— ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ ᠵᠢ ᠰᠣᠶᠣᠯ ᠤ᠋ᠨ ᠥᠪ ᠢ᠋ᠶ᠋ᠡᠷ ᠪᠦᠷᠢᠳᠬᠡᠬᠦᠯᠦᠭᠰᠡᠨ ᠲᠤᠬᠠᠢ ᠱᠢᠷᠢᠰ ᠮᠡᠳᠡᠭᠡᠯᠡᠯ (ᠨᠢᠭᠡ)
ᠪᠠᠳᠠᠢ ᠶ᠋ᠢᠨ ᠵᠢᠷᠠᠨ ᠤ᠋ ᠡᠯᠡᠰᠦ ᠤᠨᠴᠠᠭᠠᠢ᠃ ᠵᠢᠯ ᠤ᠋ᠨ ᠬᠤᠷ᠎ᠠ ᠲᠤᠨᠳᠠᠰᠤᠨ ᠤ᠋ ᠬᠡᠮᠵᠢᠶ᠎ᠡ ᠨᠢ 40 ᠮᠢᠯᠢᠮᠧᠲ᠋ᠷ ᠴᠦ᠍ ᠬᠥᠷᠬᠥ᠌ ᠥᠬᠡᠶ ᠪᠣᠯᠪᠠᠴᠤ᠌ 144 ᠨᠠᠭᠤᠷ ᠪᠦᠷᠢᠲᠦ ᠲᠠᠢ ᠪᠠᠢᠵᠦ᠂ ᠡᠪᠡᠰᠤ ᠤᠷᠭᠤᠮᠠᠯ ᠢᠬᠴᠤᠷᠠᠨ ᠤᠷᠭᠤᠵᠤ᠂ ᠤᠰᠤᠨᠦ ᠱᠢᠪᠠᠭᠤᠳ ᠭᠠᠨᠭᠭᠠᠨᠠᠯᠳᠤᠨ ᠨᠡᠯᠦᠭᠡᠷ ᠶᠡᠬᠡ ᠡᠯᠡᠰᠦᠨ ᠳ᠋ᠦ ᠬᠢᠵᠠᠭᠠᠯᠠᠰᠢ ᠦᠬᠡᠢ ᠶᠡᠬᠡ ᠠᠮᠢᠵᠢᠷᠠᠯ ᠤ᠋ᠨ ᠬᠦᠴᠦᠨ ᠢ᠋ ᠨᠡᠮᠡᠷᠢᠯᠡᠨ᠎ᠠ᠃ ᠡᠯᠡᠰᠦᠨ ᠴᠥᠯ ᠤ᠋ᠨ ᠥᠷᠥᠴᠡᠨ ᠳ᠋ᠦ ᠡᠯᠡᠰᠦᠨ ᠴᠤᠬᠢᠶ᠎ᠠ ᠰᠡᠬᠦᠢᠨ ᠰᠦᠨᠳᠡᠷᠯᠡᠨ᠂ ᠦᠶᠡᠯᠵᠡᠨ ᠵᠠᠯᠭᠠᠯᠳᠤᠵᠦ᠂ ᠶᠠᠭ ᠯᠠ ᠲᠡᠯᠡᠶ ᠶ᠋ᠢᠨ ᠢᠰᠭᠡᠷᠦᠯᠲᠡ ᠵᠢ ᠳᠠᠭᠠᠵᠦ ᠪᠤᠰᠤᠭᠰᠠᠨ ᠠᠪᠤᠷᠭᠤ ᠳᠠᠪᠠᠯᠭᠠᠨ ᠮᠡᠲᠦ ᠰᠦᠷᠳᠠᠢ ᠬᠠᠷᠠᠭ᠍ᠳᠠᠨᠠ᠃ ᠳᠡᠯᠡᠬᠡᠶ ᠶ᠋ᠢᠨ ᠬᠠᠮᠤᠭ ᠤ᠋ᠨ ᠥᠨᠳᠥᠷ ᠡᠯᠡᠰᠦᠨ ᠴᠤᠬᠢᠶ᠎ᠠ ᠡᠨᠳᠡ ᠪᠠᠢᠷᠢᠯᠠᠵᠤ᠂ 《ᠳᠡᠯᠡᠬᠡᠶ ᠶ᠋ᠢᠨ ᠡᠯᠡᠰᠦᠨ ᠴᠥᠯ ᠤ᠋ᠨ ᠵᠦᠮᠤᠯᠠᠩᠮᠠ ᠣᠷᠭᠢᠯ》 ᠬᠡᠮᠡᠭ᠌ᠳᠡᠵᠠᠢ᠃
7 ᠰᠠᠷ᠎ᠠ ᠶ᠋ᠢᠨ 26 ᠤ᠋ ᠡᠳᠦᠷ᠂ ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠴᠥᠭᠥᠷᠥᠮ ᠨᠢ 《ᠳᠡᠯᠡᠬᠡᠶ ᠶ᠋ᠢᠨ ᠥᠪ ᠤ᠋ᠨ ᠨᠡᠷᠡᠰ ᠤ᠋ᠨ ᠵᠢᠭ᠍ᠰᠠᠭᠠᠯᠲᠠ》 ᠳ᠋ᠤ ᠪᠦᠷᠢᠳᠬᠡᠭᠳᠡᠵᠤ᠂ ᠥᠪᠥᠷ ᠮᠣᠩᠭᠣᠯ ᠤ᠋ᠨ ᠠᠩᠬᠠᠳᠠᠭ᠍ᠴᠢ ᠳᠡᠯᠡᠬᠡᠶ ᠶ᠋ᠢᠨ ᠪᠠᠢᠭᠠᠯᠢ ᠶ᠋ᠢᠨ ᠥᠪ᠂ ᠳᠤᠮᠳᠠᠳᠤ ᠤᠯᠤᠰ ᠤ᠋ᠨ ᠠᠩᠬᠠᠳᠠᠭ᠍ᠴᠢ ᠡᠯᠡᠰᠦᠨ ᠴᠥᠯ ᠤ᠋ᠨ ᠲᠥᠷᠥᠯ ᠬᠡᠯᠪᠡᠷᠢ ᠶ᠋ᠢᠨ ᠳᠡᠯᠡᠬᠡᠶ ᠶ᠋ᠢᠨ ᠪᠠᠢᠭᠠᠯᠢ ᠶ᠋ᠢᠨ ᠥᠪ ᠪᠣᠯᠵᠣ᠂ ᠪᠥᠬᠥ᠌ ᠳᠡᠯᠡᠬᠡᠶ ᠳ᠋ᠦ ᠮᠠᠨ ᠤ᠋ ᠤᠯᠤᠰ ᠤ᠋ᠨ ᠨᠠᠭᠤᠷ ᠴᠥᠭᠥᠷᠥᠮ ᠪᠠ ᠡᠯᠡᠰᠦᠨ ᠳᠣᠪᠣᠴᠠᠭ ᠡᠯᠡᠰᠦᠨ ᠴᠥᠯ ᠤ᠋ᠨ ᠣᠨᠴᠠᠯᠢᠭ ᠪᠥᠬᠥᠶ ᠪᠠᠢᠭᠠᠯᠢ ᠶ᠋ᠢᠨ ᠥᠪ ᠤ᠋ᠨ ᠬᠤᠤᠰ ᠦᠬᠡᠢ ᠦᠨ᠎ᠡ ᠥᠷᠲᠡᠭ ᠢ᠋ ᠳᠡᠯᠭᠡᠨ ᠦᠵᠡᠭᠦᠯᠵᠦ᠍᠂ ᠳᠡᠯᠡᠬᠡᠶ ᠶ᠋ᠢᠨ ᠪᠣᠯᠪᠠᠰᠤᠨ ᠤ᠋ ᠥᠨᠢᠷ ᠴᠡᠴᠡᠭ ᠤ᠋ᠨ ᠬᠦᠷᠢᠶᠡᠯᠡᠩ ᠳ᠋ᠦ ᠥᠩᠭᠡ ᠪᠤᠳᠤᠭ ᠨᠡᠮᠡᠷᠢᠯᠡᠯᠠ ᠃
ᠡᠨᠡ ᠬᠦ᠌ ᠪᠠᠢᠭᠠᠯᠢ ᠶ᠋ᠢᠨ ᠬᠣᠪᠣᠷ ᠡᠷᠳᠡᠨᠢ ᠶᠢᠷᠲᠢᠨᠴᠦ᠍ ᠶ᠋ᠢᠨ ᠬᠥᠮᠦᠰ ᠤ᠋ᠨ ᠬᠠᠷᠠᠭᠠᠨ ᠳ᠋ᠦ ᠤᠷᠤᠭᠰᠠᠨ ᠶᠠᠪᠤᠳᠠᠯ ᠪᠤᠯ ᠡᠬᠡ ᠪᠠᠢᠭᠠᠯᠢ ᠡᠴᠡ ᠢᠪᠡᠭᠡᠭᠰᠡᠨ ᠡᠴᠢᠨ᠎ᠠ ᠭᠠᠢᠬᠠᠮᠰᠢᠭ᠂ ᠬᠡᠳᠦᠨ ᠠᠷᠪᠠᠨ ᠵᠢᠯ ᠵᠢᠡᠷ ᠬᠦᠴᠦᠯᠡᠨ ᠪᠠᠷᠢᠮᠳᠠᠯᠠᠭᠰᠠᠨ ᠬᠠᠮᠠᠭᠠᠯᠠᠯᠲᠠ᠂ 7 ᠵᠢᠯ ᠬᠠᠯᠠᠱᠢᠷᠠᠯ ᠦᠭᠡᠢ ᠡᠷᠡᠮᠡᠯᠵᠡᠭᠰᠡᠨ ᠤ᠋ ᠦᠷ᠎ᠠ ᠪᠦᠳᠦᠭᠡᠯ ᠪᠤᠯᠬᠤ ᠶᠤᠮ ᠃
《ᠪᠠᠢᠭᠠᠯᠢ ᠶ᠋ᠢᠨ ᠥᠪ ᠪᠣᠯ ᠪᠠᠢᠭᠠᠯᠢ ᠶ᠋ᠢᠨ ᠤᠯᠠᠷᠢᠨ ᠬᠤᠪᠢᠰᠤᠯᠲᠠ ᠶ᠋ᠢᠨ ᠴᠢᠬᠤᠯᠠ ᠦᠷ᠎ᠡ ᠪᠦᠲᠦᠭᠡᠯ ᠮᠥᠨ᠃ ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷᠪᠦᠷᠢᠲᠦᠵᠢ ᠰᠤᠶᠤᠯ ᠤ᠋ᠨ ᠥᠪ ᠢ᠋ᠶ᠋ᠡᠷ ᠠᠮᠵᠢᠯᠲᠠ ᠲᠠᠢ ᠪᠦᠷᠢᠳᠬᠡᠬᠦᠯᠦᠭᠰᠡᠨ ᠨᠢ ᠲᠡᠭᠦᠨ ᠤ᠋ ᠦᠪᠡᠷᠮᠢᠴᠡ ᠭᠤᠤ᠎ᠠ ᠵᠦᠶ ᠶ᠋ᠢᠨ ᠦᠨ᠎ᠡ ᠥᠷᠲᠡᠭ ᠪᠠ ᠭᠠᠵᠠᠷ ᠰᠢᠨᠵᠢᠯᠡᠬᠡ ᠭᠠᠵᠠᠷ ᠤ᠋ᠨ ᠭᠠᠳᠠᠷᠭᠤ ᠶ᠋ᠢᠨ ᠦᠨ᠎ᠡ ᠥᠷᠲᠡᠭ ᠲᠦ᠍ᠨᠢ ᠪᠤᠢ》 ᠭᠡᠵᠦ 46 ᠳ᠋ᠤᠭᠠᠷ ᠬᠤᠭᠤᠴᠠᠭᠠᠨ ᠤ᠋ ᠳᠡᠯᠡᠬᠡᠢ ᠶ᠋ᠢᠨ ᠥᠪ ᠤ᠋ᠨ ᠶᠡᠬᠡ ᠬᠤᠷᠠᠯ ᠤ᠋ᠨ ᠳᠤᠮᠳᠠᠳᠤ ᠤᠯᠤᠰ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠡᠰᠢᠬᠦᠨ᠂ ᠳᠤᠮᠳᠠᠳᠤ ᠤᠯᠤᠰ ᠤ᠋ᠨ ᠠᠯᠳᠠᠷᠲᠤ ᠦᠵᠡᠮᠵᠢ ᠶ᠋ᠢᠨ ᠣᠷᠣᠨ ᠤ᠋ ᠨᠡᠢᠭᠡᠮᠯᠢᠭ ᠤ᠋ᠨ ᠥᠪ ᠰᠤᠶᠤᠯ ᠤ᠋ᠨ ᠭᠠᠳᠠᠭᠠᠳᠤ ᠬᠠᠷᠢᠯᠴᠠᠭᠠᠨ ᠤ᠋ ᠭᠠᠵᠠᠷ ᠤ᠋ᠨ ᠡᠷᠬᠢᠯᠡᠭ᠌ᠴᠢ ᠶᠠᠩ ᠽᠢ ᠶᠠᠨ ᠬᠡᠯᠡᠨ᠎ᠠ ᠃
ᠪᠠᠳᠠᠶ ᠶ᠋ᠢᠨ ᠵᠢᠷᠠᠨ ᠤ᠋ ᠡᠯᠡᠰᠦ ᠠᠯᠠᠱᠠ ᠶ᠋ᠢᠨ ᠥᠨᠳᠥᠷᠯᠢᠭ ᠲᠦ᠍ ᠣᠷᠣᠱᠢᠵᠤ᠂ ᠳᠤᠮᠳᠠᠳᠤ ᠤᠯᠤᠰ ᠤ᠋ᠨ ᠪᠠᠷᠠᠭᠤᠨ ᠬᠣᠢᠲᠤ ᠶ᠋ᠢᠨ ᠲᠤᠢᠯ ᠤ᠋ᠨ ᠭᠠᠩ ᠬᠠᠭᠤᠷᠠᠶ ᠤᠷᠤᠨ ᠤ᠋ ᠰᠡᠷᠢᠭᠦᠨ ᠪᠦᠰᠡ ᠶ᠋ᠢᠨ ᠡᠯᠡᠰᠦᠨ ᠴᠥᠯ ᠤ᠋ᠨ ᠣᠷᠣᠨ ᠳ᠋ᠦ ᠬᠠᠷᠢᠶᠠᠯᠠᠭ᠍ᠳᠠᠨ᠂ ᠳᠤᠮᠳᠠᠳᠤ ᠤᠯᠤᠰ ᠤ᠋ᠨ ᠭᠤᠷᠪᠠᠳᠤᠭᠠᠷ ᠶᠡᠬᠡ ᠡᠯᠡᠰᠦ ᠪᠠ ᠬᠣᠶᠠᠳᠤᠭᠠᠷ ᠶᠡᠬᠡ ᠨᠡᠭᠦᠳᠡᠯ ᠡᠯᠡᠰᠦ ᠪᠣᠯᠤᠨ᠎ᠠ ᠃ ᠰᠠᠯᠬᠢᠨ ᠳ᠋ᠦ ᠢᠳᠡᠭ᠌ᠳᠡᠭ᠌ᠰᠡᠨ ᠡᠯᠳᠡᠪ ᠵᠤᠢᠯ ᠤ᠋ᠨ ᠭᠠᠵᠠᠷ ᠤ᠋ᠨ ᠲᠥᠷᠰᠦ᠂ ᠨᠢᠭ᠍ᠲᠠᠷᠠᠨ ᠲᠠᠷᠬᠠᠭᠰᠠᠨ ᠤᠯᠠᠨ ᠠᠷᠪᠢᠨ ᠡᠯᠡᠰᠦᠨ ᠴᠥᠯ ᠤ᠋ᠨ ᠨᠠᠭᠤᠷ ᠪᠦᠷᠢᠳᠦ᠂ ᠬᠠᠮᠤᠭ ᠤ᠋ᠨ ᠥᠷᠭᠡᠨ ᠠᠭᠤᠳᠠᠮ ᠪᠦᠷᠢᠶ᠎ᠠ ᠮᠠᠩᠬᠠᠨ ᠤ᠋ ᠪᠦᠰᠡ ᠪᠠ ᠳᠡᠯᠡᠬᠡᠶ ᠳᠡᠭᠡᠷᠡᠬᠢ ᠬᠠᠮᠤᠭ ᠤ᠋ᠨ ᠥᠨᠳᠥᠷ (ᠬᠠᠷᠢᠴᠠᠩᠭᠤᠶᠪᠠᠷ ᠳᠠᠯᠠᠶ ᠶ᠋ᠢᠨ ᠲᠦᠪᠱᠢᠨ ᠡᠴᠡ 460 ᠮᠧᠲ᠋ᠷ ᠦᠨᠳᠦᠷ) ᠂ ᠬᠠᠮᠤᠭ ᠤ᠋ᠨ ᠨᠢᠭ᠍ᠲᠠ ᠲᠥᠪᠯᠡᠷᠡᠭ᠌ᠰᠡᠨ ᠥᠨᠳᠥᠷ ᠡᠯᠡᠰᠦᠨ ᠴᠤᠬᠢᠶ᠎ᠠ ᠨᠢ ᠶᠡᠷᠦ᠍ ᠪᠤᠰᠤ ᠶ᠋ᠢᠨ ᠪᠠᠢᠭᠠᠯᠢ ᠶ᠋ᠢᠨ ᠦᠵᠡᠮᠵᠢ ᠵᠢ ᠪᠦᠷᠢᠯᠳᠦᠭᠦᠯᠵᠠᠢ᠃ ᠢᠯᠠᠩᠭᠤᠶ᠎ᠠ 144 ᠨᠠᠭᠤᠷ ᠪᠦᠷᠢᠲᠦ ᠨᠢ ᠠᠳᠠᠯᠢ ᠪᠤᠰᠤ ᠳᠠᠪᠤᠰᠤᠨ ᠤ᠋ ᠬᠡᠮᠵᠢᠶ᠎ᠡ ᠪᠠ ᠮᠢᠺᠷᠣᠪ ᠤ᠋ᠨ ᠪᠦᠯᠦᠭ᠌ᠯᠡᠯ ᠡᠴᠡ ᠪᠣᠯᠵᠤ ᠭᠠᠢᠬᠠᠯᠳᠠᠢ ᠰᠠᠢᠬᠠᠨ ᠥᠩᠭᠡ ᠪᠤᠳᠤᠭ ᠲᠠᠢ ᠪᠠᠢᠵᠤ ᠥᠪᠡᠷᠮᠢᠴᠡ ᠭᠤᠤ᠎ᠠ ᠰᠠᠢᠬᠠᠨ ᠤ᠋ ᠦᠨ᠎ᠡ ᠥᠷᠲᠡᠭ ᠢ᠋ ᠡᠭᠦᠳᠦᠭ᠌ᠰᠡᠨ ᠪᠠᠢᠨ᠎ᠠ᠃ ᠡᠭᠦᠨ ᠤ᠋ ᠬᠠᠮᠲᠤ ᠲᠡᠷᠡ ᠨᠢ ᠪᠠᠰᠠ ᠡᠯᠪᠡᠭ ᠪᠠᠶᠠᠯᠢᠭ ᠠᠮᠢᠳᠤ ᠪᠣᠳᠠᠰ ᠤ᠋ᠨ ᠣᠷᠣᠱᠢᠨ ᠠᠮᠢᠳᠤᠷᠠᠬᠤ ᠤᠷᠤᠨ ᠪᠠᠢᠵᠤ᠂ ᠰᠡᠷᠢᠭᠦᠨ ᠪᠦᠰᠡ ᠪᠠ ᠲᠦᠢᠯ ᠤ᠋ᠨ ᠭᠠᠩ ᠬᠠᠭᠤᠷᠠᠶ ᠠᠭᠤᠷ ᠠᠮᠢᠰᠭᠤᠯ ᠳᠣᠣᠷᠠᠬᠢ ᠡᠯᠡᠰᠦᠨ ᠴᠥᠯ ᠤ᠋ᠨ ᠦᠵᠡᠮᠵᠢ ᠪᠠ ᠭᠠᠵᠠᠷ ᠤ᠋ᠨ ᠭᠠᠳᠠᠷᠭᠤ ᠶ᠋ᠢᠨ ᠦᠷᠭᠦᠯᠵᠢᠯᠡᠨ ᠤᠯᠠᠷᠢᠨ ᠬᠤᠪᠢᠷᠬᠠᠰᠠᠨ ᠰᠤᠳᠤᠨ ᠵᠢᠱ᠌ᠢᠶ᠎ᠡ ᠪᠣᠯᠵᠠᠢ᠃
ᠳᠡᠯᠡᠬᠡᠶ ᠶ᠋ᠢᠨ ᠥᠪ ᠲᠦ᠍ ᠪᠦᠷᠢᠳᠬᠡᠬᠦᠯᠬᠦ ᠪᠤᠯ ᠨᠠᠷᠢᠨ ᠪᠤᠳᠤᠯᠢᠶᠠᠨᠲᠠᠶ ᠡᠷᠡᠮᠡᠯᠵᠡᠨ ᠮᠡᠳᠡᠬᠦᠯᠬᠦ ᠲᠦᠷᠦᠯ ᠵᠦᠢᠯᠪᠤᠯᠤᠨᠠ᠃ ᠡᠯᠡᠰᠦᠨ ᠴᠦᠯ ᠤ᠋ᠨ ᠬᠠᠬᠢᠷ ᠬᠠᠳᠠᠭᠤ ᠠᠭᠤᠷ ᠠᠮᠢᠰᠭᠤᠯ ᠢ᠋ ᠬᠦᠯᠢᠴᠡᠨ ᠳᠡᠰᠪᠦᠷᠢᠯᠡᠵᠦ᠂ ᠡᠯᠡᠰᠦᠨ ᠴᠦᠯ ᠳ᠋ᠦ ᠲᠤᠭ᠎ᠠ ᠦᠬᠡᠢ ᠤᠯᠠᠨ ᠤᠳᠠᠭ᠎ᠠ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠪᠢᠴᠢᠭ ᠳᠠᠢᠯᠪᠤᠷᠢ ᠨᠠᠢᠷᠠᠭᠤᠯᠤᠨ ᠵᠣᠬᠢᠶᠠᠬᠤ᠂ ᠤᠯᠠᠨ ᠤᠯᠤᠰ ᠤ᠋ᠨ ᠦᠨᠡᠯᠡᠨ ᠵᠢᠱ᠌ᠢᠯᠲᠡ ᠬᠢᠬᠦ᠌ ᠡᠴᠡ ᠠᠪᠤᠭᠠᠳ ᠳᠡᠯᠡᠬᠡᠢ ᠶ᠋ᠢᠨ ᠥᠪ ᠤ᠋ᠨ ᠶᠡᠬᠡ ᠬᠤᠷᠠᠯ ᠳ᠋ᠦ ᠮᠡᠳᠡᠭᠦᠯᠬᠦ᠌ ᠬᠦᠷᠲᠡᠯ᠎ᠡ᠂ ᠠᠯᠬᠤᠮ ᠪᠦᠷᠢ ᠳ᠋ᠤ ᠲᠤᠰᠭᠠᠢ ᠮᠡᠷᠭᠡᠵᠢᠯᠲᠡᠨ ᠢ᠋ᠶ᠋ᠡᠷ ᠲᠠᠬᠢᠨ ᠳᠠᠪᠲᠠᠨ ᠰᠤᠳᠤᠯᠤᠨ ᠶᠠᠷᠢᠯᠴᠠᠭᠤᠯᠵᠤ᠂ ᠨᠤᠲᠠᠯᠠᠯᠲᠠ ᠬᠢᠯᠭᠡᠨ᠂ ᠨᠢᠮᠪᠠᠢ ᠵᠠᠰᠠᠯᠳᠠ ᠬᠢᠯᠭᠡᠳᠡᠭ᠃ ᠲᠣᠰ ᠤᠳᠠᠭᠠᠨ ᠤ᠋ ᠲᠡᠯᠡᠬᠡᠢ ᠶ᠋ᠢᠨ ᠥᠪ ᠢ᠋ᠶ᠋ᠡᠷ ᠪᠦᠷᠢᠳᠭᠡᠬᠦᠯᠬᠦ ᠪᠡᠷ ᠡᠷᠡᠮᠡᠯᠵᠡᠬᠦ ᠮᠡᠷᠭᠡᠵᠢᠯ ᠤ᠋ᠨ ᠪᠦᠯᠬᠦᠮ ᠤ᠋ᠨ ᠬᠡᠰᠢᠬᠦᠨ ᠪᠣᠯᠤᠭ᠍ᠰᠠᠨ ᠶᠠᠩ ᠽᠢ ᠶᠠᠨ ᠪᠦᠬᠦᠢᠯᠡ ᠶᠠᠪᠤᠴᠠ ᠵᠢ ᠲᠤᠭᠤᠯᠵᠦ᠂ ᠲᠡᠭᠦᠨ ᠤ᠋ ᠳᠣᠲᠣᠷᠠᠬᠢ 2 ᠤᠳᠠᠭ᠎ᠠ ᠵᠢᠨ ᠬᠠᠮᠤᠭ ᠤ᠋ᠨ ᠵᠠᠩᠭᠢᠯᠠᠭ᠎ᠠ ᠶ᠋ᠢᠨ ᠭᠣᠭ᠍ᠴᠣᠭᠠ ᠨᠢ ᠲᠡᠬᠦᠨ ᠳ᠋ᠤ ᠬᠦᠨ ᠰᠠᠭᠤᠭᠳᠠᠯ ᠦᠯᠡᠳᠡᠭᠡᠵᠡᠢ᠃
2018 ᠣᠨ ᠤ᠋ 5 ᠰᠠᠷ᠎ᠠ ᠳ᠋ᠦ ᠶᠠᠪᠤᠭᠳᠠᠭᠰᠠᠨ ᠴᠠᠩ ᠪᠠᠢ ᠱᠠᠨ ᠤ᠋ ᠤᠯᠠᠨ ᠤᠯᠤᠰ ᠤ᠋ᠨ ᠠᠮᠢ ᠠᠬᠤᠢ ᠶ᠋ᠢᠨ ᠬᠤᠷᠠᠯ ᠵᠢᠴᠢ ᠳᠡᠯᠡᠬᠡᠢ ᠶ᠋ᠢᠨ ᠥᠪ ᠤ᠋ᠨ ᠬᠠᠮᠠᠭᠠᠯᠠᠯᠲᠠ ᠬᠥᠭ᠌ᠵᠢᠬᠦᠯᠦᠯᠲᠡ ᠶ᠋ᠢᠨ ᠱᠢᠨ᠎ᠡ ᠠᠵᠠ ᠲᠣᠬᠢᠶᠠᠯ ᠤ᠋ᠨ ᠲᠦᠷᠦᠭᠦᠴᠦᠳ ᠤ᠋ᠨ ᠬᠤᠷᠠᠯ ᠳᠡᠭᠡᠷ᠎ᠡ᠂ ᠪᠠᠳᠠᠢ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ ᠨᠢ ᠳᠡᠯᠡᠬᠡᠢ ᠶ᠋ᠢᠨ ᠥᠪ ᠲᠦ᠍ ᠪᠦᠷᠢᠳᠭᠡᠬᠦᠯᠬᠦ ᠪᠡᠯᠡᠳᠬᠡᠯ ᠰᠤᠩᠭᠤᠭᠤᠯᠢ ᠳ᠋ᠦ ᠤᠷᠤᠭᠰᠠᠨ ᠪᠤᠰᠤᠳ 7 ᠭᠠᠵᠠᠷ ᠲᠠᠢ ᠦᠷᠢᠰᠦᠯᠳᠦᠭᠡᠳ ᠲᠦᠷᠦᠭᠦᠯᠡᠵᠦ ᠂ 2020 ᠣᠨ ᠤ᠋ ᠳᠤᠮᠳᠠᠳᠤ ᠤᠯᠤᠰ ᠤ᠋ᠨ ᠴᠤᠷ ᠤ᠋ᠨ ᠭᠠᠭ᠍ᠴᠠ ᠳᠡᠯᠡᠬᠡᠢ ᠶ᠋ᠢᠨ ᠥᠪ ᠲᠦ᠍ ᠪᠦᠷᠢᠳᠭᠡᠬᠦᠯᠬᠦ ᠲᠦᠷᠦᠯ ᠵᠦᠢᠯ ᠪᠤᠯᠪᠠ ᠃
2024 ᠣᠨ ᠤ᠋ 5 ᠰᠠᠷ᠎ᠠ ᠳ᠋ᠦ ᠳᠡᠯᠡᠬᠡᠢ ᠶ᠋ᠢᠨ ᠦᠪ ᠲᠦ᠍ ᠪᠦᠷᠢᠳᠭᠡᠬᠦᠯᠬᠦ ᠪᠡᠷ ᠡᠷᠡᠮᠡᠯᠵᠡᠬᠦ ᠮᠡᠷᠭᠡᠵᠢᠯ ᠤ᠋ᠨ ᠪᠦᠯᠬᠦᠮ ᠨᠢ IUCN (ᠳᠡᠯᠡᠬᠡᠢ ᠶ᠋ᠢᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠬᠣᠯᠪᠣᠭ᠎ᠠ) ᠡᠴᠡ ᠭᠠᠷᠭᠠᠭ᠍ᠰᠠᠨ ᠦᠨᠡᠯᠡᠯᠲᠡ ᠶ᠋ᠢᠨ ᠮᠡᠳᠡᠭᠦᠯᠦᠯᠲᠡ ᠵᠢ ᠣᠯᠵᠤ᠂ ᠪᠠᠳᠠᠢ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ ᠵᠢ ᠳᠡᠯᠡᠬᠡᠢ ᠶ᠋ᠢᠨ ᠥᠪ ᠤ᠋ᠨ ᠨᠡᠷᠡᠰ ᠲᠦ᠍ ᠡᠷᠬᠦᠨ ᠳᠠᠨᠢᠯᠴᠠᠭᠤᠯᠬᠤ ᠵᠢ ᠰᠠᠨᠠᠭᠤᠯᠤᠭᠰᠠᠨ ᠨᠢ ᠳᠡᠯᠡᠬᠡᠢ ᠨᠡᠢᠭᠡᠮ ᠤ᠋ᠨ ᠬᠢᠨ ᠡᠨᠡ ᠬᠦ᠌ ᠪᠠᠢᠭᠠᠯᠢ ᠶ᠋ᠢᠨ ᠥᠪ ᠤ᠋ᠨ ᠦᠨ᠎ᠡ ᠦᠷᠳᠡᠭ ᠢ᠋ ᠮᠡᠳᠡᠷᠡᠵᠦ᠍ ᠪᠠᠢᠬᠤ ᠵᠢ ᠬᠠᠷᠠᠭᠤᠯᠵᠦ ᠪᠤᠢ᠃
《ᠳᠡᠯᠡᠬᠡᠢ ᠶ᠋ᠢᠨ ᠥᠪ ᠢ᠋ᠶ᠋ᠡᠷ ᠠᠮᠵᠢᠯᠳᠠ ᠲᠠᠢ ᠪᠦᠷᠢᠳᠬᠡᠬᠦᠯᠦᠭᠰᠡᠨ ᠨᠢ ᠡᠴᠦᠰ ᠤ᠋ᠨ ᠴᠡᠭ ᠪᠢᠰᠢ᠂ ᠬᠠᠷᠢᠨ ᠡᠬᠢᠯᠡᠯᠲᠡ ᠶ᠋ᠢᠨ ᠴᠡᠭ ᠪᠤᠯᠬᠤ ᠶᠤᠮ》᠃ ᠶᠠᠩ ᠽᠢ ᠶᠠᠨ ᠤ᠋ ᠦᠵᠡᠬᠦ ᠪᠡᠷ᠂ ᠳᠡᠯᠡᠬᠡᠢ ᠶ᠋ᠢᠨ ᠥᠪ ᠢ᠋ᠶ᠋ᠡᠷ ᠪᠦᠷᠢᠳᠬᠡᠬᠦᠯᠬᠦᠶᠠᠪᠤᠴᠠ ᠳ᠋ᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠢ᠋ ᠳᠡᠯᠡᠬᠡᠶ ᠳ᠋ᠠᠬᠢᠨ ᠳ᠋ᠦ ᠦᠵᠡᠭᠦᠯᠪᠠ ᠂ ᠳᠡᠯᠡᠬᠡᠢ ᠶ᠋ᠢᠨ ᠥᠪ ᠢ᠋ᠶ᠋ᠡᠷ ᠪᠦᠷᠢᠳᠬᠡᠬᠦᠯᠦᠭᠰᠡᠨ ᠤ᠋ ᠳᠠᠷᠠᠭ᠎ᠠ ᠪᠢᠳᠡ ᠣᠯᠠᠨ ᠤᠯᠤᠰ ᠤ᠋ᠨ ᠬᠠᠮᠠᠭᠠᠯᠠᠯᠲᠠ ᠶ᠋ᠢᠨ ᠱᠢᠨᠵᠢ ᠴᠢᠨᠠᠷ ᠵᠢᠴᠢ ᠬᠣᠯᠪᠣᠭ᠍ᠳᠠᠯ ᠪᠥᠬᠥᠶ ᠲᠦᠷᠢᠮ ᠪᠠ ᠪᠠᠷᠢᠮᠵᠢᠶ᠎ᠠ ᠪᠠᠷ ᠳᠠᠮᠵᠢᠨ ᠲᠤᠬᠠᠶ ᠶ᠋ᠢᠨ ᠭᠠᠵᠠᠷ ᠤ᠋ᠨ ᠪᠤᠳᠠᠳᠠᠢ ᠪᠠᠢᠳᠠᠯᠳᠤ ᠲᠣᠬᠢᠷᠠᠭᠤᠯᠤᠨ ᠬᠠᠮᠠᠭᠠᠯᠠᠯᠲᠠ ᠬᠠᠮᠢᠶᠠᠷᠤᠯᠲᠠ ᠥᠷᠨᠢᠭᠦᠯᠵᠦ᠍᠂ ᠪᠦᠬᠦᠯᠢ ᠴᠣᠭ᠍ᠴᠠ ᠶ᠋ᠢᠨ ᠬᠠᠮᠠᠭᠠᠯᠠᠯᠲᠠ ᠬᠠᠮᠢᠶᠠᠷᠤᠯᠲᠠ ᠶ᠋ᠢᠨ ᠲᠦᠪᠱᠢᠨ ᠢ᠋ ᠳᠡᠭᠡᠭ᠌ᠰᠢᠯᠡᠭᠦᠯᠤᠨ᠂ ᠡᠯᠡᠰᠦᠨ ᠴᠦᠯ ᠨᠠᠭᠤᠷ ᠪᠦᠷᠢᠲᠦ ᠶ᠋ᠢᠨ ᠲᠤᠰᠭᠠᠶ ᠡᠷᠳᠡᠮ ᠱᠢᠨᠵᠢᠯᠡᠭᠡᠨ ᠤ᠋ ᠰᠤᠳᠤᠯᠭᠠᠨ ᠢ᠋ ᠤᠯᠠᠮ ᠨᠢᠭᠡ ᠠᠯᠬᠤᠮ ᠥᠷᠨᠢᠭᠦᠯᠬᠦ᠌ ᠳ᠋ᠦ ᠰᠠᠭᠤᠷᠢ ᠲᠠᠯᠪᠢᠬᠤ ᠪᠣᠯᠤᠨ᠎ᠠ᠃
ᠠᠯᠠᠱᠠ ᠶ᠋ᠢᠨ ᠡᠯᠡᠰᠦᠨ ᠴᠥᠯ ᠤ᠋ᠨ ᠳᠡᠯᠡᠬᠡᠶ ᠶ᠋ᠢᠨ ᠭᠠᠵᠠᠷ ᠱᠢᠨᠵᠢᠯᠡᠭᠡᠨ ᠤ᠋ ᠴᠡᠴᠡᠷᠯᠢᠭ ᠤ᠋ᠨ ᠠᠯᠠᠱᠠ ᠪᠠᠷᠠᠭᠤᠨ ᠬᠣᠱᠢᠭᠤᠨ ᠤ᠋ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠳᠠᠷᠤᠭ᠎ᠠ ᠯᠢᠶᠠᠩ ᠪᠦᠦ ᠷᠦᠩ ᠄ 《ᠲᠠᠷᠠᠭᠠᠴᠢ ᠶ᠋ᠢᠨ ᠠᠯᠬᠤᠮ ᠳ᠋ᠦ ᠠᠯᠠᠱᠠ ᠪᠠᠷᠠᠭᠤᠨ ᠬᠣᠱᠢᠭᠤ ᠳᠡᠯᠡᠬᠡᠢ ᠶ᠋ᠢᠨ ᠥᠪ ᠪᠤᠯᠤᠭᠰᠠᠨ ᠭᠠᠵᠠᠷ ᠤ᠋ᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠭᠠᠵᠤ᠂ ᠬᠠᠮᠠᠭᠠᠯᠠᠯᠲᠠ ᠬᠢᠭᠡᠳ ᠨᠡᠢᠭᠡᠮ ᠠᠵᠤ ᠠᠬᠤᠶ ᠶ᠋ᠢᠨ ᠦᠷᠭᠦᠯᠵᠢᠯᠡᠬᠦ᠌ ᠬᠥᠭ᠌ᠵᠢᠯᠲᠡ ᠶ᠋ᠢᠨ ᠬᠣᠭᠣᠷᠣᠨᠳᠣᠬᠢ ᠲᠡᠩᠴᠡᠭᠦᠷᠢ ᠶ᠋ᠢᠨ ᠠᠷᠭ᠎ᠠ ᠵᠠᠮ ᠢ᠋ ᠰᠦᠪᠡᠭ᠌ᠴᠢᠯᠡᠨ ᠂ ᠪᠠᠳᠠᠢ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ ᠡᠨᠡ ᠬᠦ᠌ ᠨᠡᠷ᠎ᠡ ᠶ᠋ᠢᠨ ᠬᠠᠭᠤᠳᠠᠰᠤ ᠵᠢ ᠨᠠᠩ ᠦᠵᠡᠰᠭᠦᠯᠡᠩᠲᠦ ᠰᠠᠢᠬᠠᠨ ᠪᠣᠯᠭᠠᠨ᠎ᠠ》 ᠭᠡᠵᠡᠶ᠃