ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ ᠪᠡᠷ ᠴᠢᠨᠠᠷ ᠰᠠᠢᠲᠠᠢ ᠥᠷᠨᠢᠭᠦᠯᠬᠦ᠌᠎ᠳᠦ ᠦᠵᠡᠯ ᠰᠠᠨᠠᠭ᠎ᠠ ᠪᠠ ᠰᠦᠭ ᠰᠦᠨᠡᠰᠦ᠎ᠶ᠋ᠢ ᠬᠦᠨᠳᠡᠬᠦ᠌ ᠪᠡᠷ ᠪᠠᠷᠠᠬᠤ ᠦᠭᠡᠢ ᠨᠡᠩ ᠴᠤ᠌ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶ᠋ᠢ ᠠᠵᠢᠯᠯᠠᠭ᠎ᠠ ᠳᠡᠭᠡᠷ᠎ᠡ᠎ᠪᠡᠨ ᠢᠯᠡᠷᠡᠭᠦᠯᠬᠦ᠌ ᠬᠡᠷᠡᠭ᠌ᠲᠡᠢ᠃ ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠶᠤᠰᠤ ᠲᠦᠷᠢᠮ ᠰᠠᠬᠢᠯᠭ᠎ᠠ ᠪᠠᠲᠤ᠎ᠶ᠋ᠢ ᠵᠢᠷᠤᠮᠯᠠᠬᠤ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠴᠢᠩᠭᠠᠳᠭᠠᠬᠤ᠎ᠶ᠋ᠢ ᠵᠡᠷᠭᠡ᠎ᠪᠡᠷ ᠬᠦᠴᠦᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠠᠢᠩᠭᠤ ᠠᠳᠭᠤᠬᠤ᠎ᠶ᠋ᠢ ᠠᠬᠢᠭᠤᠯᠵᠦ ᠪᠤᠢ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠨᠠᠷ ᠰᠠᠢᠲᠠᠶ ᠠᠬᠢᠭᠤᠯᠬᠤ ᠵᠢ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤᠠᠵᠢᠯᠯᠠᠭᠠ ᠦᠷᠨᠢᠬᠦᠯᠬᠦ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠬᠤ ᠲᠠᠢ ᠤᠶᠠᠯᠳᠤᠭᠤᠯᠵᠤ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠰᠤᠷᠤᠯᠴᠠᠬᠤ ᠳᠡᠭᠡᠷ᠎ᠡ ᠬᠦᠴᠦ᠍ ᠲᠠᠯᠪᠢᠵᠦ᠂ ᠳᠡᠭᠡᠳᠦ ᠬᠡᠮᠵᠢᠶᠡᠨ᠎ᠦ ᠤᠬᠠᠮᠰᠠᠷ ᠵᠢᠠᠷ ᠰᠠᠬᠢᠯᠭ᠎ᠠ ᠪᠠᠲᠤ᠎ᠶ᠋ᠢ ᠰᠠᠬᠢᠬᠤ ᠳᠡᠭᠡᠷ᠎ᠡ ᠬᠦᠴᠦ᠍ ᠲᠠᠯᠪᠢᠵᠦ᠂ ᠰᠠᠬᠢᠯᠭ᠎ᠠ ᠪᠠᠲᠤ᠎ᠶ᠋ᠢ ᠣᠨᠣᠪᠴᠢᠲᠠᠶ ᠵᠢᠷᠤᠮᠵᠢᠭᠤᠯᠬᠤ ᠳᠡᠭᠡᠷ᠎ᠡ ᠬᠦᠴᠦ᠍ ᠲᠠᠯᠪᠢᠵᠦ᠂ ᠣᠯᠠᠨ ᠶᠠᠩᠵᠤ᠎ᠶ᠋ᠢᠨ ᠰᠤᠷᠤᠯᠴᠠᠬᠤ ᠬᠡᠯᠪᠡᠷᠢ᠎ᠪᠡᠷ ᠳᠠᠮᠵᠢᠭᠤᠯᠤᠨ᠂ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠰᠠᠬᠢᠯᠭ᠎ᠠ ᠪᠠᠲᠤ᠎ᠶ᠋ᠢᠨ ᠤᠬᠠᠮᠰᠠᠷ᠎ᠢ ᠨᠢ ᠴᠢᠨᠠᠭᠰᠢᠳᠠ ᠴᠢᠩᠭᠠᠳᠭᠠᠵᠤ᠂ ᠨᠠᠮᠴᠢ ᠴᠢᠨᠠᠷ᠎ᠤᠨ ᠪᠣᠯᠪᠠᠰᠤᠷᠠᠯ ᠢ ᠳᠡᠭᠡᠭ᠌ᠰᠢᠯᠡᠭᠦᠯᠵᠦ᠂ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠴᠢᠳᠠᠪᠤᠷᠢ᠎ᠶ᠋ᠢ ᠨᠢ ᠳᠡᠭᠡᠭ᠌ᠰᠢᠯᠡᠭᠦᠯᠵᠦ᠂ ᠨᠠᠩ ᠡᠷᠡᠰ ᠪᠠᠲᠤ ᠤᠯᠤᠰ ᠲᠥᠷᠥ᠎ᠶ᠋ᠢᠨ ᠦᠨᠡᠨᠴᠢ ᠱᠢᠳᠤᠷᠭᠤ᠂ ᠲᠤᠱᠢᠶᠠᠯ᠎ᠢᠶᠠᠨ ᠭᠦᠶ᠋ᠴᠡᠳᠭᠡᠬᠦ᠌ ᠨᠠᠩ ᠥᠨᠳᠥᠷ ᠴᠢᠳᠠᠪᠤᠷᠢ᠂ ᠨᠠᠩ ᠤᠬᠠᠮᠰᠠᠷᠲᠤ ᠰᠠᠬᠢᠯᠭ᠎ᠠ ᠪᠠᠲᠤ᠎ᠶ᠋ᠢᠨ ᠤᠬᠠᠮᠰᠠᠷ᠂ ᠨᠠᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢ ᠰᠤᠷᠤᠯᠴᠠᠨ ᠮᠡᠳᠡᠷᠡᠵᠤ᠂ 《ᠬᠣᠶᠠᠷ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠬᠦ᠌᠎ᠪᠡᠨ ᠲᠠᠰᠤᠷᠠᠯᠲᠠ ᠥᠬᠡᠶ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠦᠵᠡᠯ ᠰᠠᠨᠠᠭᠠᠨ᠎ᠤ ᠰᠠᠭᠤᠷᠢ᠎ᠶ᠋ᠢ ᠡᠷᠡᠰ ᠪᠡᠶᠡᠯᠡᠭᠦᠯᠵᠦ᠂ ᠥᠪᠡᠷ᠎ᠪᠡᠶ᠎ᠡ᠎ᠵᠢᠨ ᠬᠤᠪᠢᠰᠭᠠᠯ ᠬᠢᠬᠦ᠌ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠵᠤ᠂ ᠶᠤᠰᠤ ᠳᠦᠷᠢᠮ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠬᠡᠪ ᠳᠠᠭᠤᠷᠢᠶᠠᠯ ᠪᠤᠯᠭᠠᠪᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠬᠢᠭᠡᠳ ᠲᠤᠬᠠᠢᠯᠠᠭ᠍ᠰᠠᠨ ᠠᠵᠢᠯ᠎ᠢ᠋ ᠭᠦᠨᠵᠡᠭᠡᠶ ᠠᠭᠤᠰᠤᠯᠴᠠᠭᠤᠯᠵᠤ᠂ ᠬᠠᠷᠢᠯᠴᠠᠨ ᠠᠬᠢᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠬᠡᠷᠡᠭ ᠶᠠᠪᠤᠳᠠᠯ᠎ᠢ ᠪᠠᠷᠢᠮᠵᠢᠶᠠᠵᠢᠭᠤᠯᠬᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠂ ᠳ᠋ᠠᠢᠲ᠋ᠠ᠎ᠶ᠋ᠢᠨ ᠡᠬᠢ ᠪᠠᠶᠠᠯᠢᠭ ᠵᠡᠷᠭᠡ ᠠᠵᠢᠯ᠎ᠤᠨ ᠲᠣᠭᠣᠷᠢᠨ᠎ᠳᠤ᠂ ᠣᠯᠠᠨ ᠲᠦᠮᠡᠨ᠎ᠦ ᠳᠡᠷᠭᠡᠳᠡ ᠣᠷᠣᠱᠢᠵᠤ ᠪᠠᠢᠭ᠎ᠠ ᠲᠥᠪ ᠪᠤᠰᠤ ᠰᠤᠷᠲᠠᠯ᠂ ᠬᠡᠯᠪᠡᠷᠢᠴᠢ ᠦᠵᠡᠯ᠂ ᠡᠭᠦᠷᠭᠡ ᠬᠦᠨᠳᠦᠳᠡᠬᠦ ᠵᠡᠷᠭᠡ ᠦᠨᠳᠦᠰᠦᠨ ᠱᠠᠲᠤᠨ᠎ᠤ 17 ᠵᠦᠶ᠋ᠯ᠎ᠦᠨ ᠳᠠᠷᠤᠭᠠᠰᠤ᠎ᠶ᠋ᠢ ᠬᠥᠩᠭᠡᠷᠡᠭᠦᠯᠬᠦ᠌ ᠠᠰᠠᠭᠤᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠬᠤ ᠪᠠ ᠵᠠᠯᠠᠷᠠᠭᠤᠯᠵᠤ᠂ 5 ᠵᠦᠶ᠋ᠯ᠎ᠢ ᠨᠢ ᠱᠢᠶ᠋ᠳᠪᠦᠷᠢᠯᠡᠪᠡ; ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠠᠯ᠎ᠠ ᠪᠠᠷ ᠠᠵᠤ ᠠᠬᠤᠢᠯᠠᠯ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ 48 ᠵᠦᠶ᠋ᠯ᠎ᠦᠨ ᠠᠰᠠᠭᠤᠳᠠᠯ᠎ᠢ ᠢᠯᠡᠷᠡᠭᠦᠯᠵᠦ᠍᠂ ᠠᠰᠠᠭᠤᠳᠠᠯ᠎ᠤᠨ ᠨᠠᠷᠢᠨ ᠲᠠᠩᠰᠠ᠎ᠶ᠋ᠢ ᠲᠣᠭ᠍ᠲᠠᠭᠠᠵᠤ᠂ ᠠᠰᠠᠭᠤᠳᠠᠯ᠎ᠤᠨ ᠱᠢᠨᠵᠢ ᠴᠢᠨᠠᠷ᠂ ᠱᠢᠯᠲᠠᠭᠠᠨ ᠵᠢᠴᠢ ᠴᠡᠭ᠌ᠴᠡᠯᠡᠨ ᠰᠠᠢᠵᠢᠷᠠᠭᠤᠯᠬᠤ ᠴᠢᠭ᠌ᠯᠡᠯ᠂ ᠬᠠᠷᠠᠯᠲᠠ ᠪᠠ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠣᠳᠣᠬᠠᠨ᠎ᠳᠤ ᠨᠢᠭᠡᠨᠲᠡ 25 ᠵᠦᠶ᠋ᠯ᠎ᠢ ᠨᠢ ᠴᠡᠭ᠌ᠴᠡᠯᠡᠨ ᠰᠠᠢᠵᠢᠷᠠᠭᠤᠯᠵᠤ᠂ ᠨᠢᠭᠡ ᠪᠦᠯᠦᠭ ᠠᠵᠤ ᠠᠬᠤᠢᠯᠠᠯ᠂ ᠣᠯᠠᠨ ᠲᠦᠮᠡᠨ᠎ᠦ ᠳᠡᠷᠭᠡᠳᠡᠬᠢ ᠪᠣᠳᠠᠲᠠᠶ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠠᠰᠠᠭᠤᠳᠠᠯ᠎ᠤᠨ ᠪᠣᠶ ᠪᠣᠯᠬᠤ ᠬᠥᠷᠥᠰᠥ᠍ ᠱᠢᠷᠣᠶ᠎ᠶ᠋ᠢ ᠡᠬᠢ ᠡᠭᠦᠰᠦᠯ᠎ᠡᠴᠡ᠎ᠨᠢ ᠠᠷᠢᠯᠭᠠᠵᠤ᠂ ᠠᠵᠢᠯ᠎ᠤᠨ ᠦᠷ᠎ᠡ ᠪᠦᠲᠦᠮᠵᠢ᠂ ᠦᠶ᠋ᠯᠡᠴᠢᠯᠡᠭᠡᠨ᠎ᠦ ᠶᠠᠰᠤ ᠴᠢᠨᠠᠷ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠶᠡᠬᠡᠪᠡᠷ ᠳᠡᠭᠡᠭ᠌ᠰᠢᠯᠡᠭᠦᠯᠪᠡ᠃
ᠠᠯᠠᠱᠠ ᠠᠢᠮᠠᠭ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠣᠯᠪᠣᠭᠠᠯᠠᠨ ᠬᠥᠳᠡᠯᠦᠯᠴᠡᠬᠦ᠌᠂ ᠨᠡᠪᠲᠡᠷᠡᠯᠴᠡᠨ ᠠᠭᠤᠰᠤᠯᠴᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠲᠣᠬᠢᠷᠠᠭᠤᠯᠤᠯᠲᠠ ᠪᠠᠢᠷᠢᠯᠠᠭᠤᠯᠤᠯᠲᠠ᠂ ᠰᠤᠷᠤᠯᠴᠠᠯᠭ᠎ᠠ ᠬᠥᠮᠦᠵᠢᠯ᠂ ᠠᠰᠠᠭᠤᠳᠠᠯ᠎ᠢ ᠴᠡᠭ᠌ᠴᠡᠯᠡᠨ ᠵᠠᠰᠠᠬᠤ᠂ ᠬᠢᠨᠠᠯᠲᠠ ᠳᠡᠯᠪᠢᠵᠦ ᠪᠠᠢᠴᠠᠭᠠᠬᠤ᠂ ᠦᠨᠡᠯᠡᠨ ᠵᠢᠱ᠌ᠢᠵᠦ᠍ ᠦᠷ᠎ᠡ ᠪᠦᠲᠦᠮᠵᠢ᠎ᠶ᠋ᠢ ᠠᠰᠠᠭᠤᠬᠤ ᠵᠡᠷᠭᠡ ᠠᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠵᠤ᠂ ᠡᠭᠦᠷᠭᠡ ᠲᠤᠰᠢᠶᠠᠯ ᠰᠣᠯᠪᠢᠴᠠᠬᠤ᠂ ᠠᠵᠢᠯ ᠳᠠᠪᠬᠤᠴᠠᠬᠤ ᠵᠡᠷᠭᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ ᠬᠤᠷᠴᠠ ᠭᠠᠪᠱᠢᠭᠠᠢ ᠬᠦᠴᠦᠨ᠎ᠢ ᠲᠠᠲᠠᠵᠤ 3 ᠵᠢᠯᠣᠭᠣᠳᠭᠤ ᠳᠤᠭᠤᠢᠯᠠᠩ ᠪᠠᠢᠭᠤᠯᠵᠤ᠂ ᠴᠡᠭ᠎ᠲᠦ ᠰᠠᠭᠤᠨ ᠪᠠᠢᠴᠠᠭᠠᠨ ᠰᠤᠳᠤᠯᠤᠯᠲᠠ ᠬᠢᠵᠦ᠍ ᠵᠢᠭᠠᠨ ᠵᠢᠯᠣᠭᠣᠳᠴᠤ᠌᠂ ᠦᠨᠳᠦᠰᠦᠨ ᠱᠠᠳᠤ᠎ᠶ᠋ᠢ ᠬᠠᠪᠰᠤᠷᠤᠨ ᠠᠰᠠᠭᠤᠳᠠᠯ ᠡᠷᠢᠵᠦ᠍᠂ ᠠᠷᠭ᠎ᠠ ᠪᠤᠳᠤᠵᠤ᠂ ᠬᠦᠴᠢᠷ ᠠᠰᠠᠭᠤᠳᠠᠯ᠎ᠢ ᠨᠢ ᠱᠢᠢᠳᠪᠦᠷᠢᠯᠡᠵᠦ᠍᠂ 《ᠨᠠᠮ᠎ᠤᠨ ᠰᠠᠬᠢᠯᠭ᠎ᠠ ᠨᠠᠮ᠎ᠤᠨ ᠲᠣᠭ᠍ᠲᠠᠭᠠᠯ᠎ᠢ ᠰᠡᠳᠭᠢᠯ ᠳ᠋ᠡᠭᠡᠨ ᠠᠪᠴᠤ ᠬᠡᠷᠡᠭ᠌ᠵᠢᠭᠦᠯᠵᠦ᠍ ᠪᠠᠢᠬᠤ ᠡᠰᠡᠬᠦ᠌᠂ ᠲᠤᠪᠤᠢ᠌ᠮ᠎ᠠ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠵᠦ᠍ ᠪᠠᠢᠬᠤ ᠡᠰᠡᠬᠦ᠌᠂ ᠺᠠᠳ᠋ᠷ᠎ᠤᠨ ᠰᠤᠷᠲᠠᠯ ᠦᠨᠳᠦᠰᠦᠨ᠎ᠡᠴᠡ᠎ᠪᠡᠨ ᠬᠤᠪᠢᠷᠠᠵᠤ ᠪᠠᠢᠬᠤ ᠡᠰᠡᠬᠦ᠌᠂ ᠤᠯᠠᠨ ᠲᠦᠮᠡᠨ ᠬᠠᠨᠤᠮᠵᠢᠲᠠᠢ ᠪᠠᠢᠬᠤ ᠡᠰᠡᠬᠦ᠌》 ᠵᠡᠷᠭᠡ ᠲᠦᠷᠪᠡᠨ ᠲᠠᠯ᠎ᠠ᠎ᠡᠴᠡ ᠠᠵᠢᠯ᠎ᠤᠨ ᠦᠷ᠎ᠡ ᠪᠦᠲᠦᠮᠵᠢ᠎ᠶ᠋ᠢ ᠱᠢᠯᠭᠠᠵᠤ ᠪᠤᠢ᠃ ᠢᠯᠠᠩᠭᠤᠶ᠎ᠠ ᠣᠷᠣᠨ ᠰᠠᠭᠤᠴᠠ᠎ᠶ᠋ᠢᠨ ᠦᠨᠡᠮᠯᠡᠯ᠎ᠢᠶᠡᠨ ᠠᠪᠬᠤ᠎ᠳᠤ ᠬᠦᠴᠢᠷᠲᠡᠶ ᠪᠠᠢᠬᠤ᠂ ᠰᠤᠷᠭᠠᠭᠤᠯᠢ᠎ᠶ᠋ᠢᠨ ᠬᠦᠷᠢᠶᠡᠨ᠎ᠦ ᠭᠠᠯ᠎ᠢ ᠰᠡᠷᠭᠡᠢ᠌ᠯᠡᠬᠦ᠌ ᠭᠠᠯ ᠤᠨᠲᠠᠷᠠᠭᠠᠬᠤ ᠠᠮᠤᠷ ᠲᠦᠪᠰᠢᠨ ᠤ᠋ ᠭᠡᠮ ᠰᠤᠭᠤᠭ ᠵᠡᠷᠭᠡ ᠣᠯᠠᠨ ᠲᠦᠮᠡᠨ᠎ᠦ ᠬᠠᠯᠠᠮᠵᠢᠯᠠᠨ ᠠᠩᠬᠠᠷᠴᠤ᠌ ᠪᠠᠢᠭ᠎ᠠ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠦᠴᠤᠯᠠᠨ ᠱᠢᠶ᠋ᠳᠪᠦᠷᠢᠯᠡᠵᠦ᠍᠂ ᠨᠠᠮ᠎ᠤᠨ ᠭᠡᠱᠢᠭᠦᠨ ᠬᠥᠮᠦᠵᠢᠯ ᠬᠦᠷᠲᠡᠬᠦ᠌᠂ ᠦᠨᠳᠦᠰᠦᠨ ᠱᠠᠲᠤᠨ᠎ᠤ ᠳᠠᠷᠤᠭᠠᠰᠤ ᠵᠢ ᠬᠥᠩᠭᠡᠷᠡᠬᠦᠯᠬᠦ᠌᠂ ᠣᠯᠠᠨ ᠲᠦᠮᠡᠨ᠎ᠳᠦ ᠪᠣᠳᠠᠲᠤ ᠠᠱᠢᠭ ᠬᠦᠷᠲᠡᠭᠡᠬᠦ᠌᠎ᠶ᠋ᠢ ᠪᠡᠶᠡᠯᠡᠭᠦᠯᠪᠡ᠃
ᠦᠬᠠᠶ ᠬᠣᠲᠠ᠎ᠶ᠋ᠢᠨ ᠤᠳᠠ ᠵᠢᠨ ᠲᠤᠬᠤᠢ ᠲᠣᠭᠣᠷᠢᠭ ᠲᠣᠬᠢᠷᠠᠭᠤᠯᠤᠯᠲᠠ ᠪᠠᠢᠷᠢᠯᠠᠭᠤᠯᠤᠯᠲᠠ᠂ ᠲᠥᠪᠯᠡᠷᠡᠩᠭᠦᠶ ᠰᠤᠷᠤᠯᠴᠠᠯᠭ᠎ᠠ᠂ ᠠᠵᠢᠯ᠎ᠤᠨ ᠲᠣᠬᠢᠷᠠᠭᠤᠯᠤᠯᠲᠠ ᠵᠡᠷᠭᠡ ᠭᠣᠭ᠍ᠴᠣᠭ᠎ᠠ᠎ᠶ᠋ᠢ ᠴᠢᠩᠭ᠎ᠠ ᠠᠩᠬᠠᠷᠴᠤ᠌᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠠᠬᠢᠭᠤᠯᠵᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠭᠤᠷᠪᠠᠨ ᠵᠦᠶ᠋ᠯ᠎ᠦᠨ ᠠᠵᠢᠯ᠎ᠢ ᠠᠭᠤᠰᠤᠯᠴᠠᠭᠤᠯᠤᠨ ᠬᠠᠷᠢᠯᠴᠠᠨ ᠠᠬᠢᠭᠤᠯᠵᠤ᠂ ᠨᠢᠭᠡ ᠴᠣᠭ᠍ᠴᠠᠵᠢᠭᠤᠯᠤᠨ ᠨᠡᠪᠲᠡᠷᠡᠯᠴᠡᠭᠦᠯᠪᠡ᠃ ᠭᠤᠷᠪᠠᠨ ᠵᠦᠶ᠋ᠯ᠎ᠦᠨ ᠠᠵᠢᠯ᠎ᠢ ᠠᠬᠢᠭᠤᠯᠬᠤ ᠪᠠ ᠡᠭᠦᠷᠭᠡ ᠲᠤᠰᠢᠶᠠᠯ᠎ᠢ ᠱᠢᠯᠢᠳᠡᠭ᠌ᠵᠢᠭᠦᠯᠬᠦ᠌᠎ᠶ᠋ᠢ ᠵᠡᠷᠭᠡ᠎ᠪᠡᠷ ᠶᠠᠪᠤᠭ᠍ᠳᠠᠭᠤᠯᠬᠤ᠎ᠶ᠋ᠢ ᠪᠠᠷᠢᠮᠲᠠᠯᠠᠵᠤ᠂ ᠴᠢᠬᠤᠯᠠ ᠪᠤᠰᠤ ᠠᠵᠢᠯ᠎ᠤᠨ ᠵᠦᠶ᠋ᠯᠡᠰ᠂ ᠠᠵᠢᠯ᠎ᠤᠨ ᠭᠣᠭ᠍ᠴᠣᠭ᠎ᠠ᠎ᠳᠤ ᠵᠣᠷᠢᠭ᠍ᠲᠠᠶ᠎ᠪᠠᠷ 《ᠬᠠᠰᠤᠬᠤ ᠠᠷᠭ᠎ᠠ》 ᠶ᠋ᠢ ᠠᠪᠴᠤ᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ 《ᠨᠡᠮᠡᠬᠦ᠌ ᠠᠷᠭ᠎ᠠ》 ᠶ᠋ᠢ ᠠᠪᠴᠤ᠂ ᠡᠯ᠎ᠡ ᠲᠥᠷᠥᠯ᠎ᠦᠨ ᠪᠢᠴᠢᠭ ᠮᠠᠲ᠋ᠧᠷᠢᠶᠠᠯ᠂ ᠬᠤᠷᠠᠯ᠂ ᠬᠢᠨᠠᠨ ᠱᠢᠯᠭᠠᠯᠲᠠ ᠵᠢᠴᠢ ᠡᠳᠦᠷ ᠲᠤᠲᠤᠮ᠎ᠤᠨ ᠠᠵᠢᠯ ᠵᠡᠷᠭᠡ ᠲᠠᠯ᠎ᠠ᠎ᠪᠠᠷ ᠳᠠᠷᠤᠭᠠᠰᠤ᠎ᠶ᠋ᠢ ᠬᠥᠩᠭᠡᠷᠡᠭᠦᠯᠬᠦ᠌ ᠬᠠᠲᠠᠭᠤ ᠠᠷᠭ᠎ᠠ ᠬᠡᠮᠵᠢᠶ᠎ᠡ ᠠᠪᠴᠤ᠌᠂ ᠳᠠᠷᠤᠭᠠᠰᠤ᠎ᠶ᠋ᠢ ᠬᠥᠩᠭᠡᠷᠡᠭᠦᠯᠬᠦ᠌᠎ᠡᠴᠡ ᠪᠢᠰᠢ ᠬᠠᠷᠢᠭᠤᠴᠠᠯᠭ᠎ᠠ᠎ᠶ᠋ᠢ ᠬᠥᠩᠭᠡᠷᠡᠭᠦᠯᠬᠦ᠌ ᠥᠬᠡᠶ᠂ ᠬᠦᠯᠢᠶᠡᠰᠦ᠎ᠶ᠋ᠢ ᠰᠤᠯᠠᠷᠠᠭᠤᠯᠬᠤ ᠡᠴᠡ ᠪᠢᠰᠢ ᠠᠵᠢᠯ ᠳ᠋ᠤ ᠨᠠᠵᠠᠭᠠᠢ᠌ᠷᠠᠬᠤ ᠦᠭᠡᠢ᠂ ᠳᠠᠷᠤᠭᠠᠰᠤ᠎ᠶ᠋ᠢ ᠬᠥᠩᠭᠡᠷᠡᠭᠦᠯᠬᠦ᠌᠎ᠡᠴᠡ ᠪᠢᠰᠢ ᠡᠭᠦᠷᠭᠡ ᠪᠡᠨ ᠬᠠᠶᠠᠬᠤ ᠥᠬᠡᠶ ᠪᠠᠢᠬᠤ ᠠᠵᠢᠯ᠎ᠤᠨ ᠤᠳᠤᠷᠢᠳᠤᠮᠵᠢ᠎ᠶ᠋ᠢ ᠵᠡᠷᠭᠡ᠎ᠳᠦᠨᠢ ᠲᠣᠳᠣᠷᠬᠠᠢᠯᠠᠪᠠ᠃ ᠡᠯ᠎ᠡ ᠲᠥᠷᠥᠯ᠎ᠦᠨ ᠬᠤᠷᠠᠯ᠂ ᠪᠠᠢᠴᠠᠭᠠᠨ ᠰᠤᠳᠤᠯᠤᠯᠲᠠ᠂ ᠪᠠᠢᠴᠠᠭᠠᠯᠲᠠ᠎ᠶ᠋ᠢᠨ ᠳᠠᠪᠲᠠᠮᠵᠢ ᠪᠠ ᠴᠠᠭ᠎ᠢ ᠦᠷᠭᠦᠯᠵᠢᠯᠡᠨ ᠪᠠᠭᠠᠰᠭᠠᠵᠤ᠂ ᠭᠤᠤᠯᠳᠠᠯᠭ᠎ᠠ᠎ᠪᠠᠨ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠲᠠᠯᠪᠢᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠬᠤ᠎ᠶ᠋ᠢ ᠴᠢᠬᠤᠯᠠᠴᠢᠯᠠᠨ ᠬᠠᠮᠢᠶ᠎ᠠ ᠪᠥᠬᠥᠶ ᠠᠰᠠᠭᠤᠳᠠᠯ᠎ᠢ ᠱᠢᠶ᠋ᠳᠪᠦᠷᠢᠯᠡᠵᠦ ᠪᠠᠢᠨ᠎ᠠ᠃