ᠰᠤᠷᠤᠯᠴᠠᠯᠭ᠎ᠠ ᠵᠢᠨ ᠦᠷ᠎ᠠ ᠪᠦᠳᠦᠬᠡᠯ ᠢ᠋ ᠦᠷᠬᠦᠯᠵᠢᠯᠡᠨ ᠤᠯᠠᠨ ᠲᠦᠮᠡᠨ ᠳ᠋ᠤ ᠦᠢᠯᠡᠴᠢᠯᠡᠬᠦ ᠪᠤᠳᠠᠳᠤ ᠠᠵᠢᠯᠯᠠᠭ᠎ᠠ ᠪᠤᠯᠭᠠᠨ ᠬᠤᠪᠢᠷᠠᠭᠤᠯᠤᠨ᠎ᠠ
2024-08-10 12:12:34
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠢᠨ ᠪᠠᠷᠢᠮᠵᠢᠶ᠎ᠠ᠎ᠶᠢ ᠪᠠᠭᠤᠷᠠᠭᠤᠯᠬᠤ ᠦᠭᠡᠢ᠂ ᠡᠷᠴᠢ ᠬᠦᠴᠦᠨ᠎ᠢ ᠰᠤᠯᠠᠷᠠᠭᠤᠯᠬᠤ ᠦᠭᠡᠢ ᠪᠠᠢᠬᠤ᠎ᠶᠢ ᠪᠠᠷᠢᠮᠳᠠᠯᠠᠵᠤ᠂ ᠤᠨᠤᠯ᠎ᠤᠨ ᠰᠤᠷᠤᠯᠴᠠᠯᠭ᠎ᠠ᠎ᠶᠢᠨ ᠲᠠᠯ᠎ᠠ᠎ᠪᠠᠷ ᠦᠷᠭᠦᠯᠵᠢᠯᠡᠨ ᠳᠤᠲᠠᠭᠤᠳᠠᠯ ᠵᠢᠡᠨ ᠪᠠᠢᠴᠠᠭᠠᠨ ᠨᠥᠬᠥᠪᠦᠷᠢᠯᠡᠵᠦ᠂ ᠰᠡᠷᠡᠮᠵᠢᠯᠡᠭᠦᠯᠬᠦ ᠬᠥᠮᠦᠵᠢᠯ᠎ᠦᠨ ᠲᠠᠯ᠎ᠠ᠎ᠪᠠᠷ ᠦᠷᠭᠦᠯᠵᠢᠯᠡᠨ ᠥᠪᠡᠷ᠎ᠢ᠎ᠪᠡᠨ ᠪᠠᠢᠴᠠᠭᠠᠨ ᠦᠵᠡᠵᠦ᠂ ᠠᠵᠢᠯ ᠬᠢᠵᠦ ᠦᠢᠯᠡᠰ ᠪᠣᠰᠬᠠᠬᠤ ᠲᠠᠯ᠎ᠠ᠎ᠪᠠᠷ ᠦᠷᠭᠦᠯᠵᠢᠯᠡᠨ ᠡᠷᠴᠢ ᠵᠣᠷᠢᠭ᠋᠎ᠢᠶᠠᠨ ᠬᠥᠪᠴᠢᠯᠡᠵᠦ᠂ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠷᠠᠳ ᠤᠯᠠᠨ᠎ᠳᠤ ᠦᠢᠯᠡᠴᠢᠯᠡᠬᠦ᠂ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ ᠪᠣᠳᠠᠲᠤ ᠠᠵᠢᠯᠯᠠᠭ᠎ᠠ ᠪᠠ ᠠᠵᠢᠯ᠎ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ  ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ᠎ᠲᠠᠢ ᠣᠷᠭᠠᠨᠢᠭ᠋᠎ᠢᠶᠠᠷ ᠠᠭᠤᠰᠤᠯᠴᠠᠭᠤᠯᠵᠤ᠂ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠪᠦᠲᠦᠴᠡ᠎ᠶᠢᠨ ᠬᠠᠷᠢᠴᠠᠯ᠎ᠢ ᠳᠡᠭᠡᠭᠰᠢᠯᠡᠭᠦᠯᠬᠦ᠂ ᠠᠵᠢᠯ᠎ᠤᠨ ᠪᠠᠢᠷᠢ᠎ᠳᠤ ᠤᠷᠢᠨ ᠬᠡᠷᠡᠭᠯᠡᠬᠦ ᠲᠥᠷᠥ᠎ᠶᠢᠨ ᠪᠣᠳᠣᠯᠭ᠎ᠠ᠎ᠶᠢ ᠦᠨᠳᠦᠰᠦᠨ ᠱᠠᠲᠤ ᠳᠠᠢᠰᠢ ᠤᠯᠠᠮ ᠨᠢᠭᠡ ᠠᠯᠬᠤᠮ ᠬᠡᠯᠪᠡᠢᠯᠭᠡᠬᠦ᠎ᠶᠢ ᠠᠬᠢᠭᠤᠯᠬᠤ᠂ ᠮᠡᠷᠭᠡᠵᠢᠯ᠎ᠦᠨ ᠴᠣᠯᠠ ᠵᠢ ᠦᠨᠡᠯᠡᠨ ᠲᠣᠭᠲᠠᠭᠠᠬᠤ᠎ᠶᠢ ᠦᠨᠳᠦᠰᠦᠨ ᠱᠠᠲᠤ ᠳᠠᠢᠰᠢ ᠤᠯᠠᠮ ᠨᠢᠭᠡ ᠠᠯᠬᠤᠮ ᠬᠡᠯᠪᠡᠢᠯᠭᠡᠬᠦ᠎ᠶᠢ ᠠᠬᠢᠭᠤᠯᠬᠤ᠂ ᠦᠨᠳᠦᠰᠦᠨ ᠱᠠᠲᠤᠨ᠎ᠤ ᠨᠡᠮᠡᠭᠦᠷᠢ ᠨᠥᠬᠥᠪᠦᠷᠢ᠎ᠶᠢᠨ ᠠᠵᠢᠯ᠎ᠢ ᠢᠳᠡᠪᠬᠢᠲᠡᠢ ᠰᠠᠢᠲᠤᠷ ᠬᠢᠬᠦ᠂ ᠦᠨᠳᠦᠰᠦᠨ ᠱᠠᠲᠤᠨ᠎ᠤ ᠠᠵᠢᠯ᠎ᠤᠨ ᠬᠦᠴᠦᠨ᠎ᠢ ᠲᠡᠭᠦᠯᠳᠡᠷᠵᠢᠭᠦᠯᠬᠦ ᠵᠡᠷᠭᠡ ᠲᠠᠪᠤᠨ ᠲᠠᠯ᠎ᠠ᠎ᠪᠠᠷ ᠦᠨᠳᠦᠰᠦᠨ ᠱᠠᠲᠤᠨ᠎ᠤ ᠺᠠᠳ᠋ᠷᠴᠤᠳ᠎ᠤᠨ ᠲᠤᠬᠠᠢ ᠬᠠᠢᠷ᠎ᠠ ᠬᠠᠯᠠᠮᠵᠢ ᠪᠠ ᠠᠵᠢᠯ᠎ᠤᠨ ᠳᠡᠮᠵᠢᠯᠭᠡ᠎ᠶᠢ ᠨᠡᠮᠡᠭᠳᠡᠭᠦᠯᠪᠡ᠃ ᠪᠢᠴᠢᠭ ᠮᠠᠲᠧᠷᠢᠶᠠᠯ ᠢ᠋ ᠴᠣᠮᠬᠠᠳᠬᠠᠵᠤ ᠬᠤᠷᠠᠯ᠎ᠢ ᠴᠥᠭᠡᠳᠬᠡᠬᠦ᠂ ᠲᠤᠬᠠᠢᠯᠠᠭᠰᠠᠨ ᠠᠵᠢᠯ᠎ᠤᠨ ᠮᠡᠳᠡᠭᠦᠯᠦᠯᠲᠡ᠎ᠶᠢᠨ ᠬᠦᠰᠦᠨᠦᠭᠲᠦ᠎ᠶᠢᠨ ᠡᠬᠡ ᠲᠠᠨᠭᠰᠠ᠎ᠶᠢ ᠴᠣᠮᠬᠠᠳᠬᠠᠬᠤ ᠵᠡᠷᠭᠡ ᠲᠠᠯ᠎ᠠ᠎ᠪᠠᠷ ᠦᠨᠳᠦᠰᠦᠨ ᠱᠠᠲᠤᠨ᠎ᠤ ᠬᠦᠯᠢᠶᠡᠰᠦ᠎ᠶᠢ ᠰᠤᠯᠠᠷᠠᠭᠤᠯᠪᠠ᠃ ᠲᠣᠰ ᠲᠢᠩᠬᠢᠮ᠎ᠤᠨ ᠬᠢᠨ  ᠨᠠᠮ ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ ᠠᠯᠢ ᠣᠯᠠᠨ ᠲᠤᠰᠬᠠᠢ ᠴᠡᠭᠴᠡᠯᠡᠨ ᠵᠠᠰᠠᠬᠤ ᠪᠠ ᠦᠨᠡᠨᠴᠢ ᠢᠲᠡᠭᠡᠮᠵᠢ᠎ᠶᠢ ᠠᠬᠢᠭᠤᠯᠬᠤ ᠠᠵᠢᠯᠯᠠᠭ᠎ᠠ᠎ᠲᠠᠢ ᠣᠷᠭᠠᠨᠢᠭ᠋᠎ᠢᠶᠠᠷ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠬᠣᠯᠪᠤᠭᠠᠯᠠᠨ ᠪᠠᠢᠴᠠᠭᠠᠬᠤ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠦᠳᠲᠡᠷ ᠲᠦᠷᠭᠡᠨ ᠴᠡᠭᠴᠡᠯᠡᠨ ᠵᠠᠰᠠᠪᠠ; ᠡᠶ᠎ᠡ ᠵᠣᠬᠢᠴᠠᠩᠭᠤᠢ ᠬᠥᠳᠡᠯᠮᠦᠷᠢ᠎ᠶᠢᠨ ᠬᠠᠷᠢᠴᠠᠭ᠎ᠠ᠎ᠶᠢᠨ《ᠨᠡᠷᠡᠰ ᠤ᠋ᠨ ᠵᠢᠭᠰᠠᠭᠠᠯᠳᠠ 》 ᠵᠢ ᠪᠠᠢᠭᠤᠯᠵᠤ᠂ ᠪᠥᠬᠥ ᠣᠷᠣᠨ᠎ᠳᠤ  ᠨᠡᠶ᠋ᠢᠲᠡ 3777 ᠡᠶ᠎ᠡ ᠵᠣᠬᠢᠴᠠᠩᠭᠤᠢ ᠬᠥᠳᠡᠯᠮᠦᠷᠢ᠎ᠶᠢᠨ ᠬᠠᠷᠢᠴᠠᠭ᠎ᠠ ᠪᠦᠬᠦᠢ ᠨᠢᠭᠡᠴᠢ᠎ᠵᠢ ᠦᠨᠡᠯᠡᠨ ᠲᠣᠭᠲᠠᠭᠠᠪᠠ ;ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ 220 ᠵᠦᠢᠯᠡᠰ᠎ᠢ 《ᠰᠦᠯᠵᠢᠶᠡᠨ ᠳᠡᠭᠡᠷ᠎ᠡ ᠭᠦᠢᠴᠡᠳᠬᠡᠬᠦ》  ᠵᠢ ᠪᠡᠶᠡᠯᠡᠭᠦᠯᠵᠦ᠂ 73 ᠵᠦᠢᠯᠡᠰ᠎ᠢ 《ᠠᠯᠠᠭᠠᠨ ᠳᠡᠭᠡᠷ᠎ᠡ  ᠭᠦᠢᠴᠡᠳᠬᠡᠬᠦ》  ᠵᠢ ᠪᠡᠶᠡᠯᠡᠭᠦᠯᠪᠡ᠃

ᠦᠬᠠᠢ ᠬᠤᠳᠠ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠪᠤᠯᠤᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠡᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ ᠵᠢ ᠨᠢᠭᠡ ᠴᠤᠭᠴᠠᠵᠢᠭᠤᠯᠤᠨ ᠠᠬᠢᠭᠤᠯᠵᠤ᠂ ᠬᠤᠳᠠ᠎ᠶᠢᠨ ᠱᠠᠲᠤᠨ᠎ᠠᠴᠠ ᠭᠤᠷᠪᠠᠨ ᠲᠠᠭᠠᠭᠤᠯᠬᠤ ᠰᠠᠯᠠᠭ᠎ᠠ ᠮᠥᠴᠢᠷ  ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠯᠴᠠᠬᠤ ᠲᠣᠭᠲᠠᠴᠠ᠎ᠶᠢ ᠪᠠᠢᠭᠤᠯᠵᠤ᠂ ᠠᠵᠢᠯ᠎ᠢ ᠨᠢᠭᠡᠳᠭᠡᠵᠦ ᠲᠡᠢᠯᠬᠦ ᠎ᠶᠢ  ᠨᠢ ᠪᠦᠬᠦᠨ᠎ᠢ ᠨᠢᠭᠡᠳᠭᠡᠵᠦ᠂ ᠠᠭᠤᠰᠤᠯᠴᠠᠭᠤᠯᠵᠤ ᠪᠤᠯᠬᠤ ᠵᠢ ᠨᠢ ᠪᠦᠬᠦᠨ᠎ᠢ ᠠᠭᠤᠰᠤᠯᠴᠠᠭᠤᠯᠪᠠ᠃ ᠡᠯ᠎ᠡ ᠲᠣᠭᠣᠷᠢᠭ᠋᠎ᠤᠨ ᠨᠠᠮ᠎ᠤᠨ ᠬᠣᠷᠢᠶ᠎ᠠ᠎ᠳᠤ  ᠠᠵᠢᠯ᠎ᠤᠨ ᠲᠤᠰᠬᠠᠢ ᠠᠩᠭᠢ᠎ᠶᠢ ᠲᠠᠬᠢᠨ ᠰᠢᠨ᠎ᠡ᠎ᠪᠡᠷ ᠪᠠᠶ᠋ᠢᠭᠤᠯᠬᠤ ᠦᠭᠡᠢ᠃ ᠡᠯ᠎ᠡ ᠱᠠᠲᠤᠨ ᠎ᠤ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠳᠡᠭᠡᠷ᠎ᠡ ᠳᠣᠣᠷ᠎ᠠ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠬᠦ᠎ᠶᠢ ᠪᠠᠷᠢᠮᠲᠠᠯᠠᠵᠤ᠂ ᠬᠠᠢᠷᠤᠪ ᠎ᠤᠨ ᠲᠣᠬᠣᠢ ᠲᠣᠭᠣᠷᠢᠭ᠋᠎ᠤᠨ ᠬᠢᠨ ᠳᠡᠭᠡᠳᠦ ᠱᠠᠲᠤᠨ᠎ᠤ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠲᠠᠯ᠎ᠠ ᠪᠡᠷ ᠬᠦᠢᠴᠡᠳ ᠰᠡᠳᠬᠢᠯ ᠦᠯᠦ ᠲᠠᠯᠪᠢᠵᠤ ᠪᠠᠢᠭ᠎ᠠ᠂ ᠤᠯᠠᠨ ᠲᠦᠮᠡᠨ ᠎ᠦ ᠲᠤᠰᠬᠠᠭᠰᠠᠨ ᠠᠰᠠᠭᠤᠳᠠᠯ᠎ᠢ ᠰᠢᠢᠳᠪᠦᠷᠢᠯᠡᠭᠰᠡᠨ ᠦᠷ᠎ᠡ ᠪᠦᠲᠦᠮᠵᠢ   ᠠᠨᠠᠢ ᠂ ᠵᠠᠬᠢᠳᠠᠯ ᠰᠣᠷᠪᠤᠯᠵᠢᠯᠠᠯ᠎ᠤᠨ ᠳᠠᠷᠤᠭᠳᠠᠮᠠᠯ ᠬᠡᠷᠡᠭ᠎ᠢ ᠰᠢᠢᠳᠪᠦᠷᠢᠯᠡᠭᠰᠡᠨ ᠵᠢᠡᠷ ᠬᠦᠷᠦᠯᠴᠡᠬᠦ ᠦᠭᠡᠢ ᠪᠠᠢᠬᠤ ᠵᠡᠷᠭᠡ ᠠᠰᠠᠭᠤᠳᠠᠯ᠎ᠳ᠋ᠤ ᠠᠩᠬᠠᠷᠤᠯ ᠵᠢᠡᠨ ᠲᠦᠪᠯᠡᠷᠡᠬᠦᠯᠵᠦ᠂ ᠭᠤᠷᠪᠠᠨ ᠵᠦᠢᠯ᠎ᠦᠨ ᠠᠵᠢᠯ᠎ᠢ ᠨᠢᠭᠡ ᠴᠣᠭᠴᠠᠵᠢᠭᠤᠯᠤᠭᠰᠠᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯ᠎ᠢ ᠥᠷᠨᠢᠭᠦᠯᠪᠡ᠃ ᠤᠳᠠ ᠵᠢᠨ ᠲᠤᠬᠤᠢ ᠲᠣᠭᠣᠷᠢᠭ᠋᠎ᠤᠨ ᠬᠢᠨ ᠭᠤᠷᠪᠠᠨ ᠵᠦᠢᠯ᠎ᠦᠨ ᠠᠵᠢᠯ᠎ᠤᠨ ᠬᠢᠨᠠᠨ ᠬᠡᠮᠵᠢᠬᠦ  ᠴᠡᠭ ᠎ᠢ  8 ᠭᠠᠷᠭᠠᠵᠤ᠂ ᠤᠯᠠᠨ ᠲᠦᠮᠡᠨ᠎ᠦ ᠬᠢᠨᠠᠯᠲᠠ ᠲᠠᠯᠪᠢᠭ᠍ᠴᠢ᠎ᠶᠢ 24 ᠤᠷᠢᠵᠤ᠂ ᠨᠢᠭᠡ ᠴᠣᠭᠴᠠᠵᠢᠭᠤᠯᠤᠨ ᠠᠬᠢᠭᠤᠯᠬᠤ ᠭᠤᠷᠪᠠᠨ ᠵᠦᠢᠯ᠎ᠦᠨ ᠠᠵᠢᠯ᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠭᠰᠠᠨ ᠡᠰᠡᠬᠦ ᠵᠡᠷᠭᠡ ᠳ᠋ᠤ ᠬᠢᠨᠠᠨ ᠬᠡᠮᠵᠢᠯᠲᠡ ᠬᠢᠵᠡᠢ᠃ ᠬᠠᠢᠨᠠᠨ ᠲᠣᠭᠣᠷᠢᠭ᠋᠎ᠤᠨ ᠬᠢᠨ  ᠨᠢᠭᠡ ᠤᠳᠠᠭᠠᠨ᠎ᠤ ᠪᠦᠬᠦᠨ᠎ᠢ  ᠬᠠᠮᠤᠷᠤᠭᠰᠠᠨ ᠨᠠᠷᠢᠯᠢᠭ᠍ᠵᠢᠭᠤᠯᠤᠭᠰᠠᠨ ᠲᠥᠪᠯᠡᠷᠡᠩᠭᠦᠢ ᠲᠠᠢᠯᠤᠮᠵᠢ ᠬᠢᠬᠦ᠂ ᠨᠢᠭᠡ ᠤᠳᠠᠭᠠᠠ᠎ᠤ  ᠪᠦᠬᠦ ᠣᠷᠣᠨ᠎ᠤ ᠴᠢᠨᠠᠷᠲᠠᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠬᠦ᠂ ᠨᠢᠭᠡ ᠲᠠᠯᠠᠪᠠᠢ ᠪᠡᠶᠡᠳᠡᠨ ᠤᠢᠯᠠᠭᠠᠬᠤ ᠮᠠᠶᠢᠭ᠎ᠤᠨ ᠰᠡᠷᠡᠮᠵᠢᠯᠡᠭᠦᠯᠬᠦ ᠬᠥᠮᠦᠵᠢᠯ ᠬᠢᠬᠦ᠂ ᠨᠢᠭᠡ ᠤᠳᠠᠭᠠᠨ᠎ᠤ ᠬᠣᠷᠢᠭ᠎ᠠ ᠱᠤᠭᠤᠮ ᠎ᠢ ᠴᠢᠩᠳᠠᠯᠠᠭᠰᠠᠨ ᠰᠠᠬᠢᠯᠭ᠎ᠠ ᠪᠠᠲᠤ ᠨᠠᠮ᠎ᠤᠨ ᠬᠢᠴᠢᠶᠡᠯ᠎ᠤᠷᠤᠬᠤ ᠵᠡᠷᠬᠡ《ᠲᠦᠷᠪᠡᠨ ᠨᠢᠭᠡ》 ᠵᠢᠨ ᠠᠵᠢᠯᠯᠠᠭ᠎ᠠ᠎ᠶᠢ ᠥᠷᠨᠢᠭᠦᠯᠵᠦ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃

ᠲᠦᠩᠯᠢᠶᠣᠣ ᠬᠤᠳᠠ᠎ᠶᠢᠨ ᠬᠣᠷᠴᠢᠨ ᠲᠣᠭᠣᠷᠢᠭ᠋᠎ᠤᠨ ᠬᠢᠨ ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ ᠬᠡᠷᠡᠭᠵᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷᠴᠤᠳ᠎ᠤᠨ ᠨᠡᠢᠲᠡᠯᠢᠭ ᠣᠨᠴᠠᠯᠢᠭ᠋ ᠪᠣᠯᠣᠨ ᠪᠤᠳᠠᠭᠠᠯᠢ ᠱᠠᠭᠠᠷᠳᠠᠯᠭ᠎ᠠ᠎ᠳᠤ ᠠᠩᠬᠠᠷᠤᠯ ᠎ᠢᠶᠠᠨ ᠲᠥᠪᠯᠡᠷᠡᠭᠦᠯᠵᠦ᠂ ᠪᠦᠬᠦᠨ ᠎ᠢ ᠬᠠᠮᠤᠷᠤᠭᠰᠠᠨ ᠰᠤᠷᠤᠯᠴᠠᠯᠭ᠎ᠠ᠎ᠶᠢ ᠰᠢᠯᠢᠳᠡᠭᠵᠢᠭᠦᠯᠵᠦ᠂ ᠬᠠᠨᠳᠤᠯᠭᠠᠲᠤ ᠴᠢᠨᠠᠷᠲᠠᠢ ᠬᠥᠮᠦᠵᠢᠯ᠎ᠢ ᠨᠠᠷᠢᠯᠢᠭ᠍ᠵᠢᠭᠤᠯᠵᠤ᠂ ᠪᠦᠬᠦ ᠶᠠᠪᠤᠴᠠ᠎ᠶᠢᠨ ᠬᠢᠨᠠᠨ ᠵᠢᠯᠣᠭᠣᠳᠤᠯᠭ᠎ᠠ᠎ᠶᠢ ᠴᠢᠩᠭᠠᠳᠬᠠᠪᠠ᠃ ᠲᠣᠰ ᠲᠣᠭᠣᠷᠢᠭ᠋᠎ᠤᠨ  ᠬᠢᠨ  ᠨᠣᠮ ᠤᠩᠰᠢᠬᠤ ᠠᠩᠭᠢ᠂《ᠭᠤᠷᠪᠠᠨ ᠬᠤᠷᠠᠯ ᠨᠢᠭᠡ ᠬᠢᠴᠢᠶᠡᠯ 》᠂ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠡᠷᠭᠡ ᠬᠡᠯᠪᠡᠷᠢ᠎ᠪᠡᠷ ᠠᠴᠢᠶᠠᠯᠠᠪᠤᠷᠢ ᠪᠣᠯᠭᠠᠵᠤ᠂ ᠡᠯ᠎ᠡ ᠬᠦᠷᠢᠶᠡᠨ᠎ᠦ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠵᠢᠨ ᠬᠡᠷᠡᠭᠴᠡᠭᠡ᠎ᠶᠢ ᠭᠦᠢᠴᠡᠳ ᠪᠣᠳᠣᠯᠬᠢᠯᠠᠨ᠂ ᠠᠷᠠᠳ᠎ᠤᠨ ᠠᠮᠢᠳᠤᠷᠠᠯ᠂ ᠡᠮ ᠡᠮᠨᠡᠯᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠴᠢᠭᠯᠡᠭᠦᠯᠦᠨ᠂ ᠲᠤᠰᠬᠠᠢ ᠰᠡᠳᠦᠪᠲᠦ ᠪᠣᠯᠪᠠᠰᠤᠷᠠᠯ ᠵᠢᠴᠢ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠵᠠᠳᠠᠯᠤᠨ ᠰᠢᠨᠵᠢᠯᠡᠪᠡ᠃ ᠰᠠᠯᠠᠭᠠᠨ ᠲᠠᠰ᠎ᠤᠨ ᠤᠳᠤᠷᠢᠳᠬᠤ ᠺᠠᠳ᠋ᠷ᠂ ᠵᠠᠯᠠᠭᠤ ᠺᠠᠳ᠋ᠷ ᠵᠡᠷᠭᠡ ᠳ᠋ᠤ ᠴᠢᠭᠯᠡᠭᠦᠯᠦᠨ᠂ ᠨᠠᠮ᠎ᠤᠨ ᠰᠤᠷᠭᠠᠭᠤᠯᠢ᠎ᠶᠢᠨ ᠭᠣᠣᠯ ᠴᠣᠭᠴᠠ᠎ᠶᠢᠨ ᠠᠩᠭᠢ ᠪᠡᠷ ᠲᠦᠰᠢᠭ ᠪᠤᠯᠭᠠᠨ᠂ ᠬᠦᠮᠦᠵᠢᠯ ᠪᠣᠯᠪᠠᠰᠤᠷᠠᠯ ᠪᠦᠬᠦᠨ᠎ᠢ ᠬᠠᠮᠤᠷᠬᠤ᠎ᠶᠢ ᠪᠡᠶᠡᠯᠡᠭᠦᠯᠪᠡ᠃ ᠡᠭᠦᠨ᠎ᠦ ᠬᠠᠮᠲᠤ᠂ ᠰᠤᠷᠤᠯᠴᠠᠯᠭ᠎ᠠ᠎ᠶᠢ ᠱᠠᠯᠠᠪᠳᠠᠭᠤᠯᠤᠨ ᠪᠠᠢᠴᠠᠭᠠᠵᠤ ᠦᠷ᠎ᠡ ᠪᠦᠲᠦᠮᠵᠢ᠎ᠶᠢ ᠠᠰᠠᠭᠤᠬᠤ᠎ᠶᠢ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠦᠨ ᠴᠢᠬᠤᠯᠠ ᠭᠣᠭᠴᠣᠭ᠎ᠠ ᠪᠤᠯᠭᠠᠵᠤ᠂ ᠡᠯ᠎ᠡ ᠱᠠᠲᠤᠨ᠎ᠤ ᠤᠳᠤᠷᠢᠳᠤᠯᠭ᠎ᠠ᠎ᠶᠢᠨ ᠦᠨᠳᠦᠰᠦᠨ ᠱᠠᠲᠤᠨ᠎ᠳᠤ ᠭᠦᠨᠵᠡᠭᠡᠢᠷᠡᠬᠦ ᠬᠠᠷᠢᠯᠴᠠᠬᠤ ᠴᠡᠭ᠎ᠦᠨ ᠳᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠨᠠᠮ ᠎ᠤᠨ ᠡᠭᠦᠷ ᠎ᠲᠠᠢ ᠬᠠᠷᠢᠯᠴᠠᠵᠤ ᠵᠢᠭᠠᠨ ᠵᠢᠯᠣᠭᠣᠳᠬᠤ ᠵᠢ ᠪᠠᠷᠢᠮᠳᠠᠯᠠᠪᠠ᠃ ᠲᠣᠭᠲᠠᠮᠠᠯ ᠬᠤᠭᠤᠴᠠᠭ᠎ᠠ᠎ᠲᠠᠢ ᠎ᠪᠠᠷ ᠲᠣᠬᠢᠷᠠᠭᠤᠯᠬᠤ ᠲᠣᠭᠲᠠᠴᠠ᠎ᠶᠢ ᠨᠠᠢᠳᠠᠪᠤᠷᠢᠵᠢᠭᠤᠯᠵᠤ᠂ ᠬᠠᠭᠠᠰ ᠰᠠᠷ᠎ᠠ ᠪᠦᠷᠢ ᠡᠯ᠎ᠡ ᠨᠠᠮ᠎ᠤᠨ ᠬᠣᠷᠢᠶ᠎ᠠ  (ᠨᠠᠮ᠎ᠤᠨ ᠤᠳᠤᠷᠢᠳᠬᠤ ᠳᠤᠭᠤᠢᠯᠠᠩ) ᠵᠢᠨ ᠭᠣᠣᠯᠳᠠᠯᠭ᠎ᠠ᠎ᠲᠠᠢ ᠡᠭᠦᠷᠭᠡ᠎ᠶᠢ  ᠠᠬᠢᠭᠤᠯᠤᠭᠰᠠᠨ ᠪᠠᠢᠳᠠᠯ᠎ᠳ᠋ᠤ ᠨᠢᠭᠡ ᠤᠳᠠᠭ᠎ᠠ ᠵᠢᠨ ᠲᠣᠬᠢᠷᠠᠭᠤᠯᠤᠯᠳᠠ ᠬᠢᠪᠡ᠃ ᠲᠤᠬᠢᠶᠠᠯᠳᠤᠯ ᠵᠢᠡᠷ ᠪᠠᠢᠴᠠᠭᠠᠨ ᠰᠤᠳᠤᠯᠬᠤ ᠲᠣᠭᠲᠠᠴᠠ᠎ᠶᠢ ᠨᠠᠢᠳᠠᠪᠤᠷᠢᠵᠢᠭᠤᠯᠵᠤ᠂《ᠳᠥᠷᠪᠡ ᠦᠭᠡᠢ ᠬᠣᠶᠠᠷ ᠰᠢᠭᠤᠳ》 ᠠᠷᠭ᠎ᠠ ᠮᠠᠶᠢᠭ᠋᠎ᠢᠶᠠᠷ ᠦᠨᠳᠦᠰᠦᠨ ᠱᠠᠲᠤᠨ᠎ᠤ ᠨᠢᠭᠡᠴᠢ᠎ᠳᠦ ᠭᠦᠨᠵᠡᠭᠡᠢᠷᠡᠨ ᠲᠠᠩᠰᠠ ᠡᠪᠬᠡᠮᠡᠯ᠎ᠢ ᠪᠠᠢᠴᠠᠭᠠᠨ ᠦᠵᠡᠵᠦ᠂ ᠲᠤᠬᠠᠢ᠎ᠶᠢᠨ ᠭᠠᠵᠠᠷ ᠲᠤᠨᠢ ᠰᠢᠨᠵᠢᠯᠡᠨ ᠪᠠᠢᠴᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号