ᠰᠠᠬᠢᠯᠭ᠎ᠠ ᠪᠠᠲᠤ᠎ᠶᠢᠨ ᠱᠠᠭᠠᠷᠳᠠᠯᠭ᠎ᠠ᠎ᠶᠢ ᠰᠡᠳᠬᠢᠯ᠎ᠳᠡᠭᠡᠨ ᠬᠠᠳᠠᠩᠰᠢᠭᠤᠯᠵᠦ ᠠᠵᠢᠯᠯᠠᠭ᠎ᠠ ᠲᠡᠭᠡᠷ᠎ᠡ ᠪᠠᠨ ᠢᠯᠡᠷᠡᠭᠦᠯᠦᠨ᠎ᠡ
2024-07-29 10:36:32
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠤᠷᠤᠯᠴᠠᠬᠤ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠬᠦ᠎ᠶᠢ ᠪᠠᠷᠢᠮᠲᠠᠯᠠᠨ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠰᠠᠢᠲᠤᠷ ᠬᠡᠷᠡᠭᠯᠡᠵᠦ᠂ ᠪᠣᠳᠠᠲᠠᠢ ᠰᠤᠷᠤᠯᠴᠠᠵᠤ ᠪᠣᠳᠠᠲᠠᠢ ᠠᠵᠢᠯᠯᠠᠬᠤ ᠳᠡᠭᠡᠷ᠎ᠡ ᠬᠦᠴᠦ ᠲᠠᠯᠪᠢᠨ᠂ ᠪᠣᠳᠠᠲᠠᠢ ᠦᠷ᠎ᠡ ᠪᠦᠲᠦᠮᠵᠢ ᠭᠠᠷᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠦᠪᠡᠷ ᠵᠢᠡᠨ ᠰᠠᠢᠲᠦᠷ ᠰᠤᠷᠤᠯᠴᠠᠵᠤ᠂ ᠠᠵᠢᠯ ᠢ᠋ᠢᠡᠨ ᠰᠠᠢᠲᠦᠷ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠰᠠᠢᠲᠦᠷ ᠬᠦᠢᠴᠡᠳᠬᠡᠵᠦ᠂ ᠰᠠᠬᠢᠯᠭ᠎ᠠ ᠪᠠᠲᠤ᠎ᠶᠢᠨ ᠱᠠᠭᠠᠷᠳᠠᠯᠭ᠎ᠠ ᠎ᠶᠢ ᠰᠡᠳᠬᠢᠯ᠎ᠳᠡᠭᠡᠨ ᠬᠠᠳᠠᠩᠰᠢᠭᠤᠯᠤᠨ᠂  ᠠᠵᠢᠯᠯᠠᠭ᠎ᠠ ᠲᠡᠭᠡᠷ᠎ᠡ ᠪᠠᠨ ᠢᠯᠡᠷᠡᠭᠦᠯᠬᠦ ᠵᠢ  ᠬᠦᠮᠦᠵᠢᠬᠦᠯᠦᠨ ᠬᠦᠳᠦᠯᠦᠨ ᠵᠢᠯᠤᠭᠤᠳᠴᠤ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ ᠎ᠤ 《ᠬᠣᠶᠠᠷ ᠰᠢᠨ᠎ᠡ》 ᠠᠵᠢᠯ᠎ᠤᠨ ᠬᠣᠷᠢᠶ᠎ᠠ 《ᠬᠣᠶᠠᠷ ᠰᠢᠨ᠎ᠡ 》 ᠬᠦᠷᠢᠶᠡᠨ᠎ᠳᠡᠬᠢ ᠨᠠᠮ᠎ᠤᠨ ᠭᠡᠰᠢᠭᠦᠨ᠎ᠦ ᠠᠵᠢᠯ ᠮᠡᠷᠭᠡᠵᠢᠯ᠎ᠦᠨ ᠪᠦᠲᠦᠴᠡ ᠤᠯᠠᠨ ᠶᠠᠩᠵᠤ᠂ ᠠᠵᠢᠯ ᠲᠦᠷᠦᠯ  ᠥᠷᠭᠡᠨ ᠳᠡᠯᠭᠡᠷ ᠂ ᠪᠣᠳᠠᠭᠠᠯᠢ ᠪᠡᠶ᠎ᠡ᠎ᠶᠢᠨ ᠵᠥᠷᠢᠶᠡᠲᠦ ᠴᠢᠨᠠᠷ ᠶᠡᠬᠡ᠂ ᠰᠢᠯᠵᠢᠩᠭᠦᠢ ᠴᠢᠨᠠᠷ᠎ᠢᠶᠠᠷ ᠴᠢᠩᠭ᠎ᠠ ᠵᠡᠷᠭᠡ ᠪᠣᠳᠠᠲᠤ ᠪᠠᠢᠳᠠᠯ᠎ᠳᠤ ᠴᠢᠭᠯᠡᠭᠦᠯᠦᠨ ᠲᠦᠷᠦᠯ ᠬᠤᠪᠢᠶᠠᠨ ᠲᠦᠷᠦ᠎ᠶᠢᠨ ᠪᠣᠳᠣᠯᠭ᠎ᠠ ᠬᠡᠷᠡᠭᠵᠢᠭᠦᠯᠵᠦ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠵᠢᠯᠣᠭᠣᠳᠤᠨ ᠰᠦᠯᠵᠢᠶᠡᠨ ᠳᠡᠭᠡᠷ᠎ᠡ + ᠪᠤᠲᠠᠲᠤ ᠴᠤᠬᠴᠠ᠂ ᠲᠥᠪᠯᠡᠷᠡᠩᠬᠦᠢ + ᠣᠨᠴᠠᠭᠠᠢ᠂ ᠬᠢᠴᠢᠶᠡᠯ᠎ᠦᠨ ᠲᠠᠩᠬᠢᠮ + ᠲᠤᠬᠠᠢ᠎ᠶᠢᠨ ᠲᠠᠯᠠᠪᠠᠢ ᠵᠡᠷᠭᠡ ᠤᠯᠠᠨ ᠵᠦᠢᠯ᠎ᠦᠨ ᠰᠤᠷᠤᠯᠴᠠᠬᠤ ᠬᠡᠯᠪᠡᠷᠢ ᠪᠡᠷ ᠨᠠᠮ᠎ᠤᠨ ᠭᠡᠰᠢᠭᠦᠨ᠎ᠦ ᠰᠤᠷᠤᠯᠴᠠᠯᠭ᠎ᠠ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠦᠷᠭᠦᠯᠵᠢᠯᠡᠨ ᠳᠡᠭᠡᠭᠰᠢᠯᠡᠭᠦᠯᠪᠡ; ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠂ 《ᠤᠯᠠᠭᠠᠨ ᠵᠥᠭᠡᠢ ᠤᠯᠠᠭ᠎ᠠ ᠦᠷᠳᠡᠬᠡ》 ᠵᠡᠷᠭᠡ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠋᠎ᠢ ᠢᠳᠡᠪᠬᠢᠲᠡᠢ ᠰᠠᠢᠲᠤᠷ ᠠᠰᠢᠭ᠍ᠯᠠᠬᠤ᠎ᠶᠢ ᠵᠢᠯᠤᠭᠣᠳᠴᠤ᠂ ᠨᠠᠮ᠎ᠤᠨ ᠭᠡᠰᠢᠭᠦᠳ᠎ᠢ ᠵᠣᠬᠢᠶᠠᠨ ᠪᠠᠢᠭᠤᠯᠵᠤ  《ᠲᠤᠰᠬᠠᠢ ᠰᠡᠳᠦᠪᠲᠦ ᠬᠠᠪᠰᠤᠷᠤᠨ ᠵᠢᠯᠣᠭᠣᠳᠤᠯᠭ᠎ᠠ᠎ᠶᠢ ᠦᠢᠯᠡᠳᠪᠦᠷᠢ᠎ᠶᠢᠨ ᠲᠠᠰᠤᠭ᠎ᠲᠤ ᠣᠷᠣᠭᠤᠯᠬᠤ》᠂ 《ᠭᠣᠣᠯᠯᠠᠭ᠍ᠴᠢ ᠨᠠᠮ᠎ᠤᠨ ᠭᠡᠰᠢᠭᠦᠨ᠎ᠢ ᠶᠠᠷᠢᠶᠠᠨ᠎ᠤ ᠲᠠᠪᠴᠠᠩ᠎ᠳᠤ ᠭᠠᠷᠭᠠᠬᠤ》 ᠵᠡᠷᠭᠡ ᠰᠤᠷᠤᠯᠴᠠᠯᠭ᠎ᠠ᠎ᠶᠢᠨ ᠠᠵᠢᠯᠯᠠᠭ᠎ᠠ ᠥᠷᠨᠢᠭᠦᠯᠪᠡ;  《ᠳᠡᠷᠭᠡᠳᠡᠬᠢ ᠬᠡᠷᠡᠭ》᠂ 《ᠳᠡᠷᠭᠡᠳᠡᠬᠢ ᠶᠠᠪᠤᠲᠠᠯ 》 ᠢ᠋ᠢᠡᠷ ᠳᠠᠮᠵᠢᠭᠤᠯᠤᠨ 《ᠳᠡᠷᠭᠡᠳᠡᠬᠢ ᠬᠥᠮᠥᠨ》 ᠢ᠋  ᠬᠦᠮᠦᠵᠢᠭᠦᠯᠦᠨ ᠰᠡᠷᠡᠮᠵᠢᠯᠡᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠎ᠢ ᠬᠥᠲᠥᠯᠥᠨ ᠵᠢᠯᠤᠭᠣᠳᠴᠤ᠂ ᠬᠡᠷᠡᠭ᠎ᠢᠶᠡᠷ ᠲᠣᠯᠢ ᠪᠣᠯᠭᠠᠨ᠂ ᠪᠡᠶ᠎ᠡ᠎ᠪᠡᠨ ᠲᠤᠩᠭᠠᠵᠤ᠂ ᠰᠠᠬᠢᠯᠭ᠎ᠠ ᠪᠠᠲᠤ᠎ᠶᠢᠨ ᠤᠬᠠᠮᠰᠠᠷ ᠎ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠪᠡᠶ᠎ᠡ ᠵᠢᠨ ᠬᠦᠯᠢᠶᠡᠰᠦᠯᠡᠯ ᠵᠢᠡᠨ  ᠴᠢᠩᠭᠠᠳᠬᠠᠵᠤ᠂ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠎ᠢ ᠠᠵᠢᠯ᠎ᠢᠶᠠᠨ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠪᠠ᠃

ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠢᠨ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ ᠭᠤᠷᠪᠠᠨ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠢᠴᠢᠭ ᠮᠠᠲᠸᠷᠢᠶᠠᠯ᠎ᠢ ᠴᠣᠮᠬᠠᠳᠬᠠᠨ ᠬᠤᠷᠠᠯ ᠴᠤᠬᠯᠠᠭᠠᠨ ᠢ᠋ ᠴᠥᠭᠡᠳᠬᠡᠬᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠪᠡ᠃ ᠲᠣᠰ ᠰᠤᠷᠭᠠᠭᠤᠯᠢ 《〈ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ〉 ᠪᠠᠢᠬᠤ ᠠᠰᠠᠭᠤᠳᠠᠯ᠎ᠢ ᠬᠦᠨᠵᠡᠭᠡᠢᠷᠡᠭᠦᠯᠦᠨ ᠴᠡᠭᠴᠡᠯᠡᠨ ᠵᠠᠰᠠᠬᠤ ᠲᠤᠬᠠᠢ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ 26 ᠵᠦᠢᠯ᠎ᠦᠨ ᠠᠷᠭ᠎ᠠ ᠬᠡᠮᠵᠢᠶ᠎ᠡ》 ᠵᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠰᠤᠷᠭᠠᠭᠤᠯᠢ᠎ᠶᠢᠨ ᠢ᠋ᠢᠡᠨ 《ᠣᠶᠤᠨᠲᠤ ᠠᠨᠠᠭᠠᠬᠤ ᠤᠬᠠᠭᠠᠨ᠎ᠤ ᠶᠡᠬᠡ ᠰᠤᠷᠭᠠᠭᠤᠯᠢ》 《i ᠠᠨᠠᠭᠠᠬᠤ ᠤᠬᠠᠭᠠᠨ᠎ᠤ ᠶᠡᠬᠡ ᠰᠤᠷᠭᠠᠭᠤᠯᠢ》 ᠵᠡᠷᠭᠡ ᠰᠦᠯᠵᠢᠶᠡᠨ  ᠲᠠᠪᠴᠠᠩ᠎ᠳᠤ ᠲᠦᠰᠢᠭᠯᠡᠨ᠂ ᠦᠢᠯᠡᠴᠢᠯᠡᠭᠡᠨ᠎ᠦ ᠵᠦᠢᠯᠡᠰ᠎ᠢ ᠰᠦᠯᠵᠢᠶᠡᠨ ᠳᠡᠭᠡᠷ᠎ᠡ ᠬᠦᠢᠴᠡᠳᠬᠡᠬᠦ᠂ ᠠᠯᠠᠭᠠᠨ ᠳᠡᠭᠡᠷ᠎ᠡ᠎ᠪᠡᠨ ᠬᠦᠢᠴᠡᠳᠬᠡᠬᠦ᠂ ᠨᠢᠭᠡ ᠯᠡ ᠤᠳᠠᠭ᠎ᠠ᠎ᠳᠤ ᠬᠦᠢᠴᠡᠳᠬᠡᠬᠦ᠎ᠶᠢ ᠶᠡᠬᠡ ᠪᠡᠷ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠲᠡᠰ ᠲᠠᠷᠠᠭᠠᠯᠠᠯ᠂ ᠠᠯᠬᠤᠮ ᠳᠠᠷᠠᠭ᠎ᠠ᠎ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠴᠣᠮᠬᠠᠳᠬᠠᠵᠤ᠂ ᠣᠯᠠᠨ ᠵᠦᠢᠯ᠎ᠦᠨ ᠭᠣᠣᠯ ᠪᠣᠯᠬᠤ ᠲᠤᠬᠠᠢᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠡᠶᠡᠯᠡᠭᠦᠯᠪᠡ᠃ ᠣᠳᠣᠬᠠᠨ᠎ᠳᠤ᠂ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠂ ᠵᠠᠰᠠᠭ ᠵᠠᠬᠢᠷᠭᠠᠨ᠎ᠤ  ᠪᠢᠴᠢᠭ ᠮᠠᠲ᠋ᠧᠷᠢᠶᠠᠯ ᠪᠠᠭᠤᠯᠭᠠᠬᠤ ᠲᠣᠭ᠎ᠠ ᠬᠡᠮᠵᠢᠶ᠎ᠡ ᠲᠠᠰᠤᠷᠠᠯᠲᠠ ᠥᠬᠡᠶ ᠪᠠᠭᠤᠷᠠᠵᠤ᠂ ᠪᠠᠭ᠍ᠰᠢ ᠰᠤᠷᠤᠭ᠍ᠴᠢᠳ᠎ᠲᠤ ᠨᠠᠩ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ᠎ᠪᠡᠷ ᠦᠶ᠋ᠯᠡᠴᠢᠯᠡᠵᠦ᠍᠂ ᠨᠠᠮ᠎ᠤᠨ ᠭᠡᠱᠢᠭᠦᠨ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠠᠳᠠᠯᠢᠳᠬᠠᠨ ᠰᠤᠷᠴᠤ ᠭᠦᠭᠡᠭᠡᠵᠦ ᠭᠦᠢᠴᠡᠨ ᠳᠠᠪᠠᠬᠤ ᠢᠳᠡᠪᠬᠢᠵᠢᠯ ᠲᠠᠢ ᠪᠤᠯᠪᠠ᠃

ᠪᠤᠭᠤᠲᠤ ᠬᠣᠲᠠ᠎ᠶ᠋ᠢᠨ ᠳ᠋ᠦᠩ ᠾᠧ ᠲᠣᠭᠣᠷᠢᠭ᠎ᠤᠨ ᠬᠢᠨ ᠵᠣᠬᠢᠶᠠᠨ ᠪᠠᠢᠭᠤᠯᠤᠯᠲᠠ᠎ᠪᠠᠨ ᠴᠢᠩᠭᠠᠳᠭᠠᠬᠤ᠂ ᠲᠣᠭ᠍ᠲᠠᠴᠠ ᠪᠠᠢᠭᠤᠯᠬᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠪᠡᠷ ᠳᠠᠮᠵᠢᠨ᠂ ᠭᠤᠷᠪᠠᠨ ᠵᠦᠶ᠋ᠯ᠎ᠦᠨ ᠠᠵᠢᠯ᠎ᠢ ᠬᠦᠴᠦᠲᠡᠢ ᠡᠮᠬᠢ ᠵᠢᠷᠤᠮ᠎ᠲᠠᠶ ᠨᠢᠭᠡ ᠴᠤᠭᠴᠠᠵᠢᠭᠤᠯᠤᠨ ᠠᠬᠢᠭᠤᠯᠪᠠ᠃ ᠲᠣᠰ ᠲᠣᠭᠣᠷᠢᠭ ᠭᠤᠷᠪᠠᠨ ᠵᠦᠶ᠋ᠯ᠎ᠦᠨ ᠠᠵᠢᠯ᠎ᠤᠨ ᠤᠤᠯ᠎ᠤᠨ ᠵᠣᠬᠢᠶᠠᠨ ᠪᠠᠢᠭᠤᠯᠤᠯᠲᠠ᠎ᠶ᠋ᠢᠨ ᠪᠦᠲᠦᠴᠡ᠎ᠶ᠋ᠢ ᠳᠠᠬᠢᠨ ᠪᠠᠢᠭᠤᠯᠵᠤ ᠴᠡᠭᠴᠡᠯᠡᠨ ᠨᠡᠢᠳᠬᠡᠵᠦ᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠠᠳᠭᠤᠬᠤ ᠠᠵᠢᠯ᠎ᠤᠨ ᠪᠠᠢᠷᠢᠱᠢᠯ᠎ᠢ ᠪᠦᠷᠢᠯᠳᠦᠭᠦᠯᠪᠡ; ᠡᠭᠦᠷᠭᠡ᠎ᠶ᠋ᠢ ᠨᠢᠭᠡ ᠴᠣᠭ᠍ᠴᠠᠵᠢᠭᠤᠯᠤᠨ ᠪᠠᠢᠷᠢᠯᠠᠭᠤᠯᠬᠤ᠂ ᠪᠠᠢᠳᠠᠯ ᠎ᠢ ᠨᠢᠭᠡ ᠴᠣᠭ᠍ᠴᠠᠵᠢᠭᠤᠯᠤᠨ ᠲᠣᠬᠢᠷᠠᠭᠤᠯᠬᠤ᠂ ᠮᠡᠳᠡᠭᠡ ᠵᠠᠩᠭᠢ ᠎ᠶ᠋ᠢ ᠨᠢᠭᠡ ᠴᠣᠭ᠍ᠴᠠᠵᠢᠭᠤᠯᠤᠨ ᠬᠠᠮᠲᠤ ᠪᠠᠷ ᠡᠳ᠋ᠯᠡᠬᠦ᠂ ᠬᠢᠨᠠᠨ ᠪᠠᠢᠴᠠᠭᠠᠬᠤ᠎ᠶ᠋ᠢ ᠨᠢᠭᠡ ᠴᠣᠭ᠍ᠴᠠᠵᠢᠭᠤᠯᠤᠨ ᠥᠷᠨᠢᠭᠦᠯᠬᠦ᠌᠂ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠴᠣᠭ᠍ᠴᠠᠵᠢᠭᠤᠯᠤᠨ ᠨᠠᠢᠳᠠᠪᠤᠷᠢᠵᠢᠭᠤᠯᠬᠤ᠂ ᠰᠡᠷᠡᠮᠵᠢᠯᠡᠭᠦᠯᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠂ ᠲᠣᠭ᠍ᠲᠠᠴᠠ᠎ᠶ᠋ᠢ ᠨᠢᠭᠡ ᠴᠣᠭ᠍ᠴᠠᠵᠢᠭᠤᠯᠤᠨ ᠪᠠᠢᠭᠤᠯᠬᠤ᠂ ᠦᠷ᠎ᠡ ᠪᠦᠲᠦᠭᠡᠯ᠎ᠢ ᠨᠢᠭᠡ ᠴᠣᠭ᠍ᠴᠠᠵᠢᠭᠤᠯᠤᠨ ᠬᠡᠷᠡᠭ᠌ᠯᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠪᠠ᠃ ᠣᠳᠣᠬᠠᠨ ᠪᠣᠯᠲᠠᠯ᠎ᠠ᠂ 29 ᠨᠡᠢᠲᠡᠯᠢᠭ ᠴᠢᠨᠠᠷᠲᠠᠶ ᠠᠰᠠᠭᠤᠳᠠᠯ᠎ᠢ ᠴᠡᠭᠴᠡᠯᠡᠨ ᠨᠡᠢᠳᠬᠡᠵᠦ᠂ 8 ᠨᠡᠢᠲᠡᠯᠢᠭ ᠴᠢᠨᠠᠷᠲᠠᠶ ᠬᠡᠷᠡᠭ᠎ᠦᠨ ᠵᠢᠱ᠌ᠢᠶ᠎ᠡ᠎ᠶ᠋ᠢ ᠰᠣᠩᠭᠣᠨ ᠰᠡᠷᠡᠮᠵᠢᠯᠡᠭᠦᠯᠬᠦ᠌ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠣᠯᠠᠨ ᠲᠦᠮᠡᠨ ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ ᠎ᠢ 6 ᠪᠠᠢᠴᠠᠭᠠᠨ ᠱᠢᠶ᠋ᠳᠪᠦᠷᠢᠯᠡᠪᠡ; ᠳᠡᠭᠡᠷ᠎ᠠ ᠳᠤᠤᠷ᠎ᠠ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠠᠳᠠᠯᠢ ᠠᠰᠠᠭᠤᠳᠠᠯ ᠎ᠢ ᠬᠠᠮᠲᠤ᠎ᠪᠠᠷ ᠰᠢᠢᠳᠪᠦᠷᠢᠯᠡᠬᠦ᠎ᠶ᠋ᠢ ᠪᠠᠷᠢᠮᠲᠠᠯᠠᠵᠤ᠂ ᠪᠥᠬᠥ᠌ ᠣᠷᠣᠨ᠎ᠤ 72 ᠨᠢᠭᠡᠴᠢ᠂ 505 ᠦᠨᠳᠦᠰᠦᠨ ᠱᠠᠲᠤᠨ᠎ᠤ ᠨᠠᠮ᠎ᠤᠨ ᠡᠭᠦᠷ᠎ᠲᠦ ᠪᠦᠬᠦᠨ᠎ᠢ ᠬᠠᠮᠤᠷᠤᠭ᠍ᠰᠠᠨ ᠬᠢᠨᠠᠨ ᠪᠠᠢᠴᠠᠭᠠᠯᠲᠠ ᠥᠷᠨᠢᠭᠦᠯᠵᠦ᠍᠂ ᠡᠯ᠎ᠡ ᠰᠠᠯᠠᠭ᠎ᠠ ᠮᠥᠴᠢᠷ ᠨᠢᠭᠡᠴᠢ ᠵᠢᠨ ᠬᠢᠨ᠎ᠢ ᠵᠢᠯᠣᠭᠣᠳᠤᠨ ᠨᠢᠭᠡ ᠡᠴᠡ ᠵᠦᠶ᠋ᠴᠢᠯᠡᠨ ᠨᠥᠭᠥᠭᠡ᠎ᠶ᠋ᠢ ᠮᠡᠳᠡᠵᠦ᠍ ᠴᠡᠭ᠌ᠴᠡᠯᠡᠨ ᠰᠠᠢᠵᠢᠷᠠᠭᠤᠯᠬᠤ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠪᠡ᠃

ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ ᠬᠢᠨ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠌ ᠠᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠭᠤᠷᠪᠠᠨ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ 《ᠬᠠᠮ ᠬᠠᠭᠤᠳᠠᠰᠤ》 ᠵᠢ ᠰᠠᠢᠲᠤᠷ ᠬᠠᠷᠢᠭᠤᠯᠪᠠ᠃ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠡᠷᠬᠢᠯᠡᠵᠦ᠍᠂ ᠨᠠᠮ᠎ᠤᠨ ᠭᠡᠱᠢᠭᠦᠨ ᠤᠳᠤᠷᠢᠳᠭᠤ ᠺᠠᠳ᠋ᠷ ᠬᠠᠷᠢᠯᠴᠠᠬᠤ ᠴᠡᠭ᠎ᠲᠡᠬᠡᠨ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠵᠤ᠂ ᠨᠠᠮ᠎ᠤᠨ ᠭᠡᠱᠢᠭᠦᠨ ᠺᠠᠳ᠋ᠷᠴᠤᠳ ᠡᠴᠡ ᠭᠦᠨᠵᠡᠭᠡᠢ ᠰᠤᠷᠤᠯᠴᠠᠨ ᠨᠢᠮᠪᠠᠢ ᠣᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠍᠂ ᠰᠠᠬᠢᠯᠭ᠎ᠠ ᠪᠠᠲᠤ ᠰᠤᠷᠤᠯᠴᠠᠬᠤ ᠰᠠᠬᠢᠯᠭ᠎ᠠ ᠪᠠᠲᠤ᠎ᠶ᠋ᠢ ᠣᠢᠯᠠᠭᠠᠬᠤ᠎ᠪᠠᠷ ᠰᠠᠬᠢᠯᠭ᠎ᠠ ᠪᠠᠲᠤ ᠰᠠᠬᠢᠬᠤ ᠰᠠᠭᠤᠷᠢ᠎ᠶ᠋ᠢ ᠪᠡᠬᠢᠵᠢᠭᠦᠯᠪᠡ᠃ ᠲᠤᠰ ᠱᠢᠶᠠᠨ ᠪᠢᠴᠢᠭ ᠮᠠᠲ᠋ᠧᠷᠢᠶᠠᠯ ᠬᠤᠷᠠᠯ ᠴᠤᠭ᠍ᠯᠠᠭᠠᠨ᠂ ᠱᠠᠯᠠᠪᠳᠠᠭᠤᠯᠤᠨ ᠪᠠᠢᠴᠠᠭᠠᠯᠲᠠ ᠵᠢ ᠦᠨᠡᠨ᠎ᠬᠦ ᠪᠠᠭᠠᠰᠬᠠᠵᠤ᠂ ᠬᠤᠷᠤᠭᠤᠨ ᠦᠵᠦᠭᠦᠷ᠎ᠦᠨ ᠳᠠᠷᠤᠭᠠᠰᠤ᠎ᠶ᠋ᠢ ᠬᠥᠩᠭᠡᠷᠡᠭᠦᠯᠵᠦ᠍᠂ 466 ᠵᠢᠷᠭᠢᠶ᠎ᠡ ᠵᠢᠨ ᠬᠤᠯᠪᠤᠭ᠎ᠠ ᠵᠢ ᠴᠡᠭᠴᠡᠯᠡᠨ ᠨᠡᠢᠳᠭᠡᠵᠦ᠍᠂ 148 ᠬᠦᠰᠦᠨᠦᠭ᠌ᠲᠦ᠂ 27 ᠡᠭᠡ ᠲᠠᠩᠰᠠ᠂ 55 ᠢᠵᠢ  ᠳᠠᠩᠰᠠ ᠡᠪᠬᠡᠮᠡᠯ᠎ᠢ ᠴᠣᠮᠬᠠᠳᠭᠠᠵᠤ᠂ ᠦᠨᠳᠦᠰᠦᠨ ᠱᠠᠲᠤᠨ᠎ᠤ ᠺᠠᠳ᠋ᠷᠴᠤᠳ  ᠨᠡᠩ ᠤᠯᠠᠨ ᠴᠠᠭ ᠪᠠ ᠬᠦᠴᠦᠨ ᠴᠢᠳᠠᠯ ᠎ᠢᠶᠠᠷ ᠨᠠᠢᠳᠠᠪᠤᠷᠢᠵᠢᠭᠤᠯᠤᠯᠲᠠ᠎ᠶ᠋ᠢ ᠠᠳᠬᠤᠵᠤ᠂ ᠬᠥᠭ᠌ᠵᠢᠯᠲᠡ᠎ᠶ᠋ᠢ ᠠᠬᠢᠭᠤᠯᠬᠤ ᠪᠤᠯᠭᠠᠪᠠ᠃ ᠤᠯᠠᠨ ᠲᠦᠮᠡᠨ ᠎ᠦ ᠲᠤᠰᠭᠠᠯ ᠴᠢᠩᠭ᠎ᠠ ᠪᠠᠢᠭ᠎ᠠ 18 ᠳᠤᠪᠤᠢ᠌ᠮ᠎ᠠ ᠠᠰᠠᠭᠤᠳᠠᠯ ᠎ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠤᠳᠤᠷᠢᠳᠭᠤ ᠺᠠᠳ᠋ᠷᠴᠤᠳ᠎ᠤᠨ ᠬᠡᠷᠡᠭ᠎ᠢ ᠳᠠᠭᠠᠭᠠᠴᠢᠯᠠᠬᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠠᠷᠠᠳ ᠤᠯᠠᠨ᠎ᠳᠤ  ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠨᠡᠨ᠎ᠬᠦ᠌ ᠮᠡᠳᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号