᠠ᠎ᠶ᠋ᠢ 325 ᠬᠡᠰᠡᠭ ᠴᠡᠭᠴᠡᠯᠡᠨ ᠳᠢᠭ᠌ᠯᠡᠵᠦ᠍᠂ ᠴᠢᠳᠠᠮᠵᠢᠳᠤ ᠲᠠᠰᠤᠭ᠎ᠢ 19 ᠡᠮᠬᠢᠯᠡᠨ ᠨᠡᠢᠯᠡᠭᠦᠯᠵᠦ᠍᠂ 5 ᠶ᠋ᠢ ᠨᠢ ᠥᠭᠡᠷᠡᠴᠢᠯᠡᠨ ᠵᠠᠰᠠᠵᠤ᠂ 3 ᠨᠡᠮᠡᠵᠦ᠍ ᠲᠣᠬᠢᠷᠠᠭᠤᠯᠪᠠ᠃