《ᠳᠤᠯᠤᠭᠠᠨ ᠰᠠᠷ᠎ᠠ ᠵᠢᠨ ᠰᠢᠨ᠎ᠡ ᠵᠢᠨ ᠳᠤᠯᠤᠭᠠᠨ》 ᠎ᠤ᠋ ᠤᠯᠠᠮᠵᠢᠯᠠᠯᠳᠤ ᠪᠠᠶᠠᠷ ᠎ᠤᠨ ᠡᠳᠦᠷ ᠮᠠᠨ᠎ᠤ ᠤᠷᠤᠨ ᠳ᠋ᠤ ᠨᠡᠢᠲᠡ 1676 ᠰᠢᠨ᠎ᠠ ᠬᠤᠤᠰ ᠣᠷᠣᠭ ᠳᠠᠩᠰᠠᠯᠠᠭᠤᠯᠪᠠ
2024-08-15 11:28:17
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 10 ᠎ᠤ᠋ ᠡᠳᠦᠷ ᠪᠣᠯ ᠪᠢᠯᠢᠭ᠎ᠦᠨ ᠤᠯᠠᠷᠢᠯ᠎ᠦᠨ ᠲᠤᠯᠤᠭᠠᠨ ᠰᠠᠷ᠎ᠠ᠎ᠶ᠋ᠢᠨ ᠰᠢᠨ᠎ᠠ ᠵᠢᠨ ᠲᠤᠯᠤᠭᠠᠨ᠂ ᠲᠤᠮᠳᠠᠳᠤ ᠵᠢᠨ ᠪᠠᠰᠠ ᠨᠢᠭᠡᠨ ᠤᠯᠠᠮᠵᠢᠯᠠᠯᠳᠤ ᠪᠠᠶᠠᠷ ᠎ᠤᠨ ᠡᠳᠦᠷ ᠪᠣᠯᠤᠨ᠎ᠠ᠂ ᠲᠤᠰ ᠡᠳᠤᠷ ᠮᠠᠨ᠎ᠤ ᠤᠷᠤᠨ ᠳ᠋ᠤ ᠨᠡᠢᠲᠡ 1676 ᠰᠢᠨ᠎ᠠ ᠬᠤᠤᠰ ᠣᠷᠣᠭ ᠳᠠᠩᠰᠠᠯᠠᠭᠤᠯᠵᠠᠶ᠃

ᠰᠢᠯᠢᠳᠡᠭ ᠤᠯᠠᠮᠵᠢᠯᠠᠯᠳᠤ ᠤᠷᠤᠭ ᠢᠨᠠᠭ᠎ᠦᠨ ᠰᠤᠶᠤᠯ᠎ᠢ ᠤᠯᠠᠮᠵᠢᠯᠠᠨ ᠪᠠᠳᠠᠷᠠᠭᠤᠯᠵᠤ᠂ ᠱᠢᠨ᠎ᠡ ᠬᠤᠤᠰ ᠤ᠋ᠤᠨ ᠎ᠦᠨ 《ᠳᠤᠯᠤᠭᠠᠨ ᠰᠠᠷ᠎ᠠ ᠵᠢᠨ ᠰᠢᠨ᠎ᠡ ᠵᠢᠨ ᠳᠤᠯᠤᠭᠠᠨ》᠎ᠤ᠋ ᠤᠯᠠᠮᠵᠢᠯᠠᠯᠳᠤ ᠪᠠᠶᠠᠷ ᠎ᠤᠨ ᠡᠳᠦᠷ ᠲᠸ᠋ ᠣᠷᠣᠭ ᠳᠠᠩᠰᠠᠯᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠩᠭᠠᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠷᠢᠳᠴᠢᠯᠠᠨ ᠲᠦᠯᠦᠪᠵᠢᠬᠦᠯᠵᠤ᠂ ᠭᠤᠤᠯᠳᠠᠯᠭ᠎ᠠ᠎ᠲᠠᠶ ᠪᠠᠢᠷᠢᠯᠠᠭᠤᠯᠤᠨ᠂ ᠦᠢᠯᠡᠴᠢᠯᠡᠭᠡ ᠵᠢ ᠰᠠᠢᠳᠤᠷ ᠬᠢᠪᠠ᠃ ᠠᠷᠠᠳ᠎ᠤᠨ ᠲᠥᠯᠥᠭᠡ ᠠᠵᠢᠯ ᠶᠠᠪᠤᠳᠠᠯ ᠬᠢᠬᠦ ᠦᠷ᠎ᠡ ᠪᠦᠲᠦᠮᠵᠢ ᠪᠡᠨ ᠳᠡᠭᠡᠭ᠌ᠰᠢᠯᠡᠭᠦᠯᠵᠤ᠂ ᠣᠷᠣᠭ ᠳᠠᠩᠰᠠᠯᠠᠬᠤ ᠪᠠᠢᠭᠤᠯᠭ᠎ᠠ ᠵᠢᠨ ᠬᠢᠨ ᠤᠷᠢᠳᠴᠢᠯᠠᠨ ᠪᠣᠯᠵᠣᠬᠤ ᠲᠦᠷᠢᠮ ᠪᠠ ᠨᠠᠮᠡᠬᠦᠷᠢ ᠦᠶ᠋ᠯᠡᠴᠢᠯᠡᠭᠡ ᠬᠠᠨᠭᠭᠠᠬᠤ ᠵᠢ ᠬᠡᠷᠡᠭᠵᠢᠬᠦᠯᠵᠦ᠂ ᠣᠷᠣᠭ ᠳᠠᠩᠰᠠᠯᠠᠬᠤ ᠴᠣᠩᠬᠣᠪᠴᠢ ᠵᠢᠴᠢ ᠠᠵᠢᠯᠲᠠᠨ ᠎ᠢ ᠴᠠᠭ ᠲᠤᠬᠠᠢ ᠳ᠋ᠤᠨᠢ ᠨᠡᠮᠡᠭ᠌ᠳᠡᠭᠦᠯᠦᠨ᠂ ᠳᠠᠩᠰᠠᠯᠠᠬᠤ ᠠᠵᠢᠯ᠎ᠤᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠦ ᠬᠠᠮᠲᠤ᠂ ᠣᠯᠠᠨ ᠶᠠᠩᠵᠤ᠎ᠶ᠋ᠢᠨ ᠣᠷᠣᠭ ᠬᠤᠷᠢᠮ᠎ᠤᠨ ᠵᠠᠩ ᠦᠶ᠋ᠯᠡ᠎ᠶ᠋ᠢᠨ ᠠᠵᠢᠯᠯᠠᠭ᠎ᠠ ᠥᠷᠨᠢᠭᠦᠯᠵᠦ᠍᠂ ᠡᠯ᠎ᠡ ᠣᠷᠣᠭ ᠲᠠᠩᠰᠠᠯᠠᠬᠤ ᠪᠠᠢᠭᠤᠯᠭ᠎ᠠ ᠎ᠶ᠋ᠢ ᠵᠣᠬᠢᠶᠠᠨ ᠪᠠᠢᠭᠤᠯᠵᠤ 《ᠳᠤᠯᠤᠭᠠᠨ ᠰᠠᠷ᠎ᠠ ᠵᠢᠨ ᠰᠢᠨ᠎ᠡ ᠵᠢᠨ ᠳᠤᠯᠤᠭᠠᠨ》᠎ᠤ᠋  ᠤᠯᠠᠮᠵᠢᠯᠠᠯᠳᠤ ᠪᠠᠶᠠᠷ ᠎ᠤᠨ ᠡᠳᠦᠷ᠎ᠤᠨ ᠬᠠᠮᠲᠤ᠎ᠶ᠋ᠢᠨ ᠬᠤᠷᠢᠮ᠎ᠦᠨ ᠶᠣᠰᠣᠯᠠᠯ᠂ ᠦᠨᠡᠮᠯᠡᠯ ᠣᠯᠭᠣᠬᠤ ᠶᠣᠰᠣᠯᠠᠯ ᠵᠡᠷᠭᠡ ᠠᠵᠢᠯᠯᠠᠭ᠎ᠠ᠎ᠡᠷᠬᠢᠯᠡᠵᠦ᠂ ᠤᠯᠠᠮᠵᠢᠯᠠᠯᠲᠤ ᠰᠣᠶᠣᠯ ᠪᠠ ᠣᠲᠣ ᠦᠶ᠎ᠡ᠎ᠶ᠋ᠢᠨ ᠪᠣᠯᠪᠠᠰᠤᠨ ᠣᠷᠣᠭ ᠬᠤᠷᠢᠮ᠎ᠤᠨ ᠵᠠᠩ ᠦᠶ᠋ᠯᠡ᠎ᠶ᠋ᠢᠨ ᠠᠭᠤᠰᠤᠯᠴᠠᠨ ᠬᠥᠭ᠌ᠵᠢᠬᠦ ᠎ᠶ᠋ᠢ ᠠᠬᠢᠭᠤᠯᠵᠤ᠂ ᠰᠣᠶᠣᠯ᠎ᠤᠨ ᠢᠲᠡᠭᠡᠯ᠎ᠢ  ᠨᠡᠮᠡᠭᠳᠡᠬᠦᠯᠵᠦ᠂ ᠣᠷᠣᠭ ᠬᠤᠷᠢᠮ᠎ᠤᠨ ᠵᠠᠩ ᠦᠶ᠋ᠯᠡ᠎ᠶ᠋ᠢᠨ ᠱᠢᠨ᠎ᠡ ᠬᠡᠪ ᠰᠤᠷᠲᠠᠯ᠎ᠢ  ᠪᠣᠶ ᠪᠣᠯᠭᠠᠪᠠ᠃ ᠡᠬᠦᠨ ᠡᠴᠡ ᠭᠠᠳᠠᠨ᠎ᠠ᠂ ᠴᠣᠩᠬᠣᠪᠴᠢ ᠦᠶ᠋ᠯᠡᠴᠢᠯᠡᠭᠡ ᠎ᠪᠡᠷ ᠳᠠᠮᠵᠢᠭᠤᠯᠤᠨ ᠣᠷᠣᠭ ᠬᠤᠷᠢᠮ᠎ᠤᠨ ᠰᠣᠶᠣᠯ᠎ᠢ ᠤᠬᠠᠭᠤᠯᠵᠤ᠂ ᠪᠣᠯᠪᠠᠰᠤᠨ ᠣᠷᠣᠭ ᠬᠤᠷᠢᠮ᠎ᠤᠨ ᠵᠠᠩ ᠵᠠᠨᠭᠰᠢᠯ᠎ᠢ ᠰᠠᠨᠠᠭᠠᠴᠢᠯᠠᠨ᠂ ᠣᠷᠣᠭ ᠬᠡᠷ ᠪᠦᠯᠢ᠎ᠶ᠋ᠢᠨ ᠬᠠᠪᠰᠤᠷᠤᠨ ᠵᠢᠯᠣᠭᠣᠳᠭᠤ ᠦᠶ᠋ᠯᠡᠴᠢᠯᠡᠭᠡ ᠵᠡᠷᠭᠡ ᠎ᠶ᠋ᠢ ᠭᠠᠷᠭᠠᠵᠤ᠂ ᠱᠢᠨ᠎ᠡ ᠬᠤᠤᠰ ᠤ᠋ᠤᠨ ᠲᠸ᠋ ᠣᠷᠣᠭ ᠬᠤᠷᠢᠮ᠎ᠤᠨ ᠰᠣᠶᠣᠯ᠎ᠤᠨ ᠦᠨᠡᠨ ᠶᠣᠰᠣ᠎ᠶ᠋ᠢ ᠮᠡᠳᠡᠷᠡᠭᠦᠯᠵᠦ᠍᠂ ᠣᠯᠠᠨ ᠲᠦᠮᠡᠨ᠎ᠤ  ᠵᠥᠪ ᠣᠨᠣᠪᠴᠢᠲᠠᠶ ᠣᠷᠣᠭ ᠢᠨᠠᠭ᠎ᠤᠨ ᠦᠵᠡᠯᠲᠡ᠂ ᠬᠡᠷ ᠪᠦᠯᠢ᠎ᠶ᠋ᠢᠨ ᠦᠵᠡᠯᠲᠡ᠎ᠶ᠋ᠢ ᠪᠣᠶ ᠪᠣᠯᠭᠠᠵᠤ᠂ ᠪᠣᠯᠪᠠᠰᠤᠨ ᠱᠢᠨ᠎ᠡ ᠣᠷᠣᠭ ᠬᠤᠷᠢᠮ ᠎ᠤᠨ ᠵᠠᠩ ᠦᠶ᠋ᠯᠡ᠎ᠶ᠋ᠢᠨ ᠰᠠᠨᠠᠭᠠᠴᠢᠯᠠᠭ᠍ᠴᠢ᠂ ᠦᠶ᠋ᠯᠡᠳᠦᠯᠭᠡᠵᠢᠭᠦᠯᠦᠭ᠌ᠴᠢ ᠪᠤᠯᠬᠤ  ᠵᠢ ᠬᠦᠳᠦᠯᠦᠨ ᠵᠢᠯᠤᠭᠤᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号