ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠳᠦ᠂ ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠᠷᠢᠮᠵᠢᠶ᠎ᠠ᠎ᠶ᠋ᠢ ᠪᠠᠭᠤᠷᠠᠭᠤᠯᠬᠤ ᠦᠭᠡᠢ᠂ ᠠᠷᠭ᠎ᠠ ᠬᠡᠮᠵᠢᠶ᠎ᠡ᠎ᠶ᠋ᠢ ᠰᠤᠯᠠᠷᠠᠭᠤᠯᠬᠤ ᠦᠭᠡᠢ᠂ ᠡᠷᠴᠢᠮ᠎ᠢ ᠰᠤᠯᠠᠷᠠᠭᠤᠯᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠨᠡᠩ ᠯᠠᠪᠳᠠᠭᠤᠨ ᠪᠠᠲᠤᠲᠠᠢ ᠰᠤᠷᠤᠯᠴᠠᠬᠤ ᠰᠤᠷᠲᠠᠯ᠂ ᠨᠡᠩ ᠪᠠᠲᠤ ᠴᠢᠩᠭ᠎ᠠ ᠰᠤᠷᠲᠠᠯ᠎ᠢᠶᠠᠷ ᠨᠠᠮ᠎ᠤᠨ ᠭᠡᠱᠢᠭᠦᠨ ᠺᠠᠳ᠋ᠷ᠎ᠤᠨ ᠤᠯᠤᠰ ᠲᠦᠷᠦ᠍᠎ᠶ᠋ᠢᠨ ᠲᠣᠭ᠍ᠲᠠᠯ ᠬᠦᠴᠦᠨ᠂ ᠰᠠᠬᠢᠯᠭ᠎ᠠ ᠪᠠᠲᠤ᠎ᠶ᠋ᠢᠨ ᠲᠣᠭ᠍ᠲᠠᠯ ᠬᠦᠴᠦᠨ᠂ ᠶᠣᠰᠣ ᠰᠤᠷᠲᠠᠬᠤᠨ᠎ᠤ ᠲᠣᠭ᠍ᠲᠠᠯ ᠬᠦᠴᠦᠨ᠂ ᠢᠯᠵᠠᠷᠡᠯ᠎ᠢ ᠡᠰᠡᠷᠭᠦᠴᠡᠬᠦ᠌ ᠲᠣᠭ᠍ᠲᠠᠯ ᠬᠦᠴᠦᠨ᠎ᠢ ᠴᠢᠩᠭᠠᠳᠭᠠᠪᠠ᠃
ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ᠎ᠶ᠋ᠢᠨ ᠲᠣᠪᠴᠢᠶ᠎ᠠ ᠠᠵᠢᠯ᠎ᠤᠨ ᠪᠣᠳᠠᠲᠠᠶ᠎ᠲᠠᠶ ᠪᠠᠨ ᠤᠶᠠᠯᠳᠤᠭᠤᠯᠤᠨ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠢ᠋ ᠬᠢᠨᠠᠮᠠᠭᠠᠶ ᠰᠤᠷᠤᠯᠴᠠᠬᠤ᠂ ᠨᠠᠷᠢᠨ ᠰᠠᠢᠨ ᠲᠠᠢᠯᠤᠮᠵᠢ ᠪᠣᠯᠪᠠᠰᠤᠷᠠᠯ ᠬᠢᠬᠦ᠌᠂ ᠰᠡᠷᠡᠮᠵᠢᠯᠡᠭᠦᠯᠬᠦ᠌ ᠬᠥᠮᠦᠵᠢᠯ᠎ᠢ ᠰᠠᠢᠲᠤᠷ ᠠᠳᠭᠤᠬᠤ ᠵᠡᠷᠭᠡ᠎ᠶ᠋ᠢᠨ ᠲᠣᠭᠣᠷᠢᠨ᠎ᠳᠤ 12 ᠵᠦᠶ᠋ᠯ᠎ᠦᠨ ᠭᠤᠤᠯᠳᠠᠯᠭ᠎ᠠ᠎ᠲᠠᠶ ᠡᠭᠦᠷᠭᠡ ᠪᠠ ᠪᠣᠳᠠᠲᠠᠶ ᠱᠠᠭᠠᠷᠳᠠᠯᠭ᠎ᠠ᠎ᠶ᠋ᠢ ᠲᠣᠳᠣᠷᠬᠠᠢᠯᠠᠪᠠ᠃ ᠰᠠᠬᠢᠯᠭ᠎ᠠ ᠪᠠᠲᠤ ᠨᠠᠮ᠎ᠤᠨ ᠬᠢᠴᠢᠶᠡᠯ᠎ᠢ ᠰᠠᠢᠲᠤᠷ ᠶᠠᠷᠢᠬᠤ᠎ᠶ᠋ᠢᠨ ᠲᠥᠯᠥᠭᠡ᠂ ᠰᠡᠷᠡᠮᠵᠢᠯᠡᠭᠦᠯᠬᠦ᠌ ᠬᠥᠮᠦᠵᠢᠯ᠎ᠦᠨ ᠺᠢᠨᠣ᠋ᠦᠵᠡᠬᠦ᠂ ᠴᠢᠬᠡᠴᠢ ᠵᠠᠰᠠᠭ᠎ᠤᠨ ᠬᠥᠮᠦᠵᠢᠯ᠎ᠦᠨ ᠰᠠᠭᠤᠷᠢᠨ ᠵᠢᠡᠷ ᠲᠣᠭᠣᠷᠢᠨ ᠦᠵᠡᠬᠦ᠂ ᠨᠢᠭᠡ ᠪᠦᠯᠦᠭ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠪᠡᠷ ᠭᠠᠷᠳᠠᠴᠠ ᠪᠣᠯᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠪᠠ ᠲᠤᠬᠠᠢᠯᠠᠭ᠍ᠰᠠᠨ ᠠᠵᠢᠯ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠭᠦᠨᠵᠡᠭᠡᠶ ᠤᠶᠠᠯᠳᠤᠭᠤᠯᠬᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠲᠠᠢ ᠣᠷᠭᠠᠨᠢᠭ ᠠᠭᠤᠰᠤᠯᠴᠠᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠨᠠᠮ᠎ᠤᠨ ᠰᠠᠬᠢᠯᠭ᠎ᠠ ᠪᠠᠳᠤ ᠨᠠᠮ᠎ᠤᠨ ᠲᠣᠭ᠍ᠲᠠᠭᠠᠯ᠎ᠢᠶᠠᠷ 《ᠥᠪᠡᠷᠪᠡᠶᠡ ᠪᠡᠨ ᠪᠠᠢᠴᠠᠭᠠᠵᠤ》᠂ ᠪᠤᠷᠤᠭᠤ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠪᠡᠷ 《ᠰᠡᠷᠡᠮᠵᠢᠯᠡᠭᠦᠯᠵᠦ》᠂ ᠰᠠᠬᠢᠯᠭ᠎ᠠ ᠪᠠᠲᠤ᠌ ᠵᠢ ᠰᠤᠷᠤᠯᠴᠠᠬᠤ᠂ ᠰᠠᠬᠢᠯᠭ᠎ᠠ ᠪᠠᠲᠤ᠌ ᠵᠢ ᠮᠡᠳᠡᠬᠦ᠂ ᠰᠠᠬᠢᠯᠭ᠎ᠠ ᠪᠠᠲᠤ᠌ ᠵᠢ ᠤᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ ᠰᠠᠢᠨ ᠰᠠᠢᠬᠠᠨ ᠠᠭᠤᠷ ᠠᠮᠢᠰᠭᠤᠯ ᠢ᠋ ᠪᠤᠢ ᠪᠤᠯᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠢ ᠪᠢᠱᠢᠷᠡᠨ ᠵᠢᠷᠦᠬᠡᠱᠢᠶᠡᠬᠦ᠂ ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ᠎ᠢ ᠰᠠᠬᠢᠬᠤ ᠵᠢ ᠱᠠᠭᠠᠷᠳᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠨᠡᠨ ᠪᠣᠳᠠᠲᠠᠶ ᠦᠷ᠎ᠡ ᠪᠦᠲᠦᠮᠵᠢ ᠣᠯᠬᠤ᠎ᠶ᠋ᠢ ᠪᠠᠲᠤᠯᠠᠪᠠ᠃
ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠡᠭᠦᠷᠭᠡ ᠠᠵᠢᠯ᠎ᠤᠨ ᠬᠤᠪᠢᠶᠠᠷᠢᠯᠠᠯ᠎ᠢᠶᠠᠨ ᠨᠠᠷᠢᠯᠢᠭ᠍ᠵᠢᠭᠤᠯᠤᠨ᠂ ᠨᠠᠢᠳᠠᠪᠤᠷᠢᠵᠢᠭᠤᠯᠤᠯᠲᠠ᠎ᠶ᠋ᠢ ᠱᠠᠲᠤ ᠱᠠᠲᠤ᠎ᠪᠠᠷ ᠰᠠᠢᠲᠤᠷ ᠠᠳᠭᠤᠪᠠ᠃ ᠪᠦᠬᠦ᠌ ᠰᠤᠷᠭᠠᠭᠤᠯᠢ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠢ᠋ ᠴᠢᠬᠤᠯᠠ ᠰᠤᠷᠤᠯᠴᠠᠬᠤ ᠠᠭᠤᠯᠭ᠎ᠠ ᠪᠣᠯᠭᠠᠵᠤ᠂ ᠺᠠᠳ᠋ᠷ᠎ᠤᠨ ᠬᠥᠮᠦᠵᠢᠯ᠂ ᠨᠠᠮ᠎ᠤᠨ ᠭᠡᠱᠢᠭᠦᠨ ᠡᠯᠰᠡᠬᠦ᠌ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠳᠦ ᠣᠷᠣᠭᠤᠯᠪᠠ᠃ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠨᠠᠮ᠎ᠤᠨ ᠡᠭᠦᠷ᠎ᠦᠨ ᠲᠥᠪᠯᠡᠷᠡᠭᠦᠯᠦᠨ ᠰᠤᠷᠤᠯᠴᠠᠬᠤ᠂ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠬᠤ᠂ ᠰᠡᠷᠡᠮᠵᠢᠯᠡᠭᠦᠯᠬᠦ᠌ ᠬᠥᠮᠦᠵᠢᠯ᠂ ᠨᠠᠮ᠎ᠤᠨ ᠭᠡᠱᠢᠭᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠌᠂ ᠰᠠᠬᠢᠯᠭ᠎ᠠ ᠪᠠᠲᠤ᠎ᠶ᠋ᠢ ᠤᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠬᠦᠲᠦᠯᠦᠨ ᠵᠢᠯᠣᠭᠣᠳᠪᠠ᠃ ᠲᠣᠰ ᠰᠤᠷᠭᠠᠭᠤᠯᠢ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠰᠤᠷᠭᠠᠭᠤᠯᠢ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠂ 《ᠬᠤᠤᠰ ᠲᠡᠷᠢᠭᠦᠨ ᠲᠠᠰ》 ᠤ᠋ᠨ ᠪᠠᠢᠭᠤᠯᠤᠯᠲᠠ᠂ 《4 + 2》 ᠳ᠋ᠣᠺᠲ᠋ᠣᠷ᠎ᠤᠨ ᠴᠡᠭ᠎ᠢᠶᠡᠷ ᠭᠤᠶᠤᠴᠢᠯᠠᠨ ᠮᠡᠳᠡᠭᠦᠯᠬᠦ᠌ ᠠᠵᠢᠯ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠭ᠍ᠰᠠᠨ ᠲᠤᠱᠢᠶᠠᠯ᠎ᠤᠨ ᠮᠡᠳᠡᠭᠦᠯᠦᠯᠲᠡ᠎ᠶ᠋ᠢ ᠬᠢᠨᠠᠨ ᠱᠢᠯᠭᠠᠬᠤ᠎ᠳᠤ ᠣᠷᠣᠭᠤᠯᠤᠭ᠍ᠰᠠᠨ ᠪᠥᠭᠡᠳ ᠨᠠᠮ᠎ᠤᠨ ᠭᠡᠱᠢᠭᠦᠨ ᠺᠠᠳ᠋ᠷ᠎ᠤᠨ ᠣᠨ᠎ᠤ ᠬᠢᠨᠠᠨ ᠱᠢᠯᠭᠠᠬᠤ ᠴᠢᠬᠤᠯᠠ ᠯᠠᠪᠯᠠᠯᠲᠠ᠎ᠶ᠋ᠢᠨ ᠦᠨᠳᠦᠰᠦᠯᠡᠯ ᠪᠣᠯᠭᠠᠵᠤ᠂ ᠴᠢᠩᠭ᠎ᠠ ᠱᠠᠭᠠᠷᠳᠠᠯᠭ᠎ᠠ᠎ᠪᠠᠷ ᠠᠵᠢᠯ᠎ᠢᠶᠠᠨ ᠨᠠᠷᠢᠯᠢᠭ ᠪᠣᠳᠠᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
ᠪᠠᠶᠠᠨᠨᠠᠭᠤᠷ ᠬᠣᠲᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠶ᠋ᠯ᠎ᠦᠨ ᠠᠵᠢᠯ᠎ᠢ ᠬᠠᠷᠢᠯᠴᠠᠨ ᠠᠭᠤᠰᠤᠯᠴᠠᠭᠤᠯᠵᠤ ᠬᠠᠮᠲᠤ᠎ᠪᠠᠷ ᠠᠬᠢᠭᠤᠯᠵᠤ᠂ ᠢᠵᠢᠯᠢ ᠴᠢᠭ᠌ᠯᠡᠯ᠎ᠢᠶᠡᠷ ᠬᠦᠴᠦᠯᠡᠪᠡ᠃ ᠲᠣᠰ ᠬᠣᠲᠠ ᠲᠣᠭ᠎ᠠ ᠪᠠᠷᠢᠮᠲᠠ᠎ᠶ᠋ᠢᠨ ᠬᠤᠷᠢᠭ᠎ᠠ ᠰᠠᠭᠠᠳ᠎ᠢ ᠬᠦᠴᠦᠯᠡᠨ ᠡᠪᠳᠡᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠪᠠᠢᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠂ ᠴᠠᠭ᠎ᠢᠶᠠᠨ ᠲᠥᠪᠯᠡᠷᠡᠭᠦᠯᠦᠨ᠂ ᠣᠶᠤᠨ ᠴᠢᠳᠠᠯ᠎ᠢᠶᠠᠨ ᠲᠥᠪᠯᠡᠷᠡᠭᠦᠯᠦᠨ᠂ ᠬᠦᠴᠦᠨ᠎ᠢᠶᠡᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠦ ᠳᠤᠷ᠎ᠠ ᠦᠭᠡᠢᠴᠡᠯᠢ ᠬᠦᠷᠭᠡᠭ᠌ᠰᠡᠨ ᠨᠢᠭᠡ ᠪᠦᠯᠦᠭ ᠬᠡᠯᠪᠡᠷᠢᠴᠢ ᠦᠵᠡᠯ᠎ᠦᠨ ᠠᠰᠠᠭᠤᠳᠠᠯ᠎ᠢ ᠬᠦᠴᠦᠯᠡᠨ ᠵᠠᠯᠠᠷᠠᠭᠤᠯᠵᠤ᠂ ᠨᠢᠭᠡ ᠪᠦᠯᠦᠭ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠦ ᠨᠢᠳᠦᠨ ᠳ᠋ᠤ ᠦᠵᠡᠭᠳᠡᠮ᠎ᠡ ᠭᠠᠷ ᠲᠤ᠌ ᠪᠠᠷᠢᠭᠳᠠᠮ᠎ᠠ ᠪᠣᠳᠠᠲᠤ ᠶᠠᠪᠤᠳᠠᠯ ᠰᠠᠢᠨ ᠶᠠᠪᠤᠳᠠᠯ᠎ᠢ ᠬᠦᠴᠦᠯᠡᠨ ᠬᠢᠵᠡᠶ᠃ ᠡᠭᠦᠨ᠎ᠦ ᠬᠠᠮᠲᠤ ᠨᠠᠮ᠎ᠤᠨ ᠰᠠᠬᠢᠯᠭ᠎ᠠ ᠪᠠᠲᠤ ᠰᠤᠷᠤᠯᠴᠠᠯᠭ᠎ᠠ ᠬᠥᠮᠦᠵᠢᠯ᠎ᠦᠨ ᠳᠤᠮᠳᠠ ᠨᠠᠮ᠎ᠤᠨ ᠭᠡᠱᠢᠭᠦᠨ ᠺᠠᠳ᠋ᠷ᠎ᠤᠨ ᠲᠦᠷᠭᠡᠨ ᠱᠢᠢᠳᠪᠦᠷᠢᠯᠡᠬᠦ᠌ ᠴᠢᠬᠤᠯᠠᠲᠠᠢ 9 ᠵᠦᠢᠯ᠎ᠦᠨ ᠲᠤᠪᠤᠢ᠌ᠮ᠎ᠠ ᠠᠰᠠᠭᠤᠳᠠᠯ᠎ᠲᠠᠶ ᠪᠦᠬᠦ᠌ ᠲᠠᠯ᠎ᠠ᠎ᠪᠠᠷ ᠪᠠᠷᠢᠮᠵᠢᠶᠠᠯᠠᠵᠤ᠂ ᠬᠤᠳᠠ᠎ᠶ᠋ᠢᠨ ᠨᠠᠮ᠎ᠤᠨ ᠬᠣᠷᠢᠶ᠎ᠠ ᠬᠡᠯᠪᠡᠷᠢᠴᠢ ᠦᠵᠡᠯ᠎ᠢᠶᠡᠷ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ 7 ᠲᠠᠯ᠎ᠠ᠎ᠶ᠋ᠢᠨ 31 ᠵᠦᠢᠯ᠎ᠦᠨ ᠠᠵᠢᠯ᠎ᠤᠨ ᠰᠠᠨᠠᠯ ᠪᠣᠯᠤᠨ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ 4 ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠴᠡᠭ᠌ᠴᠡᠯᠡᠨ ᠵᠠᠰᠠᠵᠤ᠂ ᠠᠮᠠᠷᠬᠠᠨ ᠡᠭᠦᠰᠭᠦ᠂ ᠤᠯᠠᠨ ᠡᠭᠦᠰᠭᠦ ᠠᠶᠤᠯ ᠲᠦᠭ᠌ᠰᠢᠭᠦᠷᠢ᠎ᠶ᠋ᠢᠨ ᠴᠡᠭ᠎ᠢ ᠵᠠᠳᠠᠯᠵᠤ ᠬᠤᠷᠢᠶᠠᠩᠭᠤᠢᠯᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ 《ᠨᠢᠭᠡ ᠱᠤᠭᠤᠮ》 ᠵᠢᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠳᠡᠭᠡᠭ᠌ᠰᠢᠯᠡᠭᠦᠯᠬᠦ᠌᠎ᠶ᠋ᠢ ᠱᠠᠯᠠᠪᠳᠠᠭᠤᠯᠪᠠ᠃
ᠬᠥᠬᠡᠬᠣᠲᠠ᠎ᠶ᠋ᠢᠨ ᠬᠣᠷᠢᠨᠭᠡᠷ ᠱᠢᠶᠠᠨ ᠡᠭᠦᠷᠭᠡᠪᠠᠭᠤᠯᠭᠠᠬᠤ ᠵᠢᠨ ᠬᠠᠮᠲᠤ᠎ᠪᠠᠷ ᠪᠠᠢᠷᠢᠯᠠᠭᠤᠯᠵᠤ᠂ ᠠᠬᠢᠭᠤᠯᠬᠤ ᠵᠢᠨ ᠬᠠᠮᠲᠤ ᠲᠣᠬᠢᠷᠠᠭᠤᠯᠵᠤ᠂ ᠠᠰᠠᠭᠤᠳᠠᠯ᠎ᠢ ᠲᠤᠷᠠᠳᠤᠨ ᠭᠠᠷᠭᠠᠬᠤ ᠵᠢᠨ ᠬᠠᠮᠲᠤ᠎ᠪᠠᠷ ᠱᠢᠶ᠋ᠳᠪᠦᠷᠢᠯᠡᠬᠦ᠌᠎ᠶ᠋ᠢ ᠪᠠᠷᠢᠮᠲᠠᠯᠠᠵᠤ᠂ ᠮᠡᠳᠡᠭᠡ ᠵᠠᠩᠭᠢ᠎ᠶ᠋ᠢᠨ ᠨᠡᠪᠲᠡᠷᠡᠯᠴᠡᠭᠡ ᠪᠡᠷ ᠠᠵᠢᠯ᠎ᠤᠨ ᠨᠡᠪᠲᠡᠷᠡᠯᠴᠡᠭᠡ᠎ᠪᠡᠨ ᠠᠬᠢᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠦᠨᠳᠦᠰᠦᠨ ᠱᠠᠲᠤᠨ᠎ᠤ ᠠᠰᠠᠭᠤᠳᠠᠯ᠎ᠢ ᠱᠢᠶ᠋ᠳᠪᠦᠷᠢᠯᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠶ᠋ᠯ᠎ᠦᠨ ᠠᠵᠢᠯ᠎ᠢ ᠠᠬᠢᠭᠤᠯᠪᠠ᠃ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ 《ᠺᠣᠳ᠋》 ᠵᠢᠡᠷ ᠲᠤᠰᠭᠠᠬᠤ ᠠᠷᠭ᠎ᠠ ᠵᠠᠮ᠎ᠢ ᠨᠡᠪᠲᠡᠷᠡᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠦᠨᠳᠦᠰᠦᠨ ᠱᠠᠲᠤᠨ᠎ᠤ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠪᠠ᠃ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ 50 ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠰᠠᠢᠲᠤᠷ ᠬᠡᠷᠡᠭ᠌ᠯᠡᠵᠦ᠍᠂ ᠠᠷᠢᠭᠤᠨ ᠴᠢᠬᠡᠴᠢ᠎ᠪᠡᠷ ᠵᠠᠰᠠᠭ ᠪᠠᠷᠢᠬᠤ ᠲᠦᠭ᠌ᠰᠢᠭᠦᠷᠢ᠎ᠶ᠋ᠢᠨ ᠴᠡᠭ ᠪᠠ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭ᠌ᠵᠢᠭᠦᠯᠬᠦ᠌ ᠦᠭᠡᠢ ᠠᠰᠠᠭᠤᠳᠠᠯ᠎ᠢ ᠬᠢᠨᠠᠮᠠᠭᠠᠢ ᠵᠢᠭ᠍ᠰᠠᠭᠠᠨ ᠪᠠᠢᠴᠠᠭᠠᠬᠤ᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠯᠠᠪᠳᠠᠭᠤᠨ ᠪᠠᠲᠤᠲᠠᠢ᠎ᠪᠠᠷ ᠠᠵᠢᠯ ᠶᠠᠪᠤᠳᠠᠯ ᠬᠢᠬᠦ᠌᠂ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠬᠦ᠌ ᠦᠵᠡᠯ ᠰᠠᠨᠠᠭᠠᠨ᠎ᠤ ᠬᠠᠱᠢᠯᠭ᠎ᠠ᠎ᠶ᠋ᠢ ᠪᠠᠲᠤ ᠴᠣᠭ᠍ᠴᠠᠯᠠᠪᠠ᠃ ᠤᠯᠠᠨ ᠲᠦᠮᠡᠨ᠎ᠦ ᠠᠩᠬᠠᠷᠴᠤ᠌ ᠪᠠᠢᠭ᠎ᠠ ᠠᠮᠢ ᠪᠡᠶ᠎ᠡ᠎ᠶ᠋ᠢᠨ ᠠᠱᠢᠭ ᠲᠤᠰᠠ᠎ᠶ᠋ᠢᠨ ᠠᠰᠠᠭᠤᠳᠠᠯ᠎ᠲᠠᠶ ᠤᠶᠠᠯᠳᠤᠭᠤᠯᠤᠨ᠂ 《ᠨᠡᠭᠦᠷᠡᠰᠦ᠎ᠶ᠋ᠢ ᠴᠠᠬᠢᠯᠭᠠᠨ ᠪᠣᠯᠭᠠᠨ ᠥᠭᠡᠷᠡᠴᠢᠯᠡᠬᠦ᠌》᠂ ᠲᠠᠷᠢᠶᠠᠴᠢᠳ᠎ᠲᠤ ᠠᠱᠢᠭ ᠬᠦᠷᠲᠡᠭᠡᠬᠦ᠌ ᠨᠥᠬᠥᠪᠥᠷᠢ᠎ᠶ᠋ᠢ ᠨᠠᠢᠳᠠᠪᠤᠷᠢᠵᠢᠭᠤᠯᠬᠤ ᠵᠡᠷᠭᠡ 7 ᠲᠠᠯ᠎ᠠ᠎ᠶ᠋ᠢᠨ 12 ᠵᠦᠢᠯ᠎ᠦᠨ ᠭᠣᠣᠯᠳᠠᠯᠭ᠎ᠠ᠎ᠲᠠᠶ ᠠᠰᠠᠭᠤᠳᠠᠯ᠎ᠢ ᠱᠢᠢᠳᠪᠦᠷᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠪᠡ᠃