ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ᠎ᠶ᠋ᠢᠨ ᠲᠣᠭᠣᠷᠢᠨ᠎ᠳᠤ᠂ ᠤᠨᠴᠠᠯᠢᠬ᠍ᠳᠤ ᠠᠮᠲᠠᠲᠤ ᠢᠳᠡᠭᠡᠨ᠂ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠢ ᠥᠷᠨᠢᠭᠦᠯᠵᠦ᠍᠂ ᠬᠥᠮᠦᠰ᠎ᠦᠨ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠪᠠᠶᠠᠷ᠎ᠤᠨ ᠲᠤᠬᠠᠢ ᠣᠢᠯᠠᠭᠠᠯᠲᠠ ᠪᠠ ᠪᠠᠬᠠᠷᠬᠠᠯ᠎ᠢ ᠨᠡᠮᠡᠭ᠌ᠳᠡᠭᠦᠯᠪᠡ; ᠬᠠᠮᠲᠤ᠎ᠶ᠋ᠢᠨ ᠬᠤᠷᠢᠮᠢ ᠵᠣᠬᠢᠶᠠᠨ ᠪᠠᠢᠭᠤᠯᠵᠤ᠂ ᠳᠥᠭᠥᠮ ᠳᠥᠲᠡ ᠲᠣᠬᠢᠷᠠᠮᠵᠢᠲᠠᠶ ᠪᠣᠯᠪᠠᠰᠤᠨ ᠡᠷᠡᠭᠦᠯ ᠴᠢᠭᠢᠷᠠᠭ ᠣᠷᠣᠭ ᠬᠤᠷᠢᠮ᠎ᠤᠨ ᠵᠠᠩ ᠵᠠᠩᠱᠢᠯ ᠱᠢᠨ᠎ᠡ ᠰᠤᠷᠲᠠᠯ᠎ᠢ ᠰᠠᠨᠠᠭᠠᠴᠢᠯᠠᠪᠠ; ᠥᠪᠡᠷᠮᠢᠴᠡ ᠣᠨᠴᠠᠯᠢᠭ᠎ᠲᠠᠶ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ᠂ ᠰᠣᠶᠣᠯ ᠵᠢᠭᠤᠯᠴᠢᠯᠠᠯ᠎ᠤᠨ ᠦᠵᠡᠮᠵᠢ᠎ᠵᠢᠨ ᠬᠠᠯᠠᠮᠰᠢᠯ ᠭᠠᠵᠠᠷ ᠲᠤ᠌ ᠤᠴᠢᠬᠤ ᠠᠵᠢᠯᠯᠠᠭ᠎ᠠ᠎ᠪᠠᠷ ᠳᠠᠮᠵᠢᠨ᠂ ᠳᠣᠯᠣᠭᠠᠨ ᠰᠠᠷ᠎ᠠ᠎ᠶ᠋ᠢᠨ ᠳᠣᠯᠣᠭᠠᠨᠤ ᠪᠠᠶᠠᠷ᠎ᠤᠨ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠥᠷᠲᠡᠭ᠎ᠦᠨ ᠬᠠᠮᠲᠤ᠎ᠶ᠋ᠢᠨ ᠲᠠᠨᠢᠯᠲᠠ᠎ᠶ᠋ᠢ ᠭᠦᠨᠵᠡᠭᠡᠢᠷᠡᠭᠦᠯᠪᠡ ᠁ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠪᠠᠶᠠᠷ᠎ᠤᠨ ᠡᠮᠦᠨ᠎ᠡ ᠬᠣᠢᠨ᠎ᠠ᠂ ᠲᠥᠪ᠎ᠦᠨ ᠤᠬᠠᠭᠤᠯᠬᠤ ᠬᠡᠯᠲᠡᠰ᠎ᠦᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠶᠠᠮᠤᠨ᠎ᠤ ᠨᠡᠢᠭᠡᠮ᠎ᠦᠨ ᠬᠡᠷᠡᠭ ᠶᠠᠪᠤᠳᠠᠯ᠎ᠤᠨ ᠵᠤᠷᠭᠠᠨ᠂ ᠰᠣᠶᠣᠯ ᠵᠢᠭᠤᠯᠴᠢᠯᠠᠯ᠎ᠤᠨ ᠶᠠᠮᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠤᠷᠭᠠᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶᠠᠨ᠎ᠤ ᠤᠬᠠᠭᠤᠯᠬᠤ ᠬᠡᠯᠲᠡᠰ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠵᠢᠨ ᠤᠬᠠᠭᠤᠯᠬᠤ ᠬᠡᠯᠲᠡᠰ᠂ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠤᠳᠭ᠎ᠠ ᠤᠷᠠᠯᠢᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠬᠠᠮᠲᠤᠷᠠᠨ ᠡᠷᠭᠢᠯᠡᠭ᠌ᠰᠡᠨ 《ᠮᠠᠨ᠎ᠤ ᠪᠠᠶᠠᠷ᠎ᠤᠨ ᠡᠳᠦᠷ · ᠲᠤᠯᠤᠭᠠᠨ ᠰᠠᠷ᠎ᠠ᠎ᠶ᠋ᠢᠨ ᠲᠤᠯᠤᠭᠠᠨ》 ᠭᠡᠬᠦ᠌ ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ ᠪᠥᠬᠥ᠌ ᠤᠯᠤᠰ᠎ᠤᠨ ᠡᠯ᠎ᠡ ᠭᠠᠵᠠᠷ᠎ᠲᠤ ᠶᠠᠪᠤᠭ᠍ᠳᠠᠪᠠ᠃
ᠣᠢᠯᠠᠭᠠᠭ᠍ᠰᠠᠨ᠎ᠢᠶᠠᠷ᠂ 8 ᠰᠠᠷ᠎ᠠ᠎ᠶ᠋ᠢᠨ 10 ᠤ᠋ ᠡᠳᠦᠷ᠎ᠦᠨ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠪᠠᠶᠠᠷ᠎ᠤᠨ ᠡᠳᠦᠷ᠂ ᠭᠤᠤᠯᠯᠠᠨ ᠡᠷᠭᠢᠯᠡᠭ᠌ᠰᠡᠨ 6 ᠨᠢᠭᠡᠴᠢ ᠲᠣᠰ ᠲᠣᠰ ᠱᠠᠨᠳᠦ᠋ᠩ ᠮᠤᠵᠢ᠎ᠶ᠋ᠢᠨ ᠢ ᠶᠤᠸᠠᠨ ᠱᠢᠶᠠᠨ᠂ ᠾᠧᠨᠠᠨ ᠮᠤᠵᠢ᠎ᠶ᠋ᠢᠨ ᠯᠦ᠍ ᠱ᠌ᠢ ᠱᠢᠶᠠᠨ᠂ ᠬᠤᠪᠸᠢ ᠮᠤᠵᠢ᠎ᠶ᠋ᠢᠨ ᠱᠢᠶᠤᠤ ᠭᠠᠨ ᠬᠣᠲᠠ᠂ ᠭᠤᠸᠠᠩᠳᠦ᠋ᠩ ᠮᠤᠵᠢ᠎ᠶ᠋ᠢᠨ ᠭᠤᠸᠠᠩᠵᠧᠦ ᠬᠣᠲᠠ᠂ ᠭᠠᠨᠰᠦ ᠮᠤᠵᠢ᠎ᠶ᠋ᠢᠨ ᠰᠢ ᠾᠧ ᠱᠢᠶᠠᠨ᠂ ᠵᠢᠶᠠᠩᠰᠢ ᠮᠤᠵᠢ᠎ᠶ᠋ᠢᠨ ᠵᠢᠦ ᠵᠢᠶᠠᠩ ᠬᠣᠲᠠ ᠵᠡᠷᠭᠡ 6 ᠭᠠᠵᠠᠷ᠎ᠲᠤ ᠬᠦᠷᠴᠦ᠍ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠡᠳᠦᠷ᠎ᠦᠨ ᠭᠤᠤᠯ ᠰᠡᠳᠦᠪᠲᠦ ᠵᠢᠱ᠌ᠢᠶ᠎ᠡ ᠦᠵᠡᠭᠦᠯᠬᠦ᠌ ᠠᠵᠢᠯᠯᠠᠭ᠎ᠠ ᠥᠷᠨᠢᠭᠦᠯᠪᠡ᠃ ᠡᠯ᠎ᠡ ᠭᠠᠵᠠᠷ᠎ᠤᠨ ᠬᠢᠨ ᠳᠣᠯᠣᠭᠠᠨ ᠰᠠᠷ᠎ᠠ᠎ᠶ᠋ᠢᠨ ᠳᠣᠯᠣᠭᠠᠨᠤ ᠪᠠᠶᠠᠷ᠎ᠤᠨ ᠣᠨᠴᠠᠯᠢᠭ᠎ᠲᠠᠶ ᠤᠶᠠᠯᠳᠤᠭᠤᠯᠤᠨ᠂ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠰᠣᠶᠣᠯ᠎ᠤᠨ ᠲᠠᠢᠯᠤᠮᠵᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠠᠷᠠᠳ᠎ᠤᠨ ᠵᠠᠩ ᠦᠢᠯᠡ᠎ᠶ᠋ᠢ ᠪᠡᠶᠡᠴᠢᠯᠡᠨ ᠣᠢᠯᠠᠭᠠᠬᠤ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠬᠡᠯᠪᠡᠷᠢ᠎ᠪᠡᠷ ᠳᠠᠮᠵᠢᠭᠤᠯᠤᠨ᠂ ᠲᠤᠬᠠᠶ᠎ᠶ᠋ᠢᠨ ᠭᠠᠵᠠᠷ᠎ᠤᠨ ᠣᠨᠴᠠᠯᠢᠭ᠍ᠲᠤ ᠰᠣᠶᠣᠯ᠎ᠢ ᠭᠦᠢᠴᠡᠳ ᠳᠡᠯᠭᠡᠨ ᠦᠵᠡᠭᠦᠯᠵᠦ᠍᠂ ᠬᠥᠮᠦᠰ᠎ᠢ ᠬᠥᠲᠥᠯᠥᠨ ᠵᠢᠯᠣᠭᠣᠳᠴᠤ᠌ ᠪᠠᠢᠭᠠᠳ ᠣᠷᠣᠯᠴᠠᠭᠤᠯᠬᠤ ᠶᠠᠪᠤᠴᠠ᠎ᠳᠤ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠪᠡ᠃
ᠲᠠᠨᠢᠯᠴᠠᠭᠤᠯᠤᠭ᠍ᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ᠎ᠶ᠋ᠢᠨ ᠵᠣᠷᠢᠯᠭ᠎ᠠ᠎ᠨᠢ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠣᠢᠵᠢᠭᠤᠯᠤᠨ ᠦᠶ᠋ᠯᠡᠳᠦᠯᠭᠡᠵᠢᠭᠦᠯᠵᠦ᠍᠂ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠪᠠᠶᠠᠷ᠎ᠤᠨ ᠰᠣᠶᠣᠯ᠎ᠤᠨ ᠠᠭᠤᠯᠤᠭ᠍ᠳᠠᠬᠤᠨ᠎ᠢ ᠭᠦᠶ᠋ᠴᠡᠳ ᠠᠭᠤᠳᠠᠯᠵᠤ᠂ ᠠᠵᠢᠯᠴᠢ ᠬᠥᠳᠡᠯᠮᠦᠷᠢᠴᠢ ᠣᠶᠤᠨ ᠤᠬᠠᠭᠠᠨ᠂ ᠦᠨᠡᠨᠴᠢ ᠱᠢᠳᠤᠷᠭᠤ ᠬᠠᠢᠷ᠎ᠠ ᠰᠡᠳᠭᠢᠯᠭᠡ᠂ ᠬᠡᠷ ᠪᠦᠯᠢ᠎ᠶ᠋ᠢᠨ ᠰᠠᠢᠨ ᠰᠠᠢᠬᠠᠨ᠂ ᠰᠠᠢᠨ ᠰᠠᠢᠬᠠᠨ ᠥᠷᠲᠡᠭ᠎ᠦᠨ ᠣᠢᠯᠠᠭᠠᠭ᠍ᠳᠠᠬᠤᠨ᠎ᠢ ᠶᠡᠬᠡᠪᠡᠷ ᠪᠠᠳᠠᠷᠠᠭᠤᠯᠵᠤ᠂ ᠬᠥᠳᠡᠯᠮᠦᠷᠢ᠎ᠪᠡᠷ ᠵᠣᠯ ᠵᠢᠷᠭᠠᠯᠲᠤ ᠠᠮᠢᠳᠤᠷᠠᠯ᠎ᠢ ᠡᠭᠦᠳᠦᠨ ᠪᠦᠲᠦᠭᠡᠬᠦ᠌᠎ᠶ᠋ᠢ ᠰᠠᠨᠠᠭᠠᠴᠢᠯᠠᠵᠤ᠂ ᠬᠠᠷᠢᠯᠴᠠᠨ ᠳᠣᠲᠣᠨᠣᠴᠢᠯᠠᠵᠤ ᠬᠠᠷᠢᠯᠴᠠᠨ ᠬᠠᠢᠷᠠᠯᠠᠬᠤ ᠣᠷᠣᠭ ᠢᠨᠠᠭ᠎ᠤᠨ ᠦᠵᠡᠯᠲᠡ᠎ᠶ᠋ᠢ ᠪᠣᠶ ᠪᠣᠯᠭᠠᠵᠤ᠂ ᠱᠢᠯᠢᠳᠡᠭ ᠬᠡᠷ᠎ᠦᠨ ᠰᠤᠷᠭᠠᠯ ᠬᠡᠷ᠎ᠦᠨ ᠰᠤᠷᠲᠠᠯ᠎ᠢ ᠤᠯᠠᠮᠵᠢᠯᠠᠨ ᠵᠠᠯᠭᠠᠮᠵᠢᠯᠠᠵᠤ᠂ ᠬᠡᠪ ᠵᠠᠩᠱᠢᠯ᠎ᠢᠶᠠᠨ ᠥᠭᠡᠷᠡᠴᠢᠯᠡᠬᠦ᠌᠎ᠶ᠋ᠢ ᠠᠬᠢᠭᠤᠯᠵᠤ᠂ ᠪᠣᠯᠪᠠᠰᠤᠨ ᠱᠢᠨ᠎ᠡ ᠰᠤᠷᠲᠠᠯ᠎ᠢ ᠪᠣᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠨᠠᠩ ᠰᠠᠢᠲᠤᠷ ᠴᠣᠭ᠍ᠴᠠᠯᠠᠪᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠴᠠᠭᠠᠨ ᠰᠠᠷ᠎ᠠ᠂ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠪᠠᠶᠠᠷ᠂ ᠬᠠᠩᠰᠢ᠎ᠶ᠋ᠢᠨ ᠡᠳᠦᠷ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠂ ᠲᠤᠯᠤᠭᠠᠨ ᠰᠠᠷ᠎ᠠ᠎ᠶ᠋ᠢᠨ ᠲᠤᠯᠤᠭᠠᠨ᠎ᠤ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠂ ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ ᠵᠡᠷᠭᠡ ᠴᠢᠬᠤᠯᠠ ᠤᠯᠠᠮᠵᠢᠯᠠᠯᠲᠤ ᠪᠠᠶᠠᠷ᠎ᠤᠨ ᠡᠳᠦᠷ᠎ᠲᠦ᠂ ᠲᠥᠪ᠎ᠦᠨ ᠤᠬᠠᠭᠤᠯᠬᠤ ᠬᠡᠯᠲᠡᠰ 《ᠮᠠᠨ᠎ᠤ ᠪᠠᠶᠠᠷ᠎ᠤᠨ ᠡᠳᠦᠷ》 ᠤ᠋ᠨ ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ᠎ᠶ᠋ᠢ ᠦᠷᠭᠦᠯᠵᠢᠯᠡᠨ ᠵᠣᠬᠢᠶᠠᠨ ᠪᠠᠢᠭᠤᠯᠵᠤ᠂ ᠠᠭᠤᠯᠤᠭ᠍ᠳᠠᠬᠤᠨ᠎ᠢᠶᠠᠷ ᠪᠠᠶᠠᠯᠢᠭ᠂ ᠣᠨᠴᠠᠯᠢᠭ᠎ᠢᠶᠠᠷ ᠢᠯᠡ ᠲᠣᠳᠣ᠂ ᠬᠡᠯᠪᠡᠷᠢ᠎ᠨᠢ ᠠᠮᠢᠳᠤᠯᠢᠭ ᠴᠣᠪᠣᠭᠣᠯᠢᠭ᠂ ᠴᠠᠭ ᠦᠶ᠎ᠡ᠎ᠶ᠋ᠢᠨ ᠠᠭᠤᠷ ᠠᠮᠢᠰᠭᠤᠯ᠎ᠢᠶᠠᠷ ᠪᠢᠯᠬᠠᠮ᠎ᠠ ᠪᠠᠶᠠᠷ᠎ᠤᠨ ᠡᠳᠦᠷ᠎ᠦᠨ ᠰᠣᠶᠣᠯ᠎ᠤᠨ ᠠᠵᠢᠯᠯᠠᠭ᠎ᠠ᠎ᠪᠠᠷ ᠠᠷᠠᠳ ᠣᠯᠠᠨ᠎ᠤ ᠣᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠥᠷᠭᠡᠨ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠢᠳᠡᠪᠬᠢᠲᠡᠶ ᠣᠷᠣᠯᠴᠠᠭᠤᠯᠬᠤ ᠶᠠᠪᠤᠴᠠ᠎ᠳᠤ ᠪᠠᠶᠠᠷ᠎ᠤᠨ ᠡᠳᠦᠷ᠎ᠦᠨ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠦᠨ᠂ ᠰᠣᠶᠣᠯ᠎ᠤᠨ ᠢᠲᠡᠭᠡᠯ᠎ᠢ ᠨᠡᠮᠡᠭ᠌ᠳᠡᠭᠦᠯᠪᠡ᠃