ᠤᠮᠠᠷᠠᠲᠤ ᠬᠢᠯᠢ᠎ᠶᠢᠨ ᠰᠣᠶᠣᠯ ᠪᠣᠯ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠢᠮ᠎ᠡ᠂ ᠬᠤᠪᠢᠰᠬᠠᠯ᠎ᠤᠨ ᠰᠣᠶᠣᠯ ᠪᠠ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠤᠨ ᠤᠮᠳᠠᠯᠠᠯ ᠲᠤᠤᠷ᠎ᠠ ᠪᠦᠷᠢᠯᠳᠦᠭᠰᠡᠨ ᠨᠢᠭᠡ ᠵᠦᠢᠯ᠎ᠦᠨ ᠢᠯᠡ ᠲᠣᠳᠣ᠌ ᠣᠨᠴᠠᠯᠢᠭ᠋ ᠪᠦᠬᠦᠢ ᠣᠷᠣᠨ ᠨᠤᠲᠤᠭ᠎ᠤᠨ ᠰᠣᠶᠣᠯ ᠪᠣᠯᠣᠨ᠎ᠠ᠂ ᠲᠡᠷᠡ ᠨᠢ 《ᠣᠳᠣᠬᠠᠨ᠎ᠤ ᠥᠪᠥᠷ ᠮᠣᠩᠭᠣᠯ᠎ᠤᠨ ᠪᠤᠢ ᠪᠦᠬᠦᠢ ᠰᠣᠶᠣᠯ᠎ᠤᠨ ᠲᠦᠷᠦᠯ ᠵᠦᠢᠯ᠎ᠢ ᠬᠠᠮᠤᠷᠴᠤ᠂ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠡᠯ᠎ᠡ ᠵᠦᠢᠯ᠎ᠦᠨ ᠰᠢᠯᠢᠳᠡᠭ ᠰᠣᠶᠣᠯ᠎ᠤᠨ ᠰᠢᠰᠲᠧᠮ᠎ᠦᠨ ᠬᠤᠷᠠᠮᠳᠤᠯ ᠪᠠᠢᠵᠤ᠂ ᠨᠡᠯᠢᠶᠡᠳ ᠢᠯᠡ ᠲᠣᠳᠣ᠌ ᠣᠷᠣᠨ ᠨᠤᠲᠤᠭ᠎ᠤᠨ ᠣᠨᠴᠠᠯᠢᠭ᠋᠎ᠢ ᠢᠯᠡᠷᠡᠭᠦᠯᠵᠦ ᠪᠠᠢᠳᠠᠭ》᠃ ᠡᠨᠡ ᠨᠢ ᠤᠮᠠᠷᠠᠲᠤ ᠬᠢᠯᠢ᠎ᠶᠢᠨ ᠰᠣᠶᠣᠯ ᠨᠢ ᠳᠤᠮᠳᠠᠳᠤ᠎ᠶᠢᠨ ᠪᠣᠯᠪᠠᠰᠤᠨ᠎ᠢ ᠤᠯᠠᠮᠵᠢᠯᠠᠨ ᠬᠥᠭᠵᠢᠭᠦᠯᠵᠦ᠂ ᠬᠤᠪᠢᠰᠬᠠᠯ᠎ᠤᠨ ᠤᠳᠤᠮᠰᠢᠯ᠎ᠢ ᠦᠷᠭᠦᠯᠵᠢᠯᠡᠭᠦᠯᠬᠦ᠎ᠶᠢᠨ ᠬᠠᠮᠲᠤ᠂ ᠲᠣᠰ ᠪᠡᠶ᠎ᠡ ᠨᠢ ᠴᠦ᠍ ᠣᠷᠳᠣ᠌ ᠬᠤᠭᠤᠴᠠᠭᠠᠨ᠎ᠤ ᠲᠡᠦᠬᠡᠨ ᠠᠬᠢᠴᠠ ᠳᠤᠮᠳᠠ ᠣᠯᠠᠨ ᠲᠥᠷᠥᠯ ᠬᠡᠯᠪᠡᠷᠢ᠎ᠶᠢᠨ ᠳᠡᠳ᠋ ᠲᠠᠰ ᠦᠨ ᠰᠣᠶᠣᠯ᠎ᠢ ᠪᠣᠶ ᠪᠣᠯᠭᠠᠭᠰᠠ᠎ᠨᠢ ᠬᠠᠷᠠᠭᠤᠯᠵᠤ ᠪᠠᠢᠨ᠎ᠠ᠂ ᠡᠭᠦᠨ᠎ᠳᠦ ᠤᠮᠠᠷᠠᠲᠤ ᠬᠢᠯᠢ᠎ᠶᠢᠨ ᠣᠨᠴᠠᠯᠢᠭ᠋ ᠪᠦᠬᠦᠢ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠣᠣᠯ᠎ᠤᠨ ᠰᠣᠶᠣᠯ ᠂ ᠣᠷᠳᠣ᠌ ᠴᠠᠭᠠᠨ ᠬᠡᠷᠡᠮ᠎ᠦᠨ ᠰᠣᠶᠣᠯ ᠵᠡᠷᠭᠡ ᠨᠡᠢᠲᠡᠯᠢᠭ ᠰᠣᠶᠣᠯ᠎ᠤᠨ ᠬᠦᠴᠦᠨ ᠵᠦᠢᠯ ᠪᠠᠭᠲᠠᠨ᠎ᠠ᠃
ᠤᠮᠠᠷᠠᠲᠤ ᠬᠢᠯᠢ᠎ᠶᠢᠨ ᠰᠣᠶᠣᠯ ᠪᠣᠯ ᠳᠤᠮᠳᠠᠳᠤ ᠵᠢᠨ ᠰᠣᠶᠣᠯ᠎ᠤᠨ ᠰᠠᠯᠠᠭ᠎ᠠ ᠨᠠᠮᠠᠭ᠎ᠠ ᠮᠥᠨ
ᠰᠣᠶᠣᠯ᠎ᠤᠨ ᠪᠤᠢ ᠪᠣᠯᠬᠤ᠂ ᠪᠦᠷᠢᠯᠳᠦᠬᠦ᠂ ᠬᠥᠭᠵᠢᠬᠦ ᠪᠠ ᠤᠯᠠᠮᠵᠢᠯᠠᠨ ᠵᠠᠯᠭᠠᠮᠵᠢᠯᠠᠬᠤ ᠨᠢ ᠤᠯᠠᠨ ᠵᠦᠢᠯ᠎ᠦᠨ ᠡᠯᠸᠮᠸᠨ᠋ᠲ᠎ᠲᠦ ᠨᠥᠯᠥᠭᠡᠯᠡᠭᠳᠡᠵᠦ᠂ ᠠᠳᠠᠯᠢ ᠪᠤᠰᠤ ᠡᠯᠸᠮᠸᠨ᠋ᠲ᠎ᠦᠨ ᠠᠳᠠᠯᠢ ᠪᠤᠰᠤᠨᠡᠢᠯᠡᠯ ᠨᠢ ᠠᠳᠠᠯᠢ ᠪᠤᠰᠤ ᠰᠣᠶᠣᠯ᠎ᠤᠨ ᠲᠦᠷᠦᠯ ᠬᠡᠯᠪᠡᠷᠢ᠎ᠶᠢ ᠪᠦᠷᠢᠯᠳᠦᠭᠦᠯᠬᠦ ᠪᠣᠯᠣᠨ᠎ᠠ᠃ ᠤᠮᠠᠷᠠᠲᠤ ᠬᠢᠯᠢ᠎ᠶᠢᠨ ᠰᠣᠶᠣᠯ ᠪᠣᠯ ᠳᠤᠮᠳᠠᠳᠤ᠎ᠶᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》᠎ᠢ ᠰᠤᠨᠳᠠᠯᠠᠵᠤ᠂ ᠥᠷᠭᠡᠨ ᠠᠭᠤᠳᠠᠮ ᠲᠠᠯ᠎ᠠ ᠨᠤᠲᠤᠭ ᠲᠠᠢ ᠪᠡᠷ ᠪᠠᠷᠠᠬᠣ ᠦᠬᠡᠢ ᠪᠠᠰᠠ ᠣᠶ ᠰᠢᠭᠤᠢ᠂ ᠡᠯᠡᠰᠦᠨ ᠴᠥᠯ᠂ ᠡᠯᠡᠰᠦ ᠮᠠᠩᠬ᠎ᠠ ᠪᠠ ᠭᠣᠣᠯ ᠮᠥᠷᠡᠨ ᠨᠠᠭᠤᠷ ᠴᠥᠭᠥᠷᠥᠮ ᠲᠠᠢ ᠪᠠᠢᠳᠠᠭ᠂ ᠡᠲᠡᠭᠡᠷ ᠠᠳᠠᠯᠢ ᠪᠤᠰᠤ ᠪᠠᠢᠭᠠᠯᠢ ᠭᠠᠵᠠᠷ ᠵᠦᠢ᠎ᠶᠢᠨ ᠣᠷᠴᠢᠨ ᠲᠣᠭᠣᠷᠢᠨ ᠨᠢ ᠠᠳᠠᠯᠢ ᠪᠤᠰᠤ ᠰᠣᠶᠣᠯ᠎ᠢ ᠪᠤᠢ ᠪᠣᠯᠭᠠᠪᠠ᠃
ᠰᠣᠶᠣᠯ᠎ᠤᠨ ᠰᠢᠨᠵᠢ ᠴᠢᠨᠠᠷ ᠢᠶᠠᠷ ᠨᠢ ᠤᠮᠠᠷᠠᠲᠤ ᠬᠢᠯᠢ᠎ᠶᠢᠨ ᠰᠣᠶᠣᠯ᠎ᠤᠨ ᠪᠦᠷᠢᠯᠳᠦᠭᠦᠯᠦᠭᠰᠡᠨ ᠡᠯᠧᠮᠧᠨ᠋ᠲ᠎ᠢ ᠪᠣᠳᠠᠰ᠎ᠤᠨ ᠰᠣᠶᠣᠯ᠂ ᠪᠠᠢᠭᠤᠯᠤᠯ᠎ᠤᠨ ᠰᠣᠶᠣᠯ ᠪᠠ ᠣᠶᠤᠨ᠎ᠤ ᠰᠣᠶᠣᠯ ᠭᠡᠵᠦ ᠬᠤᠪᠢᠶᠠᠵᠤ ᠪᠣᠯᠣᠨ᠎ᠠ᠃ ᠪᠣᠳᠠᠰ᠎ᠤᠨ ᠰᠣᠶᠣᠯ᠎ᠤᠨ ᠲᠠᠯ᠎ᠠ᠎ᠪᠠᠷ᠂ ᠭᠠᠵᠠᠷ ᠵᠦᠢ᠎ᠶᠢᠨ ᠣᠷᠴᠢᠨ ᠲᠣᠭᠣᠷᠢᠨ ᠨᠢ ᠣᠨᠳᠣᠣ ᠡᠴᠡ ᠪᠣᠯᠵᠤ᠂ ᠥᠪᠥᠷ ᠮᠣᠩᠭᠣᠯ᠎ᠤᠨ ᠥᠨᠳᠥᠷᠯᠢᠭ᠎ᠲᠦ ᠤᠷᠤᠰᠢᠨ ᠲᠤᠭᠳᠠᠨᠢᠵᠦ ᠪᠠᠢᠭ᠎ᠠ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠡᠭᠦᠳᠦᠨ ᠪᠦᠲᠦᠭᠡᠵᠦ ᠭᠠᠷᠭᠠᠬᠰᠠᠨ ᠣᠷᠣᠰᠢᠨ ᠲᠣᠭᠲᠠᠨᠢᠬᠤ ᠵᠢᠴᠢ ᠬᠥᠭᠵᠢᠬᠦ ᠬᠡᠷᠡᠭᠴᠡᠭᠡ᠎ᠳᠦ ᠲᠣᠬᠢᠷᠠᠭᠰᠠᠨ ᠪᠣᠳᠠᠰ ᠤᠨ ᠪᠦᠲᠦᠭᠡᠭᠳᠡᠬᠦᠨ ᠵᠢᠴᠢ ᠲᠡᠭᠦᠨ᠎ᠦ ᠪᠦᠷᠢᠯᠳᠦᠭᠦᠯᠦᠭᠰᠡᠨ᠂ ᠢᠯᠡᠷᠡᠭᠦᠯᠦᠭᠰᠡᠨ ᠰᠣᠶᠣᠯ ᠨᠢ ᠴᠦ᠍ ᠠᠳᠠᠯᠢ ᠦᠭᠡᠢ ᠪᠠᠢᠳᠠᠭ᠃ ᠲᠤᠬᠠᠢᠯᠠᠪᠠᠯ ᠦᠪᠣᠷ ᠮᠣᠩᠭᠣᠯ ᠦᠨ ᠬᠣᠪᠴᠠᠰᠣ ᠵᠠᠰᠠᠯ᠎ᠦᠨ ᠰᠣᠶᠣᠯ᠂ ᠢᠳᠡᠭᠡᠨ ᠣᠮᠳᠠᠭᠠᠨᠦ ᠰᠣᠶᠣᠯ᠂ ᠪᠠᠷᠢᠯᠭ᠎ᠠ ᠵᠢᠨ ᠰᠣᠶᠣᠯ ᠵᠡᠷᠭᠡ᠃
ᠪᠠᠢᠭᠤᠯᠤᠯ᠎ᠤᠨ ᠰᠣᠶᠣᠯ᠎ᠤᠨ ᠲᠠᠯ᠎ᠠ᠎ᠪᠠᠷ᠂ ᠲᠡᠦᠬᠡᠨ ᠳᠡᠭᠡᠷ᠎ᠡ ᠥᠪᠥᠷ ᠮᠣᠩᠭᠣᠯ ᠣᠷᠣᠨ᠎ᠳᠤ ᠠᠮᠢᠳᠤᠷᠠᠵᠤ ᠥᠩᠭᠡᠷᠡᠭᠰᠡᠨ ᠤᠯᠠᠨ ᠦᠨᠳᠦᠰᠦᠲᠡᠨ ᠡᠯ᠎ᠡ ᠵᠦᠢᠯ᠎ᠦᠨ ᠪᠢᠴᠢᠭ᠎ᠢᠶᠡᠷ ᠪᠢᠴᠢᠭᠳᠡᠭᠰᠡᠨ ᠦᠢᠯᠡ ᠠᠵᠢᠯᠯᠠᠭ᠎ᠠ᠎ᠶᠢᠨ ᠳᠦᠷᠢᠮᠵᠢᠯ᠂ ᠬᠠᠤᠯᠢ ᠴᠠᠭᠠᠵᠠ᠎ᠶᠢᠨ ᠵᠦᠢᠯ ᠵᠤᠷᠪᠤᠰ ᠪᠤᠶᠤ ᠪᠢᠴᠢᠭ᠎ᠢᠶᠡᠷ ᠪᠢᠴᠢᠭᠳᠡᠭᠰᠡᠨ ᠦᠭᠡᠢ ᠵᠠᠩ ᠳᠠᠳᠬᠠᠯ᠂ ᠦᠢᠯᠡ ᠠᠵᠢᠯᠯᠠᠭ᠎ᠠ᠎ᠶᠢᠨ ᠬᠡᠪ ᠵᠠᠭᠪᠤᠷ ᠵᠡᠷᠭᠡ᠎ᠶᠢ ᠪᠦᠷᠢᠯᠳᠦᠭᠦᠯᠵᠡᠢ᠃ ᠥᠪᠥᠷ ᠮᠣᠩᠭᠣᠯ ᠪᠣᠯ ᠮᠠᠨ᠎ᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢᠭᠤᠯᠤᠯᠲᠠ ᠪᠠᠨ ᠪᠠᠢᠭᠤᠯᠤᠭᠰᠠᠨ ᠦᠨᠳᠦᠰᠦᠲᠡᠨ᠎ᠦ ᠭᠠᠵᠠᠷ ᠣᠷᠣᠨ ᠮᠥᠨ᠂ ᠪᠠᠰᠠ ᠴᠤ᠌ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢᠭᠤᠯᠤᠭᠳᠠᠭᠰᠠᠨ ᠠᠩᠬᠠᠳᠠᠭ᠍ᠴᠢ ᠮᠤᠵᠢ᠎ᠶᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠮᠥᠨ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠤ ᠳᠠᠷᠠᠭ᠎ᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠨ ᠨᠢᠭᠡᠳᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢᠶᠠᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠪᠣᠯᠭᠠᠨ ᠪᠦᠲᠦᠭᠡᠨ ᠪᠠᠢᠭᠤᠯᠪᠠ᠃
ᠤᠶᠤᠨ᠎ᠤ ᠰᠣᠶᠣᠯ᠎ᠤᠨ ᠲᠠᠯ᠎ᠠ᠎ᠪᠠᠷ᠂ ᠥᠪᠥᠷ ᠮᠣᠩᠭᠣᠯ ᠣᠷᠣᠨ᠎ᠳᠤ ᠠᠮᠢᠳᠤᠷᠠᠵᠤ ᠪᠠᠢᠭ᠎ᠠ ᠬᠥᠮᠥᠰ ᠦᠭᠡ ᠬᠡᠯᠡ᠂ ᠤᠳᠬ᠎ᠠ ᠵᠣᠬᠢᠶᠠᠯ᠂ ᠤᠷᠠᠯᠢᠭ᠋᠂ ᠭᠦᠨ ᠤᠬᠠᠭᠠᠨ᠂ ᠰᠢᠨᠵᠢᠯᠡᠬᠦ ᠤᠬᠠᠭᠠᠨ᠂ ᠱᠠᠰᠢᠨ ᠰᠤᠷᠲᠠᠬᠤᠨ᠂ ᠵᠠᠩ ᠳᠠᠳᠬᠠᠯ᠂ ᠪᠠᠶᠠᠷᠲᠤᠷᠠᠰᠬᠠᠯ ᠵᠡᠷᠭᠡ ᠡᠯ᠎ᠡ ᠬᠦᠷᠢᠶ᠎ᠡ᠎ᠶᠢ ᠪᠠᠭᠲᠠᠭᠠᠭᠰᠠᠨ ᠤᠯᠠᠨ ᠵᠦᠢᠯ᠎ᠦᠨ ᠥᠪᠡᠷᠮᠢᠴᠡ ᠣᠨᠴᠠᠯᠢᠭ᠋᠎ᠲᠠᠢ ᠤᠶᠤᠨ᠎ᠤ ᠰᠣᠶᠣᠯ᠎ᠢ ᠡᠭᠦᠳᠦᠨ ᠪᠦᠲᠦᠭᠡᠵᠦ ᠤᠯᠠᠮᠵᠢᠯᠠᠨ ᠵᠠᠯᠭᠠᠮᠵᠢᠯᠠᠵᠤ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠬᠢᠬᠦᠢ᠎ᠶᠢᠨ ᠠᠷᠭ᠎ᠠ ᠬᠡᠯᠪᠡᠷᠢ᠂ ᠦᠷᠳᠡᠭ᠎ᠦᠨ ᠣᠢᠯᠠᠭᠠᠭᠳᠠᠬᠤᠨ᠂ ᠨᠡᠢᠭᠡᠮ᠎ᠦᠨ ᠰᠡᠳᠬᠢᠴᠡ᠂ ᠶᠣᠰᠣ᠌ ᠮᠤᠷᠠᠯ ᠶᠣᠰᠣ᠌ ᠰᠤᠷᠲᠠᠬᠤᠨ᠂ ᠭᠤᠸ᠎ᠠ ᠰᠠᠢᠬᠠᠨ᠎ᠤ ᠬᠥᠭᠡᠭᠡᠴᠡᠯᠳᠦᠯ ᠵᠡᠷᠭᠡ ᠤᠯᠠᠨ ᠲᠠᠯ᠎ᠠ᠎ᠶᠢ ᠬᠠᠮᠤᠷᠴᠠᠢ᠃ ᠵᠢᠱ᠌ᠢᠶᠡᠯᠡᠪᠡᠯ ᠥᠷᠭᠡᠨ ᠬᠦᠷᠢᠶᠡᠯᠡᠯ᠎ᠢ ᠣᠯᠣᠭᠰᠠᠨ ᠮᠣᠩᠭᠣᠯ ᠦᠨᠳᠦᠰᠦᠲᠡᠨ᠎ᠦ ᠪᠥᠵᠢᠭ᠂ ᠲᠠᠯ᠎ᠠ ᠨᠤᠲᠤᠭ᠎ᠤᠨ ᠳᠠᠭᠤᠤ᠂ ᠬᠥᠭᠡᠮᠡᠢ᠂ ᠣᠷᠳᠣ᠌᠎ᠶᠢᠨ ᠳᠠᠭᠤᠤ᠂ ᠮᠣᠷᠢᠨ ᠬᠤᠭᠤᠷ ᠵᠡᠷᠭᠡ ᠪᠤᠢ᠂ ᠪᠠᠰᠠ ᠦᠨᠳᠦᠰᠦᠲᠡᠨ᠎ᠦ ᠰᠣᠶᠣᠯ᠎ᠤᠨ ᠠᠭᠤᠰᠤᠯᠴᠠᠯ᠎ᠤᠨ ᠪᠦᠲᠦᠭᠡᠭᠳᠡᠬᠦᠨ ᠪᠣᠯᠬᠤ ᠡᠯ ᠷᠸᠨ ᠲᠠᠢ᠂ ᠮᠠᠩᠬᠠᠨ ᠠᠶᠠᠯᠭᠤ ᠵᠡᠷᠭᠡ ᠨᠢ ᠴᠥᠮ ᠤᠮᠠᠷᠠᠲᠤ ᠬᠢᠯᠢ᠎ᠶᠢᠨ ᠦᠨᠦᠷ ᠠᠮᠲᠠ᠎ᠪᠠᠷ ᠥᠳᠬᠡᠨ᠂ ᠦᠨᠳᠦᠰᠦᠲᠡᠨ᠎ᠦ ᠣᠨᠴᠠᠯᠢᠭ᠋᠎ᠢ ᠢᠯᠡᠷᠡᠭᠦᠯᠦᠭᠰᠡᠨ ᠰᠣᠶᠣᠯ᠎ᠤᠨ ᠲᠥᠷᠥᠯ ᠵᠦᠢᠯ ᠪᠣᠯᠣᠨ᠎ᠠ᠃
ᠤᠮᠠᠷᠠᠲᠤ ᠬᠢᠯᠢ᠎ᠶᠢᠨ ᠰᠣᠶᠣᠯ ᠪᠣᠯ ᠡᠯ᠎ᠡ ᠵᠦᠢᠯ᠎ᠦᠨ ᠰᠢᠯᠢᠳᠡᠭ ᠰᠣᠶᠣᠯ᠎ᠤᠨ ᠰᠢᠰᠲᠧᠮ᠎ᠦᠨ ᠬᠤᠷᠠᠮᠠᠯ ᠮᠥᠨ
ᠤᠮᠠᠷᠠᠲᠤ ᠬᠢᠯᠢ᠎ᠶᠢᠨ ᠰᠣᠶᠣᠯ ᠨᠢ ᠣᠯᠠᠨ ᠲᠥᠷᠥᠯ ᠬᠡᠯᠪᠡᠷᠢ᠎ᠶᠢᠨ ᠳᠡᠳ᠋ ᠲᠡᠰ᠎ᠤᠨ ᠰᠣᠶᠣᠯ ᠵᠢᠴᠢ ᠡᠳᠡᠭᠡᠷ ᠳᠡᠳ᠋ ᠲᠠᠰ᠎ᠤᠨ ᠰᠣᠶᠣᠯ ᠬᠠᠷᠢᠯᠴᠠᠨ ᠨᠦᠯᠦᠬᠡᠯᠡᠵᠦ ᠪᠦᠷᠢᠯᠳᠦᠭᠰᠡᠨ ᠡᠯ᠎ᠡ ᠲᠥᠷᠥᠯ᠎ᠦᠨ ᠪᠤᠳᠤᠯᠢᠶᠠᠨᠲᠠᠢ ᠬᠤᠪᠢᠶᠠᠷᠢ ᠰᠣᠶᠣᠯ᠎ᠤᠨ ᠰᠢᠰᠲᠧᠮ᠎ᠢᠶᠡᠷ ᠪᠦᠷᠢᠯᠳᠦᠵᠦ᠂ ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠡᠯ᠎ᠡ ᠵᠦᠢᠯ᠎ᠦᠨ ᠰᠢᠯᠢᠳᠡᠭ ᠰᠣᠶᠣᠯ᠎ᠤᠨ ᠰᠢᠰᠲᠧᠮ᠎ᠦᠨ ᠬᠤᠷᠠᠮᠠᠯ ᠮᠦᠨ᠃ ᠡᠲᠡᠭᠡᠷ ᠣᠯᠠᠨ ᠶᠠᠩᠵᠤ᠎ᠶᠢᠨ᠂ ᠡᠯᠪᠡᠭ ᠪᠠᠶᠠᠯᠢᠭ᠋᠂ ᠥᠪᠡᠷ ᠥᠪᠡᠷ᠎ᠦᠨ ᠣᠨᠴᠠᠯᠢᠭ᠋᠎ᠲᠠᠢ ᠳᠡᠳ᠋ ᠳᠡᠰ᠎ᠤᠨ ᠰᠣᠶᠣᠯ ᠪᠠ ᠬᠤᠪᠢᠶᠠᠷᠢ ᠰᠣᠶᠣᠯ᠎ᠤᠨ ᠰᠢᠰᠲᠧᠮ ᠨᠢ ᠲᠣᠰ ᠪᠡᠶ᠎ᠡ᠎ᠶᠢᠨ ᠳᠣᠲᠣᠭᠠᠳᠤ᠎ᠶᠢᠨ ᠯᠣᠭᠢᠭ᠋᠎ᠤᠨ ᠪᠦᠲᠦᠴᠡ ᠪᠠ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ ᠶᠣᠰᠣᠭᠠᠷ᠂ ᠤᠮᠠᠷᠠᠲᠤ ᠬᠢᠯᠢ᠎ᠶᠢᠨ ᠰᠣᠶᠣᠯ ᠪᠣᠯᠣᠨ ᠨᠢᠭ᠍ᠲᠠᠷᠠᠵᠤ᠂ ᠰᠢᠨ᠎ᠡ ᠴᠠᠭ ᠦᠶ᠎ᠡ᠎ᠳᠦ ᠴᠣᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠪᠠ᠃ ᠤᠮᠠᠷᠠᠲᠤ ᠬᠢᠯᠢ᠎ᠶᠢᠨ ᠰᠣᠶᠣᠯ᠎ᠤᠨ ᠰᠢᠰᠲᠧᠮ᠎ᠦᠨ ᠨᠢᠭᠡᠳᠦᠯᠲᠦ ᠴᠢᠨᠠᠷ ᠪᠣᠯᠣᠨ ᠰᠢᠨ᠎ᠡ᠎ᠶᠢ ᠡᠭᠦᠳᠬᠦ ᠴᠢᠨᠠᠷ᠎ᠢ ᠭᠦᠨᠵᠡᠭᠡᠢ ᠰᠦᠪᠡᠭᠴᠢᠯᠡᠬᠦ ᠪᠣᠯ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠶᠢᠨ ᠰᠠᠭᠤᠷᠢ ᠮᠦᠨ᠃
ᠳᠤᠮᠳᠠᠳᠤ᠎ᠶᠢᠨ ᠰᠣᠶᠣᠯ᠎ᠤᠨ ᠭᠣᠣᠯ ᠴᠣᠭᠴᠠᠲᠤ ᠴᠢᠨᠠᠷ᠎ᠦᠨ ᠨᠢᠬᠡᠳᠦᠯ᠎ᠳᠦ ᠴᠢᠨᠠᠷ᠎ᠢ ᠬᠠᠮᠠᠭᠠᠯᠠᠪᠠ᠃ ᠰᠣᠶᠣᠯ᠎ᠤᠨ ᠭᠤᠤᠯ ᠴᠣᠭᠴᠠᠲᠤ ᠴᠢᠨᠠᠷ ᠪᠣᠯ ᠰᠣᠶᠣᠯ᠎ᠤᠨ ᠮᠡᠳᠡᠷᠡᠮᠵᠢ᠂ ᠥᠷᠲᠡᠭ᠎ᠦᠨ ᠮᠡᠳᠡᠷᠡᠮᠵᠢ ᠪᠠ ᠤᠯᠤᠰ᠎ᠤᠨ ᠮᠡᠳᠡᠷᠡᠮᠵᠢ᠎ᠶᠢᠨ ᠪᠠᠲᠤ ᠪᠡᠬᠢ ᠰᠠᠭᠤᠷᠢ ᠮᠥᠨ᠃ ᠤᠮᠠᠷᠠᠲᠤ ᠬᠢᠯᠢ᠎ᠶᠢᠨ ᠰᠣᠶᠣᠯ᠎ᠳᠤ ᠠᠭᠤᠯᠤᠭᠳᠠᠵᠤ ᠪᠠᠢᠭ᠎ᠠ ᠳᠡᠳ᠋ ᠳᠡᠰ᠎ᠤᠨ ᠰᠣᠶᠣᠯ ᠨᠢ ᠳᠤᠮᠳᠠᠳᠤ᠎ᠶᠢᠨ ᠦᠨᠳᠦᠰᠦᠲᠡᠨ᠎ᠦ ᠣᠯᠠᠨ ᠡᠰᠢᠲᠦ ᠨᠢᠭᠡ ᠴᠣᠭᠴᠠᠵᠢᠭ᠍ᠰᠠᠨ ᠪᠠᠢᠷᠢᠰᠢᠯ ᠪᠠ ᠳᠤᠮᠳᠠᠳᠤ᠎ᠶᠢᠨ ᠪᠣᠯᠪᠠᠰᠤᠨ᠎ᠤ ᠣᠯᠠᠨ ᠡᠰᠢᠲᠦ ᠨᠢᠭᠡ ᠴᠣᠭᠴᠠᠵᠢᠭ᠍ᠰᠠᠨ ᠪᠠᠢᠷᠢᠰᠢᠯ᠎ᠢ ᠪᠦᠷᠢᠯᠳᠦᠭᠦᠯᠬᠦ ᠶᠠᠪᠤᠴᠠ᠎ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠦ᠂ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠳᠬᠠᠬᠤ᠎ᠶᠢᠨ ᠬᠠᠮᠲᠤ᠂ ᠪᠠᠰᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠳᠤᠮᠳᠠᠳᠤ᠎ᠶᠢᠨ ᠦᠨᠳᠦᠰᠦᠲᠡᠨ᠎ᠦ ᠲᠤᠬᠠᠢ ᠬᠠᠮᠲᠤ᠎ᠶᠢᠨ ᠲᠠᠨᠢᠯᠲᠠ᠎ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠭᠦᠨ ᠵᠤᠵᠠᠭᠠᠨ ᠰᠣᠶᠣᠯ᠎ᠤᠨ ᠦᠵᠡᠯ ᠰᠠᠨᠠᠭᠠᠨ᠎ᠤ ᠠᠭᠤᠯᠤᠭᠳᠠᠬᠤᠨ᠎ᠲᠠᠢ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠦᠷᠢᠯᠳᠦᠭᠦᠯᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠡᠦᠬᠡᠨ ᠳᠡᠭᠡᠷ᠎ᠡ ᠥᠪᠥᠷ ᠮᠣᠩᠭᠣᠯ ᠣᠷᠣᠨ᠎ᠳᠤ ᠣᠷᠣᠰᠢᠨ ᠠᠮᠢᠳᠤᠷᠠᠵᠤ ᠪᠠᠢᠭᠰᠠᠨ ᠮᠠᠰᠢ ᠤᠯᠠᠨ ᠦᠨᠳᠦᠰᠦᠲᠡᠨ ᠵᠢᠴᠢ ᠲᠡᠭᠦᠨ᠎ᠦ ᠪᠠᠢᠭᠤᠯᠤᠭᠰᠠᠨ ᠣᠷᠣᠨ ᠨᠤᠲᠤᠭ᠎ᠤᠨ ᠴᠢᠨᠠᠷᠲᠠᠢ ᠪᠤᠶᠤ ᠪᠦᠬᠦ ᠤᠯᠤᠰ᠎ᠤᠨ ᠴᠢᠨᠠᠷᠲᠠᠢ ᠵᠠᠰᠠᠭ᠎ᠤᠨ ᠡᠷᠬᠡ ᠨᠢ ᠴᠥᠮ 《ᠶᠡᠬᠡ ᠨᠢᠭᠡᠳᠦᠯ》 ᠦᠨ ᠤᠯᠤᠰ ᠲᠦᠷᠦ᠎ᠶᠢᠨ ᠬᠥᠭᠡᠭᠡᠴᠡᠯᠳᠦᠯ᠎ᠢ ᠪᠠᠷᠢᠮᠲᠠᠯᠠᠵᠤ ᠪᠠᠢᠪᠠ᠂ ᠡᠨᠡ ᠨᠢ ᠤᠯᠠᠨ ᠦᠨᠳᠦᠰᠦᠲᠡᠨ᠎ᠲᠠᠢ ᠤᠯᠤᠰ᠎ᠤᠨ ᠪᠦᠷᠢᠯᠳᠦᠯ ᠪᠠ ᠬᠥᠭᠵᠢᠯᠲᠡ᠎ᠶᠢ ᠠᠬᠢᠭᠤᠯᠬᠤ ᠴᠢᠬᠤᠯᠠ ᠬᠦᠴᠦᠨ ᠮᠥᠨ᠃ 1947 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠵᠤ᠂ ᠰᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠳᠤ ᠰᠠᠢᠨ ᠰᠠᠢᠬᠠᠨ ᠰᠠᠭᠤᠷᠢ᠎ᠶᠢ ᠲᠠᠯᠪᠢᠵᠤ᠂ ᠡᠷᠬᠢᠮ ᠨᠠᠨᠳᠢᠨ ᠦᠢᠯᠡᠳᠦᠯᠭᠡ᠎ᠶᠢᠨ ᠲᠤᠷᠰᠢᠯᠭ᠎ᠠ ᠬᠤᠷᠠᠮᠳᠤᠭᠤᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 70 ᠭᠠᠷᠤᠢ ᠵᠢᠯ᠎ᠦᠨ ᠲᠤᠷᠰᠢ ᠬᠢᠯᠢ ᠬᠢᠵᠠᠭᠠᠷ ᠠᠮᠤᠷ ᠲᠣᠭᠲᠠᠭᠤᠨ᠂ ᠠᠵᠤ ᠠᠬᠤᠢ ᠨᠡᠢᠭᠡᠮ᠎ᠦᠨ ᠬᠥᠭᠵᠢᠯᠲᠡ ᠲᠦᠷᠭᠡᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠠᠮᠤᠷ ᠵᠢᠮᠤᠷ ᠠᠵᠤ ᠲᠦᠷᠦᠵᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠦᠨᠳᠦᠰᠦᠲᠡᠨ᠎ᠦ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠰᠦᠪᠡᠭᠴᠢᠯᠡᠨ ᠪᠦᠷᠢᠯᠳᠦᠭᠦᠯᠬᠦ᠎ᠳᠦ ᠡᠯᠪᠡᠭ ᠪᠠᠶᠠᠯᠢᠭ᠋ ᠤᠨᠤᠯ᠎ᠤᠨ ᠳ᠋ᠦᠩᠨᠡᠯᠲᠡ ᠪᠠ ᠦᠢᠯᠡᠳᠦᠯᠭᠡ᠎ᠶᠢᠨ ᠲᠤᠷᠰᠢᠯᠭ᠎ᠠ ᠬᠠᠩᠭᠠᠭᠰᠠᠨ᠎ᠢᠶᠠᠷ ᠪᠠᠷᠠᠬᠤ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠤᠭ᠎ᠤᠨ ᠳᠡᠭᠡᠳᠦ ᠠᠰᠢᠭ᠋ ᠲᠤᠰᠠ᠎ᠶᠢ ᠬᠠᠮᠠᠭᠠᠯᠠᠬᠤ ᠵᠡᠷᠭᠡ ᠲᠠᠯ᠎ᠠ᠎ᠪᠠᠷ ᠦᠯᠢᠭᠡᠷ ᠳᠠᠭᠤᠷᠢᠶᠠᠯ ᠪᠠ ᠵᠢᠱ᠌ᠢᠶᠡᠴᠢ ᠪᠣᠯᠤᠭᠰᠠᠨ ᠪᠠᠢᠨ᠎ᠠ᠃ ᠡᠨᠡ ᠬᠦ᠌ ᠶᠠᠪᠤᠴᠠ ᠪᠣᠯ ᠳᠤᠮᠳᠠᠳᠤ᠎ᠶᠢᠨ ᠰᠣᠶᠣᠯ᠎ᠤᠨ ᠭᠣᠣᠯ ᠴᠣᠭᠴᠠᠲᠤ ᠴᠢᠨᠠᠷ᠎ᠢ ᠬᠠᠮᠠᠭᠠᠯᠠᠬᠤ ᠶᠠᠪᠤᠴᠠ ᠮᠥᠨ᠂ ᠰᠣᠶᠣᠯ᠎ᠤᠨ ᠢᠲᠡᠭᠡᠯ᠎ᠢ ᠪᠦᠷᠢᠯᠳᠦᠭᠦᠯᠬᠦ᠂ ᠭᠦᠨᠵᠡᠭᠡᠢᠷᠡᠭᠦᠯᠬᠦ ᠪᠠ ᠪᠡᠬᠢᠵᠢᠭᠦᠯᠬᠦ ᠶᠠᠪᠤᠴᠠ ᠮᠥᠨ᠃
ᠴᠠᠭ ᠦᠶ᠎ᠡ᠎ᠶᠢᠨ ᠣᠬᠢ ᠰᠣᠳᠣ᠌ ᠵᠢᠨ ᠰᠢᠨ᠎ᠡ᠎ᠶᠢ ᠡᠭᠦᠳᠬᠦ ᠣᠨᠴᠠᠯᠢᠭ᠋᠎ᠢ ᠰᠠᠨᠠᠭᠠᠴᠢᠯᠠᠭ᠎ᠠ᠎ᠠᠴᠠ᠎ᠪᠠᠨ ᠰᠢᠩᠭᠡᠬᠡᠨ ᠠᠪᠤᠪᠠ᠃ ᠳᠤᠮᠳᠠᠳᠤ᠎ᠶᠢᠨ ᠪᠣᠯᠪᠠᠰᠤᠨ ᠨᠢ ᠲᠣᠪᠣᠢᠮ᠎ᠠ ᠰᠢᠨ᠎ᠡ᠎ᠶᠢ ᠡᠭᠦᠳᠬᠦ ᠴᠢᠨᠠᠷᠲᠠᠢ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠪᠦᠷᠢᠯᠳᠦᠭᠦᠯᠦᠭᠰᠡᠨ ᠡᠯ᠎ᠡ ᠦᠨᠳᠦᠰᠦᠲᠡᠨ᠎ᠦ ᠰᠣᠶᠣᠯ ᠪᠣᠯᠤᠭᠰᠠᠨ᠎ᠤ ᠬᠤᠪᠢ᠎ᠳᠤ ᠮᠥᠨ ᠴᠦ᠍ ᠰᠢᠨ᠎ᠡ᠎ᠶᠢ ᠡᠭᠦᠳᠬᠦ ᠣᠨᠴᠠᠯᠢᠭ᠋᠎ᠲᠠᠢ ᠪᠠᠢᠳᠠᠭ᠃ ᠤᠮᠠᠷᠠᠲᠤ ᠬᠢᠯᠢ᠎ᠶᠢᠨ ᠰᠣᠶᠣᠯ ᠨᠢ ᠡᠯᠪᠡᠭ ᠪᠠᠶᠠᠯᠢᠭ᠋ ᠲᠡᠦᠬᠡ᠎ᠶᠢᠨ ᠠᠭᠤᠯᠤᠭᠳᠠᠬᠤᠨ᠎ᠲᠠᠢ᠂ ᠣᠲᠣ᠌ ᠪᠣᠯᠲᠠᠯ᠎ᠠ ᠤᠯᠠᠮᠵᠢᠯᠠᠨ ᠵᠠᠯᠭᠠᠮᠵᠢᠯᠠᠭᠰᠠᠭᠠᠷ ᠪᠠᠢᠭ᠎ᠠ ᠣᠷᠣᠨ ᠪᠦᠰᠡ᠎ᠶᠢᠨ ᠰᠣᠶᠣᠯ᠎ᠤᠨ ᠬᠡᠯᠪᠡᠷᠢ ᠪᠠᠢᠳᠠᠯ ᠪᠣᠯᠤᠭᠰᠠᠨ᠎ᠤ ᠰᠢᠯᠲᠠᠭᠠᠨ ᠨᠢ ᠤᠮᠠᠷᠠᠲᠤ ᠬᠢᠯᠢ᠎ᠶᠢᠨ ᠰᠣᠶᠣᠯ᠎ᠤᠨ ᠲᠣᠰ ᠪᠡᠶ᠎ᠡ ᠨᠢ ᠢᠯᠡ ᠲᠣᠳᠣ᠌ ᠰᠢᠨ᠎ᠡ᠎ᠶᠢ ᠡᠭᠦᠳᠬᠦ ᠴᠢᠨᠠᠷᠲᠠᠢ ᠪᠠᠢᠬᠤ᠎ᠳᠤ ᠣᠷᠣᠰᠢᠬᠤ᠎ᠪᠠᠷ ᠪᠠᠷᠠᠬᠤ ᠦᠭᠡᠢ᠂ ᠪᠠᠰᠠ ᠢᠮᠠᠭᠲᠠ ᠴᠠᠭ ᠦᠶ᠎ᠡ᠎ᠶᠢᠨ ᠬᠥᠭᠵᠢᠯᠲᠡ᠎ᠲᠠᠢ ᠢᠵᠢᠯ ᠠᠯᠬᠤᠮ᠎ᠢᠶᠠᠷ᠂ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠠᠴᠠ᠎ᠪᠠᠨ ᠴᠠᠭ ᠦᠶ᠎ᠡ᠎ᠶᠢᠨ ᠣᠬᠢ ᠰᠣᠳᠣ᠌᠎ᠶᠢ ᠰᠢᠩᠭᠡᠬᠡᠨ ᠠᠪᠴᠤ ᠲᠠᠰᠤᠷᠠᠯᠲᠠ ᠦᠭᠡᠢ ᠰᠢᠨ᠎ᠡ᠎ᠶᠢ ᠡᠭᠦᠳᠦᠨ ᠬᠥᠭᠵᠢᠵᠦ ᠪᠠᠢᠬᠤ᠎ᠳᠤ ᠣᠷᠣᠰᠢᠨ᠎ᠠ᠃ ᠤᠮᠠᠷᠠᠲᠤ ᠬᠢᠯᠢ᠎ᠶᠢᠨ ᠰᠣᠶᠣᠯ᠎ᠤᠨ ᠳᠣᠲᠣᠭᠠᠳᠤ᠎ᠳᠠᠬᠢ ᠲᠡᠳ᠋ ᠳᠡᠰ᠎ᠤᠨ ᠰᠣᠶᠣᠯ ᠨᠢ ᠳᠤᠮᠳᠠᠳᠤ᠎ᠶᠢᠨ ᠰᠣᠶᠣᠯ᠎ᠤᠨ ᠦᠷᠭᠦᠯᠵᠢᠯᠡᠨ ᠬᠥᠭᠵᠢᠬᠦ ᠲᠡᠦᠬᠡᠨ ᠶᠠᠪᠤᠴᠠ᠎ᠳᠤ ᠪᠤᠶ ᠪᠣᠯᠵᠤ᠂ ᠬᠥᠭᠵᠢᠨ ᠴᠡᠴᠡᠭᠯᠡᠭᠰᠡᠨ ᠪᠥᠭᠡᠳ ᠣᠳᠣ᠌ ᠪᠣᠯᠲᠠᠯ᠎ᠠ ᠤᠯᠠᠮᠵᠢᠯᠠᠭᠳᠠᠭᠰᠠᠭᠠᠷ ᠪᠠᠢᠨ᠎ᠠ᠃ ᠥᠩᠭᠡᠷᠡᠭᠰᠡᠨ ᠦᠶ᠎ᠡ᠎ᠶᠢᠨ ᠳᠤᠮᠳᠠᠳᠤ ᠣᠷᠣᠨ᠎ᠤ ᠬᠠᠭᠠᠨᠲᠤ ᠲᠥᠷᠥ ᠪᠠ ᠣᠷᠣᠨ ᠨᠤᠲᠤᠭ᠎ᠤᠨ ᠵᠠᠰᠠᠭ᠎ᠤᠨ ᠡᠷᠬᠡ ᠤᠮᠠᠷᠠᠲᠤ ᠬᠢᠯᠢ᠎ᠶᠢᠨ ᠣᠷᠣᠨ᠎ᠳᠡᠬᠢ ᠵᠠᠰᠠᠯᠳᠠ ᠨᠢ ᠤᠮᠠᠷᠠᠲᠤ ᠬᠢᠯᠢ᠎ᠶᠢᠨ ᠣᠷᠣᠨ᠎ᠤ ᠰᠣᠶᠣᠯ᠎ᠤᠨ ᠤᠯᠠᠮᠵᠢᠯᠠᠯ᠎ᠤᠨ ᠦᠷᠭᠦᠯᠵᠢᠯᠡᠯ ᠪᠠ ᠬᠥᠭᠵᠢᠯᠲᠡ᠎ᠶᠢ ᠪᠠᠲᠤᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ᠎ᠤ ᠳᠠᠷᠠᠭ᠎ᠠ᠂ ᠬᠤᠪᠢᠰᠬᠠᠯ᠂ ᠪᠦᠲᠦᠭᠡᠨ ᠪᠠᠢᠭᠤᠯᠤᠯᠲᠠ ᠪᠣᠯᠣᠨ ᠥᠭᠡᠷᠡᠴᠢᠯᠡᠯᠲᠡ᠎ᠶᠢᠨ ᠴᠠᠭ ᠦᠶ᠎ᠡ᠎ᠳᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠯᠪᠡᠭ ᠪᠠᠶᠠᠯᠢᠭ᠋ ᠬᠤᠪᠢᠰᠬᠠᠯ᠎ᠤᠨ ᠰᠣᠶᠣᠯ᠎ᠢ ᠬᠤᠷᠠᠮᠳᠤᠭᠤᠯᠵᠤ᠂ ᠥᠪᠥᠷ ᠮᠣᠩᠭᠣᠯ ᠣᠷᠣᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠥᠪᠥᠷ ᠮᠣᠩᠭᠣᠯ ᠣᠷᠣᠨ᠎ᠤ ᠰᠣᠶᠣᠯ᠎ᠤᠨ ᠲᠥᠷᠥᠯ ᠬᠡᠯᠪᠡᠷᠢ᠎ᠶᠢ ᠪᠠᠶᠠᠯᠢᠭ᠍ᠵᠢᠭᠤᠯᠤᠨ ᠬᠥᠭᠵᠢᠭᠦᠯᠵᠦ᠂ ᠥᠪᠥᠷ ᠮᠣᠩᠭᠣᠯ ᠣᠷᠣᠨ᠎ᠤ ᠰᠣᠶᠣᠯ᠎ᠳᠤ ᠠᠭᠤᠯᠤᠭᠳᠠᠵᠤ ᠪᠠᠢᠭ᠎ᠠ ᠲᠡᠦᠬᠡ᠎ᠶᠢᠨ ᠬᠦᠴᠦᠨ ᠵᠦᠢᠯ᠎ᠢ ᠴᠠᠭ ᠦᠶ᠎ᠡ᠎ᠶᠢᠨ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠭᠤᠯᠤᠨ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠤᠮᠠᠷᠠᠲᠤ ᠬᠢᠯᠢ᠎ᠶᠢᠨ ᠰᠣᠶᠣᠯ᠎ᠤᠨ ᠠᠭᠤᠯᠤᠭᠳᠠᠬᠤᠨ᠎ᠢ ᠤᠯᠠᠮ ᠪᠠᠶᠠᠯᠢᠭ᠍ᠵᠢᠭᠤᠯᠵᠤ᠂ ᠣᠨᠴᠠᠯᠢᠭ᠋᠎ᠢ ᠨᠢ ᠤᠯᠠᠮ ᠢᠯᠡ ᠲᠣᠳᠣ᠌ ᠪᠣᠯᠭᠠᠵᠠᠢ᠃
ᠬᠤᠪᠢᠰᠬᠠᠯᠲᠤ ᠰᠣᠶᠣᠯ ᠨᠢ ᠤᠮᠠᠷᠠᠲᠤ ᠬᠢᠯᠢ᠎ᠶᠢᠨ ᠰᠣᠶᠣᠯ᠎ᠳᠤ ᠥᠷᠲᠡᠭ᠎ᠦᠨ ᠴᠥᠮ᠎ᠡ ᠨᠡᠮᠡᠷᠢᠯᠡᠪᠡ᠃ ᠤᠯᠠᠭᠠᠨ ᠥᠩᠭᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠮᠤᠭ᠎ᠤᠨ ᠬᠤᠷᠴᠠ ᠲᠣᠳᠣ᠌ ᠳᠡᠪᠢᠰᠬᠡᠷ ᠥᠩᠭᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠠᠭᠤᠤ ᠶᠡᠬᠡ ᠲᠡᠮᠡᠴᠡᠯ᠎ᠦᠨ ᠲᠡᠦᠬᠡᠨ ᠶᠠᠪᠤᠴᠠ᠎ᠳᠤ ᠪᠦᠷᠢᠯᠳᠦᠭᠰᠡᠨ ᠬᠤᠪᠢᠰᠬᠠᠯ᠎ᠤᠨ ᠰᠣᠶᠣᠯ ᠨᠢ ᠠᠯᠢ ᠡᠷᠲᠡ ᠳᠤᠮᠳᠠᠳᠤ᠎ᠶᠢᠨ ᠰᠣᠶᠣᠯ᠎ᠤᠨ ᠦᠨᠳᠦᠰᠦ ᠰᠤᠷᠪᠤᠯᠵᠢ᠎ᠳᠤ ᠠᠭᠤᠰᠴᠤ᠂ ᠳᠤᠮᠳᠠᠳᠤ᠎ᠶᠢᠨ ᠦᠨᠳᠦᠰᠦᠲᠡᠨ᠎ᠦ ᠤᠶᠤᠨ ᠰᠠᠨᠠᠭᠠᠨ᠎ᠤ ᠬᠣᠯᠪᠣᠭᠠᠰᠤ ᠪᠣᠯᠤᠭᠰᠠᠨ ᠪᠠᠢᠨ᠎ᠠ᠃ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠦᠨᠳᠦᠰᠦᠲᠡᠨ᠎ᠦ ᠲᠤᠰᠠᠭᠠᠷ ᠲᠣᠭᠲᠠᠨᠢᠯ ᠪᠣᠯᠣᠨ ᠤᠯᠤᠰ᠎ᠤᠨ ᠪᠠᠶᠠᠨ ᠬᠦᠴᠦᠷᠬᠡᠭ᠎ᠢ ᠲᠡᠮᠡᠴᠡᠨ ᠣᠯᠬᠤ᠎ᠶᠢᠨ ᠲᠥᠯᠥᠭᠡ ᠡᠷᠡᠯᠬᠡᠭ ᠪᠠᠭᠠᠲᠤᠷᠯᠢᠭ᠋᠎ᠢᠶᠠᠷ ᠲᠡᠮᠡᠴᠡᠭᠰᠡᠨ ᠬᠤᠪᠢᠰᠬᠠᠯ᠎ᠤᠨ ᠲᠡᠦᠬᠡᠨ ᠶᠠᠪᠤᠴᠠ ᠳᠤᠮᠳᠠ᠂ ᠠᠭᠤᠤ ᠶᠡᠬᠡ ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠨᠢᠭ᠍ᠲᠠᠷᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠳᠤ ᠢᠯᠡ ᠲᠣᠳᠣ᠌ ᠬᠤᠪᠢᠰᠬᠠᠯ᠎ᠤᠨ ᠳᠡᠪᠢᠰᠬᠡᠷ ᠥᠩᠭᠡ ᠨᠡᠮᠡᠷᠢᠯᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ᠎ᠤ ᠳᠠᠷᠠᠭ᠎ᠠ᠂ ᠨᠠᠮ᠎ᠤᠨ ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠬᠦᠴᠦᠷᠬᠡᠭ ᠶᠡᠬᠡ ᠤᠷᠢᠶᠠᠯᠠᠭ᠎ᠠ ᠳᠣᠣᠷ᠎ᠠ᠂ ᠰᠡᠬᠡᠭᠡᠷᠡᠵᠦ ᠡᠬᠢᠯᠡᠭᠰᠡᠨ ᠥᠪᠥᠷ ᠮᠣᠩᠭᠣᠯ᠎ᠤᠨ ᠵᠠᠯᠠᠭᠤᠴᠤᠳ ᠯᠢ ᠳᠡ ᠵᠣᠣ ᠵᠡᠷᠭᠡ ᠡᠷᠲᠡ ᠦᠶ᠎ᠡ᠎ᠶᠢᠨ ᠡᠪ ᠬᠠᠮᠲᠤᠴᠤᠳ᠎ᠤᠨ ᠠᠯᠬᠤᠮ᠎ᠢ ᠳᠠᠭᠠᠵᠤ᠂ ᠠᠶᠠᠨ᠎ᠳᠠᠭᠠᠨ ᠡᠭᠦᠰᠦᠭᠰᠡᠨ ᠦᠨᠳᠦᠰᠦᠲᠡᠨ᠎ᠦ ᠳᠠᠷᠤᠯᠠᠯ᠎ᠢ ᠡᠰᠡᠷᠭᠦᠴᠡᠬᠦ ᠬᠥᠳᠡᠯᠭᠡᠭᠡᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠦᠨᠳᠦᠰᠦᠲᠡᠨ᠎ᠦ ᠲᠤᠰᠠᠭᠠᠷ ᠲᠣᠭᠲᠠᠨᠢᠯ ᠂ ᠦᠨᠳᠦᠰᠦᠲᠡᠨ᠎ᠦ ᠴᠢᠯᠦᠭᠡᠯᠡᠯᠲᠡ᠎ᠶᠢᠨ ᠦᠢᠯᠡᠰ᠎ᠦᠨ ᠲᠡᠦᠬᠡᠨ ᠤᠷᠤᠰᠬᠠᠯ᠎ᠳᠤ ᠣᠷᠣᠭᠤᠯᠪᠠ ᠂ ᠡᠨᠡ ᠨᠢ ᠤᠮᠠᠷᠠᠲᠤ ᠬᠢᠯᠢ᠎ᠶᠢᠨ ᠰᠣᠶᠣᠯ᠎ᠳᠤ ᠰᠢᠨ᠎ᠡ ᠠᠮᠢᠵᠢᠷᠠᠯ᠎ᠤᠨ ᠬᠦᠴᠦᠨ ᠪᠠ ᠬᠦᠴᠦᠷᠬᠡᠭ ᠶᠡᠬᠡ ᠬᠤᠪᠢᠰᠬᠠᠯ᠎ᠤᠨ ᠤᠳᠤᠮᠰᠢᠯ᠎ᠢ ᠨᠡᠮᠡᠷᠢᠯᠡᠭᠰᠡᠨ ᠪᠠᠢᠨ᠎ᠠ᠃ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢᠭᠤᠯᠤᠯᠲᠠ ᠪᠠᠨ ᠪᠠᠢᠭᠤᠯᠤᠭᠰᠠᠨ ᠦᠨᠳᠦᠰᠦᠲᠡᠨ᠎ᠦ ᠭᠠᠵᠠᠷ ᠣᠷᠣᠨ ᠪᠣᠯᠣᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢᠭᠤᠯᠤᠭᠳᠠᠭᠰᠠᠨ ᠶᠤᠮ᠂ ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠣᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠬᠡ ᠬᠡᠯᠪᠡᠷᠢᠯ᠎ᠢ ᠴᠥᠮ ᠨᠠᠮ᠎ᠤᠨ ᠲᠥᠪ ᠬᠣᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠣᠯ᠎ᠤᠨ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ᠌ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ ᠵᠢᠱ᠌ᠢᠶᠡᠴᠢ ᠭᠡᠳᠡᠭ ᠨᠢ ᠨᠠᠮ᠎ᠤᠨ ᠦᠭᠡ᠎ᠶᠢ ᠰᠤᠨᠤᠰᠬᠤ ᠲᠡᠭᠡᠷ᠎ᠡ ᠪᠣᠢ᠃
ᠳᠤᠮᠳᠠᠳᠤ᠎ᠶᠢᠨ ᠦᠨᠳᠦᠰᠦᠲᠡᠨ᠎ᠦ ᠣᠳᠣ᠌ ᠦᠶ᠎ᠡ᠎ᠶᠢᠨ ᠪᠣᠯᠪᠠᠰᠤᠨ᠎ᠢ ᠪᠦᠲᠦᠭᠡᠨ ᠪᠠᠶ᠋ᠢᠭᠤᠯᠬᠤ ᠵᠢᠨ ᠥᠷᠲᠡᠭ᠎ᠦᠨ ᠬᠥᠭᠡᠭᠡᠴᠡᠯᠳᠦᠯ᠃ ᠶᠡᠷᠦᠩᠬᠡᠢ ᠱᠦᠵᠢ ᠰᠢ ᠵᠢᠨ ᠫᠢᠩ᠄《ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠭᠰᠠᠨ ᠣᠳᠣᠬᠢᠴᠢᠯᠠᠯᠲᠠ ᠮᠥᠨ》 ᠭᠡᠵᠦ ᠵᠢᠭᠠᠨ ᠭᠠᠷᠭᠠᠵᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠦᠷᠳᠡᠭ᠎ᠦᠨ ᠤᠳᠤᠷᠢᠳᠤᠮᠵᠢ᠎ᠶᠢ ᠲᠣᠳᠣᠷᠬᠠᠢ ᠵᠢᠭᠠᠵᠤ ᠭᠠᠷᠭᠠᠪᠠ᠃ ᠡᠭᠦᠨ᠎ᠳᠦ ᠭᠤᠷᠪᠠᠨ ᠲᠠᠯ᠎ᠠ᠎ᠶᠢᠨ ᠠᠰᠠᠭᠤᠳᠠᠯ᠎ᠢ ᠰᠢᠢᠳᠪᠦᠷᠢᠯᠡᠬᠦ ᠴᠢᠬᠤᠯᠠᠲᠠᠢ᠄ ᠨᠢᠭᠡ᠎ᠳᠦ᠂ ᠬᠡᠷᠬᠢᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ᠂ ᠰᠢᠨ᠎ᠡ᠎ᠶᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ᠎ᠶᠢ ᠪᠡᠶᠡᠯᠡᠭᠦᠯᠵᠦ᠂ ᠲᠡᠭᠦᠨ᠎ᠢ ᠮᠠᠷᠺᠰ᠎ᠤᠨ ᠦᠵᠡᠯ᠎ᠲᠠᠢ ᠤᠶᠠᠯᠳᠤᠭᠤᠯᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠱᠠᠭᠠᠷᠳᠠᠯᠭ᠎ᠠ᠎ᠳᠤ ᠨᠡᠢᠴᠡᠭᠰᠡᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠤᠳᠤ ᠦᠶ᠎ᠡ᠎ᠶᠢᠨ ᠪᠣᠯᠪᠠᠰᠤᠨ᠎ᠢ ᠪᠤᠢ ᠪᠣᠯᠭᠠᠬᠤ᠎ᠶᠢ ᠠᠬᠢᠭᠤᠯᠬᠤ; ᠬᠣᠶᠠᠷ᠎ᠲᠤ᠂ᠬᠡᠷᠬᠢᠨ ᠬᠥᠮᠥᠨ ᠲᠥᠷᠥᠯᠬᠢᠲᠡᠨ᠎ᠦ ᠨᠡᠢᠭᠡᠮ᠎ᠦᠨ ᠠᠯᠢᠪᠠ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ᠎ᠢ ᠰᠤᠷᠤᠯᠴᠠᠨ ᠲᠡᠭᠦᠨ᠎ᠢᠶᠡᠷ ᠯᠠᠪᠯᠠᠯᠲᠠ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠤᠳᠤ ᠦᠶ᠎ᠡ᠎ᠶᠢᠨ ᠪᠣᠯᠪᠠᠰᠤᠨ᠎ᠤ ᠨᠡᠢᠲᠡᠯᠢᠭ ᠰᠢᠨᠵᠢ᠎ᠲᠠᠢ ᠪᠣᠯᠭᠠᠬᠤ᠎ᠶᠢᠨ ᠬᠠᠮᠲᠤ ᠳᠤᠮᠳᠠᠳᠤ ᠤᠯᠤᠰ᠎ᠤᠨ ᠣᠨᠴᠠᠯᠢᠭ᠋᠎ᠢᠶᠠᠨ ᠠᠯᠳᠠᠬᠤ ᠦᠭᠡᠢ᠂ ᠳᠤᠮᠳᠠᠳᠤ ᠤᠯᠤᠰ᠎ᠤᠨ ᠤᠨᠤᠯ᠎ᠢᠶᠠᠷ ᠳᠤᠮᠳᠠᠳᠤ ᠤᠯᠤᠰ᠎ᠤᠨ ᠦᠢᠯᠡᠳᠦᠯᠭᠡ᠎ᠶᠢ ᠨᠡᠩ ᠰᠠᠢᠨ ᠲᠠᠢᠯᠪᠤᠷᠢᠯᠠᠵᠤ᠂ ᠳᠤᠮᠳᠠᠳᠤ ᠤᠯᠤᠰ᠎ᠤᠨ ᠦᠢᠯᠡᠳᠦᠯᠭᠡ᠎ᠪᠡᠷ ᠳᠤᠮᠳᠠᠳᠤ ᠤᠯᠤᠰ᠎ᠤᠨ ᠤᠨᠤᠯ᠎ᠢ ᠳᠡᠭᠡᠭᠰᠢᠯᠡᠭᠦᠯᠬᠦ ;ᠭᠤᠷᠪᠠ᠎ᠳᠤ᠂ ᠡᠮᠦᠨᠡᠬᠢ ᠬᠣᠶᠠᠷ ᠵᠦᠢᠯ᠎ᠦᠨ ᠰᠠᠭᠤᠷᠢᠨ ᠳᠡᠭᠡᠷ᠎ᠡ᠂ ᠬᠡᠷᠬᠢᠨ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠬᠤᠪᠢᠷᠠᠯᠲᠠ᠎ᠶᠢ ᠲᠠᠨᠢᠵᠤ ᠬᠤᠪᠢᠷᠠᠯᠲᠠ᠎ᠶᠢ ᠳᠠᠭᠠᠨ ᠬᠤᠪᠢᠷᠠᠯᠲᠠ᠎ᠶᠢ ᠡᠷᠢᠯᠬᠢᠯᠡᠵᠦ᠂ ᠮᠠᠷᠺᠰ᠎ᠤᠨ ᠦᠵᠡᠯ ᠡᠨᠡᠬᠦ ᠠᠮᠢᠨ ᠰᠤᠳᠠᠰᠤ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠡᠨᠡᠬᠦ ᠠᠮᠢᠨ ᠰᠤᠳᠠᠰᠤ᠎ᠶᠢ ᠪᠠᠲᠤ ᠰᠠᠬᠢᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ᠎ᠶᠢ ᠲᠠᠰᠤᠷᠠᠯᠲᠠ ᠦᠭᠡᠢ ᠠᠬᠢᠭᠤᠯᠬᠤ᠃ ᠡᠲᠡᠭᠡᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ 《ᠬᠣᠶᠠᠷ᠎ᠢ ᠤᠶᠠᠯᠳᠤᠭᠤᠯᠣᠬᠰᠠᠨ》 ᠠᠷᠭ᠎ᠠ ᠵᠠᠷᠴᠢᠮ᠎ᠢ ᠳᠤᠷᠠᠳᠤᠨ ᠭᠠᠷᠭᠠᠪᠠ᠂ ᠡᠭᠦᠨ᠎ᠦ ᠵᠣᠷᠢᠯᠭ᠎ᠠ ᠨᠢ ᠮᠠᠷᠺᠰ᠎ᠤᠨ ᠦᠵᠡᠯ᠎ᠦᠨ ᠦᠵᠡᠯ ᠰᠠᠨᠠᠭᠠᠨ᠎ᠤ ᠣᠬᠢ ᠰᠣᠳᠣ᠌᠎ᠶᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠣᠬᠢ ᠰᠣᠳᠣ᠌᠎ᠲᠠᠢ ᠨᠡᠪᠲᠡᠷᠡᠯᠴᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠣᠲᠣ᠌ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠴᠢᠭᠯᠡᠯ᠎ᠢ ᠲᠣᠳᠣᠷᠬᠠᠢ ᠵᠢᠭᠠᠬᠤ᠎ᠶᠢᠨ ᠲᠥᠯᠥᠭᠡ ᠶᠤᠮ᠂ ᠡᠨᠡ ᠨᠢ ᠮᠥᠨ ᠴᠦ᠍ ᠤᠮᠠᠷᠠᠲᠤ ᠬᠢᠯᠢ᠎ᠶᠢᠨ ᠰᠣᠶᠣᠯ᠎ᠢ ᠪᠠᠳᠠᠷᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠶᠢᠨ ᠴᠢᠭᠯᠡᠯ ᠪᠠ ᠰᠡᠳᠬᠢᠮᠵᠢ ᠪᠣᠯᠣᠨ᠎ᠠ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠨ ᠪᠦᠲᠦᠭᠡᠭᠰᠡᠨ ᠶᠤᠮ᠂ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ᠎ᠳᠤ ᠮᠥᠨ ᠯᠡ ᠦᠨᠳᠦᠰᠦᠲᠡᠨ᠎ᠨᠦᠭᠦᠳ ᠬᠠᠮᠲᠤ᠎ᠪᠠᠷ ᠣᠷᠣᠯᠴᠠᠬᠤ ᠴᠢᠬᠤᠯᠠᠲᠠᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ᠎ᠳᠤ 《ᠬᠣᠶᠠᠳᠡᠬᠢ ᠤᠶᠠᠯᠳᠤᠯ》 ᠢ ᠴᠢᠷᠮᠠᠢᠨ ᠦᠢᠯᠡᠳᠦᠯᠭᠡᠵᠢᠭᠦᠯᠵᠦ᠂ ᠮᠠᠷᠺᠰ᠎ᠤᠨ ᠦᠵᠡᠯ᠎ᠦᠨ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠬᠤ᠎ᠳᠤ ᠦᠷᠭᠦᠯᠵᠢᠯᠡᠨ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ᠂ ᠡᠨᠡ ᠪᠣᠯ ᠰᠢᠯᠢᠳᠡᠭ ᠤᠯᠠᠮᠵᠢᠯᠠᠯ᠎ᠢ ᠵᠠᠯᠭᠠᠮᠵᠢᠯᠠᠬᠤ᠂ ᠬᠤᠪᠢᠰᠬᠠᠯ᠎ᠤᠨ ᠤᠳᠤᠮᠰᠢᠯ᠎ᠢ ᠵᠠᠯᠭᠠᠮᠵᠢᠯᠠᠬᠤ᠂ ᠬᠤᠪᠢᠰᠬᠠᠯ᠎ᠤᠨ ᠰᠤᠳᠠᠰᠤ᠎ᠶᠢ ᠦᠷᠭᠦᠯᠵᠢᠯᠡᠭᠦᠯᠬᠦ᠎ᠶᠢᠨ ᠪᠣᠳᠠᠲᠤ ᠬᠡᠷᠡᠭᠴᠡᠭᠡ ᠪᠣᠯᠬᠤ ᠪᠥᠭᠡᠳ ᠪᠠᠰᠠ ᠴᠤ᠌ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠵᠢᠨ ᠳᠣᠲᠣᠭᠠᠳᠤ ᠬᠡᠷᠡᠭᠴᠡᠭᠡ ᠪᠣᠯᠣᠨ᠎ᠠ᠃
ᠰᠣᠶᠣᠯ᠎ᠤᠨ ᠲᠠᠨᠢᠯᠳᠠ᠎ᠳᠦ ᠰᠠᠭᠤᠷᠢᠯᠠᠨ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠢ ᠪᠣᠶ ᠪᠣᠯᠭᠠᠨ᠎ᠠ
ᠤᠮᠠᠷᠠᠲᠤ ᠬᠢᠯᠢ᠎ᠶᠢᠨ ᠰᠣᠶᠣᠯ᠎ᠢ ᠪᠠᠳᠠᠷᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ᠂ ᠰᠢᠰᠲᠧᠮᠲᠦ ᠰᠡᠳᠬᠢᠬᠦᠢ᠎ᠪᠡᠷ ᠲᠡᠰ ᠳᠠᠪᠬᠤᠷᠭ᠎ᠠ ᠲᠦᠷᠦᠯ ᠬᠤᠪᠢᠶᠠᠨ ᠠᠬᠢᠭᠤᠯᠵᠤ᠂ ᠤᠮᠠᠷᠠᠲᠤ ᠬᠢᠯᠢ᠎ᠶᠢᠨ ᠰᠣᠶᠣᠯ᠎ᠤᠨ ᠪᠦᠷᠢᠯᠳᠦᠭᠰᠡᠨ ᠡᠯᠧᠮᠧᠨ᠋ᠲ᠎ᠢ ᠪᠦᠬᠦ ᠲᠠᠯ᠎ᠠ᠎ᠪᠠᠷ ᠰᠢᠰᠲᠧᠮ᠎ᠲᠠᠢ ᠰᠤᠳᠤᠯᠤᠭᠰᠠᠨ᠎ᠤ ᠰᠠᠭᠤᠷᠢᠨ ᠳᠡᠭᠡᠷ᠎ᠡ᠂ ᠭᠦᠨᠵᠡᠭᠡᠢ ᠰᠤᠳᠤᠯᠬᠤ᠎ᠪᠠᠷ ᠳᠠᠮᠵᠢᠨ᠂ ᠤᠮᠠᠷᠠᠲᠤ ᠬᠢᠯᠢ᠎ᠶᠢᠨ ᠰᠣᠶᠣᠯ᠎ᠤᠨ ᠰᠢᠯᠢᠳᠡᠭ ᠵᠠᠩ ᠰᠤᠷᠲᠠᠯ᠂ ᠪᠠᠶᠠᠯᠢᠭ᠋ ᠠᠭᠤᠯᠤᠭᠳᠠᠬᠤᠨ᠂ ᠦᠷᠳᠡᠭ᠎ᠦᠨ ᠬᠥᠭᠡᠭᠡᠴᠡᠯᠳᠦᠯ ᠵᠡᠷᠭᠡ᠎ᠶᠢ ᠲᠣᠪᠤᠢᠯᠭᠠᠨ᠂ ᠲᠡᠭᠦᠨ᠎ᠳᠦ ᠠᠭᠤᠯᠤᠭᠳᠠᠵᠤ ᠪᠠᠢᠭ᠎ᠠ ᠡᠯ᠎ᠡ ᠦᠨᠳᠦᠰᠦᠲᠡᠨ᠎ᠦ ᠬᠠᠮᠲᠤ᠎ᠪᠠᠷ ᠡᠳ᠋ᠯᠡᠬᠦ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠪᠤᠢ ᠪᠣᠯᠭᠠᠨ ᠲᠤᠪᠤᠢ᠍ᠢᠯᠭᠠᠵᠤ᠂ ᠲᠡᠭᠦᠨ᠎ᠢ ᠳᠤᠮᠳᠠᠳᠤ᠎ᠶᠢᠨ ᠦᠨᠳᠦᠰᠦᠲᠡᠨ᠎ᠦ ᠤᠳᠤ ᠦᠶ᠎ᠡ᠎ᠶᠢᠨ ᠪᠣᠯᠪᠠᠰᠤᠨ᠎ᠢ ᠪᠠᠶ᠋ᠢᠭᠤᠯᠬᠤ ᠰᠣᠶᠣᠯ᠎ᠤᠨ ᠡᠬᠢ ᠪᠠᠶᠠᠯᠢᠭ᠋ ᠪᠣᠯᠭᠠᠨ᠂ ᠰᠣᠶᠣᠯ᠎ᠤᠨ ᠢᠲᠡᠭᠡᠯ᠎ᠢᠶᠡᠨ ᠪᠠᠲᠤᠳᠬᠠᠬᠤ᠎ᠶᠢᠨ ᠬᠠᠮᠲᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠮᠳᠠᠳᠤ᠎ᠶᠢᠨ ᠰᠣᠶᠣᠯ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃
ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠬᠤ ᠬᠡᠷᠡᠭᠲᠡᠢ᠃ ᠤᠯᠤᠰ᠎ᠤᠨ ᠦᠨᠳᠦᠰᠦᠨ ᠪᠣᠳᠣᠯᠭ᠎ᠠ ᠴᠢᠭᠯᠡᠯᠲᠡ᠎ᠶᠢᠨ ᠲᠠᠯ᠎ᠠ᠎ᠠᠴᠠ ᠠᠪᠴᠤ ᠬᠡᠯᠡᠪᠡᠯ᠂ ᠰᠣᠶᠣᠯ᠎ᠤᠨ ᠪᠠᠢᠭᠤᠯᠤᠯᠲᠠ ᠪᠣᠯ 《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶᠢᠨ ᠨᠢᠭᠡ ᠭᠣᠭᠴᠣᠭ᠎ᠠ ᠮᠥᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠡᠷᠬᠡᠪᠰᠢ ᠰᠠᠢᠲᠤᠷ ᠠᠳᠬᠤᠬᠤ ᠬᠡᠷᠡᠭᠲᠡᠢ ᠭᠣᠣᠯᠳᠠᠯᠭ᠎ᠠ᠎ᠲᠠᠢ ᠠᠵᠢᠯ ᠮᠥᠨ᠃ ᠨᠢᠭᠡ ᠲᠠᠯ᠎ᠠ᠎ᠪᠠᠷ᠂ ᠥᠪᠥᠷ ᠮᠣᠩᠭᠣᠯ᠎ᠤᠨ ᠡᠯᠪᠡᠭ ᠪᠠᠶᠠᠯᠢᠭ᠋ ᠲᠡᠦᠬᠡ ᠰᠣᠶᠣᠯ᠎ᠤᠨ ᠡᠬᠢ ᠪᠠᠶᠠᠯᠢᠭ᠋᠎ᠲᠠᠢ ᠤᠶᠠᠯᠳᠤᠭᠤᠯᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠢᠯᠡ ᠲᠣᠳᠣ᠌ ᠣᠨᠴᠠᠯᠢᠭ᠋᠎ᠲᠠᠢ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠬᠦ ᠶᠠᠪᠤᠴᠠ᠎ᠳᠤ ᠤᠮᠠᠷᠠᠲᠤ ᠬᠢᠯᠢ᠎ᠶᠢᠨ ᠰᠣᠶᠣᠯ᠎ᠢ ᠥᠪᠥᠷ ᠮᠣᠩᠭᠣᠯ᠎ᠠᠴᠠ ᠭᠠᠷᠭᠠᠵᠤ᠂ ᠪᠥᠬᠥ ᠤᠯᠤᠰ᠂ ᠳᠡᠯᠡᠬᠡᠢ ᠳ᠋ᠠᠬᠢᠨ᠎ᠳᠤ ᠭᠠᠷᠭᠠᠬᠤ᠎ᠶᠢ ᠠᠬᠢᠭᠤᠯᠵᠤ᠂ ᠨᠠᠩ ᠣᠯᠠᠨ ᠬᠥᠮᠥᠨ᠎ᠳᠦ ᠤᠮᠠᠷᠠᠲᠤ ᠬᠢᠯᠢ᠎ᠶᠢᠨ ᠰᠣᠶᠣᠯ᠎ᠢ ᠲᠠᠨᠢᠭᠤᠯᠵᠤ᠂ ᠣᠢᠯᠠᠭᠠᠭᠤᠯᠵᠤ᠂ ᠳᠡᠯᠭᠡᠷᠡᠭᠦᠯᠵᠦ᠂ ᠲᠡᠭᠦᠨ᠎ᠢ ᠥᠪᠥᠷ ᠮᠣᠩᠭᠣᠯ᠎ᠤᠨ ᠨᠢᠭᠡᠨ ᠦᠵᠡᠰᠬᠦᠯᠡᠩᠲᠦ ᠰᠠᠢᠬᠠᠨ ᠨᠡᠷ᠎ᠡ᠎ᠶᠢᠨ ᠬᠠᠭᠤᠳᠠᠰᠤ ᠪᠣᠯᠭᠠᠬᠤ ᠬᠡᠷᠡᠭᠲᠡᠢ ᠃ ᠨᠦᠬᠦᠭᠡ ᠲᠠᠯ᠎ᠠ᠎ᠪᠠᠷ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶ᠋ᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠶᠢᠨ ᠲᠤᠮᠳᠠᠬᠢ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠵᠢᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠥᠲᠥᠯᠥᠨ ᠳᠠᠭᠠᠭᠤᠯᠵᠤ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠬᠠᠷᠠᠯᠲᠠ᠎ᠶᠢ ᠪᠡᠶᠡᠯᠡᠭᠦᠯᠬᠦ᠎ᠳᠦ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠲᠡᠢ᠃
ᠤᠮᠠᠷᠠᠲᠤ ᠬᠢᠯᠢ᠎ᠶᠢᠨ ᠰᠣᠶᠣᠯ᠎ᠢ ᠪᠠᠳᠠᠷᠠᠭᠤᠯᠤᠨ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠎ᠳᠦ᠂ ᠭᠣᠣᠯᠯᠠᠬᠴᠢ ᠥᠷᠲᠡᠭ᠎ᠢ ᠨᠢ ᠥᠷᠭᠡᠨ ᠣᠯᠠᠨ ᠠᠷᠠᠳ ᠣᠯᠠᠨ᠎ᠤ ᠡᠳᠦᠷ ᠲᠤᠲᠤᠮ᠎ᠤᠨ ᠦᠢᠯᠡ ᠠᠵᠢᠯᠯᠠᠭ᠎ᠠ᠎ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ᠎ᠪᠠᠷ ᠬᠦᠴᠦᠯᠡᠵᠦ᠂ ᠤᠮᠠᠷᠠᠲᠤ ᠬᠢᠯᠢ᠎ᠶᠢᠨ ᠰᠣᠶᠣᠯ᠎ᠳᠠᠬᠢ ᠢᠳᠡᠪᠬᠢ ᠬᠦᠴᠦᠨ᠎ᠢᠶᠡᠷ ᠬᠥᠮᠥᠰ᠎ᠦᠨ ᠦᠵᠡᠯ ᠰᠠᠨᠠᠭ᠎ᠠ᠂ ᠦᠭᠡ ᠶᠠᠷᠢᠶ᠎ᠠ᠂ ᠦᠢᠯᠡ ᠠᠵᠢᠯᠯᠠᠭ᠎ᠠ᠎ᠶᠢ ᠭᠦᠨᠵᠡᠭᠡᠢ ᠨᠥᠯᠥᠭᠡᠯᠡᠵᠦ᠂ ᠬᠥᠮᠥᠰ᠎ᠦᠨ ᠦᠢᠯᠡ ᠠᠵᠢᠯᠯᠠᠭ᠎ᠠ ᠦᠷᠨᠢᠬᠦᠯᠬᠦ ᠤᠴᠢᠷ ᠶᠠᠪᠤᠳᠠᠯ ᠰᠢᠢᠳᠪᠦᠷᠢᠯᠡᠬᠦ᠎ᠶᠢ ᠵᠢᠯᠤᠭᠣᠳᠬᠤ ᠣᠨᠣᠯᠵᠢᠬᠤᠨ ᠪᠣᠯᠭᠠᠬᠤ ᠬᠡᠷᠡᠭᠲᠡᠢ᠃ ᠡᠨᠡ ᠨᠢ ᠥᠪᠥᠷ ᠮᠣᠩᠭᠣᠯ᠎ᠤᠨ ᠵᠥᠪ ᠲᠠᠯ᠎ᠠ᠎ᠶᠢᠨ ᠳᠦᠷᠢ ᠲᠥᠷᠬᠦ᠎ᠶᠢ ᠤᠯᠠᠮ ᠰᠠᠢᠳᠤᠷ ᠱᠤᠭᠤᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠠᠬᠢᠭᠤᠯᠵᠤ᠂ ᠮᠠᠷᠺᠰ᠎ᠤᠨ ᠦᠵᠡᠯ᠎ᠦᠨ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠵᠢᠯᠤᠭᠣᠳᠬᠤ ᠪᠠᠢᠷᠢ ᠰᠠᠭᠤᠷᠢ᠎ᠶᠢ ᠪᠡᠬᠢᠵᠢᠭᠦᠯᠵᠦ᠂ ᠪᠥᠬᠥ ᠨᠠᠮ ᠪᠥᠬᠥ ᠤᠯᠤᠰ᠎ᠤᠨ ᠠᠷᠠᠳ ᠲᠦᠮᠡᠨ᠎ᠦ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠬᠦ᠎ᠳᠦ ᠴᠥᠮ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
(ᠵᠣᠬᠢᠶᠠᠭ᠍ᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ᠂ ᠰᠤᠳᠤᠯᠤᠭ᠍ᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠤᠨᠤᠯ᠎ᠤᠨ ᠰᠢᠰᠲᠧᠮ᠎ᠦᠨ ᠰᠤᠳᠤᠯᠭᠠᠨ᠎ᠤ ᠲᠥᠪ᠎ᠦᠨ ᠰᠤᠳᠤᠯᠤᠭ᠍ᠴᠢ)