ᠮᠠᠨᠤ ᠣᠷᠣᠨᠤ ᠡᠯ᠎ᠡ ᠱᠠᠲᠤᠨᠤ ᠨᠠᠮ ᠤ᠋ᠨ ᠵᠣᠬᠢᠶᠠᠨ ᠪᠠᠢᠭᠤᠯᠤᠯᠲᠠ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠪᠠ ᠭᠣᠣᠯ ᠠᠵᠢᠯ ᠢ᠋ ᠠᠬᠢᠭᠤᠯᠬᠤ ᠵᠢ ᠵᠡᠷᠭᠡ ᠪᠡᠷ ᠠᠳᠭᠤᠬᠤ᠂ ᠵᠡᠷᠭᠡ ᠪᠡᠷ ᠠᠬᠢᠭᠤᠯᠬᠤ ᠵᠢ ᠪᠠᠷᠢᠮᠲᠠᠯᠠᠵᠤ᠂ ᠲᠦᠷᠢᠮ ᠲᠣᠭ᠍ᠲᠠᠭᠠᠯ ᠢ᠋ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠪᠠ ᠲᠤᠱᠢᠶᠠᠯ ᠬᠠᠷᠢᠭᠤᠴᠠᠯᠭ᠎ᠠᠪᠠᠨ ᠭᠦᠢᠴᠡᠳᠭᠡᠬᠦ᠌ ᠵᠢ ᠴᠢᠩᠭᠠᠳᠭᠠᠬᠤ ᠲᠠᠯ᠎ᠠ ᠪᠡᠷ ᠵᠡᠷᠭᠡ ᠪᠡᠷ ᠬᠦᠴᠦᠯᠡᠵᠦ᠍᠂ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠪᠣᠳᠠᠲᠠᠢ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠵᠥ ᠪᠤᠢ᠃
ᠥᠪᠡᠷᠲᠡᠭᠡᠨ ᠵᠠᠰᠠᠬᠤ ᠣᠷᠣᠨᠤ ᠰᠤᠷᠭᠠᠨ ᠬᠥᠮᠦᠵᠢᠯ ᠤ᠋ᠨ ᠲᠢᠩᠬᠢᠮ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠤ᠋ᠨ ᠬᠡᠷᠡᠭ᠌ᠵᠢᠭᠦᠯᠬᠦ᠌ ᠲᠥᠰᠦᠯ ᠢ᠋ ᠲᠣᠭ᠍ᠲᠠᠭᠠᠵᠤ᠂ ᠬᠠᠷᠢᠭᠤᠴᠠᠯᠭ᠎ᠠ ᠠᠵᠢᠯ ᠤ᠋ᠨ ᠬᠤᠪᠢᠶᠠᠷᠢᠯᠠᠯ ᠢ᠋ ᠲᠣᠳᠣᠷᠬᠠᠢᠯᠠᠨ᠂ ᠠᠵᠢᠯ ᠤ᠋ᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠨᠠᠮ ᠤ᠋ᠨ ᠭᠡᠱᠢᠭᠦᠨ ᠤᠳᠤᠷᠢᠳᠭᠤ ᠺᠠᠳ᠋ᠷ᠂ ᠪᠠᠭ᠍ᠰᠢᠨᠠᠷᠤᠨ ᠲᠤᠮᠳᠠᠬᠢ ᠨᠠᠮ ᠤ᠋ᠨ ᠭᠡᠱᠢᠭᠦᠨ᠂ ᠰᠤᠷᠤᠭ᠍ᠴᠢᠳᠤᠨ ᠲᠤᠮᠳᠠᠬᠢ ᠨᠠᠮ ᠤ᠋ᠨ ᠭᠡᠱᠢᠭᠦᠨ᠂ ᠠᠵᠢᠯᠠᠴᠠᠪᠠᠨ ᠳᠠᠷᠬᠠᠯᠠᠭ᠍ᠳᠠᠭ᠍ᠰᠠᠨ ᠠᠵᠢᠯᠠᠴᠠᠪᠠᠨ ᠠᠮᠠᠷᠠᠭ᠍ᠰᠠᠨ ᠨᠠᠮ ᠤ᠋ᠨ ᠭᠡᠱᠢᠭᠦᠨ ᠵᠡᠷᠭᠡ ᠠᠳᠠᠯᠢ ᠪᠤᠰᠤ ᠬᠥᠮᠦᠰ ᠤ᠋ᠨ ᠣᠨᠴᠠᠯᠢᠭ ᠢ᠋ ᠦᠨᠳᠦᠰᠦᠯᠡᠨ᠂ ᠣᠯᠠᠨ ᠵᠦᠶ᠋ᠯ ᠤ᠋ᠨ ᠬᠡᠯᠪᠡᠷᠢ ᠪᠡᠷ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠵᠥ ᠪᠤᠢ᠃ ᠲᠣᠰ ᠲᠢᠩᠬᠢᠮ ᠬᠡᠷᠡᠭ ᠤ᠋ᠨ ᠵᠢᠱ᠌ᠢᠶ᠎ᠡ ᠵᠢ ᠠᠮᠢᠳᠤᠯᠢᠭ ᠶ᠋ᠢᠡᠷ ᠬᠡᠷᠡᠭ᠌ᠯᠡᠬᠦ᠌ ᠵᠢ ᠪᠠᠷᠢᠮᠲᠠᠯᠠᠵᠤ ᠂ ᠪᠥᠬᠥ᠌ ᠣᠷᠣᠨᠤ ᠶᠡᠬᠡ ᠳᠡᠭᠡᠳᠦ ᠰᠤᠷᠭᠠᠭᠤᠯᠢ ᠶ᠋ᠢᠨ ᠪᠠᠭ᠍ᠰᠢ ᠠᠵᠢᠯᠲᠠᠨ ᠠᠵᠢᠯᠴᠢᠨ ᠪᠠ ᠰᠤᠷᠭᠠᠭᠤᠯᠢᠳᠤ ᠪᠠᠢᠭ᠎ᠠ ᠰᠤᠷᠤᠭ᠍ᠴᠢᠳ ᠢ᠋ ᠵᠣᠬᠢᠶᠠᠨ ᠪᠠᠢᠭᠤᠯᠵᠤ 《ᠠᠷᠢᠭᠤᠨ ᠴᠢᠬᠡᠴᠢ ᠵᠢ ᠦᠭᠦᠯᠡᠵᠦ ᠰᠡᠳᠭᠢᠯ ᠳ᠋ᠡᠭᠡᠨ ᠬᠠᠳᠠᠡᠭᠰᠢᠭᠤᠯᠬᠤ》 ᠰᠤᠷᠭᠠᠭᠤᠯᠢ ᠶ᠋ᠢᠨ ᠬᠦᠷᠢᠶᠡᠨᠡᠴᠡ ᠵᠣᠬᠢᠶᠠᠯ ᠡᠯᠰᠡᠬᠦ᠌᠂ 《ᠠᠷᠢᠭᠤᠨ ᠴᠢᠬᠡᠴᠢ ᠵᠢ ᠦᠵᠡᠵᠦ ᠰᠡᠳᠬᠢᠯ ᠶ᠋ᠢᠡᠨ ᠠᠷᠢᠭᠤᠰᠬᠠᠬᠤ》 ᠸᠢᠳᠢᠦ᠌ ᠡᠯᠰᠡᠬᠦ᠌᠂ 《ᠠᠷᠢᠭᠤᠨ ᠴᠢᠬᠡᠴᠢ ᠵᠢ ᠵᠢᠷᠤᠭᠯᠠᠵᠤ ᠰᠡᠳᠬᠢᠯ ᠶ᠋ᠢᠡᠨ ᠴᠡᠭᠴᠡᠯᠡᠬᠦ》 ᠪᠦᠲᠦᠭᠡᠯᠴᠢ ᠰᠡᠳᠬᠢᠬᠦᠢ ᠵᠢᠨ ᠦᠢᠯᠡᠳᠭᠦᠨᠡᠯᠰᠡᠬᠦ᠌ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠪᠠᠭ᠍ᠰᠢ ᠰᠤᠷᠤᠭ᠍ᠴᠢᠳ ᠢ᠋ ᠵᠣᠬᠢᠶᠠᠨ ᠪᠠᠢᠭᠤᠯᠵᠤ ᠬᠠᠮᠲᠤᠪᠠᠷ ᠠᠷᠢᠭᠤᠨ ᠴᠢᠬᠡᠴᠢ ᠰᠣᠶᠣᠯ ᠤ᠋ᠨ ᠬᠢᠴᠢᠶᠡᠯ ᠣᠷᠣᠵᠤ᠂ ᠠᠷᠢᠭᠤᠨ ᠴᠢᠬᠡᠴᠢ ᠪᠢᠴᠢᠯ ᠰᠦᠯᠵᠢᠶᠡᠨ ᠤ᠋ ᠬᠢᠴᠢᠶᠡᠯ ᠣᠷᠣᠵᠤ᠂ ᠬᠠᠮᠲᠤᠪᠠᠷ ᠠᠷᠢᠭᠤᠨ ᠴᠢᠬᠡᠴᠢ ᠦᠶ᠋ᠯᠡᠳᠦᠯᠭᠡ ᠶ᠋ᠢᠨ ᠬᠢᠴᠢᠶᠡᠯ ᠤᠷᠤᠪᠠ᠃ ᠡᠭᠦᠨ ᠤ᠋ ᠬᠠᠮᠲᠤ᠂ ᠣᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤ᠋ᠨ ᠠᠰᠠᠭᠤᠳᠠᠯ ᠢ᠋ ᠴᠡᠭ᠌ᠴᠡᠯᠡᠨ ᠵᠠᠰᠠᠬᠤ ᠠᠵᠢᠯ ᠢ᠋ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠬᠢᠨᠠᠯᠲᠠ ᠲᠠᠯᠪᠢᠬᠤ ᠵᠢ ᠨᠡᠪᠲᠡᠷᠡᠭᠦᠯᠬᠦ᠌ ᠲᠠᠪᠴᠠᠩ ᠢ᠋ ᠭᠦᠶ᠋ᠴᠡᠳ ᠰᠠᠢᠲᠤᠷ ᠬᠡᠷᠡᠭ᠌ᠯᠡᠵᠦ᠍᠂ ᠪᠥᠬᠥ᠌ ᠣᠷᠣᠨᠤ ᠰᠤᠷᠭᠠᠨ ᠬᠥᠮᠦᠵᠢᠯ ᠤ᠋ᠨ ᠱᠢᠰᠲ᠋ᠧᠮ ᠤ᠋ᠨ ᠣᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤ᠋ᠨ ᠠᠰᠠᠭᠤᠳᠠᠯ ᠢ᠋ ᠲᠤᠰᠭᠠᠭ᠍ᠰᠠᠨ ᠭᠤᠤᠯᠳᠠᠯᠭᠠᠲᠠᠶ ᠠᠰᠠᠭᠤᠳᠠᠯ᠂ ᠠᠰᠠᠭᠤᠳᠠᠯ ᠤ᠋ᠨ ᠰᠦᠪᠡᠭ᠌ᠴᠢ ᠵᠢ ᠶᠡᠷᠦᠩᠬᠡᠢᠯᠡᠨ ᠰᠤᠳᠤᠯᠤᠨ ᠮᠠᠭᠠᠳᠯᠠᠬᠤᠪᠠᠨ ᠴᠢᠩᠭᠠᠳᠭᠠᠵᠤ᠂ ᠴᠠᠭ ᠲᠤᠬᠠᠶᠳᠤᠨᠢ ᠳᠡᠭᠡᠭ᠌ᠰᠢ ᠮᠡᠳᠡᠭᠦᠯᠵᠦ᠍᠂ ᠱᠢᠯᠵᠢᠭᠦᠯᠦᠨ ᠲᠤᠱᠢᠶᠠᠵᠤ᠂ ᠠᠰᠠᠭᠤᠳᠠᠯ ᠢ᠋ ᠱᠢᠶ᠋ᠳᠪᠦᠷᠢᠯᠡᠬᠦ᠌ ᠵᠢ ᠠᠬᠢᠭᠤᠯᠪᠠ᠃
ᠪᠤᠭᠤᠲᠤ ᠬᠣᠲᠠ ᠨᠠᠮ ᠤ᠋ᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ᠋ ᠴᠡᠭ᠌ᠴᠡᠯᠡᠨ ᠵᠠᠰᠠᠵᠤ ᠦᠨᠳᠦᠰᠦᠨ ᠱᠠᠲᠤᠨᠤ ᠳᠠᠷᠤᠭᠠᠰᠤ ᠵᠢ ᠬᠥᠩᠭᠡᠷᠡᠭᠦᠯᠤᠨ᠂ ᠣᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤ᠋ᠨ ᠠᠰᠠᠭᠤᠳᠠᠯ ᠢ᠋ ᠴᠡᠭ᠌ᠴᠡᠯᠡᠨ ᠵᠠᠰᠠᠬᠤ ᠭᠤᠷᠪᠠᠨ ᠲᠦᠷᠦᠯ ᠤ᠋ᠨ ᠠᠵᠢᠯ ᠢ᠋ ᠠᠬᠢᠭᠤᠯᠪᠠ᠃ ᠬᠣᠲᠠ ᠶ᠋ᠢᠨ ᠱᠠᠲᠤᠨᠤ ᠳᠠᠪᠬᠤᠷᠭᠠᠠᠴᠠ ᠭᠤᠷᠪᠠᠨ ᠲᠦᠷᠦᠯ ᠤ᠋ᠨ ᠠᠵᠢᠯ ᠢ᠋ ᠨᠢᠭᠡ ᠴᠣᠭ᠍ᠴᠠᠵᠢᠭᠤᠯᠤᠨ ᠠᠬᠢᠭᠤᠯᠬᠤ ᠵᠢᠯᠣᠭᠣᠳᠭᠤ ᠰᠠᠨᠠᠯ ᠢ᠋ ᠲᠣᠭ᠍ᠲᠠᠭᠠᠨ ᠲᠠᠷᠬᠠᠭᠠᠵᠤ᠂ ᠪᠥᠬᠥ᠌ ᠶᠠᠪᠤᠴᠠᠪᠠᠷ ᠬᠢᠨᠠᠨ ᠵᠢᠯᠣᠭᠣᠳᠴᠤ᠌᠂ ᠬᠣᠱᠢᠭᠤ ᠱᠢᠶᠠᠨ ᠲᠣᠭᠣᠷᠢᠭ ᠤ᠋ᠨ ᠳᠠᠪᠬᠤᠷᠭᠠᠠᠴᠠ ᠬᠡᠷᠡᠭ᠌ᠵᠢᠭᠦᠯᠬᠦ᠌ ᠲᠥᠰᠦᠯ ᠢ᠋ ᠨᠠᠷᠢᠯᠢᠬ᠍ᠵᠢᠭᠤᠯᠤᠨ ᠲᠣᠭ᠍ᠲᠠᠭᠠᠵᠤ᠂ ᠠᠵᠢᠯᠯᠠᠬᠤ ᠲᠦᠷᠢᠮ ᠢ᠋ ᠲᠣᠳᠣᠷᠬᠠᠢᠯᠠᠪᠠ᠃ ᠡᠯ᠎ᠡ ᠬᠣᠱᠢᠭᠤ ᠱᠢᠶᠠᠨ ᠲᠣᠭᠣᠷᠢᠭ ᠭᠤᠷᠪᠠᠨ ᠲᠦᠷᠦᠯ ᠤ᠋ᠨ ᠠᠵᠢᠯ ᠤ᠋ᠨ ᠤᠤᠯ ᠤ᠋ᠨ ᠵᠣᠬᠢᠶᠠᠨ ᠪᠠᠢᠭᠤᠯᠤᠯᠲᠠ ᠶ᠋ᠢᠨ ᠪᠦᠲᠦᠴᠡ ᠵᠢ ᠳᠠᠬᠢᠨ ᠪᠠᠢᠭᠤᠯᠤᠨ ᠠᠭᠤᠰᠤᠯᠴᠠᠭᠤᠯᠵᠤ᠂ ᠠᠵᠢᠯ ᠢ᠋ ᠨᠢᠭᠡ ᠴᠣᠭ᠍ᠴᠠᠵᠢᠭᠤᠯᠤᠨ ᠠᠭᠤᠰᠤᠯᠴᠠᠭᠤᠯᠬᠤ᠂ ᠡᠭᠦᠷᠭᠡ ᠵᠢ ᠨᠢᠭᠡ ᠴᠣᠭ᠍ᠴᠠᠵᠢᠭᠤᠯᠤᠨ ᠪᠠᠢᠷᠢᠯᠠᠭᠤᠯᠬᠤ ᠵᠢ ᠪᠡᠶᠡᠯᠡᠭᠦᠯᠵᠦ᠍᠂ ᠬᠠᠮᠢᠶ᠎ᠠ ᠪᠥᠬᠥᠶ ᠪᠠᠢᠳᠠᠯ ᠢ᠋ ᠨᠢᠭᠡ ᠴᠣᠭ᠍ᠴᠠᠵᠢᠭᠤᠯᠤᠨ ᠮᠡᠳᠡᠭᠦᠯᠦᠨ᠎ᠡ᠃ ᠭᠤᠷᠪᠠᠨ ᠲᠦᠷᠦᠯ ᠤ᠋ᠨ ᠠᠵᠢᠯᠳᠤ ᠬᠣᠯᠪᠣᠭ᠍ᠳᠠᠭ᠍ᠰᠠᠨ ᠲᠤᠬᠠᠶ ᠶ᠋ᠢᠨ ᠭᠠᠵᠠᠷᠲᠤᠨᠢ ᠪᠠᠢᠴᠠᠭᠠᠨ ᠰᠤᠳᠤᠯᠤᠯᠲᠠ ᠬᠢᠬᠦ᠌᠂ ᠱᠠᠯᠠᠪᠳᠠᠭᠤᠯᠤᠨ ᠪᠠᠢᠴᠠᠭᠠᠬᠤ ᠵᠦᠶ᠋ᠯᠡᠰ ᠢ᠋ ᠪᠥᠬᠥ᠌ ᠬᠣᠲᠠ ᠪᠡᠷ ᠶ᠋ᠢᠡᠨ ᠨᠢᠭᠡᠳᠦᠯᠲᠡᠶ ᠲᠥᠯᠥᠪᠯᠡᠨ ᠡᠮᠬᠢᠯᠡᠨ ᠨᠡᠢᠯᠡᠭᠦᠯᠵᠦ᠍᠂ ᠨᠢᠭᠡ ᠤᠳᠠᠭᠠᠨᠤ ᠪᠠᠢᠴᠠᠭᠠᠨ ᠰᠤᠳᠤᠯᠤᠯᠲᠠᠪᠠᠷ ᠭᠤᠷᠪᠠᠨ ᠲᠦᠷᠦᠯ ᠤ᠋ᠨ ᠠᠵᠢᠯ ᠢ᠋ ᠪᠦᠷᠬᠦᠭᠦᠯᠪᠡ᠃ ᠭᠤᠷᠪᠠᠨ ᠲᠦᠷᠦᠯ ᠤ᠋ᠨ ᠠᠵᠢᠯ ᠤ᠋ᠨ ᠠᠰᠠᠭᠤᠳᠠᠯ ᠤ᠋ᠨ ᠨᠠᠷᠢᠨ ᠳᠠᠡᠭᠰᠠ ᠵᠢ ᠡᠮᠬᠢᠯᠡᠨ ᠨᠡᠢᠯᠡᠭᠦᠯᠵᠦ᠍ ᠪᠦᠷᠢᠯᠳᠦᠭᠦᠯᠦᠨ᠂ ᠲᠥᠪᠯᠡᠷᠡᠭᠦᠯᠦᠨ ᠬᠠᠷᠢᠭᠤ ᠲᠤᠰᠭᠠᠵᠤ᠂ ᠮᠦᠷᠳᠡᠨ ᠳᠠᠭᠠᠵᠤ ᠱᠢᠮᠳᠠᠭᠤᠯᠤᠨ ᠰᠢᠢᠳᠪᠦᠷᠢᠯᠡᠭᠦᠯᠵᠦ᠂ ᠠᠰᠠᠭᠤᠳᠠᠯ ᠢ᠋ ᠣᠯᠠᠨ ᠲᠠᠯ᠎ᠠ᠎ᠠᠴᠠ ᠴᠡᠭ᠌ᠴᠡᠯᠡᠨ ᠰᠠᠢᠵᠢᠷᠠᠭᠤᠯᠬᠤᠠᠴᠠ ᠵᠠᠢᠯᠠᠰᠭᠢᠪᠡ᠃ ᠣᠳᠣᠬᠠᠨ ᠪᠣᠯᠲᠠᠯ᠎ᠠ᠂ ᠡᠯ᠎ᠡ ᠬᠣᠱᠢᠭᠤ ᠱᠢᠶᠠᠨ ᠲᠣᠭᠣᠷᠢᠭ ᠨᠡᠢᠲᠡ 213 ᠠᠰᠠᠭᠤᠳᠠᠯ ᠪᠠ 96 ᠬᠠᠷᠢᠭᠤᠴᠠᠯᠭᠠᠲᠤ ᠰᠠᠯᠠᠭ᠎ᠠ ᠮᠥᠴᠢᠷ ᠢ᠋ ᠴᠣᠮᠬᠠᠳᠭᠠᠵᠤ᠂ ᠢᠵᠢ ᠪᠦᠷᠢᠳᠦᠭᠦᠯᠦᠨ ᠨᠢᠭᠡ ᠴᠣᠭ᠍ᠴᠠᠵᠢᠭᠤᠯᠤᠭ᠍ᠰᠠᠨ ᠬᠣᠯᠪᠣᠭ᠍ᠳᠠᠯ ᠪᠥᠬᠥᠶ ᠲᠦᠷᠢᠮ ᠲᠣᠭ᠍ᠲᠠᠴᠠ ᠵᠢ 21 ᠵᠦᠶ᠋ᠯ ᠪᠠᠢᠭᠤᠯᠪᠠ᠃
ᠤᠯᠠᠭᠠᠨᠴᠠᠪ ᠬᠤᠳᠠ ᠶ᠋ᠢᠨ ᠱᠠᠩᠳᠤ ᠱᠢᠶᠠᠨ ᠭᠤᠷᠪᠠᠨ ᠲᠦᠷᠦᠯ ᠤ᠋ᠨ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠠᠭᠤᠯᠭ᠎ᠠ ᠨᠢ ᠣᠢᠷᠠᠯᠴᠠᠭ᠎ᠠ᠂ ᠠᠷᠭ᠎ᠠ ᠬᠡᠯᠪᠡᠷᠢ ᠨᠢ ᠠᠳᠠᠯᠢᠪᠲᠤᠷ 51 ᠵᠦᠢᠯ ᠤ᠋ᠨ ᠠᠵᠢᠯ ᠢ᠋ 31 ᠵᠦᠢᠯ ᠪᠣᠯᠭᠠᠨ ᠨᠡᠢᠯᠡᠭᠦᠯᠵᠦ᠍᠂ ᠠᠵᠢᠯ ᠤ᠋ᠨ ᠲᠤᠬᠢᠷᠠᠭᠤᠯᠤᠯᠳᠠ ᠵᠢ ᠨᠢᠭᠡᠳᠦᠯᠲᠡᠢ ᠪᠠᠭᠤᠯᠭᠠᠬᠤ᠂ ᠠᠰᠠᠭᠤᠳᠠᠯ ᠢ᠋ ᠢᠯᠡᠷᠡᠭᠦᠯᠬᠦ᠌ ᠵᠢ ᠨᠢᠭᠡᠳᠦᠯᠲᠡᠢ ᠰᠤᠳᠤᠯᠤᠨ ᠮᠠᠭᠠᠳᠯᠠᠬᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠵᠢ ᠨᠢᠭᠡᠳᠦᠯᠲᠡᠢ ᠮᠦᠷᠳᠡᠨ ᠳᠠᠭᠠᠬᠤ ᠵᠢ ᠪᠡᠶᠡᠯᠡᠭᠦᠯᠪᠡ᠃ ᠲᠣᠰ ᠱᠢᠶᠠᠨ 《ᠤᠳᠠᠭᠠᠨ》 ᠬᠠᠭᠤᠴᠢᠨ ᠲᠦᠷᠢᠮ ᠢ᠋ ᠡᠪᠳᠡᠵᠦ᠂ 《ᠬᠡᠯᠪᠡᠷᠢᠴᠢ ᠦᠵᠡᠯ》 ᠤ᠋ᠨ ᠠᠰᠠᠭᠤᠳᠠᠯ ᠢ᠋ ᠱᠢᠶ᠋ᠳᠪᠦᠷᠢᠯᠡᠵᠦ᠍᠂ ᠦᠨᠳᠦᠰᠦᠨ ᠱᠠᠲᠤᠨᠤ ᠺᠠᠳ᠋ᠷ ᠣᠯᠠᠨ ᠲᠦᠮᠡᠨ ᠳ᠋ᠦ ᠨᠠᠩ ᠬᠦᠴᠦᠲᠡᠶ ᠦᠶ᠋ᠯᠡᠴᠢᠯᠡᠬᠦ᠌ ᠪᠣᠯᠪᠠ; 《ᠪᠦᠳᠦᠭᠦᠯᠢᠭ》 ᠮᠠᠭᠤ ᠳᠠᠳᠭᠠᠯ ᠢ᠋ ᠦᠭᠡᠢᠰᠭᠡᠵᠦ᠂ ᠲᠣᠰᠭᠣᠨ (ᠨᠡᠢᠭᠡᠮ ᠲᠣᠭᠣᠷᠢᠭ) ᠤ᠋ ᠨᠡᠷ᠎ᠡ ᠶ᠋ᠢᠨ ᠲᠡᠳᠦᠢ ᠫᠠᠢᠰᠠ ᠢᠯᠡᠷᠬᠡᠢᠯᠡᠯ 1156᠂ ᠠᠵᠢᠯ ᠶᠠᠪᠤᠳᠠᠯ ᠭᠦᠶ᠋ᠴᠡᠳᠭᠡᠬᠦ᠌ ᠴᠤᠡᠭᠬᠤᠪᠴᠢ 400᠂ ᠵᠢᠷᠭᠢᠶ᠎ᠡ ᠶ᠋ᠢᠨ ᠴᠤᠭ᠍ᠯᠠᠷᠠᠯ 375 ᠵᠢ ᠴᠡᠪᠡᠷᠯᠡᠨ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨᠤ ᠲᠤᠱᠢᠶᠠᠯ ᠬᠠᠷᠢᠭᠤᠴᠠᠯᠭ᠎ᠠ ᠶ᠋ᠢᠨ ᠵᠠᠭᠠᠭ ᠬᠢᠵᠠᠭᠠᠷ ᠢ᠋ ᠨᠠᠩ ᠲᠣᠳᠣᠷᠬᠠᠶ ᠪᠣᠯᠭᠠᠪᠠ;《ᠬᠡᠢᠰᠪᠦᠷᠢ》 ᠰᠤᠷᠲᠠᠯ ᠢ᠋ ᠦᠨᠳᠦᠰᠦᠨᠡᠴᠡ ᠨᠢ ᠵᠠᠰᠠᠵᠤ᠂ ᠡᠯ᠎ᠡ ᠲᠥᠷᠥᠯ ᠤ᠋ᠨ ᠣᠯᠠᠨ ᠲᠦᠮᠡᠨ ᠤ᠋ ᠠᠩᠬᠠᠷᠴᠤ᠌ ᠪᠠᠢᠭ᠎ᠠ ᠠᠰᠠᠭᠤᠳᠠᠯ ᠢ᠋ 52 ᠢᠯᠡᠷᠡᠭᠦᠯᠵᠦ᠍ ᠂ 40 ᠠᠰᠠᠭᠤᠳᠠᠯ ᠢ᠋ ᠱᠠᠯᠠᠪᠳᠠᠭᠤᠯᠤᠨ ᠴᠡᠭ᠌ᠴᠡᠯᠡᠨ ᠰᠠᠢᠵᠢᠷᠠᠭᠤᠯᠵᠤ ᠱᠢᠶ᠋ᠳᠪᠦᠷᠢᠯᠡᠬᠦ᠌ ᠵᠢ ᠠᠬᠢᠭᠤᠯᠪᠠ; 《ᠤᠷᠤᠭ᠍ᠰᠢᠯᠠᠬᠤ》 ᠬᠥᠳᠡᠯᠭᠡᠬᠦ᠌ ᠬᠦᠴᠦᠨ ᠢ᠋ ᠦᠷᠭᠦᠯᠵᠢᠯᠡᠨ ᠬᠥᠭ᠌ᠵᠢᠭᠡᠵᠦ᠍᠂ ᠲᠤᠰᠭᠠᠢ ᠰᠡᠳᠦᠪᠲᠦ ᠨᠣᠮ ᠤᠩᠱᠢᠬᠤ ᠠᠩᠬᠢ᠂ ᠰᠠᠬᠢᠯᠭ᠎ᠠ ᠪᠠᠲᠤ ᠶ᠋ᠢᠨ ᠨᠠᠮ ᠤ᠋ᠨ ᠬᠢᠴᠢᠶᠡᠯ ᠵᠡᠷᠭᠡ ᠵᠢ ᠥᠷᠨᠢᠭᠦᠯᠵᠦ᠍᠂ ᠪᠦᠬᠦ᠌ ᠱᠢᠶᠠᠨᠤ ᠨᠠᠮ ᠤ᠋ᠨ ᠭᠡᠱᠢᠭᠦᠨ ᠺᠠᠳ᠋ᠷ ᠢ᠋ ᠳᠠᠢ᠌ᠴᠢᠯᠠᠨ ᠲᠡᠷᠢᠭᠦᠨ ᠤ᠋ ᠬᠢ ᠪᠣᠯᠬᠤᠪᠠᠷ ᠴᠢᠷᠮᠠᠢᠵᠤ᠂ ᠢᠳᠡᠪᠬᠢᠲᠡᠢ ᠤᠷᠤᠭ᠍ᠰᠢᠯᠠᠨ ᠳᠠᠪᠱᠢᠨᠠ᠃