ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠬᠡᠯᠪᠡᠷᠢ ᠵᠢᠨ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠠᠳᠭᠤᠵᠤ᠂ ᠦᠷ᠎ᠡ ᠪᠦᠲᠦᠮᠵᠢ ᠭᠠᠷᠭᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠰᠠᠬᠢᠯᠭ᠎ᠠ ᠨᠠᠮ᠎ᠤᠨ ᠲᠣᠭ᠍ᠲᠠᠭᠠᠯ᠎ᠢ ᠨᠠᠷᠢᠨ ᠬᠢᠨᠠᠮᠠᠭᠠᠢ ᠰᠤᠷᠤᠯᠴᠠᠬᠤ᠎ᠶ᠋ᠢ ᠠᠬᠢᠭᠤᠯᠵᠤ᠂ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠰᠠᠬᠢᠭ᠍ᠰᠠᠨ ᠤᠷᠢᠲᠠᠯ ᠳᠣᠣᠷ᠎ᠠ᠂ ᠰᠡᠳᠭᠢᠯ ᠠᠮᠤᠷ ᠠᠵᠢᠯᠯᠠᠵᠤ᠂ ᠵᠣᠷᠢᠭ᠍ᠲᠠᠢᠠᠵᠢᠯᠯᠠᠵᠤ᠂ ᠵᠣᠷᠢᠭ᠍ᠲᠠᠢ ᠤᠷᠤᠭ᠍ᠰᠢᠯᠠᠵᠤ᠂ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ ᠤ ᠨᠡᠢᠭᠡᠮ᠎ᠦᠨ ᠠᠵᠢᠯ᠎ᠤᠨ ᠬᠡᠯᠲᠡᠰ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ ᠠᠳᠭᠤᠵᠤ᠂ ᠠᠵᠢᠯ᠎ᠤᠨ ᠲᠣᠬᠢᠷᠠᠭᠤᠯᠤᠯᠲᠠ᠎ᠶ᠋ᠢ ᠨᠠᠷᠢᠯᠢᠭ᠍ᠵᠢᠭᠤᠯᠤᠨ᠂ ᠬᠡᠯᠳᠡᠰ ᠤ᠋ᠨ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠲᠦᠷᠦᠭᠦᠯᠡᠨ ᠰᠤᠷᠤᠯᠴᠠᠬᠤ᠂ ᠰᠤᠷᠤᠯᠴᠠᠯᠭ᠎ᠠ᠎ᠶ᠋ᠢ ᠠᠬᠢᠭᠤᠯᠬᠤ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠪᠥᠬᠥ᠌ ᠨᠠᠮ᠎ᠤᠨ ᠭᠡᠱᠢᠭᠦᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 (ᠳᠣᠷᠣᠭ᠍ᠰᠢ 《ᠲᠦᠷᠢᠮ 》 ᠭᠡᠵᠦ᠍ ᠳᠦᠭᠦᠮᠴᠢᠯᠡᠨ᠎ᠠ) ᠢ᠋ ᠲᠡᠷᠡ ᠬᠡᠪ᠎ᠢᠶᠡᠷ᠎ᠨᠢ ᠰᠤᠷᠤᠯᠴᠠᠪᠠ;ᠰᠡᠷᠡᠮᠵᠢᠯᠡᠭᠦᠯᠬᠦ᠌ ᠬᠥᠮᠦᠵᠢᠯ᠎ᠢ ᠪᠣᠳᠠᠲᠠᠢᠵᠢᠭᠤᠯᠵᠤ᠂ ᠭᠠᠵᠠᠷ ᠣᠷᠣᠨ᠂ ᠠᠵᠢᠯ ᠲᠥᠷᠥᠯ᠂ ᠬᠦᠷᠢᠶ᠎ᠡ᠂ ᠱᠢᠰᠲ᠋ᠧᠮ᠎ᠦᠨ ᠴᠢᠨᠠᠷᠲᠠᠶ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠬᠤᠷᠠᠯ ᠬᠤᠷᠠᠯᠳᠤᠭᠤᠯᠬᠤ᠂ ᠲᠤᠬᠠᠶ᠎ᠶ᠋ᠢᠨ ᠭᠠᠵᠠᠷ᠎ᠲᠤᠨᠢ ᠲᠣᠭᠣᠷᠢᠨ ᠦᠵᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠤ᠋ᠨ ᠦᠵᠡᠯ ᠰᠠᠨᠠᠭᠠᠨ᠎ᠤ ᠰᠡᠷᠡᠮᠵᠢ᠎ᠶ᠋ᠢᠨ ᠬᠣᠩᠬᠣ᠎ᠶ᠋ᠢ ᠳᠤᠤᠭᠠᠷᠭᠠᠵᠤ᠂ ᠰᠠᠬᠢᠯᠭ᠎ᠠ ᠪᠠᠲᠤ᠎ᠶ᠋ᠢᠨ ᠬᠥᠪᠴᠢ᠎ᠶ᠋ᠢ ᠴᠢᠩᠭᠠᠯᠠᠵᠤ᠂ ᠪᠢᠱᠢᠷᠡᠨ ᠵᠢᠷᠦᠬᠡᠱᠢᠶᠡᠬᠦ᠌ ᠰᠡᠳᠭᠢᠯᠭᠡ ᠵᠢ ᠪᠠᠳᠤᠳᠬᠠᠪᠠ;ᠨᠠᠮ᠎ᠤᠨ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠨᠠᠮ᠎ᠤᠨ ᠰᠠᠬᠢᠯᠭ᠎ᠠ ᠪᠠᠲᠤ᠎ᠶ᠋ᠢ ᠵᠢᠱ᠌ᠢᠶᠡᠴᠢ᠎ᠪᠡᠷ ᠬᠡᠷᠡᠭ᠌ᠵᠢᠭᠦᠯᠬᠦ᠌ ᠪᠠ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌ ᠪᠠ ᠪᠠᠲᠤᠯᠠᠭ᠎ᠠ ᠬᠠᠩᠭᠠᠬᠤ ᠳᠡᠭᠡᠷ᠎ᠡ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠣᠲᠣ ᠪᠣᠯᠲᠠᠯ᠎ᠠ᠂ ᠪᠥᠬᠥ᠌ ᠣᠷᠣᠨ᠎ᠤ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠫᠠᠢᠰᠠ ᠲᠡᠮᠳᠡᠭ ᠪᠠ ᠲᠦᠷᠢᠮ᠎ᠦᠨ ᠫᠠᠢᠰᠠ ᠢᠯᠡᠷᠬᠡᠢᠯᠡᠯ᠎ᠢ 58300 ᠭᠠᠷᠤᠶ ᠢᠯᠭᠠᠷᠠᠭᠤᠯᠤᠨ ᠡᠮᠬᠢᠯᠡᠵᠤ᠂ 70% ᠡᠴᠡ ᠳᠡᠭᠡᠭ᠌ᠰᠢᠬᠢ ᠬᠣᠱᠢᠭᠤ ᠱᠢᠶᠠᠨ᠎ᠳᠤ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠬᠡᠷᠡᠭ ᠶᠠᠪᠤᠳᠠᠯ ᠢ᠋ ᠵᠥᠪᠱᠢᠶᠡᠷᠡᠨ ᠣᠷᠣᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ ᠡᠴᠡ ᠭᠠᠷᠭᠠᠵᠤ ᠪᠤᠯᠬᠤ ᠭᠡᠷᠡᠴᠢ ᠵᠢᠨ ᠨᠠᠷᠢᠨ ᠲᠠᠩᠰᠠ᠎ᠶ᠋ᠢ ᠲᠣᠭ᠍ᠲᠠᠭᠠᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ᠎ᠢ ᠴᠡᠭ᠌ᠴᠡᠯᠡᠨ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 6 ᠵᠦᠶ᠋ᠯ᠎ᠦᠨ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠵᠦ᠍᠂ ᠲᠡᠮᠦᠷ ᠮᠡᠲᠦ ᠰᠠᠬᠢᠯᠭ᠎ᠠ ᠪᠠᠲᠤ᠎ᠶ᠋ᠢ ᠠᠵᠢᠯ᠎ᠤᠨ ᠪᠥᠬᠥ᠌ ᠶᠠᠪᠤᠴᠠ ᠡᠯ᠎ᠡ ᠲᠠᠯ᠎ᠠ᠎ᠳᠤ ᠠᠭᠤᠰᠭᠠᠨ ᠣᠷᠣᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠦᠨ ᠤᠷᠳᠤᠨ ᠨᠣᠮ ᠤᠩᠱᠢᠬᠤ ᠠᠩᠭᠢ ᠡᠷᠬᠢᠯᠡᠬᠦ᠌᠂ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠬᠦ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ᠂ ᠲᠤᠰᠭᠠᠶ ᠰᠡᠳᠦᠪᠲᠦ ᠨᠠᠮ᠎ᠤᠨ ᠬᠢᠴᠢᠶᠡᠯ ᠣᠷᠣᠬᠤ ᠵᠡᠷᠭᠡ ᠬᠡᠯᠪᠡᠷᠢ ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠤᠢᠯᠠᠭᠠᠵᠤ᠂ 《ᠲᠦᠷᠢᠮ》 ᠤ᠋ᠨ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠂ ᠰᠠᠬᠢᠯᠭ᠎ᠠ ᠪᠠᠲᠤ ᠶᠣᠰᠣ ᠳᠦᠷᠢᠮ᠎ᠦᠨ ᠤᠬᠠᠮᠰᠠᠷ᠎ᠢᠶᠡᠨ ᠦᠷᠭᠦᠯᠵᠢᠯᠡᠨ ᠴᠢᠩᠭᠠᠳᠬᠠᠵᠤ᠂ ᠥᠪᠡᠷ᠎ᠢ᠎ᠪᠡᠨ ᠴᠢᠩᠭ᠎ᠠ ᠱᠠᠭᠠᠷᠳᠠᠬᠤ᠎ᠶ᠋ᠢ ᠴᠢᠩᠭᠠᠳᠬᠠᠵᠤ᠂ ᠡᠭᠡᠯᠢᠯᠡᠭᠡ᠎ᠶ᠋ᠢᠨ ᠴᠢᠳᠠᠪᠤᠷᠢ ᠪᠠᠨ ᠳᠡᠭᠡᠭ᠌ᠰᠢᠯᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ᠎ᠢ ᠦᠨᠡᠨ ᠬᠦ᠌ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭᠠᠨ᠎ᠤ ᠤᠬᠠᠮᠰᠠᠷ ᠪᠤᠯᠭᠠᠨ ᠤᠨᠳᠤᠤᠰᠢᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠱᠢᠨ᠎ᠡ ᠵᠠᠮ᠎ᠢ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ ᠵᠢ ᠬᠥᠮᠦᠵᠢᠭᠦᠯᠦᠨ ᠵᠢᠯᠣᠭᠣᠳᠴᠠᠢ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠦᠨ ᠣᠷᠳᠣᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠥᠬᠥ᠌ ᠲᠠᠯ᠎ᠠ᠎ᠪᠠᠷ ᠴᠣᠭ᠍ᠴᠠᠯᠠᠵᠤ᠂ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠡᠷ᠎ᠦᠨ ᠰᠤᠷᠲᠠᠯ》 ᠲᠠᠩᠰᠠ ᠡᠪᠬᠡᠮᠡᠯ᠎ᠦᠨ ᠦᠵᠡᠭᠦᠯᠭᠡ ᠪᠣᠯᠤᠨ ᠠᠷᠢᠭᠤᠨ ᠴᠢᠬᠡᠴᠢ᠎ᠶᠢᠨ ᠰᠣᠶᠣᠯ᠎ᠤᠨ ᠲᠠᠩᠰᠠ ᠡᠪᠬᠡᠮᠡᠯ ᠲᠤᠯᠭᠤᠷ ᠪᠢᠴᠢᠭ᠎ᠦᠨ ᠣᠷᠳᠣ ᠬᠣᠩᠭᠢᠯ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠬᠤᠪᠢᠰᠭᠠᠯ᠎ᠤᠨ ᠵᠣᠷᠢᠭ ᠰᠠᠨᠠᠭ᠎ᠠ᠎ᠪᠠᠷ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠵᠦ᠍ ᠬᠥᠲᠥᠯᠥᠨ ᠵᠢᠯᠣᠭᠣᠳᠪᠠ᠃ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠡᠷ᠎ᠦᠨ ᠰᠤᠷᠲᠠᠯ》 ᠲᠠᠩᠰᠠ ᠡᠪᠬᠡᠮᠡᠯ᠎ᠦᠨ ᠦᠵᠡᠭᠦᠯᠭᠡ ᠵᠢ ᠡᠬᠢᠯᠡᠭ᠌ᠦᠯᠦᠭᠰᠡᠨ ᠡᠴᠡ ᠨᠠᠭᠠᠰᠢ᠂ ᠨᠢᠭᠡᠨᠲᠡ 80 ᠭᠠᠷᠤᠶ ᠪᠠᠢᠭᠤᠯᠭ᠎ᠠ ᠨᠢᠭᠡᠴᠢ᠎ᠶ᠋ᠢᠨ 6000 ᠭᠠᠷᠤᠶ ᠬᠥᠮᠦᠨ᠎ᠢ ᠭᠥᠯᠢᠶᠡᠨ ᠠᠪᠴᠤ᠌ ᠲᠣᠭᠣᠷᠢᠨ ᠦᠵᠡᠭᠦᠯᠪᠡ᠃
ᠲᠦᠩᠯᠢᠶᠣᠤ ᠬᠣᠲᠠ ᠲᠥᠷᠥᠯ ᠬᠤᠪᠢᠶᠠᠨ ᠵᠢᠯᠣᠭᠣᠳᠭᠤ᠎ᠶ᠋ᠢ ᠪᠣᠳᠠᠲᠠᠶ ᠠᠳᠭᠤᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠭᠤᠤᠯᠳᠠᠯᠭ᠎ᠠ᠎ᠲᠠᠶ ᠡᠭᠦᠷᠭᠡ᠎ᠶ᠋ᠢ ᠵᠢᠯᠣᠭᠣᠳᠤᠨ ᠠᠬᠢᠭᠤᠯᠬᠤ ᠲᠥᠯᠥᠪᠯᠡᠭᠡ ᠲᠣᠭ᠍ᠲᠠᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ 《ᠲᠦᠷᠢᠮ》 ᠤ᠋ᠨ ᠠᠭᠤᠯᠭ᠎ᠠ᠎ᠶ᠋ᠢ ᠲᠡᠷᠡ ᠬᠡᠪ᠎ᠢᠶᠡᠷ᠎ᠨᠢ ᠰᠤᠷᠤᠯᠴᠠᠪᠠ᠃ ᠡᠭᠦᠨ᠎ᠦ ᠬᠠᠮᠲᠤ᠂ ᠨᠡᠭᠦᠳᠡᠯ ᠨᠠᠮ᠎ᠤᠨ ᠭᠡᠱᠢᠭᠦᠨ ᠰᠦᠯᠵᠢᠶᠡᠨ ᠳᠡᠭᠡᠷ᠎ᠡ ᠳᠠᠭᠠᠭᠤᠯᠤᠨ ᠰᠤᠷᠤᠯᠴᠠᠬᠤ᠂ ᠠᠵᠢᠯ ᠡᠴᠡ᠎ᠪᠠᠨ ᠳᠠᠷᠬᠠᠯᠠᠭ᠍ᠳᠠᠵᠤ ᠠᠵᠢᠯ ᠡᠴᠡ᠎ᠪᠠᠨ ᠠᠮᠠᠷᠠᠭ᠍ᠰᠠᠨ ᠨᠠᠮ᠎ᠤᠨ ᠭᠡᠱᠢᠭᠦᠨ ᠰᠤᠷᠤᠯᠴᠠᠯᠭ᠎ᠠ ᠵᠢ ᠬᠡᠷ᠎ᠲᠦᠨᠢ ᠬᠦᠷᠭᠡᠬᠦ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳᠡᠬᠢ ᠨᠠᠮ᠎ᠤᠨ ᠭᠡᠱᠢᠭᠦᠨ ᠬᠤᠤᠰᠯᠠᠨ ᠬᠣᠯᠪᠣᠭᠠᠯᠠᠵᠤ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠡᠷ ᠰᠤᠷᠤᠯᠴᠠᠯᠭ᠎ᠠ᠎ᠶ᠋ᠢᠨ ᠦᠷ᠎ᠡ ᠪᠦᠲᠦᠮᠵᠢ᠎ᠶ᠋ᠢ ᠭᠦᠨᠵᠡᠭᠡᠢᠷᠡᠭᠦᠯᠪᠡ᠃ ᠲᠣᠰ ᠬᠣᠲᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠵᠠ ᠲᠣᠬᠢᠶᠠᠯ᠎ᠢ ᠴᠢᠩᠭ᠎ᠠ ᠠᠳᠭᠤᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠨᠥᠬᠥᠪᠥᠷᠢ᠎ᠶ᠋ᠢ ᠭᠦᠢᠴᠡᠳᠬᠡᠬᠦ ᠵᠡᠷᠭᠡ 18 ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ ᠡᠭᠦᠷᠭᠡ᠎ᠶ᠋ᠢ ᠲᠣᠭ᠍ᠲᠠᠭᠠᠵᠤ᠂ 4787 ᠬᠡᠷᠡᠭ᠎ᠦᠨ ᠰᠦᠪᠡᠭ᠌ᠴᠢ᠎ᠶ᠋ᠢ ᠢᠯᠡᠷᠡᠭᠦᠯᠵᠦ᠍᠂ 103 ᠬᠡᠷᠡᠭ᠎ᠢ ᠬᠡᠷᠡᠭ ᠪᠣᠯᠭᠠᠨ ᠳᠡᠩᠰᠡᠯᠡᠵᠦ᠍᠂ ᠰᠦᠷᠳᠡᠭᠦᠯᠬᠦ᠌ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠪᠠ᠃ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 9 ᠬᠣᠱᠢᠭᠤ ᠱᠢᠶᠠᠨ ᠬᠣᠲᠠ ᠲᠣᠭᠣᠷᠢᠭ ᠪᠦᠬᠦᠨ᠎ᠢᠶᠡᠷ᠎ᠢᠶᠡᠨ ᠭᠠᠴᠠᠭ᠎ᠠ ᠲᠣᠰᠭᠣᠨ ( ᠨᠡᠢᠭᠡᠮ ᠲᠣᠭᠣᠷᠢᠭ) ᠤ᠋ ᠭᠦᠶ᠋ᠴᠡᠳᠭᠡᠪᠡᠰᠦ ᠵᠣᠬᠢᠬᠤ ᠵᠢ ᠬᠦᠢᠴᠡᠳᠬᠡᠬᠦ᠂ ᠬᠠᠮᠵᠢᠯᠴᠠᠨ ᠭᠦᠶ᠋ᠴᠡᠳᠭᠡᠬᠦ᠌᠂ ᠣᠷᠣᠯᠠᠨ ᠭᠦᠶ᠋ᠴᠡᠳᠭᠡᠬᠦ᠌᠂ ᠭᠦᠶ᠋ᠴᠡᠳᠭᠡᠵᠦ᠍ ᠪᠣᠯᠬᠤ ᠥᠬᠡᠶ᠂ ᠵᠥᠪᠱᠢᠶᠡᠷᠡᠭ᠌ᠰᠡᠨᠦ ᠳᠠᠷᠠᠭ᠎ᠠ ᠬᠦᠢᠴᠡᠳᠬᠡᠬᠦ 《ᠲᠠᠪᠤᠨ ᠭᠦᠶ᠋ᠴᠡᠳᠭᠡᠬᠦ᠌》ᠡᠷᠬᠡ ᠬᠠᠷᠢᠭᠤᠴᠠᠯᠭ᠎ᠠ᠎ᠶ᠋ᠢᠨ ᠵᠦᠶ᠋ᠯᠡᠰ᠎ᠦᠨ ᠨᠠᠷᠢᠨ ᠳᠠᠩᠰᠠ᠎ᠶ᠋ᠢ ᠪᠠᠢᠭᠤᠯᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠠᠵᠢᠯ᠎ᠤᠨ ᠵᠦᠶ᠋ᠯᠡᠰ᠎ᠢ ᠦᠨᠡᠨᠬᠦ᠌ ᠵᠢᠷᠤᠮᠵᠢᠭᠤᠯᠪᠠ᠃ ᠣᠳᠣᠬᠠᠨ ᠪᠣᠯᠲᠠᠯ᠎ᠠ᠂ ᠬᠣᠲᠠ᠎ᠶ᠋ᠢᠨ ᠱᠠᠲᠤᠨ᠎ᠤ ᠠᠵᠢᠯ᠎ᠤᠨ ᠲᠤᠰᠭᠠᠶ ᠠᠩᠭᠢ᠎ᠶ᠋ᠢ ᠴᠣᠮᠬᠠᠳᠭᠠᠭ᠍ᠰᠠᠨ ᠬᠡᠮᠵᠢᠶ᠎ᠡ 46.9% ᠳ᠋ᠤ ᠬᠦᠷᠴᠦ᠍᠂ ᠵᠢᠷᠤᠮᠵᠢᠯ ᠥᠬᠡᠶ ᠡᠯᠭᠦᠭᠰᠡᠨ 9191 ᠫᠠᠢᠰᠠ ᠵᠢ ᠴᠡᠭᠴᠡᠯᠡᠪᠡ᠃
ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠪᠣᠯᠤᠨ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠪᠢᠴᠢᠭ ᠮᠠᠲᠸᠷᠢᠶᠠᠯ᠎ᠤᠨ ᠰᠤᠷᠲᠠᠯ ᠬᠤᠷᠠᠯ᠎ᠤᠨ ᠰᠤᠷᠲᠠᠯ ᠪᠣᠳᠠᠲᠠᠢ ᠪᠢᠰᠢ᠂ 《ᠱᠠᠭᠠᠷᠳᠠᠨ ᠪᠠᠢᠴᠠᠭᠠᠬᠤ ᠬᠢᠨᠠᠨ ᠪᠠᠢᠴᠠᠭᠠᠬᠤ ᠱᠢᠯᠭᠠᠨ ᠪᠠᠢᠴᠠᠭᠠᠬᠤ》ᠵᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠤᠭ᠍ᠰᠠᠨ᠎ᠢᠶᠠᠷ ᠬᠦᠷᠦᠯᠴᠡᠬᠦ᠌ ᠦᠭᠡᠢ ᠵᠡᠷᠭᠡ 12 ᠲᠠᠯ᠎ᠠ᠎ᠶ᠋ᠢᠨ ᠠᠰᠠᠭᠤᠳᠠᠯ᠎ᠢ ᠭᠣᠣᠯᠳᠠᠯᠭ᠎ᠠ᠎ᠲᠠᠶ ᠱᠢᠢᠳᠪᠦᠷᠢᠯᠡᠵᠦ᠍᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠡᠬᠢ ᠡᠭᠦᠰᠦᠯ ᠡᠴᠡ ᠨᠢ ᠵᠠᠰᠠᠬᠤ᠎ᠶ᠋ᠢ ᠴᠢᠩᠭᠠᠳᠭᠠᠪᠠ᠃ ᠣᠳᠣᠬᠠᠨ᠎ᠳᠦ᠂ ᠬᠤᠷᠠᠯ᠎ᠢ 30 % ᠪᠠᠷ ᠴᠣᠮᠬᠠᠳᠭᠠᠵᠤ᠂ ᠪᠢᠴᠢᠭ ᠮᠠᠲ᠋ᠧᠷᠢᠶᠠᠯ᠎ᠢ 2.6% ᠪᠠᠷ ᠴᠣᠮᠬᠠᠳᠭᠠᠵᠤ᠂ 《ᠳᠤᠷ᠎ᠠ᠎ᠪᠠᠷ᠎ᠢᠶᠠᠨ ᠫᠠᠢᠰᠠ ᠡᠯᠭᠦᠬᠰᠡᠨ》ᠫᠠᠢᠰᠠ ᠢᠯᠡᠷᠬᠡᠢᠯᠡᠯ᠎ᠢ 700 ᠭᠠᠷᠤᠶ ᠬᠡᠰᠡᠭ ᠴᠡᠭ᠌ᠴᠡᠯᠡᠨ ᠰᠠᠢᠵᠢᠷᠠᠭᠤᠯᠵᠤ᠂ ᠬᠡᠷᠡᠮ ᠳᠡᠭᠡᠷᠡᠬᠢ ᠬᠠᠭᠤᠴᠢᠨ ᠲᠦᠷᠢᠮ ᠲᠣᠭ᠍ᠲᠠᠴᠠ᠎ᠶ᠋ᠢ 500 ᠭᠠᠷᠤᠶ ᠬᠤᠪᠢ᠂ ᠸᠢᠴᠠᠲ᠎ᠤᠨ ᠬᠤᠯᠪᠤᠭ᠎ᠠ ᠴᠤᠭ᠍ᠯᠠᠷᠠᠯ᠎ᠢ 2013 ᠵᠢ ᠴᠡᠭ᠌ᠴᠡᠯᠡᠪᠡ᠃ ᠲᠣᠰ ᠲᠣᠭᠣᠷᠢᠭ ᠲᠡᠦᠬᠡ᠎ᠶ᠋ᠢᠨ ᠦᠯᠡᠳᠡᠭ᠌ᠳᠡᠯ ᠪᠠ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠲᠡ 40 ᠵᠦᠶ᠋ᠯ᠎ᠦᠨ ᠴᠡᠭ᠌ᠴᠡᠯᠡᠨ ᠵᠠᠰᠠᠬᠤ ᠡᠭᠦᠷᠭᠡ᠎ᠶ᠋ᠢ ᠡᠮᠬᠢᠯᠡᠨ ᠲᠣᠭ᠍ᠲᠠᠭᠠᠵᠤ᠂ ᠨᠢᠭᠡᠨᠲᠡ ᠪᠣᠳᠠᠲᠠᠶ ᠠᠷᠭ᠎ᠠ ᠬᠡᠮᠵᠢᠶ᠎ᠡ᠂ ᠴᠡᠭ᠌ᠴᠡᠯᠡᠨ ᠵᠠᠰᠠᠬᠤ ᠴᠠᠭ᠎ᠤᠨ ᠬᠢᠵᠠᠭᠠᠷ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠠᠰᠠᠭᠤᠳᠠᠯ᠎ᠢ ᠦᠨᠡᠨ ᠬᠦ᠌ ᠪᠣᠳᠠᠲᠠᠶ ᠴᠡᠭ᠌ᠴᠡᠯᠡᠨ ᠰᠠᠢᠵᠢᠷᠠᠭᠤᠯᠪᠠ᠃