ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ
2024-08-02 09:39:33
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠤᠷᠤᠯᠴᠠᠯᠭ᠎ᠠ ᠵᠢᠨ ᠭᠣᠣᠯᠳᠠᠯᠭ᠎ᠠ ᠵᠢ ᠠᠳᠭᠤᠵᠤ᠂ ᠰᠤᠷᠤᠯᠴᠠᠬᠤ ᠬᠡᠯᠪᠡᠷᠢ᠎ᠪᠡᠨ ᠪᠠᠶᠠᠯᠢᠭ᠍ᠵᠢᠭᠤᠯᠵᠤ᠂ ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠷᠠᠯᠲᠠ᠎ᠲᠠᠶ᠎ᠪᠠᠷ ᠴᠡᠭ᠌ᠴᠡᠯᠡᠨ ᠵᠠᠰᠠᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠳᠠᠭᠠᠭᠤᠯᠵᠤ ᠪᠠᠢᠭᠠᠳ ᠨᠠᠮᠴᠢ ᠴᠢᠨᠠᠷ᠎ᠢᠶᠠᠨ ᠴᠢᠩᠭᠠᠳᠭᠠᠬᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠰᠤᠷᠲᠠᠯ᠎ᠢᠶᠠᠨ ᠬᠠᠲᠠᠭᠤᠵᠢᠭᠤᠯᠬᠤ᠎ᠶ᠋ᠢ ᠤᠶᠠᠯᠳᠤᠭᠤᠯᠵᠤ᠂ ᠲᠦᠷᠢᠮ ᠲᠣᠭ᠍ᠲᠠᠭᠠᠯ᠎ᠢ ᠵᠢᠷᠤᠮᠯᠠᠬᠤ ᠰᠠᠬᠢᠯᠭ᠎ᠠ ᠪᠠᠲᠤ᠎ᠶ᠋ᠢ ᠰᠠᠬᠢᠬᠤ ᠤᠷᠢᠲᠠᠯ ᠳᠣᠣᠷ᠎ᠠ ᠵᠣᠷᠢᠭ᠍ᠲᠠᠢ ᠠᠵᠢᠯᠯᠠᠠ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠪᠤᠢ᠃

ᠠᠯᠠᠱᠠ ᠠᠢᠮᠠᠭ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠢᠭᠡ ᠴᠣᠭ᠍ᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠤᠨ ᠲᠥᠰᠦᠯ᠎ᠢ ᠲᠣᠭ᠍ᠲᠠᠭᠠᠵᠤ᠂ ᠡᠯ᠎ᠡ ᠬᠣᠱᠢᠭᠤ ᠲᠣᠭᠣᠷᠢᠭ᠎ᠲᠤ ᠲᠣᠰ ᠲᠣᠰ 1 ᠎ᠡᠴᠠ 2 ᠰᠤᠮᠤ ᠪᠠᠯᠭᠠᠰᠤ ᠪᠤᠶᠤ ᠭᠠᠴᠠᠭ᠎ᠠ ᠲᠣᠰᠭᠣᠨ᠎ᠳᠤ ᠭᠤᠷᠪᠠᠨ ᠵᠦᠶ᠋ᠯ᠎ᠦᠨ ᠠᠵᠢᠯ᠎ᠤᠨ ᠦᠨᠳᠦᠰᠦᠨ ᠱᠠᠲᠤᠨ᠎ᠤ ᠠᠵᠢᠭ᠍ᠯᠠᠯᠲᠠ᠎ᠶ᠋ᠢᠨ ᠴᠡᠭ ᠭᠠᠷᠭᠠᠵᠤ᠂ ᠦᠨᠳᠦᠰᠦᠨ ᠱᠠᠲᠤᠨ᠎ᠤ ᠲᠤᠰᠭᠠᠯ ᠲᠣᠪᠣᠢᠮ᠎ᠠ ᠠᠰᠠᠭᠤᠳᠠᠯ᠎ᠢ ᠴᠤᠭ᠍ᠯᠠᠭᠤᠯᠵᠠᠢ᠃ ᠠᠰᠠᠭᠤᠳᠠᠯ᠎ᠢ ᠱᠢᠶ᠋ᠳᠪᠦᠷᠢᠯᠡᠬᠦ᠌ ᠲᠠᠯ᠎ᠠ᠎ᠪᠠᠷ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠳᠦ ᠬᠦᠷᠦᠯᠴᠡᠬᠦ᠌ ᠥᠬᠡᠶ 30᠎ᠠᠰᠠᠭᠤᠳᠠᠯ᠎ᠢ ᠵᠠᠷᠯᠠᠨ ᠨᠡᠢᠲᠡᠯᠡᠵᠦ᠍᠂ ᠠᠢᠮᠠᠭ᠎ᠤᠨ ᠲᠠᠰ ᠳᠠᠪᠬᠤᠷᠭ᠎ᠠ᠎ᠶ᠋ᠢᠨ ᠱᠠᠯᠠᠪᠲᠠᠭᠤᠯᠤᠨ ᠪᠠᠢᠴᠠᠭᠠᠵᠤ ᠬᠢᠨᠠᠨ ᠱᠢᠯᠭᠠᠬᠤ ᠵᠦᠶ᠋ᠯᠡᠰ᠎ᠢ 29 ᠪᠣᠯᠭᠠᠨ ᠴᠣᠮᠬᠠᠳᠭᠠᠵᠤ᠂ ᠬᠣᠱᠢᠭᠤ ᠲᠣᠭᠣᠷᠢᠭ᠎ᠤᠨ ᠲᠠᠰ᠎ᠢ ᠨᠢᠭᠡᠳᠦᠯᠲᠡᠶ 10 ᠪᠣᠯᠭᠠᠨ ᠴᠣᠮᠬᠠᠳᠭᠠᠵᠤ᠂ ᠠᠢᠮᠠᠭ ᠬᠣᠱᠢᠭᠤ ᠬᠣᠶᠠᠷ ᠱᠠᠲᠤᠨ᠎ᠤ ᠠᠵᠢᠯ᠎ᠤᠨ ᠲᠤᠰᠭᠠᠶ ᠠᠩᠭᠢ᠎ᠶ᠋ᠢ 43 ᠬᠠᠰᠤᠵᠤ᠂ ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ 1588 ᠫᠠᠢᠰᠠ ᠲᠡᠮᠳᠡᠭ᠎ᠢ ᠢᠯᠭᠠᠷᠠᠭᠤᠯᠵᠤ᠂ ᠭᠡᠷᠡᠴᠢᠯᠡᠬᠦ᠌ ᠵᠦᠶ᠋ᠯᠡᠰ᠎ᠢ 44 ᠵᠦᠶ᠋ᠯ ᠪᠣᠯᠭᠠᠪᠠ᠃ ᠢᠯᠠᠩᠭᠤᠶ᠎ᠠ ᠶᠡᠬᠡᠬᠡᠨ ᠬᠦᠴᠦ᠍ ᠣᠷᠣᠭᠤᠯᠵᠤ ᠪᠠᠢᠭᠠᠳ ᠣᠷᠣᠨ ᠰᠠᠭᠤᠴᠠ᠎ᠶ᠋ᠢᠨ ᠦᠨᠡᠮᠯᠡᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ᠂ ᠭᠠᠯ ᠤᠨᠲᠠᠷᠠᠭᠠᠬᠤ ᠠᠮᠤᠷ ᠲᠦᠪᠱᠢᠨ᠎ᠦ ᠳᠠᠯᠳᠠ ᠬᠡᠮ ᠵᠡᠷᠭᠡ ᠨᠢᠭᠡ ᠪᠦᠯᠦᠭ ᠣᠯᠠᠨ ᠲᠦᠮᠡᠨ᠎ᠦ ᠠᠩᠬᠠᠷᠤᠯ ᠬᠠᠯᠠᠮᠰᠢᠯ ᠪᠤᠯᠵᠤ ᠪᠠᠢᠭ᠎ᠠ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠵᠦ᠍᠂ ᠪᠥᠬᠥ᠌ ᠠᠢᠮᠠᠭ᠎ᠤᠨ 7649 ᠢᠵᠢ ᠦᠨᠡᠮᠯᠡᠯ ᠭᠦᠶ᠋ᠴᠡᠳᠭᠡᠬᠦ᠌᠎ᠳᠦ ᠬᠦᠴᠢᠷᠲᠡᠶ ᠪᠠᠢᠬᠤ ᠠᠰᠠᠭᠤᠳᠠᠯ᠎ᠳᠤ ᠬᠣᠯᠪᠣᠭ᠍ᠳᠠᠭ᠍ᠰᠠᠨ ᠣᠷᠣᠨ ᠰᠠᠭᠤᠴᠠ᠎ᠶ᠋ᠢ ᠨᠢᠭᠡᠨᠲᠡ 5586 ᠢᠵᠢ ᠳᠡᠩᠰᠡᠯᠡᠠ ᠳᠠᠭᠤᠰᠭᠠᠵᠤ᠂ 7 ᠳᠤᠮᠳᠠᠳᠤ ᠪᠠᠭ᠎ᠠ ᠰᠤᠷᠭᠠᠭᠤᠯᠢ ᠵᠢᠨ ᠭᠠᠯ ᠤᠨᠲᠠᠷᠠᠭᠠᠬᠤ ᠠᠮᠤᠷ ᠲᠦᠪᠱᠢᠨ᠎ᠦ ᠳᠠᠯᠳᠠ ᠬᠡᠮ ᠣᠷᠣᠱᠢᠵᠤ ᠪᠠᠢᠭ᠎ᠠ 15 ᠪᠠᠷᠢᠯᠭ᠎ᠠ᠎ᠶ᠋ᠢ ᠨᠢᠭᠡᠨᠲᠡ ᠨᠢᠭᠡᠳ ᠨᠢᠭᠡ᠎ᠪᠡᠷ ᠴᠡᠭ᠌ᠴᠡᠯᠡᠨ ᠵᠠᠰᠠᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠬᠦᠯᠵᠦ᠍᠂ ᠬᠠᠨᠤᠮᠵᠢ ᠶ᠋ᠢᠨ ᠬᠡᠮᠵᠢᠶ᠎ᠡ ᠵᠢ ᠢᠯᠡᠳᠲᠡ ᠳᠡᠭᠡᠭ᠌ᠰᠢᠯᠡᠭᠦᠯᠵᠠᠢ᠃

ᠬᠢᠩᠭᠠᠨ ᠠᠢᠮᠠᠭ᠎ᠤᠨ ᠤᠯᠠᠭᠠᠨᠬᠣᠲᠠ 《ᠲᠠᠪᠤ ᠵᠢ ᠰᠤᠷᠤᠯᠴᠠᠨ ᠬᠣᠯᠪᠣᠭᠠᠯᠠᠨ ᠬᠥᠳᠡᠯᠦᠯᠴᠡᠬᠦ᠌》 ᠪᠡᠷ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠨᠣᠮ ᠤᠩᠱᠢᠬᠤ ᠠᠩᠭᠢ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠭᠣᠣᠯ ᠰᠡᠳᠦᠪᠲᠦ ᠨᠠᠮ᠎ᠤᠨ ᠡᠳᠦᠷᠯᠢᠭ ᠵᠡᠷᠭᠡ᠎ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠲᠤ ᠰᠠᠬᠢᠯᠭ᠎ᠠ ᠪᠠᠲᠤ᠎ᠶ᠋ᠢ ᠲᠡᠷᠡ ᠬᠡᠪ᠎ᠢᠶᠡᠷ ᠨᠢ ᠰᠤᠷᠤᠯᠴᠠᠭᠤᠯᠵᠤ᠂ ᠳᠦᠷᠢᠮ ᠵᠤᠷᠪᠤᠰ ᠳᠠᠷᠠᠭᠠᠯᠠᠨ ᠰᠠᠬᠢᠯᠭ᠎ᠠ ᠪᠠᠲᠤ᠎ᠶ᠋ᠢ ᠮᠡᠳᠡᠭᠦᠯᠵᠦ᠍᠂ ᠰᠠᠬᠢᠯᠭ᠎ᠠ ᠪᠠᠲᠤ᠎ᠶ᠋ᠢ ᠭᠦᠨᠵᠡᠭᠡᠢ ᠰᠤᠷᠤᠯᠴᠠᠭᠤᠯᠤᠨ ᠤᠢ᠍ᠢᠯᠠᠭᠠᠭᠤᠯᠵᠤ᠂ ᠰᠠᠬᠢᠯᠭ᠎ᠠ ᠪᠠᠲᠤ᠎ᠶ᠋ᠢ ᠦᠨᠡᠨ ᠬᠦ᠌ ᠰᠠᠬᠢᠬᠤ ᠪᠣᠯᠭᠠᠵᠠᠢ᠃ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠰᠡᠷᠡᠮᠵᠢᠯᠡᠭᠦᠯᠬᠦ᠌ ᠬᠥᠮᠦᠵᠢᠯ᠎ᠦᠨ ᠰᠠᠭᠤᠷᠢᠨ᠎ᠢ ᠲᠣᠭᠣᠷᠢᠨ ᠦᠵᠡᠭᠦᠯᠵᠦ᠍᠂ ᠳᠡᠷᠭᠡᠳᠡᠬᠢ ᠤᠴᠢᠷ ᠶᠠᠪᠤᠳᠠᠯ᠎ᠢᠶᠠᠷ ᠳᠡᠷᠭᠡᠳᠡᠬᠢ ᠬᠥᠮᠦᠰ᠎ᠢ ᠰᠡᠷᠡᠮᠵᠢᠯᠡᠭᠦᠯᠪᠡ᠃ ᠰᠤᠳᠤᠯᠤᠨ ᠶᠠᠷᠢᠯᠴᠠᠵᠤ ᠰᠣᠯᠢᠯᠴᠠᠬᠤ᠂ ᠨᠠᠰᠤ ᠠᠬᠠᠱᠢᠷᠠᠬᠰᠠᠨ ᠪᠡᠶ᠎ᠡ ᠪᠠᠷᠤᠬᠳᠠᠢ ᠨᠠᠮ᠎ᠤᠨ ᠭᠡᠱᠢᠭᠦᠨ᠎ᠢ 《ᠬᠡᠷ᠎ᠲᠦᠨᠢ ᠬᠦᠷᠴᠤ ᠰᠤᠷᠤᠯᠴᠠᠯᠭ᠎ᠠ ᠬᠦᠷᠭᠡᠬᠦ᠌》 ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠰᠣᠯᠢᠯᠴᠠᠭ᠎ᠠ᠎ᠪᠠᠷ ᠰᠤᠷᠤᠯᠴᠠᠯᠭ᠎ᠠ᠎ᠶ᠋ᠢ ᠠᠬᠢᠭᠤᠯᠵᠤ᠂ ᠰᠤᠷᠤᠯᠴᠠᠯᠭ᠎ᠠ᠎ᠪᠠᠷ ᠰᠠᠬᠢᠯᠭ᠎ᠠ ᠪᠠᠲᠤ᠎ᠶ᠋ᠢ ᠰᠤᠷᠤᠯᠴᠠᠬᠤ ᠵᠢ ᠠᠬᠢᠭᠤᠯᠪᠠ᠃ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠺᠠᠳ᠋ᠷ᠎ᠤᠨ ᠲᠠᠰ ᠳᠠᠪᠬᠤᠷᠭ᠎ᠠ᠂ ᠠᠵᠢᠯ᠎ᠤᠨ ᠪᠠᠢᠷᠢ᠎ᠶ᠋ᠢᠨ ᠲᠥᠷᠥᠯ ᠢᠯᠭᠠᠯ ᠵᠡᠷᠭᠡ ᠠᠳᠠᠯᠢ ᠪᠤᠰᠤ ᠡᠲᠡᠭᠡᠳ ᠪᠠ ᠠᠵᠢᠯ ᠲᠥᠷᠥᠯ᠎ᠦᠨ ᠣᠨᠴᠠᠯᠢᠭ᠎ᠢ ᠦᠨᠳᠦᠰᠦᠯᠡᠨ᠂ ᠠᠵᠢᠯ᠎ᠤᠨ ᠪᠠᠢᠷᠢ᠎ᠶ᠋ᠢᠨ ᠠᠶᠤᠯ ᠲᠦᠭ᠌ᠰᠢᠭᠦᠷᠢ᠎ᠶ᠋ᠢᠨ ᠴᠡᠭ ᠶᠣᠰᠣᠭᠠᠷ ᠰᠤᠷᠤᠯᠴᠠᠯᠭ᠎ᠠ ᠵᠢᠨ ᠲᠠᠯ᠎ᠠ᠎ᠶ᠋ᠢᠨ ᠭᠤᠤᠯᠳᠠᠯᠭ᠎ᠠ᠎ᠶ᠋ᠢ ᠲᠣᠳᠣᠷᠬᠠᠢᠯᠠᠵᠤ᠂ ᠰᠦᠯᠵᠢᠶᠡᠨ ᠳᠡᠭᠡᠷ᠎ᠡ ᠪᠠ ᠪᠤᠳᠠᠳᠦ ᠴᠤᠬᠴᠠ ᠵᠢᠨ ᠰᠤᠷᠤᠯᠴᠠᠯᠭ᠎ᠠ ᠬᠦᠷᠭᠡᠬᠦ᠌᠂ ᠬᠤᠤᠰᠯᠠᠯ ᠪᠣᠯᠵᠣ ᠰᠤᠷᠤᠯᠴᠠᠯᠭ᠎ᠠ ᠬᠦᠷᠭᠡᠵᠦ᠍ ᠬᠠᠪᠰᠤᠷᠤᠨ ᠰᠤᠷᠤᠯᠴᠠᠬᠤ ᠵᠡᠷᠭᠡ ᠠᠷᠭ᠎ᠠ ᠮᠠᠶᠢᠭ᠎ᠢ ᠠᠪᠴᠤ᠌᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ) ᠦ᠋ᠨ ᠵᠣᠷᠢᠭ ᠰᠠᠨᠠᠭ᠎ᠠ᠎ᠶ᠋ᠢ ᠨᠠᠮ᠎ᠤᠨ ᠭᠡᠱᠢᠭᠦᠨ᠎ᠦ ᠳᠡᠷᠭᠡᠳᠡ ᠬᠦᠷᠭᠡᠪᠡ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠵᠡᠷᠭᠡ ᠪᠠᠷ ᠳᠠᠮᠵᠢᠭᠤᠯᠤᠨ᠂ 《ᠨᠠᠮ᠎ᠤᠨ ᠰᠤᠷᠭᠠᠭᠤᠯᠢ᠎ᠶ᠋ᠢᠨ ᠡᠭᠦᠯᠡᠨ ᠶᠠᠷᠢᠶᠠᠨ᠎ᠤ ᠲᠠᠩᠬᠢᠮ》 ᠲᠠᠢ ᠤᠶᠠᠯᠳᠤᠭᠤᠯᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠭᠤᠤᠯᠯᠠᠭ᠍ᠴᠢ ᠪᠠᠭ᠍ᠰᠢ᠎ᠶ᠋ᠢ ᠤᠷᠢᠵᠤ 《ᠲᠦᠷᠢᠮ》᠎ᠤ᠋ᠨ ᠵᠣᠷᠢᠭ ᠰᠠᠨᠠᠭ᠎ᠠ᠎ᠶ᠋ᠢ ᠭᠦᠨᠵᠡᠭᠡᠶ ᠲᠠᠢᠯᠤᠮᠵᠢ ᠬᠢᠯᠭᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠪᠦᠬᠦᠨ᠎ᠢ ᠪᠦᠷᠬᠦᠭᠦᠯᠬᠦ᠌᠎ᠶ᠋ᠢ ᠠᠬᠢᠭᠤᠯᠪᠠ᠃

ᠲᠦᠩᠯᠢᠶᠣᠤ ᠬᠣᠲᠠ᠎ᠶ᠋ᠢᠨ ᠨᠠᠶ᠋ᠮᠠᠨ ᠬᠣᠱᠢᠭᠤ ᠳᠡᠭᠡᠷ᠎ᠡ ᠱᠠᠲᠤ ᠨᠢ ᠳᠤᠤᠷ᠎ᠠ ᠱᠠᠲᠤ᠎ᠪᠠᠨ ᠳᠠᠭᠠᠭᠤᠯᠤᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠲᠥᠪᠯᠡᠷᠡᠭᠦᠯᠦᠨ ᠰᠤᠷᠤᠯᠴᠠᠬᠤ᠂ ᠰᠢᠯᠢᠳᠡᠭ ᠨᠠᠮ᠎ᠤᠨ ᠬᠢᠴᠢᠶᠡᠯ᠎ᠨᠢ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠶ ᠰᠤᠷᠤᠯᠴᠠᠬᠤ᠂ ᠬᠡᠷᠡᠭ᠎ᠵᠢᠡᠷ ᠰᠠᠬᠢᠯᠭ᠎ᠠ ᠪᠠᠳᠤ ᠵᠢ ᠲᠤᠳᠤᠷᠬᠠᠢᠯᠠᠵᠤ ᠬᠠᠷᠠᠯᠲᠠ᠎ᠪᠠᠷ ᠪᠠᠢᠷᠢ ᠲᠣᠭ᠍ᠲᠠᠭᠠᠨ ᠦᠶ᠋ᠯᠡᠳᠦᠯᠭᠡᠵᠢᠭᠦᠯᠦᠨ ᠰᠤᠷᠤᠯᠴᠠᠬᠤ᠂ ᠣᠯᠠᠨ ᠡᠱᠢᠵᠢᠭ᠌ᠰᠡᠨ ᠵᠢᠭ᠍ᠰᠠᠭᠠᠯ᠎ᠤᠨ ᠭᠠᠵᠠᠷ᠎ᠢ ᠠᠭᠤᠰᠤᠯᠴᠠᠭᠤᠯᠤᠨ ᠨᠡᠪᠲᠡᠷᠡᠭᠦᠯᠵᠦ᠍ ᠴᠠᠭ ᠲᠤᠬᠠᠶ᠎ᠳᠤᠨᠢ ᠰᠤᠷᠤᠯᠴᠠᠬᠤ ᠪᠠᠷ ᠲᠠᠮᠵᠢᠭᠤᠯᠤᠨ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠪᠥᠬᠥ᠌ ᠲᠠᠯ᠎ᠠ᠎ᠪᠠᠷ ᠪᠦᠬᠦᠨ᠎ᠢ ᠪᠦᠷᠬᠦᠭᠦᠯᠬᠦ᠌᠎ᠶ᠋ᠢ ᠠᠬᠢᠭᠤᠯᠪᠠ᠃ ᠬᠣᠱᠢᠭᠤᠨ᠎ᠤ ᠨᠠᠮ᠎ᠤᠨ ᠬᠣᠷᠢᠶ᠎ᠠ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠤᠷᠠᠯ ᠵᠡᠷᠭᠡ᠎ᠪᠡᠷ ᠳᠠᠮᠵᠢᠨ᠂ ᠤᠷᠢᠤᠨ ᠵᠢᠨᠷ ᠰᠤᠷᠤᠯᠴᠠᠵᠤ᠂ ᠭᠦᠨᠵᠡᠭᠡᠶ ᠰᠤᠷᠤᠯᠴᠠᠪᠠ᠃ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠠᠮᠲᠤ᠎ᠪᠠᠷ ᠰᠤᠷᠤᠯᠴᠠᠬᠤ᠂ ᠬᠤᠪᠢ ᠬᠥᠮᠦᠨ ᠥᠪᠡᠷ᠎ᠢᠶᠡᠨ ᠰᠤᠷᠤᠯᠴᠠᠬᠤ᠂ ᠰᠣᠯᠢᠯᠴᠠᠭ᠎ᠠ ᠬᠢᠵᠦ᠍ ᠰᠤᠳᠤᠯᠤᠨ ᠰᠤᠷᠤᠯᠴᠠᠬᠤ ᠵᠡᠷᠭᠡ ᠠᠷᠭ᠎ᠠ ᠬᠡᠯᠪᠡᠷᠢ᠎ᠪᠡᠷ 《ᠲᠦᠷᠢᠮ》 ᠢ᠋ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃ ᠲᠤᠰ ᠬᠣᠱᠢᠭᠤ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠂ ᠨᠡᠢᠲᠡᠯᠢᠭ ᠬᠡᠷᠡᠭ᠎ᠦᠨ ᠵᠢᠱ᠌ᠢᠢ᠎ᠡ᠂ ᠴᠢᠬᠡᠴᠢ ᠵᠠᠰᠠᠭ᠎ᠤᠨ ᠨᠠᠮ᠎ᠤᠨ ᠬᠢᠴᠢᠶᠡᠯ ᠵᠡᠷᠭᠡ ᠬᠡᠯᠪᠡᠷᠢ᠎ᠶ᠋ᠢ ᠵᠠᠳᠠᠯᠤᠨ ᠱᠢᠨᠵᠢᠯᠡᠵᠦ᠍᠂ ᠬᠡᠷᠡᠭ᠎ᠢᠶᠡᠷ ᠰᠠᠬᠢᠯᠭ᠎ᠠ ᠪᠠᠲᠤ᠎ᠶ᠋ᠢ ᠶᠠᠷᠢᠵᠤ᠂ ᠬᠡᠷᠡᠭ᠎ᠢᠶᠡᠷ ᠬᠠᠷᠢᠭᠤᠴᠠᠯᠭ᠎ᠠ᠎ᠶ᠋ᠢ ᠲᠣᠭᠠᠴᠢᠵᠠᠢ᠃ ᠣᠢᠷ᠎ᠠ᠎ᠶ᠋ᠢᠨ ᠵᠢᠯ᠎ᠳᠦ ᠪᠠᠢᠴᠠᠭᠠᠨ ᠱᠢᠶ᠋ᠳᠪᠦᠷᠢᠯᠡᠭ᠌ᠰᠡᠨ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ ᠨᠡᠢᠲᠡᠯᠢᠭ ᠬᠡᠷᠡᠭ᠎ᠢ ᠵᠠᠳᠠᠯᠤᠨ ᠡᠮᠬᠢᠯᠡᠵᠦ᠍᠂ ᠲᠦᠷᠦᠭᠦᠦ ᠪᠦᠯᠦᠭ᠎ᠤᠨ 13 ᠨᠡᠢᠲᠡᠯᠢᠭ ᠬᠡᠷᠡᠭ᠎ᠢ ᠱᠢᠯᠢᠨ ᠰᠣᠩᠭᠣᠵᠤ᠂ 《ᠬᠡᠷᠡᠭ᠎ᠦᠨ ᠵᠢᠱ᠌ᠢᠶ᠎ᠡ᠎ᠶ᠋ᠢᠨ ᠡᠮᠬᠢᠳᠭᠡᠯ》 ᠢ᠋ ᠨᠠᠢᠷᠠᠭᠤᠯᠤᠨ ᠳᠠᠷᠤᠮᠠᠯᠯᠠᠵᠤ ᠰᠤᠷᠤᠯᠴᠠᠬᠤ ᠵᠢᠭᠠᠬᠤ ᠮᠠᠲ᠋ᠧᠷᠢᠶᠠᠯ ᠪᠣᠯᠭᠠᠵᠤ᠂ ᠬᠠᠨᠳᠤᠯᠭᠠᠲᠤ ᠴᠢᠨᠠᠷᠲᠠᠶ᠎ᠪᠠᠷ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠵᠦ᠍᠂ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠶᠣᠰᠣ ᠲᠦᠷᠢᠮ᠎ᠢ ᠮᠡᠳᠡᠭᠦᠯᠵᠦ᠍᠂ ᠤᠯᠠᠭᠠᠨ ᠱᠤᠭᠤᠮ᠎ᠢ ᠲᠣᠳᠣᠷᠬᠠᠶ ᠮᠡᠳᠡᠭᠦᠯᠵᠦ᠍᠂ ᠬᠤᠷᠢᠭ᠎ᠠ ᠱᠤᠭᠤᠮ᠎ᠢ ᠴᠢᠩᠭ᠎ᠠ ᠰᠠᠬᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号