ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
2024-08-12 09:41:55
ᠵᠣᠬᠢᠶᠠᠭ᠍ᠴᠢ᠄
​ ᠴᠠᠢ ᠰᠧ ᠶᠤᠸᠠᠨ
ᠣᠩᠱᠢᠭ᠍ᠰᠠᠨ ᠣᠳᠠᠭ᠎ᠠ᠄
★★★☆☆

ᠪᠡᠭᠡᠵᠢᠩ᠎ᠦᠨ ᠴᠠᠭ᠎ᠢᠶᠠᠷ 8 ᠰᠠᠷ᠎ᠠ᠎ᠶ᠋ᠢᠨ 11 ᠤ᠋ ᠡᠳᠦᠷ᠂ ᠥᠪᠥᠷ ᠮᠣᠩᠭᠣᠯ᠎ᠤᠨ ᠲᠠᠮᠢᠷᠴᠢᠨ ᠯᠢ ᠴᠢᠶᠠᠨ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠤᠺᠰ ᠤ᠋ᠨ ᠲᠡᠮᠡᠴᠡᠭᠡᠨ᠎ᠦ ᠡᠮᠡᠭ᠌ᠲᠡᠢ᠎ᠶ᠋ᠢᠨ 75 ᠺᠢᠯᠣᠭ᠌ᠷᠠᠮ᠎ᠤᠨ ᠲᠡᠰ᠎ᠤᠨ ᠤᠷᠤᠯᠳᠤᠭᠠᠨ᠎ᠤ ᠠᠯᠲᠠᠨ ᠮᠧᠳᠠᠯ᠎ᠢ ᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠴᠡ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ᠃

ᠪᠠᠶᠠᠷ᠎ᠤᠨ ᠴᠠᠬᠢᠯᠭᠠᠨ ᠴᠢᠮᠡᠭᠡ᠎ᠳᠦ᠂ ᠥᠪᠥᠷ ᠮᠣᠩᠭᠣᠯ᠎ᠤᠨ ᠲᠠᠮᠢᠷᠴᠢᠨ ᠯᠢ ᠴᠢᠶᠠᠨ 33 ᠳ᠋ᠤᠭᠠᠷ ᠬᠤᠭᠤᠴᠠᠭᠠᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠤᠺᠰ ᠤ᠋ᠨ ᠲᠡᠮᠡᠴᠡᠭᠡᠨ᠎ᠦ ᠲᠦᠷᠦᠯ ᠵᠦᠢᠯ᠎ᠦᠨ ᠡᠮᠡᠭ᠌ᠲᠡᠢ᠎ᠶ᠋ᠢᠨ 75 ᠺᠢᠯᠣᠭ᠌ᠷᠠᠮ᠎ᠤᠨ ᠲᠡᠰ᠎ᠤᠨ ᠱᠢᠢᠳᠪᠦᠷᠢᠲᠦ ᠤᠷᠤᠯᠳᠤᠭᠠᠨ᠎ᠳᠤ᠂ ᠵᠣᠷᠢᠭ᠍ᠲᠠᠢ᠎ᠪᠠᠷ ᠲᠡᠮᠡᠴᠡᠨ ᠮᠠᠨᠭᠯᠠᠢᠯᠠᠵᠤ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠪᠠᠰᠠ ᠨᠢᠭᠡ ᠠᠯᠲᠠᠨ ᠮᠧᠳᠠᠯ ᠨᠡᠮᠡᠷᠢᠯᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠲᠠᠮᠢᠷᠴᠢᠳ᠎ᠤᠨ ᠬᠠᠳᠠᠨ ᠪᠠᠳᠤ ᠵᠠᠩ ᠴᠢᠨᠠᠷ ᠪᠣᠯᠤᠨ ᠤᠷᠠᠨ ᠭᠠᠷᠮᠠᠭᠠᠢ ᠤᠷᠤᠯᠳᠤᠭᠠᠨ᠎ᠤ ᠮᠡᠷᠭᠡᠰᠢᠯ᠎ᠤᠨ ᠲᠦᠪᠰᠢᠨ᠎ᠢ ᠭᠦᠢᠴᠡᠳ ᠢᠯᠡᠷᠡᠭᠦᠯᠵᠦ᠍᠂ ᠥᠪᠥᠷ ᠮᠣᠩᠭᠣᠯ᠎ᠤᠨ ᠬᠥᠪᠡᠭᠦᠳ ᠥᠬᠢᠳ᠎ᠦᠨ 《ᠬᠦᠴᠢᠷ ᠪᠡᠷᠭᠡᠰᠢᠶᠡᠯ᠎ᠢ ᠲᠠᠭᠠᠭᠠᠵᠤ᠂ ᠴᠤᠴᠠᠯᠳᠠ ᠦᠭᠡᠢ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠡᠬᠡ ᠤᠯᠤᠰ᠎ᠲᠠᠭᠠᠨ ᠢᠷᠠᠭᠤ ᠠᠯᠳᠠᠷ ᠣᠯᠭᠣᠵᠤ᠂ ᠥᠪᠥᠷ ᠮᠣᠩᠭᠣᠯ᠎ᠳᠠᠭᠠᠨ ᠭᠡᠷᠡᠯ ᠭᠢᠯᠪᠠᠭ᠎ᠠ ᠨᠡᠮᠡᠷᠢᠯᠡᠵᠡᠢ! ᠡᠨᠳᠡ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠂ ᠯᠢ ᠴᠢᠶᠠᠨ ᠵᠢᠴᠢ ᠲᠡᠬᠦᠨ ᠤ᠋ ᠰᠤᠷᠭᠠᠭ᠍ᠴᠢ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ! ᠳᠤᠮᠳᠠᠳᠤ ᠤᠯᠤᠰ᠎ᠤᠨ ᠪᠤᠺᠰ ᠤ᠋ᠨ ᠠᠩᠭᠢ᠎ᠶ᠋ᠢᠨ ᠪᠦᠬᠦ᠌ ᠲᠠᠮᠢᠷᠴᠢᠨ᠂ ᠰᠤᠷᠭᠠᠬᠴᠢ ᠪᠠ ᠠᠵᠢᠯᠲᠠᠨ᠎ᠳᠤ ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠵᠤ ᠪᠠᠢᠨ᠎ᠠ! ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠬᠢᠨ ᠲᠠᠮᠢᠷᠴᠢᠳ᠎ᠢ ᠨᠠᠷᠢᠨ ᠨᠢᠮᠪᠠᠶ ᠬᠥᠮᠦᠵᠢᠭᠦᠯᠦᠭᠰᠡᠨ ᠪᠠ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠢ ᠬᠠᠯᠠᠮᠵᠢᠯᠠᠨ ᠳᠡᠮᠵᠢᠭ᠌ᠰᠡᠨ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ !

ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨ ᠲᠡᠷᠢᠭᠦᠨ᠎ᠦ ᠬᠢ ᠪᠣᠯᠬᠤ᠎ᠪᠠᠷ ᠡᠷᠡᠯᠬᠡᠭ᠌ᠯᠡᠨ ᠲᠡᠮᠡᠴᠡᠵᠦ᠍᠂ ᠳᠠᠬᠢᠨᠲᠠ ᠱᠢᠯᠢᠳᠡᠭ ᠠᠮᠵᠢᠯᠲᠠ ᠤᠯᠬᠤ᠎ᠶ᠋ᠢ ᠴᠢᠩ ᠰᠡᠳᠭᠢᠯ᠎ᠡᠴᠡ ᠪᠡᠨ ᠬᠦᠰᠡᠨ ᠵᠥᠩᠨᠡᠵᠦ᠍ ᠪᠠᠢᠨ᠎ᠠ ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号