2024 ᠤᠨ᠎ᠤ ᠲᠡᠯᠭᠡᠷ ᠵᠤᠨ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠵᠢᠡᠷ ᠬᠠᠯᠬᠢᠯᠠᠵᠤ ᠦᠩᠭᠡᠷᠡᠯ᠎ᠡ᠃ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠳᠡᠯᠡᠬᠡᠢ ᠨᠡᠢᠲᠡ᠎ᠳᠦ ᠪᠠᠰᠠ ᠨᠢᠭᠡᠨ ᠤᠳᠠᠭᠠᠨ᠎ᠤ ᠪᠡᠶ᠎ᠡ᠎ᠶ᠋ᠢᠨ ᠲᠠᠮᠢᠷ᠎ᠤᠨ ᠦᠪᠡᠳᠡᠭᠰᠢ ᠨᠠᠢᠷ᠎ᠢ ᠰᠤᠨᠢᠷᠬᠠᠭᠤᠯᠤᠭᠰᠠᠨ ᠲᠡᠳᠦᠢ ᠦᠭᠡᠢ᠂ 《ᠬᠠᠷᠢᠯᠴᠠᠨ ᠤᠢᠯᠠᠭᠠᠯᠴᠠᠬᠤ·ᠨᠦᠬᠦᠷᠯᠡᠯ· ᠪᠦᠯᠬᠦᠮᠳᠡᠯ·ᠡᠷᠭᠡ ᠲᠡᠭᠰᠢ ᠪᠡᠷ ᠦᠷᠢᠰᠦᠯᠳᠦᠬᠦ》 ᠣᠯᠢᠮᠫᠢᠺ᠎ᠤᠨ ᠲᠠᠮᠢᠷ᠎ᠤᠨ ᠵᠣᠷᠢᠭ ᠰᠠᠨᠠᠭ᠎ᠠ᠎ᠶ᠋ᠢ ᠴᠢᠨᠠᠭᠰᠢᠳᠠ ᠤᠯᠠᠮᠵᠢᠯᠠᠨ ᠪᠠᠳᠠᠷᠠᠭᠤᠯᠤᠭᠰᠠᠨ ᠪᠠᠢᠨ᠎ᠠ᠃ ᠮᠠᠨ᠎ᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ 《ᠨᠡᠩ ᠲᠦᠷᠭᠡᠨ᠂ ᠨᠡᠩ ᠦᠨᠳᠦᠷ᠂ᠨᠡᠩ ᠬᠦᠴᠦᠷᠭᠡᠭ — ᠨᠡᠩ ᠪᠦᠯᠬᠦᠮᠳᠡᠯ ᠲᠠᠢ》 ᠪᠠᠢᠬᠤ ᠵᠢ ᠭᠦᠢᠴᠡᠳ ᠢᠯᠡᠷᠡᠭᠦᠯᠵᠦ᠂ ᠡᠯ᠎ᠡ ᠤᠷᠤᠯᠳᠤᠭᠠᠨ᠎ᠤ ᠲᠥᠷᠥᠯ ᠵᠦᠢᠯ᠎ᠳᠤ ᠪᠦᠬᠦ ᠰᠡᠳᠬᠢᠯ ᠪᠦᠬᠦ ᠵᠤᠷᠢᠭ ᠵᠢᠡᠷ ᠡᠷᠡᠯᠬᠡᠭ᠌ᠯᠡᠨ ᠲᠡᠮᠡᠴᠡᠵᠦ ᠤᠨᠴᠠ ᠰᠠᠢᠨ ᠬᠢᠷᠢ ᠪᠦᠳᠦᠮᠵᠢ ᠵᠢ ᠲᠠᠰᠤᠷᠠᠯᠳᠠ ᠦᠭᠡᠢ ᠰᠤᠨᠤᠷᠳᠠᠭᠤᠯᠵᠤ᠂ ᠲᠤᠮᠳᠠᠳᠤ ᠵᠢᠨ ᠪᠡᠶ᠎ᠡ ᠵᠢᠨ ᠲᠠᠮᠢᠷ᠎ᠤᠨ ᠬᠦᠴᠦᠷᠭᠡᠭᠵᠢᠯᠢ ᠲᠡᠯᠡᠭᠡᠢ ᠳ᠋ᠤ ᠭᠠᠢᠬᠠᠭᠤᠯᠵᠤ᠂ ᠲᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠦᠢᠯᠡᠰ᠎ᠤᠨ ᠬᠦᠭᠵᠢᠯᠳᠡ ᠵᠢᠨ ᠬᠢᠯᠠᠯᠵᠠᠮ᠎ᠠ ᠬᠠᠭᠤᠳᠠᠰᠤ ᠵᠢ ᠪᠢᠴᠢᠭᠯᠡᠭᠰᠡᠨ ᠪᠠᠢᠨ᠎ᠠ᠃
ᠫᠠᠷᠢᠰ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠳ᠋ᠤ ᠥᠪᠥᠷ ᠮᠣᠩᠭᠣᠯ ᠨᠤᠲᠤᠭ᠎ᠲᠠᠢ ᠪᠤᠶᠤ ᠦᠪᠦᠷ ᠮᠤᠩᠭᠤᠯ᠎ᠤᠨ ᠠᠩᠭᠢ ᠵᠢᠨ ᠲᠠᠮᠢᠷᠴᠢᠳ 《ᠲᠡᠰᠪᠦᠷᠢ ᠬᠠᠳᠠᠭᠤᠵᠢᠯᠳᠠᠢ᠂ ᠴᠤᠴᠠᠯᠳᠠ ᠦᠭᠡᠢ ᠤᠷᠤᠭᠰᠢᠯᠠᠵᠤ᠂ ᠵᠤᠷᠢᠭᠰᠠᠨ ᠳ᠋ᠠᠭᠠᠨ ᠵᠠᠪᠠᠯ ᠬᠦᠷᠬᠦ》 ᠮᠤᠩᠭᠤᠯ ᠮᠤᠷᠢᠨ᠎ᠤ ᠵᠤᠷᠢᠭ ᠰᠠᠨᠠᠭ᠎ᠠ ᠵᠢ ᠬᠦᠢᠴᠡᠳ ᠪᠠᠳᠠᠷᠠᠭᠤᠯᠤᠨ᠂ ᠤᠯᠤᠰ ᠣᠷᠣᠨᠳ᠋ᠠᠭᠠᠨ ᠡᠷᠬᠢᠮ ᠲᠡᠭᠡᠳᠦ ᠢᠷᠠᠭᠤ ᠠᠯᠳᠠᠷ᠎ᠢ ᠲᠡᠮᠡᠴᠡᠨ ᠤᠯᠤᠭᠰᠠᠨ ᠪᠠᠢᠨ᠎ᠠ᠃ ᠲᠤᠰ ᠬᠤᠭᠤᠴᠠᠭᠠᠨ ᠳ᠋ᠤ ᠪᠢᠳᠡ ᠡᠳᠡᠭᠡᠷ ᠲᠠᠮᠢᠷᠴᠢᠨ᠎ᠤ ᠢᠷᠠᠭᠤ ᠠᠯᠳᠠᠷ᠎ᠢ ᠤᠨᠴᠠᠯᠠᠨ ᠲᠡᠮᠳᠡᠭᠯᠡᠵᠦ᠂ ᠨᠡᠩ ᠤᠯᠠᠨ ᠦᠪᠦᠷ ᠮᠤᠩᠭᠤᠯ ᠨᠤᠳᠤᠭᠳᠠᠢ ᠪᠤᠶᠤ ᠦᠪᠦᠷ ᠮᠤᠩᠭᠤᠯ᠎ᠤᠨ ᠠᠩᠬᠢ ᠵᠢᠨ ᠲᠠᠮᠢᠷᠴᠢᠳ᠎ᠤᠨ ᠤᠯᠤᠰ ᠤᠷᠤᠨ᠎ᠤ ᠢᠷᠠᠭᠤ ᠠᠯᠳᠠᠷ᠎ᠤᠨ ᠲᠦᠯᠦᠭᠡ ᠦᠷᠬᠦᠯᠵᠢᠯᠡᠨ ᠲᠡᠮᠡᠴᠡᠬᠦ ᠵᠢ ᠤᠷᠢᠶᠠᠯᠠᠨ ᠵᠤᠷᠢᠬᠵᠢᠭᠤᠯᠤᠨᠠᠮ!ᠤᠯᠢᠮᠫᠢᠺ᠎ᠤᠨ ᠲᠠᠮᠢᠷᠴᠢᠳ᠎ᠤᠨ ᠤᠯᠤᠰ ᠤᠷᠤᠨ᠎ᠤ ᠢᠷᠠᠭᠤ ᠠᠯᠳᠠᠷ᠎ᠤᠨ ᠲᠦᠯᠦᠭᠡ ᠡᠷᠡᠯᠭᠡᠭᠯᠡᠨ ᠲᠡᠮᠡᠴᠡᠬᠦ ᠵᠤᠷᠢᠭ ᠰᠠᠨᠠᠭ᠎ᠠ ᠨᠢ ᠦᠨᠳᠦᠰᠦᠳᠡᠨ ᠨᠤᠬᠦᠳ᠎ᠤᠨ ᠠᠷᠠᠳ ᠲᠦᠮᠡᠨ᠎ᠤ ᠠᠵᠢᠯ ᠦᠢᠯᠡᠰ ᠵᠢᠡᠨ ᠤᠷᠤᠭᠰᠢ ᠠᠬᠢᠭᠤᠯᠬᠤ ᠬᠦᠴᠦᠷᠭᠡᠭ ᠶᠡᠭᠡ ᠬᠦᠳᠡᠯᠭᠡᠬᠦ ᠬᠦᠴᠦᠨ ᠪᠤᠯᠬᠤ ᠨᠢ ᠲᠠᠮᠵᠢᠭ ᠦᠭᠡᠢ᠃
ᠶᠠᠩ ᠵᠢᠶᠠ ᠢᠦᠶ
ᠡᠮᠡᠭᠳᠡᠢ ᠵᠢᠨ 20 ᠺᠢᠯᠤᠮᠸᠲᠷ᠎ᠤᠨ ᠠᠯᠬᠤᠭ᠎ᠠ
ᠤᠷᠤᠯᠳᠤᠭᠠᠨ᠎ᠤ ᠠᠯᠳᠠᠨ ᠮᠸᠳᠠᠯ᠎ᠤᠨ ᠡᠵᠡᠨ

ᠲᠤᠬᠠᠢ ᠵᠢᠨ ᠭᠠᠵᠠᠷ᠎ᠤᠨ ᠴᠠᠭ ᠵᠢᠡᠷ 8 ᠰᠠᠷ᠎ᠠ ᠵᠢᠨ 1 ᠤ᠋ ᠡᠳᠦᠷ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ 20 ᠺᠢᠯᠣᠮᠧᠲ᠋ᠷ᠎ᠦᠨ ᠠᠯᠬᠤᠭ᠎ᠠ ᠤᠷᠤᠯᠳᠤᠭᠠᠨ᠎ᠤ ᠰᠢᠢᠳᠪᠦᠷᠢᠳᠦ ᠤᠷᠤᠯᠳᠤᠭᠠᠨ ᠳ᠋ᠤ ᠲᠤᠮᠳᠠᠳᠤ ᠤᠯᠤᠰ᠎ᠤᠨ ᠲᠠᠮᠢᠷᠴᠢᠨ ᠶᠠᠩ ᠵᠢᠶᠠ ᠢᠤᠢ 1 ᠴᠠᠭ 25 ᠮᠢᠨᠦ᠋ᠲ 54 ᠰᠧᠺᠦ᠋ᠨ᠋ᠳ᠋᠎ᠤᠨ ᠬᠢᠷᠢ ᠪᠦᠲᠦᠮᠵᠢ ᠪᠡᠷ ᠮᠠᠩᠯᠠᠢᠯᠠᠵᠤ᠂ ᠮᠠᠨ᠎ᠤ ᠤᠯᠤᠰ᠎ᠤᠨ ᠠᠩᠭᠢ᠎ᠵᠢᠨ ᠲᠤᠰ ᠬᠤᠭᠤᠴᠠᠭᠠᠨ᠎ᠤ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠠᠷᠪᠠᠨ ᠨᠢᠭᠡᠳᠦᠭᠡᠷ ᠠᠯᠲᠠᠨ ᠮᠧᠳᠠᠯ᠎ᠢ ᠤᠯᠵᠠᠢ᠃
ᠶᠠᠩ ᠵᠢᠶᠠ ᠢᠦᠢ 1996 ᠣᠨ᠎ᠳᠤ ᠦᠬᠠᠢ ᠬᠤᠳᠠ᠎ᠳᠤ ᠲᠦᠷᠦᠵᠦ᠍᠂ 2010 ᠣᠨ᠎ᠳᠤ ᠠᠯᠬᠤᠭ᠎ᠠ ᠤᠷᠤᠯᠳᠤᠭᠠᠨ᠎ᠤ ᠲᠤᠰᠭᠠᠢ ᠪᠣᠯᠪᠠᠰᠤᠷᠠᠯ ᠵᠢᠡᠨ ᠡᠬᠢᠯᠡᠭᠦᠯᠪᠡ᠃ 2012 ᠣᠨ᠎ᠤ ᠯᠣᠨᠳᠣᠨᠤ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ᠂ ᠲᠤᠬᠠᠶ᠎ᠶ᠋ᠢᠨ ᠦᠶ᠎ᠡ᠎ᠳᠦ 16 ᠨᠠᠰᠤᠲᠠᠶ ᠪᠠᠢᠭᠰᠠᠨ ᠶᠠᠩ ᠵᠢᠶᠠ ᠢᠦᠶ ᠤᠯᠤᠰ᠎ᠤᠨ ᠠᠩᠭᠢ᠎ᠳᠤ ᠱᠢᠯᠵᠢᠪᠡ᠃ 2017 ᠣᠨ᠎ᠤ 8 ᠰᠠᠷ᠎ᠠ᠎ᠳᠤ᠂ ᠯᠣᠨᠳᠣᠨ᠎ᠳᠤ ᠪᠤᠯᠤᠭᠰᠠᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠳᠡᠯᠡᠬᠡᠶ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠡᠮᠡᠭ᠌ᠲᠡᠶ᠎ᠶ᠋ᠢᠨ 20 ᠺᠢᠯᠣᠮᠧᠲ᠋ᠷ᠎ᠦᠨ ᠠᠯᠬᠤᠭ᠎ᠠ ᠤᠷᠤᠯᠳᠤᠭᠠᠨ᠎ᠳᠤ᠂ ᠶᠠᠩ ᠵᠢᠶᠠ ᠢᠦᠶ 1 ᠴᠠᠭ 26 ᠮᠢᠨᠦ᠋ᠲ 18 ᠰᠧᠺᠦ᠋ᠨ᠋ᠳ᠋᠎ᠤᠨ ᠬᠢᠷᠢ ᠪᠦᠲᠦᠮᠵᠢ ᠪᠡᠷ ᠬᠤᠪᠢ ᠬᠥᠮᠦᠨ᠎ᠦ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠦᠭ᠌ᠰᠡᠨ ᠪᠥᠭᠡᠳ ᠠᠯᠲᠠᠨ ᠮᠧᠳᠠᠯ ᠣᠯᠪᠠ᠃ 2021 ᠣᠨ᠎ᠤ ᠪᠥᠬᠥ᠌ ᠤᠯᠤᠰ᠎ᠤᠨ ᠠᠯᠬᠤᠭ᠎ᠠ ᠤᠷᠤᠯᠳᠤᠭᠠᠨ᠎ᠤ ᠮᠠᠩᠯᠠᠶ ᠱᠢᠯᠭᠠᠷᠠᠭᠤᠯᠬᠤ ᠤᠷᠤᠯᠳᠤᠭᠠᠨ ᠵᠢᠴᠢ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠱᠢᠯᠭᠠᠷᠠᠭᠤᠯᠬᠤ ᠤᠷᠤᠯᠳᠤᠭᠠᠨ᠎ᠳᠤ ᠲᠡᠷᠡ 1 ᠴᠠᠭ 23 ᠮᠢᠨᠦ᠋ᠲ 49 ᠰᠧᠺᠦ᠋ᠨ᠋ᠳ᠋᠎ᠦᠨ ᠬᠢᠷᠢ ᠪᠦᠲᠦᠮᠵᠢ᠎ᠪᠡᠷ ᠡᠮᠡᠭ᠌ᠲᠡᠶ᠎ᠶ᠋ᠢᠨ 20 ᠺᠢᠯᠣᠮᠧᠲ᠋ᠷ᠎ᠦᠨ ᠠᠯᠬᠤᠭ᠎ᠠ ᠤᠷᠤᠯᠳᠤᠭᠠᠨ᠎ᠤ ᠲᠥᠷᠥᠯ ᠵᠦᠶ᠋ᠯ᠎ᠦᠨ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠦᠭᠰᠡᠨ ᠪᠥᠭᠡᠳ ᠣᠲᠣ ᠪᠣᠯᠲᠠᠯ᠎ᠠ ᠪᠠᠲᠤᠯᠠᠭᠰᠠᠭᠠᠷ ᠪᠠᠢᠨ᠎ᠠ᠃
2021 ᠣᠨ᠎ᠳᠤ ᠶᠠᠩ ᠵᠢᠶᠠ ᠢᠦᠶ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ 2 ᠮᠢᠨᠦ᠋ᠲ ᠵᠤᠭᠰᠤᠭᠠᠬᠤ ᠪᠡᠷ ᠲᠣᠷᠭᠠᠭ᠍ᠳᠠᠭᠠᠳ ᠬᠠᠷᠠᠮᠰᠠᠯᠲᠠᠢ ᠪᠡᠷ ᠱᠠᠩᠨᠠᠯ᠎ᠤᠨ ᠮᠧᠲᠠᠯ ᠤᠯᠵᠤ ᠳᠡᠢᠯᠦᠭᠰᠡᠨ ᠦᠭᠡᠢ᠃ 2023 ᠤᠨ᠎ᠤ ᠬᠠᠩᠵᠧᠦ᠍᠎ᠶ᠋ᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ ᠳᠡᠭᠡᠷ᠎ᠡ᠂ ᠶᠠᠩ ᠵᠢᠶᠠ ᠢᠦᠶ ᠡᠮᠡᠭ᠌ᠲᠡᠶ᠎ᠶ᠋ᠢᠨ 20 ᠺᠢᠯᠣᠮᠧᠲ᠋ᠷ᠎ᠦᠨ ᠠᠯᠬᠤᠭ᠎ᠠ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ᠎ᠳᠤ 1 ᠴᠠᠭ 30 ᠮᠢᠨᠦ᠋ᠲ 03 ᠰᠧᠺᠦ᠋ᠨ᠋ᠳ᠋᠎ᠢᠶᠡᠷ ᠮᠠᠩᠯᠠᠢᠯᠠᠪᠠ᠃

ᠫᠠᠷᠢᠰ᠎ᠤᠨ ᠣᠯᠢᠮᠫᠢᠺ᠎ᠦᠨ ᠲᠠᠮᠢᠷ᠎ᠤᠨ ᠴᠤᠭ᠍ᠯᠠᠭᠠᠨ᠎ᠳ᠋ᠤ 20 ᠺᠢᠯᠣᠮᠧᠲ᠋ᠷ᠎ᠦᠨ ᠠᠯᠬᠤᠭ᠎ᠠ ᠤᠷᠤᠯᠳᠤᠭᠠᠨ᠎ᠤ ᠠᠯᠲᠠᠨ ᠮᠧᠲᠠᠯ᠎ᠢ ᠤᠯᠤᠭᠰᠠᠨ ᠵᠢᠡᠷ᠂ ᠶᠠᠩ ᠵᠢᠶᠠ ᠢᠦᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠶ᠂ ᠳᠡᠯᠡᠬᠡᠶ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠮᠠᠩᠯᠠᠶ ᠪᠠ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠦᠭᠰᠡᠨ ᠵᠡᠷᠭᠡ ᠠᠯᠳᠠᠷ ᠭᠠᠪᠢᠶ᠎ᠠ ᠵᠢ ᠪᠦᠷᠢᠳᠦᠭᠦᠯᠦᠭᠰᠡᠨ ᠪᠠᠢᠨ᠎ᠠ᠃
ᠯᠢ ᠴᠢᠶᠠᠨ
ᠡᠮᠡᠭᠳᠡᠢ ᠵᠢᠨ ᠪᠤᠺᠰ ᠤᠨ ᠲᠡᠮᠡᠴᠡᠭᠡᠨ ᠤ 75
ᠺᠢᠯᠣᠭ᠌ᠷᠠᠮ᠎ᠤᠨ ᠲᠡᠰ᠎ᠤᠨ ᠠᠯᠳᠠᠨ ᠮᠸᠳᠠᠯ᠎ᠤᠨ ᠡᠵᠡᠨ

ᠪᠡᠭᠡᠵᠢᠩ᠎ᠤᠨ ᠴᠠᠭ ᠵᠢᠡᠷ 8 ᠰᠠᠷ᠎ᠠ ᠵᠢᠨ 11᠎ᠤ᠋ ᠡᠳᠦᠷ᠎ᠤᠨ ᠦᠷᠯᠦᠭᠡ᠂ ᠫᠠᠷᠢᠰ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠡᠮᠡᠭᠲᠡᠢ ᠵᠢᠨ 75 ᠺᠢᠯᠤᠭ᠌ᠷᠠᠮ᠎ᠤᠨ ᠳᠡᠰ᠎ᠤᠨ ᠪᠤᠺᠰ᠎ᠤᠨ ᠲᠡᠮᠡᠴᠡᠭᠡᠨ᠎ᠤ ᠰᠢᠢᠳᠪᠦᠷᠢᠲᠦ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠦᠯᠦᠭᠡᠯᠡᠭᠴᠢᠳ᠎ᠤᠨ ᠠᠩᠭᠢ ᠵᠢᠨ ᠦᠪᠦᠷ ᠮᠤᠩᠭᠤᠯ᠎ᠤᠨ ᠲᠠᠮᠢᠷᠴᠢᠨ ᠯᠢ ᠴᠢᠶᠠᠨ ᠠᠯᠲᠠᠨ ᠮᠧᠲᠠᠯ ᠤᠯᠪᠠ᠃
ᠯᠢ ᠴᠢᠶᠠᠨ 1990 ᠤᠨ ᠳ᠋ᠤ ᠾᠧᠨᠠᠨ᠎ᠤ ᠱᠠᠩᠴᠢᠤ ᠬᠣᠲᠠ᠎ᠳᠤ ᠲᠦᠷᠦᠵᠡᠢ᠃ 2006 ᠣᠨ᠎ᠳᠤ ᠡᠴᠢᠭᠡ ᠡᠬᠡ᠎ᠪᠡᠨ ᠳᠠᠭᠠᠵᠤ ᠣᠷᠳᠣᠰ᠎ᠲᠤ ᠢᠷᠡᠵᠦ᠍᠂ ᠮᠥᠨ ᠵᠢᠯ᠎ᠳᠡᠭᠡᠨ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠣᠷᠣᠵᠤ ᠰᠤᠷᠤᠯᠴᠠᠪᠠ᠃ 2007 ᠣᠨ᠎ᠳᠤ᠂ ᠯᠢ ᠴᠢᠶᠠᠨ ᠳᠤᠮᠳᠠᠳᠤ ᠤᠯᠤᠰ᠎ᠤᠨ ᠪᠤᠺᠰ᠎ᠤᠨ ᠠᠩᠭᠢ᠎ᠶ᠋ᠢᠨ ᠳᠠᠰᠭᠠᠯᠵᠢᠭᠤᠯᠤᠭ᠍ᠴᠢ ᠬᠠᠳᠠᠨᠪᠠᠭᠠᠲᠤᠷ᠎ᠲᠤ ᠰᠤᠩᠭᠤᠭᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠺᠰ᠎ᠤᠨ ᠠᠩᠭᠢ᠎ᠳᠤ ᠤᠷᠤᠵᠤ᠂ ᠪᠤᠺᠰ᠎ᠤᠨ ᠲᠠᠮᠢᠷᠴᠢᠨ᠎ᠤ ᠭᠠᠷᠤᠭ᠎ᠠ ᠪᠠᠨ ᠡᠯᠬᠦᠵᠡᠢ᠃ ᠤᠯᠠᠨ ᠵᠢᠯ᠎ᠦᠨ ᠲᠤᠷᠰᠢ᠂ ᠯᠢ ᠴᠢᠶᠠᠨ ᠣᠯᠠᠨ ᠤᠯᠤᠰ᠎ᠤᠨ ᠤᠷᠤᠯᠳᠤᠭᠠᠨ ᠳᠤ ᠤᠳᠠᠭ᠎ᠠ ᠲᠠᠷᠠᠭᠠᠯᠠᠨ ᠤᠷᠤᠯᠴᠠᠵᠤ᠂ ᠤᠯᠠᠨᠲᠠ ᠱᠠᠩᠨᠠᠯ ᠤᠨ ᠮᠸᠳᠠᠯ ᠵᠢᠡᠷ ᠡᠩᠭᠡᠷ ᠵᠢᠡᠨ ᠮᠢᠯᠢᠶᠠᠯᠭᠠᠵᠤ᠂ ᠲᠡᠯᠡᠭᠡᠢ ᠳ᠋ᠤ ᠠᠯᠳᠠᠷᠳᠠᠢ ᠪᠤᠺᠰᠴᠢᠨ ᠪᠤᠯᠤᠭᠰᠠᠨ ᠪᠠᠢᠨ᠎ᠠ᠃
2016 ᠣᠨ᠎ᠳᠤ᠂ ᠷᠢᠦ᠋ ᠳ᠋ᠢ ᠿᠸᠨ᠋ᠸᠢ᠌ᠷᠦ᠋ ᠵᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠢ᠎ᠶ᠋ᠢᠨ ᠪᠤᠺᠰ᠎ᠤᠨ ᠲᠡᠮᠡᠴᠡᠭᠡᠨ᠎ᠤ 75 ᠺᠢᠯᠣᠭ᠌ᠷᠠᠮ᠎ᠤᠨ ᠲᠡᠰ᠎ᠤᠨ ᠬᠦᠷᠡᠯ ᠮᠧᠳᠠᠯ ᠢ ᠤᠯᠵᠤ᠂ ᠥᠪᠥᠷ ᠮᠣᠩᠭᠣᠯ᠎ᠤᠨ ᠡᠮᠡᠭ᠌ᠲᠡᠶ ᠲᠠᠮᠢᠷᠴᠢᠳ᠎ᠤᠨ ᠲᠤᠳᠤᠷ᠎ᠠ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠱᠠᠩᠨᠠᠯ᠎ᠤᠨ ᠮᠧᠳᠠᠯ᠎ᠢ ᠣᠯᠤᠭ᠍ᠰᠠᠨ ᠠᠩᠬᠠᠳᠠᠭ᠍ᠴᠢ ᠬᠥᠮᠦᠨ ᠪᠤᠯᠵᠠᠢ; 2021᠎ᠤᠨ ᠳ᠋ᠤ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠯᠢ ᠴᠢᠶᠠᠨ ᠳᠠᠬᠢᠨᠲᠠ ᠤᠯᠤᠰ᠎ᠤᠨ ᠠᠩᠭᠢ᠎ᠶ᠋ᠢ ᠲᠥᠯᠥᠭᠡᠯᠡᠨ ᠣᠷᠣᠯᠴᠠᠵᠤ᠂ ᠡᠮᠡᠭ᠌ᠲᠡᠶ᠎ᠶ᠋ᠢᠨ ᠪᠤᠺᠰ᠎ᠤᠨ ᠲᠡᠮᠡᠴᠡᠭᠡᠨ᠎ᠤ 75 ᠺᠢᠯᠣᠭ᠌ᠷᠠᠮ᠎ᠤᠨ ᠲᠡᠰ᠎ᠤᠨ ᠮᠥᠩᠭᠥᠨ ᠮᠧᠳᠠᠯ᠎ᠢ ᠤᠯᠵᠤ᠂ ᠥᠪᠥᠷ ᠮᠣᠩᠭᠣᠯ᠎ᠤᠨ ᠲᠠᠮᠢᠷᠴᠢᠳ᠎ᠤᠨ ᠬᠢᠯᠢ᠎ᠶ᠋ᠢᠨ ᠭᠠᠳᠠᠨᠠᠬᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠮᠤᠭ᠎ᠤᠨ ᠰᠠᠢᠨ ᠬᠢᠷᠢ ᠪᠦᠲᠦᠮᠵᠢ ᠵᠢ ᠡᠭᠦᠳᠴᠡᠢ᠃

2023 ᠣᠨ᠎ᠤ 10 ᠰᠠᠷ᠎ᠠ ᠳ᠋ᠤ᠂ ᠬᠠᠩᠵᠧᠦ᠍᠎ᠶ᠋ᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ᠎ᠤ ᠪᠤᠺᠰ᠎ᠤᠨ ᠲᠡᠮᠡᠴᠡᠭᠡᠨ᠎ᠤ ᠡᠮᠡᠭ᠌ᠲᠡᠶ ᠵᠢᠨ 75 ᠺᠢᠯᠣᠭ᠌ᠷᠠᠮ᠎ᠤᠨ ᠲᠡᠰ᠎ᠤᠨ ᠱᠢᠶ᠋ᠳᠪᠦᠷᠢᠲᠦ ᠤᠷᠤᠯᠳᠤᠭᠠᠨ᠎ᠳᠤ ᠯᠢ ᠴᠢᠶᠠᠨ ᠡᠨᠡᠳᠭᠡᠭ᠎ᠦᠨ ᠲᠠᠮᠢᠷᠴᠢᠨ᠎ᠢ ᠢᠯᠠᠵᠤ᠂ ᠠᠯᠲᠠᠨ ᠮᠧᠳᠠᠯ ᠵᠢᠡᠷ ᠡᠩᠭᠡᠷ ᠵᠢᠡᠨ ᠮᠢᠯᠢᠶᠠᠯᠭᠠᠭᠰᠠᠨ ᠪᠥᠭᠡᠳ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠬᠢᠷᠢ ᠬᠡᠮ᠎ᠢ ᠣᠯᠤᠭ᠍ᠰᠠᠨ ᠪᠠᠢᠨ᠎ᠠ᠃ ᠲᠤᠰ ᠬᠤᠭᠤᠴᠠᠭᠠᠨ᠎ᠤ ᠤᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠠᠯᠲᠠᠨ ᠮᠧᠲᠠᠯ ᠤᠯᠤᠭᠰᠠᠨ ᠵᠢᠡᠷ ᠯᠢ ᠴᠢᠶᠠᠨ ᠪᠦᠬᠦ ᠠᠯᠲᠠᠨ ᠮᠧᠲᠠᠯ᠎ᠢ ᠪᠦᠷᠢᠳᠦᠭᠦᠯᠦᠭᠰᠡᠨ ᠳᠤᠮᠳᠠᠳᠤ ᠤᠯᠤᠰ᠎ᠤᠨ ᠠᠩᠬᠠᠨ᠎ᠤ ᠪᠤᠺᠰᠴᠢᠨ ᠪᠤᠯᠵᠤ᠂ ᠮᠦᠨᠴᠦ ᠭᠤᠷᠪᠠᠨ ᠬᠤᠭᠤᠴᠠᠭᠠᠨ᠎ᠤ ᠤᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠪᠤᠺᠰ᠎ᠤᠨ ᠬᠦᠷᠡᠯ᠂ ᠮᠦᠩᠬᠦ᠂ ᠠᠯᠳᠠ ᠭᠤᠷᠪᠠᠨ ᠵᠦᠢᠯ᠎ᠤᠨ ᠮᠧᠲᠠᠯ᠎ᠢ ᠤᠯᠤᠭᠰᠠᠨ ᠮᠠᠨ᠎ᠤ ᠤᠯᠤᠰ᠎ᠤᠨ ᠠᠩᠬᠠᠳᠠᠭᠴᠢ ᠡᠮᠡᠭᠲᠡᠢ ᠪᠤᠺᠰᠴᠢᠨ ᠪᠤᠯᠤᠭᠰᠠᠨ ᠪᠠᠢᠨ᠎ᠠ᠃
ᠶᠠᠩ ᠯᠢᠦ
ᠡᠮᠡᠭᠳᠡᠢ ᠵᠢᠨ ᠪᠤᠺᠰ ᠤᠨ ᠲᠡᠮᠡᠴᠡᠭᠡᠨ᠎ᠤ 66
ᠺᠢᠯᠣᠭ᠌ᠷᠠᠮ᠎ᠤᠨ ᠲᠡᠰ᠎ᠤᠨ ᠮᠦᠩᠬᠦᠨ ᠮᠸᠳᠠᠯ᠎ᠤᠨ ᠡᠵᠡᠨ

ᠪᠡᠭᠡᠵᠢᠩ᠎ᠤᠨ ᠴᠠᠭ ᠵᠢᠡᠷ 8 ᠰᠠᠷ᠎ᠠ ᠵᠢᠨ 7 ᠤ᠋ ᠦᠷ ᠵᠢᠡᠷ᠂ ᠫᠠᠷᠢᠰ᠎ᠤᠨ ᠣᠯᠢᠮᠫᠢᠺ᠎ᠦᠨ ᠲᠠᠮᠢᠷ᠎ᠤᠨ ᠴᠤᠭ᠍ᠯᠠᠭᠠᠨ᠎ᠤ ᠪᠤᠺᠰ᠎ᠤᠨ ᠲᠡᠮᠡᠴᠡᠭᠡᠨ᠎ᠤ ᠡᠮᠡᠭᠳᠡᠢ ᠵᠢᠨ 66 ᠺᠢᠯᠣᠭ᠌ᠷᠠᠮ᠎ᠤᠨ ᠲᠡᠰ᠎ᠤᠨ ᠬᠠᠭᠠᠰ ᠰᠢᠢᠳᠪᠦᠷᠢᠳᠦ ᠤᠷᠤᠯᠳᠤᠭᠠᠨ ᠳ᠋ᠤ᠂ ᠦᠪᠦᠷ ᠮᠤᠩᠭᠤᠯ᠎ᠤᠨ ᠲᠠᠮᠢᠷᠴᠢᠨ ᠶᠠᠩ ᠯᠢᠦ 4 ᠄ 1 ᠪᠡᠷ ᠦᠷᠢᠰᠦᠯᠳᠦᠭᠴᠢ ᠡᠳᠡᠭᠡᠳ ᠵᠢᠡᠨ ᠢᠯᠠᠵᠤ᠂ 8 ᠰᠠᠷ᠎ᠠ ᠵᠢᠨ 10᠎ᠤ᠋ ᠡᠳᠦᠷ᠎ᠤᠨ ᠰᠢᠢᠳᠪᠦᠷᠢᠳᠦ ᠤᠷᠤᠯᠳᠤᠭᠠᠨ ᠳ᠋ᠤ ᠮᠦᠩᠬᠦᠨ ᠮᠸᠳᠠᠯ ᠭᠠᠷᠳᠠᠯ᠎ᠠ᠃
ᠶᠠᠩ ᠯᠢᠦ 1992 ᠣᠨ᠎ᠳᠤ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠳᠤ ᠳᠦᠷᠦᠵᠦ᠍᠂ 2007 ᠣᠨ᠎ᠳᠤ ᠪᠤᠺᠰ᠎ᠤᠨ ᠲᠡᠮᠡᠴᠡᠭᠡᠨ᠎ᠦ ᠵᠠᠮ ᠵᠢᠡᠨ ᠡᠯᠭᠦᠵᠦ᠂ 2008 ᠣᠨ᠎ᠳᠤ ᠥᠪᠥᠷ ᠮᠣᠩᠭᠣᠯ᠎ᠤᠨ ᠪᠤᠺᠰ᠎ᠤᠨ ᠲᠡᠮᠡᠴᠡᠭᠡᠨ᠎ᠦ ᠠᠩᠭᠢ᠎ᠳᠤ ᠣᠷᠣᠵᠤ᠂ 2013 ᠣᠨ᠎ᠳᠤ ᠤᠯᠤᠰ᠎ᠤᠨ ᠪᠤᠺᠰ᠎ᠤᠨ ᠲᠡᠮᠡᠴᠡᠭᠡᠨ᠎ᠦ ᠠᠩᠭᠢ᠎ᠳᠤ ᠡᠯᠰᠡᠭ᠌ᠳᠡᠪᠡ᠃ ᠲᠡᠷᠡ ᠤᠷᠢᠳ ᠬᠣᠵᠢᠳ ᠪᠦᠬᠦ᠌ ᠤᠯᠤᠰ᠎ᠤᠨ ᠤᠷᠤᠯᠳᠤᠭᠠᠨ᠎ᠤ ᠠᠯᠲᠠᠨ ᠮᠧᠳᠠᠯ᠎ᠢ 7᠂ ᠮᠥᠩᠭᠥᠨ ᠮᠧᠳᠠᠯ ᠢ 7᠂ ᠬᠦᠷᠡᠯ ᠮᠧᠳᠠᠯ᠎ᠢ 5᠂ ᠳᠡᠯᠡᠬᠡᠶ᠎ᠶ᠋ᠢᠨ ᠤᠷᠤᠯᠳᠤᠭᠠᠨ᠎ᠤ ᠠᠯᠲᠠᠨ ᠮᠧᠳᠠᠯ᠎ᠢ 1᠂ ᠮᠥᠩᠭᠥᠨ ᠮᠧᠳᠠᠯ᠎ᠢ 1 ᠣᠯᠵᠤ᠂ 2020 ᠤᠨ᠎ᠳᠤ ᠤᠯᠤᠰ᠎ᠤᠨ ᠠᠪᠤᠷᠭᠤ ᠲᠠᠮᠢᠷᠴᠢᠨ᠎ᠤ ᠴᠤᠯᠠ ᠵᠢ ᠬᠦᠷᠲᠡᠭᠰᠡᠨ ᠪᠠᠢᠨ᠎ᠠ᠃
2023 ᠣᠨ᠎ᠤ 3 ᠰᠠᠷ᠎ᠠ᠎ᠳᠤ ᠡᠨᠡᠳᠭᠡᠭ᠎ᠦᠨ ᠱᠢᠨ᠎ᠡ ᠳ᠋ᠸᠯᠢᠳ᠋ᠤ ᠶᠠᠪᠤᠭᠳᠠᠭᠰᠠᠨ ᠡᠮᠡᠭ᠌ᠲᠡᠶ᠎ᠶ᠋ᠢᠨ ᠳᠡᠯᠡᠬᠡᠶ᠎ᠶ᠋ᠢᠨ ᠪᠤᠺᠰ᠎ᠤᠨ ᠲᠡᠮᠡᠴᠡᠭᠡᠨ᠎ᠦ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ 63 — 66 ᠺᠢᠯᠣᠭ᠌ᠷᠠᠮ᠎ᠤᠨ ᠳᠡᠰᠲᠸ᠋ ᠮᠠᠩᠯᠠᠢᠯᠠᠪᠠ᠃ ᠮᠦᠨ ᠵᠢᠯ᠎ᠤᠨ 10 ᠰᠠᠷ᠎ᠠ᠎ᠳᠤ᠂ ᠬᠠᠩᠵᠧᠦ ᠵᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ᠎ᠳᠤ ᠪᠤᠺᠰ᠎ᠤᠨ ᠡᠮᠡᠭ᠌ᠲᠡᠶ᠎ᠶ᠋ᠢᠨ 66 ᠺᠢᠯᠣᠭ᠌ᠷᠠᠮ᠎ᠤᠨ ᠲᠡᠰ᠎ᠤᠨ ᠠᠯᠲᠠᠨ ᠮᠧᠳᠠᠯ᠎ᠢ ᠤᠯᠵᠤ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠡᠷᠬᠡ ᠵᠢ ᠤᠯᠤᠭᠰᠠᠨ ᠪᠦᠭᠡᠳ ᠦᠪᠦᠷ ᠮᠤᠩᠭᠤᠯ᠎ᠤᠨ ᠪᠤᠺᠰ᠎ᠤᠨ ᠠᠩᠭᠢ ᠵᠢᠨ ᠠᠽᠢᠶ᠎ᠠ ᠵᠢᠨ ᠠᠯᠲᠠᠨ ᠮᠧᠲᠠᠯ ᠦᠭᠡᠢ ᠪᠠᠢᠭᠰᠠᠨ ᠲᠡᠦᠬᠡ ᠵᠢ ᠡᠴᠦᠰᠯᠡᠭᠦᠯᠪᠡ᠃
ᠫᠠᠷᠢᠰ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠪᠣᠯ ᠶᠠᠩ ᠯᠢᠦ ᠵᠢᠨ ᠠᠩᠬ᠎ᠠ ᠤᠳᠠᠭ᠎ᠠ ᠤᠷᠤᠯᠴᠠᠵᠤ ᠪᠦᠬᠦᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ᠎ᠠ᠃
ᠨᠢᠦ ᠭᠤᠸᠠᠩ ᠱᠧᠩ
4 × 200 ᠮᠧᠲᠷ᠎ᠤᠨ ᠴᠢᠯᠦᠭᠡᠲᠦ ᠤᠮᠪᠠᠯᠲᠠ ᠵᠢᠨ
ᠰᠢᠢᠳᠪᠦᠷᠢᠳᠦ ᠤᠷᠤᠯᠳᠤᠭᠠᠨ ᠳ᠋ᠤ ᠲᠠᠪᠰᠢᠪᠡ

ᠪᠡᠭᠡᠵᠢᠩ᠎ᠤᠨ ᠴᠠᠭ ᠵᠢᠡᠷ 7 ᠰᠠᠷ᠎ᠠ ᠵᠢᠨ 30᠎ᠤ᠋ ᠤᠷᠤᠢ᠂ ᠫᠠᠷᠢᠰ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠤᠮᠪᠠᠯᠲᠠ ᠵᠢᠨ ᠲᠦᠷᠦᠯ᠎ᠤᠨ ᠦᠷᠢᠰᠦᠯᠳᠦᠭᠡᠨ᠎ᠳᠤ ᠦᠪᠦᠷ ᠮᠤᠩᠭᠤᠯ᠎ᠤᠨ ᠲᠠᠮᠢᠷᠴᠢᠨ ᠨᠢᠦ ᠭᠤᠸᠠᠩ ᠱᠧᠩ ᠠᠩᠭᠢ ᠵᠢᠨ ᠨᠦᠬᠦᠳ ᠲᠠᠢ ᠪᠠᠨ ᠳᠤᠮᠳᠠᠳᠤ ᠤᠯᠤᠰ᠎ᠤᠨ ᠠᠩᠭᠢ ᠵᠢ ᠲᠦᠯᠦᠭᠡᠯᠡᠨ ᠡᠷᠡᠭᠲᠡᠢ ᠵᠢᠨ 4×200 ᠮᠧᠲᠷ᠎ᠤᠨ ᠴᠢᠯᠦᠭᠡᠲᠦ ᠤᠮᠪᠠᠯᠲᠠ ᠵᠢᠨ ᠪᠡᠯᠡᠳᠬᠡᠯ ᠤᠷᠤᠯᠳᠤᠭᠠᠨ᠎ᠳᠤ ᠤᠷᠤᠯᠴᠠᠭᠰᠠᠨ ᠪᠦᠭᠡᠳ ᠬᠤᠶᠠᠳᠤᠭᠠᠷ ᠪᠤᠤᠭᠢᠶ᠎ᠠ ᠵᠢ ᠳᠠᠮᠵᠢᠭᠤᠯᠵᠤ ᠰᠢᠢᠳᠪᠦᠷᠢᠲᠦ ᠤᠷᠤᠯᠳᠤᠭᠠᠨ᠎ᠳᠤ ᠳᠡᠪᠰᠢᠪᠡ᠃ ᠲᠡᠷᠡ ᠪᠡᠷ ᠲᠤᠰ ᠪᠤᠤᠭᠢᠶ᠎ᠠ ᠤᠷᠤᠯᠳᠤᠭᠠᠨ᠎ᠤ ᠲᠦᠯᠦᠭᠡ ᠡᠭᠦᠨ ᠡᠴᠡ ᠡᠮᠦᠨ᠎ᠡ ᠶᠠᠪᠤᠭᠳᠠᠭᠰᠠᠨ ᠡᠷᠡᠭᠲᠡᠢ ᠵᠢᠨ 200 ᠮᠧᠲᠷ᠎ᠤᠨ ᠡᠷᠪᠡᠬᠡᠢ ᠤᠮᠪᠠᠯᠲᠠ ᠵᠢᠨ ᠪᠡᠯᠡᠳᠬᠡᠯ ᠤᠷᠤᠯᠳᠤᠭᠠᠨ᠎ᠤ ᠡᠷᠬᠡ ᠪᠠᠨ ᠲᠠᠶᠠᠭᠳᠠᠭᠰᠠᠨ ᠪᠠᠢᠨ᠎ᠠ᠃
ᠨᠢᠦ ᠭᠤᠸᠠᠩ ᠱᠧᠩ 2004 ᠤᠨ᠎ᠳᠤ ᠲᠦᠷᠦᠵᠡᠢ᠃ 2018 ᠤᠨ᠎ᠳᠤ ᠦᠪᠦᠷ ᠮᠤᠩᠭᠤᠯ᠎ᠤᠨ ᠤᠮᠪᠠᠯᠲᠠ ᠵᠢᠨ ᠠᠩᠭᠢ ᠳ᠋ᠤ ᠰᠤᠩᠭᠤᠭᠳᠠᠵᠤ᠂ 2022 ᠤᠨ᠎ᠳᠤ ᠠᠩᠬ᠎ᠠ ᠤᠳᠠᠭ᠎ᠠ ᠳᠡᠯᠡᠬᠡᠢ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠳᠤ ᠤᠷᠤᠯᠴᠠᠵᠤ᠂ ᠡᠷᠡᠭᠲᠡᠢ ᠵᠢᠨ 200 ᠮᠧᠲᠷ᠎ᠤᠨ ᠡᠷᠪᠡᠬᠡᠢ ᠤᠮᠪᠠᠯᠲᠠ ᠵᠢᠨ ᠤᠷᠤᠯᠳᠤᠭᠠᠨ᠎ᠳᠤ 1 ᠮᠢᠨᠦ᠋ᠲ 55 ᠰᠧᠺᠦ᠋ᠨ᠋ᠳ᠋ 27 ᠵᠢᠨ ᠬᠤᠪᠢ ᠬᠦᠮᠦᠨ᠎ᠤ ᠬᠠᠮᠤᠭ ᠰᠠᠢᠨ ᠬᠢᠷᠢ ᠪᠦᠲᠦᠮᠵᠢ ᠪᠡᠷ 10 ᠳ᠋ᠤᠭᠠᠷ᠎ᠲᠤ ᠤᠷᠤᠵᠠᠢ᠃ ᠬᠠᠩᠵᠧᠦ ᠵᠢᠨ ᠠᠽᠢᠶ᠎ᠠ ᠲᠢᠪ᠎ᠤᠨ ᠲᠠᠮᠢᠷ᠎ᠤᠨ ᠴᠤᠭᠯᠠᠭᠠᠨ᠎ᠳᠤ᠂ ᠨᠢᠦ ᠭᠤᠸᠠᠩ ᠱᠧᠩ ᠳᠤᠮᠳᠠᠳᠤ ᠤᠯᠤᠰ᠎ᠤᠨ ᠠᠩᠭᠢ ᠵᠢ ᠲᠦᠯᠦᠭᠡᠯᠡᠨ ᠤᠷᠤᠯᠴᠠᠵᠤ᠂ ᠠᠩᠭᠢ ᠵᠢᠨ ᠨᠠᠢᠵᠠ ᠸᠠᠩ ᠱᠦᠨ᠂ ᠸᠠᠩ ᠬᠤᠤ ᠢᠦᠢ᠂ ᠫᠠᠨ ᠵᠠᠨ ᠯᠧ ᠲᠠᠢ ᠬᠠᠮᠲᠤ ᠪᠡᠷ ᠡᠷᠡᠭᠲᠡᠢ ᠵᠢᠨ 4×200 ᠮᠧᠲᠷ᠎ᠤᠨ ᠴᠢᠯᠦᠭᠡᠲᠦ ᠤᠮᠪᠠᠯᠲᠠ ᠵᠢᠨ ᠪᠤᠤᠭᠢᠶ᠎ᠠ ᠤᠷᠤᠯᠳᠤᠭᠠᠨ᠎ᠳᠤ 7 ᠮᠢᠨᠦ᠋ᠲ 03 ᠰᠧᠺᠦ᠋ᠨ᠋ᠳ᠋ 40 ᠵᠢᠨ ᠬᠢᠷᠢ ᠪᠦᠲᠦᠮᠵᠢ ᠪᠡᠷ ᠮᠦᠩᠭᠦᠨ ᠮᠧᠲᠠᠯ ᠤᠯᠵᠠᠢ᠂ ᠡᠨᠡ ᠨᠢ ᠮᠠᠨ᠎ᠤ ᠤᠷᠤᠨ᠎ᠤ ᠤᠮᠪᠠᠯᠲᠠ ᠵᠢᠨ ᠲᠦᠷᠦᠯ ᠵᠦᠢᠯ᠎ᠤᠨ ᠳᠡᠯᠡᠬᠡᠢ ᠵᠢᠨ ᠲᠤᠮᠤ ᠤᠷᠤᠯᠳᠤᠭᠠᠨ᠎ᠳᠤ ᠤᠯᠤᠭᠰᠠᠨ ᠬᠠᠮᠤᠭ᠎ᠤᠨ ᠰᠠᠢᠨ ᠬᠢᠷᠢ ᠪᠦᠲᠦᠮᠵᠢ ᠪᠤᠯᠤᠨ᠎ᠠ᠃
ᠵᠤ᠌ ᠶᠠ ᠮᠢᠩ
ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ
ᠬᠠᠷᠠᠢᠯᠲᠠ ᠳ᠋ᠤ ᠠᠷᠪᠠᠳᠤᠭᠠᠷ ᠲᠸ᠋ ᠤᠷᠤᠪᠠ

ᠪᠡᠭᠡᠵᠢᠩ᠎ᠦᠨ ᠴᠠᠭ᠎ᠢᠶᠠᠷ 8 ᠰᠠᠷ᠎ᠠ᠎ᠶ᠋ᠢᠨ 8 ᠤ᠋ ᠡᠳᠦᠷ᠎ᠦᠨ ᠥᠷᠯᠥᠭᠡ᠂ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ ᠬᠠᠷᠠᠢᠯᠲᠠ᠎ᠶ᠋ᠢᠨ ᠬᠢᠷᠢ ᠬᠡᠮ᠎ᠦᠨ ᠤᠷᠤᠯᠳᠤᠭᠠᠨ᠎ᠳᠤ ᠥᠪᠥᠷ ᠮᠣᠩᠭᠣᠯ ᠨᠤᠲᠤᠭ᠎ᠲᠠᠢ ᠵᠠᠯᠠᠭᠤ ᠲᠠᠮᠢᠷᠴᠢᠨ ᠵᠦ᠍ ᠶᠠ ᠮᠢᠩ 16 ᠮᠧᠲᠷ 91 ᠵᠢᠨ ᠬᠢᠷᠢ ᠪᠦᠲᠦᠮᠵᠢ᠎ᠪᠡᠷ 8 ᠳ᠋ᠤᠭᠠᠷ᠎ᠲᠤ ᠤᠷᠤᠵᠤ᠂ 8 ᠰᠠᠷ᠎ᠠ ᠵᠢᠨ 10 ᠤ᠋ ᠡᠳᠦᠷ᠎ᠤᠨ ᠰᠢᠢᠳᠪᠦᠷᠢᠳᠦ ᠤᠷᠤᠯᠳᠤᠭᠠᠨ ᠳ᠋ᠤ ᠠᠷᠪᠠᠳᠤᠭᠠᠷ ᠲᠸ᠋ ᠤᠷᠤᠵᠠᠢ᠃
ᠵᠦ᠍ ᠶᠠ ᠮᠢᠩ 1994 ᠣᠨ᠎ᠳᠤ ᠬᠦᠯᠦᠨ ᠪᠤᠢᠷ ᠬᠤᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠳ᠋ᠠ ᠶᠠᠩ ᠱᠦ᠍ ᠪᠠᠯᠭᠠᠰᠤᠨ᠎ᠳᠤ ᠳᠦᠷᠦᠵᠡᠢ᠃ 2013 ᠣᠨ᠎ᠳᠤ ᠮᠦᠭ᠌ᠳᠡᠨᠦ ᠪᠡᠶ᠎ᠡ᠎ᠶ᠋ᠢᠨ ᠲᠠᠮᠢᠷ᠎ᠤᠨ ᠳᠡᠭᠡᠳᠦ ᠰᠤᠷᠭᠠᠭᠤᠯᠢ᠎ᠳᠤ ᠱᠢᠯᠭᠠᠨ ᠣᠷᠣᠵᠤ᠂ 2015 ᠣᠨ᠎ᠤ 11 ᠰᠠᠷ᠎ᠠ᠎ᠳᠤ ᠯᠢᠶᠣᠤᠨᠢᠩ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠠᠩᠭᠢ᠎ᠳᠤ ᠣᠷᠣᠵᠠᠢ᠃ 2016 ᠣᠨ᠎ᠳᠤ ᠪᠦᠬᠦ᠌ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ ᠬᠠᠷᠠᠢᠯᠲᠠ᠎ᠶ᠋ᠢᠨ ᠮᠠᠩᠯᠠᠶ᠂ 2019 ᠣᠨ᠎ᠳᠤ ᠳᠣᠯᠣᠳᠤᠭᠠᠷ ᠬᠤᠭᠤᠴᠠᠭᠠᠨ᠎ᠤ ᠳᠡᠯᠡᠬᠡᠶ᠎ᠶ᠋ᠢᠨ ᠴᠡᠷᠢᠭ ᠬᠦᠮᠦᠨ᠎ᠤ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ ᠬᠠᠷᠠᠢᠯᠲᠠ᠎ᠶ᠋ᠢᠨ ᠮᠠᠩᠯᠠᠶ ᠪᠤᠯᠵᠠᠢ᠃ 2021 ᠣᠨ᠎ᠳᠤ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ ᠬᠠᠷᠠᠢᠯᠲᠠ᠎ᠶ᠋ᠢᠨ ᠮᠥᠩᠭᠥᠨ ᠮᠧᠳᠠᠯ᠎ᠢ ᠣᠯᠵᠤ᠂ ᠳᠤᠮᠳᠠᠳᠤ ᠤᠯᠤᠰ᠎ᠤᠨ ᠠᠩᠭᠢ ᠵᠢᠨ ᠲᠤᠰ ᠲᠦᠷᠦᠯ ᠵᠦᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠬᠠᠮᠤᠭ᠎ᠤᠨ ᠰᠠᠢᠨ ᠬᠢᠷᠢ ᠪᠦᠲᠦᠮᠵᠢ ᠵᠢ ᠰᠢᠨᠡᠳᠬᠡᠪᠡ᠃
2023 ᠣᠨ᠎ᠤ 10 ᠰᠠᠷ᠎ᠠ᠎ᠳᠤ᠂ 17 ᠮᠧᠲ᠋ᠷ 13 ᠵᠢᠨ ᠬᠢᠷᠢ ᠪᠦᠲᠦᠮᠵᠢ ᠪᠡᠷ ᠬᠠᠩᠵᠧᠦ ᠵᠢᠨ ᠠᠽᠢᠶ᠎ᠡ ᠲᠢᠪ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠬᠦᠨᠳᠦ ᠬᠦᠩᠭᠡᠨ ᠪᠡᠶ᠎ᠡ ᠵᠢᠨ ᠲᠠᠮᠢᠷ᠎ᠤᠨ ᠡᠷᠡᠭᠲᠡᠢ ᠵᠢᠨ ᠭᠤᠷᠪᠠᠨ ᠠᠯᠬᠤᠮ᠎ᠤᠨ ᠬᠤᠯᠠ ᠬᠠᠷᠠᠢᠯᠲᠠ ᠵᠢᠨ ᠠᠯᠲᠠᠨ ᠮᠧᠲᠠᠯ᠎ᠢ ᠰᠢᠬᠦᠷᠴᠦ᠂ 2024 ᠣᠨ᠎ᠳᠤ᠂ ᠪᠥᠬᠥ᠌ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ ᠵᠢᠴᠢ ᠪᠥᠬᠥ᠌ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠲᠣᠮᠣ ᠱᠠᠩᠨᠠᠯᠲᠤ ᠤᠷᠤᠯᠳᠤᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠤ ᠡᠷᠡᠭ᠌ᠲᠡᠶ᠎ᠶ᠋ᠢᠨ ᠭᠤᠷᠪᠠᠨ ᠠᠯᠬᠤᠮ᠎ᠤᠨ ᠬᠣᠯᠠ ᠬᠠᠷᠠᠢᠯᠲᠠ᠎ᠶ᠋ᠢᠨ ᠱᠢᠶ᠋ᠳᠪᠦᠷᠢᠲᠦ ᠤᠷᠤᠯᠳᠤᠭᠠᠨ᠎ᠳᠤ 16 ᠮᠧᠲᠷ 70 ᠵᠢᠨ ᠬᠢᠷᠢ ᠪᠦᠲᠦᠮᠵᠢ᠎ᠪᠡᠷ ᠮᠠᠩᠯᠠᠢᠯᠠᠵᠤ᠂ 7 ᠰᠠᠷ᠎ᠠ᠎ᠶ᠋ᠢᠨ 4 ᠤ᠋ ᠡᠳᠦᠷ ᠳᠤᠮᠳᠠᠳᠤ ᠤᠯᠤᠰ᠎ᠤᠨ ᠤᠯᠤᠰ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠠᠩᠭᠢ᠎ᠶ᠋ᠢᠨ 2024 ᠣᠨ᠎ᠤ ᠫᠠᠷᠢᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠲᠠᠮᠢᠷᠴᠢᠨ᠎ᠤ ᠨᠡᠷᠡᠰ᠎ᠲᠦ ᠰᠣᠩᠭᠣᠭ᠍ᠳᠠᠭᠰᠠᠨ ᠪᠠᠢᠨ᠎ᠠ᠃
(ᠮᠠᠲᠧᠷᠢᠶᠠᠯ ᠪᠠ
ᠭᠡᠷᠡᠯ
ᠵᠢᠷᠤᠭ᠎ᠤᠳ᠎ᠢ ᠬᠠᠮᠢᠶ᠎ᠠ ᠪᠦᠬᠦᠢ
ᠰᠦᠯᠵᠢᠶ᠎ᠡ ᠡᠴᠡ
ᠠᠰᠢᠭᠯᠠᠪᠠ)