《ᠪᠢᠳᠠ ᠠᠵᠠ ᠪᠡᠷ ᠬᠡᠪᠴᠢᠶ᠎ᠡ᠎ᠪᠡᠷ ᠶᠡᠬᠡ᠂ ᠲᠤᠰᠬᠠᠢ ᠮᠡᠷᠭᠡᠵᠢᠯ᠎ᠦᠨ ᠴᠢᠨᠠᠷ᠎ᠢᠶᠠᠷ ᠴᠢᠩᠭ᠎ᠠ᠂ ᠥᠷᠭᠡᠨ ᠳᠡᠯᠭᠡᠷ ᠨᠥᠯᠥᠭᠡ᠎ᠲᠠᠢ ᠡᠢᠮᠦᠷᠬᠦᠦ ᠦᠵᠡᠰᠬᠦᠯᠡᠩ᠎ᠢ ᠬᠦᠯᠢᠶᠡᠨ ᠠᠪᠴᠤ ᠡᠷᠬᠢᠯᠡᠬᠦ ᠪᠤᠯᠵᠠᠢ᠃ ᠡᠨᠡ ᠨᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠮᠦᠽᠧᠢ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠎ᠳᠦ ᠬᠦᠴᠦᠨ ᠨᠡᠮᠡᠷᠢᠯᠡᠬᠦ᠎ᠶᠢᠨ ᠵᠡᠷᠭᠡ ᠪᠡᠷ ᠤᠮᠠᠷᠠᠲᠤ ᠬᠢᠯᠢ᠎ᠶᠢᠨ ᠰᠣᠶᠣᠯ ᠢ᠋ ᠤᠯᠠᠮᠵᠢᠯᠠᠨ ᠪᠠᠳᠠᠷᠠᠭᠤᠯᠵᠤ᠂ ᠬᠥᠬᠡᠬᠣᠲᠠ᠎ᠶᠢᠨ 〈ᠮᠦᠽᠧᠢ᠎ᠶᠢᠨ ᠬᠤᠳᠠ〉 ᠵᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ》 ᠭᠡᠵᠦ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠬᠤᠳᠠ ᠵᠢᠨ ᠳᠡᠳ᠋ ᠳᠠᠷᠤᠭ᠎ᠠ ᠸᠠᠩ ᠺᠦᠨ ᠬᠡᠯᠡᠨ᠎ᠠ᠃
8 ᠰᠠᠷ᠎ᠠ᠎ᠶᠢᠨ 16 ᠤ᠋ ᠡᠳᠦᠷ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠦᠨ ᠰᠣᠨᠢᠨ ᠮᠡᠳᠡᠭᠡ ᠨᠡᠢᠲᠡᠯᠡᠬᠦ ᠲᠢᠩᠬᠢᠮ᠎ᠳᠦ᠂ ᠠᠷᠪᠠᠳᠤᠭᠠᠷ ᠬᠤᠭᠤᠴᠠᠭᠠᠨ᠎ᠤ 《ᠳᠤᠮᠳᠠᠳᠤ ᠤᠯᠤᠰ᠎ᠤᠨ ᠮᠦᠽᠧᠢ ᠵᠢᠴᠢ ᠬᠠᠮᠢᠶ᠎ᠠ ᠪᠦᠬᠦᠢ ᠦᠢᠯᠡᠳᠬᠦᠨ ᠬᠢᠭᠡᠳ ᠮᠡᠷᠭᠡᠵᠢᠯ᠎ᠦᠨ ᠦᠵᠡᠰᠬᠦᠯᠡᠩ᠎ᠦᠨ ᠴᠤᠭᠯᠠᠭᠠᠨ》 ᠤ᠋ ᠰᠣᠨᠢᠨ ᠮᠡᠳᠡᠭᠡ ᠨᠡᠢᠲᠡᠯᠡᠬᠦ ᠬᠤᠷᠠᠯ ᠶᠠᠪᠤᠭᠳᠠᠵᠤ᠂ ᠠᠷᠪᠠᠳᠤᠭᠠᠷ ᠬᠤᠭᠤᠴᠠᠭᠠᠨ᠎ᠤ ᠮᠦᠽᠧᠢ ᠢ᠋ᠢᠨ ᠦᠵᠡᠰᠬᠦᠯᠡᠩ᠎ᠦᠨ ᠴᠤᠭᠯᠠᠭᠠᠨ ᠢ᠋ 8 ᠰᠠᠷ᠎ᠠ᠎ᠶᠢᠨ 23᠎ᠡᠴᠡ 26 ᠤ᠋ ᠡᠳᠦᠷ ᠪᠣᠯᠲᠠᠯ᠎ᠠ ᠬᠥᠬᠡᠬᠣᠲᠠ᠎ᠶᠢᠨ ᠴᠡᠯᠡᠭᠡᠷ ᠲᠠᠯ᠎ᠠ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠷᠭᠢᠯᠡᠬᠦ᠎ᠪᠡᠷ ᠲᠣᠭᠲᠠᠪᠠ᠃
ᠮᠦᠽᠧᠢ ᠢ᠋ᠢᠨ ᠦᠵᠡᠰᠬᠦᠯᠡᠩ᠎ᠦᠨ ᠴᠤᠭᠯᠠᠭᠠᠨ ᠢ᠋ 《ᠲᠠᠯ᠎ᠠ ᠨᠤᠲᠤᠭ᠎ᠤᠨ ᠲᠦᠪ ᠬᠣᠲᠠ》 ᠳ᠋ᠤ ᠡᠷᠬᠢᠯᠡᠬᠦ ᠪᠤᠯᠤᠬᠰᠠᠨ ᠨᠢ ᠣᠷᠣᠨ᠎ᠤ ᠲᠥᠪ᠎ᠦᠨ ᠮᠦᠽᠧᠢ᠎ᠶᠢᠨ ᠪᠦᠯᠦᠭᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠡᠬᠢᠯᠡᠯᠲᠡ ᠪᠣᠯᠬᠤ ᠪᠣᠯᠣᠨ᠎ᠠ᠃ 2004 ᠣᠨ᠎ᠳᠤ᠂ ᠪᠡᠭᠡᠵᠢᠩ᠎ᠳᠦ ᠠᠩᠬᠠᠳᠤᠭᠠᠷ ᠬᠤᠭᠤᠴᠠᠭᠠᠨ᠎ᠤ 《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠢ᠋ ᠡᠷᠬᠢᠯᠡᠭᠰᠡᠨ ᠡᠴᠡ ᠨᠠᠭᠠᠰᠢ᠂ 《ᠮᠦᠽᠸᠢ ᠢ᠋ᠢᠨ ᠦᠵᠡᠰᠭᠦᠯᠡᠩ᠎ᠤᠨ ᠴᠤᠬᠯᠠᠭᠠᠨ》 ᠢ᠋ ᠨᠢᠭᠡᠨᠲᠡ 9 ᠬᠤᠭᠤᠴᠠᠭ᠎ᠠ ᠠᠮᠵᠢᠯᠲᠠ᠎ᠲᠠᠢ ᠡᠷᠭᠢᠯᠡᠵᠦ᠂ ᠪᠡᠭᠡᠵᠢᠩ ᠂ ᠱᠠᠩᠬᠠᠢ᠂ ᠰᠢᠶᠠᠮᠧᠨ᠂ ᠴᠧᠩᠳᠦ᠋᠂ ᠹᠦᠵᠧᠦ᠂ ᠵᠧᠩᠵᠧᠦ ᠵᠡᠷᠭᠡ ᠣᠯᠠᠨ ᠬᠣᠲᠠ᠎ᠳᠤ ᠶᠠᠪᠤᠬᠲᠠᠨ᠂ ᠮᠠᠨ᠎ᠤ ᠤᠯᠤᠰ᠎ᠤᠨ ᠰᠣᠶᠣᠯ᠎ᠤᠨ ᠦᠵᠡᠰᠬᠦᠯᠡᠩ᠎ᠦᠨ ᠬᠦᠷᠢᠶ᠎ᠡ ᠴᠠᠷᠠᠭᠠᠨ᠎ᠳᠡᠬᠢ ᠬᠠᠮᠤᠭ᠎ᠤᠨ ᠶᠡᠬᠡ ᠨᠥᠯᠥᠭᠡᠯᠡᠬᠦ ᠬᠦᠴᠦᠨ᠎ᠲᠠᠢ ᠦᠪᠡᠳᠡᠭᠰᠢ ᠴᠤᠭᠯᠠᠭᠠᠨ ᠪᠣᠯᠤᠭᠰᠠᠨ ᠪᠥᠭᠡᠳ ᠪᠥᠬᠥ ᠳᠡᠯᠡᠬᠡᠢ᠎ᠶᠢᠨ ᠭᠤᠷᠪᠠᠨ ᠲᠣᠮᠣ᠌ ᠮᠦᠽᠧᠢ᠎ᠶᠢᠨ ᠠᠵᠢᠯ ᠲᠥᠷᠥᠯ᠎ᠦᠨ ᠦᠵᠡᠰᠬᠦᠯᠡᠩ᠎ᠦᠨ ᠨᠢᠭᠡ ᠪᠠ ᠠᠽᠢᠶ᠎ᠠ ᠲᠢᠪ᠎ᠦᠨ ᠬᠠᠮᠤᠭ᠎ᠤᠨ ᠲᠣᠮᠣ᠌ ᠮᠦᠽᠧᠢ᠎ᠶᠢᠨ ᠲᠤᠰᠬᠠᠢ ᠮᠡᠷᠭᠡᠵᠢᠯ᠎ᠦᠨ ᠦᠵᠡᠰᠬᠦᠯᠡᠩ᠎ᠦᠨ ᠴᠤᠭᠯᠠᠭᠠᠨ ᠪᠣᠯᠤᠭᠰᠠᠨ ᠪᠠᠢᠨ᠎ᠠ᠃
ᠲᠣᠰ ᠬᠤᠭᠤᠴᠠᠭᠠᠨ᠎ᠤ 《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠨᠢ 《ᠮᠦᠽᠧᠢ᠎ᠶᠢᠨ ᠴᠢᠨᠠᠷ ᠰᠠᠢᠲᠠᠢ ᠬᠥᠭᠵᠢᠯᠲᠡ᠄ ᠬᠦᠮᠦᠵᠢᠯ ᠪᠠ ᠰᠤᠳᠤᠯᠭᠠᠨ ᠢ᠋ ᠵᠡᠷᠭᠡ᠎ᠪᠡᠷ ᠴᠢᠬᠤᠯᠠᠴᠢᠯᠠᠵᠦ ᠲᠤᠭᠠᠴᠢᠯᠠᠬᠰᠠᠨ ᠪᠠ ᠪᠣᠳᠠᠳᠠᠢ᠎ᠶᠢ ᠠᠭᠤᠰᠤᠯᠴᠠᠭᠤᠯᠬᠤ》 ᠪᠡᠷ ᠭᠤᠤᠯ ᠰᠡᠲᠦᠪ ᠪᠤᠯᠭᠠᠵᠠᠢ᠃
《ᠮᠡᠳᠡᠭᠡ ᠵᠠᠩᠭᠢ᠎ᠶᠢᠨ ᠮᠡᠷᠭᠡᠵᠢᠯ᠎ᠦᠨ ᠴᠠᠭ ᠦᠶ᠎ᠡ᠎ᠶᠢᠨ ᠤᠷᠤᠰᠬᠠᠯ ᠢ ᠠᠶᠠᠳᠠᠨ ᠳᠠᠭᠠᠬᠤ᠂ ᠮᠦᠽᠧᠢ᠎ᠶᠢᠨ ᠬᠥᠮᠦᠵᠢᠯ ᠪᠠ ᠰᠤᠳᠤᠯᠭᠠᠨ᠎ᠢᠶᠠᠷ ᠭᠣᠣᠯ ᠴᠢᠳᠠᠮᠵᠢ ᠪᠣᠯᠭᠠᠬᠤ᠎ᠶᠢ ᠴᠢᠬᠤᠯᠠᠴᠢᠯᠠᠬᠤ ᠡᠨᠡ ᠬᠣᠶᠠᠷ ᠲᠠᠯ᠎ᠠ ᠡᠴᠡ ᠮᠦᠽᠧᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠠᠭᠤᠷᠢ ᠴᠡᠭ ᠪᠠ ᠭᠣᠣᠯᠳᠠᠯᠭ᠎ᠠ᠎ᠶᠢ ᠳᠣᠪᠣᠶ᠋ᠢᠯᠭᠠᠵᠠᠶ》 ᠬᠡᠵᠦ ᠠᠷᠪᠠᠳᠤᠭᠠᠷ ᠬᠤᠭᠤᠴᠠᠭᠠᠨ᠎ᠤ 《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠤ᠋ ᠵᠣᠬᠢᠶᠠᠨ ᠪᠠᠶ᠋ᠢᠭᠤᠯᠬᠤ ᠺᠣᠮᠢᠰ᠎ᠤᠨ ᠡᠷᠬᠢᠯᠡᠭᠴᠢ᠂ ᠳᠤᠮᠳᠠᠳᠤ ᠤᠯᠤᠰ᠎ᠤᠨ ᠮᠦᠽᠧᠢ ᠶᠢᠨ ᠨᠡᠢᠭᠡᠮᠯᠢᠭ᠎ᠦᠨ ᠬᠡᠷᠡᠭ ᠡᠷᠬᠢᠯᠡᠭᠴᠢᠳ᠎ᠦᠨ ᠳᠠᠷᠤᠭ᠎ᠠ ᠯᠢᠦ ᠱᠸ᠋ ᠭᠤᠸᠠᠩ ᠲᠠᠢᠯᠪᠤᠷᠢᠯᠠᠪᠠ᠃
ᠥᠩᠭᠡᠷᠡᠭᠰᠡᠨ ᠬᠤᠭᠤᠴᠠᠭᠠᠨ᠎ᠤ ᠬᠢ᠎ᠲᠠᠢ ᠠᠳᠠᠯᠢ᠎ᠪᠠᠷ᠂ ᠲᠤᠰ ᠤᠳᠠᠭ᠎ᠠ᠎ᠶᠢᠨ 《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠨᠢ ᠮᠦᠽᠧᠢ᠎ᠶᠢᠨ ᠬᠦᠷᠢᠶᠡᠨ᠎ᠦ ᠬᠥᠭᠵᠢᠯᠲᠡ᠎ᠶᠢᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠣᠶᠣᠯ᠎ᠤᠨ ᠦᠵᠡᠰᠬᠦᠯᠡᠩ᠎ᠦᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠤᠨ᠂ ᠮᠦᠽᠧᠢ᠎ᠶᠢᠨ ᠨᠡᠢᠭᠡᠮ᠎ᠳᠦ ᠦᠢᠯᠡᠴᠢᠯᠡᠬᠦ ᠴᠢᠳᠠᠪᠬᠢ᠎ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ᠎ᠶᠢᠨ ᠮᠦᠽᠧᠢ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠠᠬᠢᠭᠤᠯᠤᠨ᠂ ᠮᠦᠽᠧᠢ᠎ᠶᠢᠨ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠬᠦᠷᠢᠶ᠎ᠡ᠎ᠶᠢ ᠨᠡᠭᠡᠭᠡᠬᠦ ᠪᠣᠯᠣᠨ᠎ᠠ᠃
ᠥᠩᠭᠡᠷᠡᠭᠰᠡᠨ ᠬᠤᠭᠤᠴᠠᠭᠠᠨ᠎ᠤ ᠬᠢ᠎ᠲᠠᠢ ᠬᠠᠷᠢᠴᠠᠭᠤᠯᠪᠠᠯ᠂ ᠲᠤᠰ ᠤᠳᠠᠭᠠᠨ᠎ᠤ《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠨᠢ ᠳᠤᠮᠳᠠᠳᠤ ᠤᠯᠤᠰ᠎ᠤᠨ ᠮᠦᠽᠸᠢ ᠢ᠋ᠢᠨ ᠨᠡᠢᠭᠡᠮᠯᠢᠭ᠎ᠦᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠵᠥᠪᠯᠡᠯ᠎ᠦᠨ ᠢᠳᠡᠪᠬᠢᠵᠢᠯ᠎ᠢ ᠭᠦᠢᠴᠡᠳ ᠳᠠᠶ᠋ᠢᠴᠢᠯᠠᠨ ᠪᠠᠳᠠᠷᠠᠭᠤᠯᠬᠤ᠎ᠶᠢ ᠨᠡᠩ ᠠᠩᠬᠠᠷᠴᠤ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ》᠂ 《ᠮᠦᠽᠧᠢ᠎ᠶᠢᠨ ᠲᠤᠭᠠᠴᠢᠯᠠᠯᠲᠠ ᠤᠶᠤᠨᠴᠢᠯᠠᠯᠲᠠ》ᠪᠠ 《ᠮᠦᠽᠧᠢ᠎ᠶᠢᠨ ᠰᠤᠳᠤᠯᠭᠠᠨ》ᠭᠡᠬᠦ 3 ᠲᠤᠰᠬᠠᠢ ᠰᠡᠳᠦᠪ᠎ᠦᠨ ᠪᠠᠢᠷᠢᠯᠠᠭᠤᠯᠤᠯᠲᠠ᠎ᠪᠠᠷ ᠳᠠᠮᠵᠢᠭᠤᠯᠵᠤ᠂ ᠲᠤᠰ ᠬᠤᠭᠤᠴᠠᠭᠠᠨ᠎ᠤ 《ᠮᠦᠽᠸᠢ ᠢ᠋ᠢᠨ ᠦᠵᠡᠰᠬᠦᠯᠡᠩ᠎ᠦᠨ ᠴᠤᠭᠯᠠᠭᠠᠨ》 ᠤ᠋ᠴᠠᠭ ᠦᠶᠡᠴᠢ ᠴᠢᠨᠠᠷ᠂ ᠣᠷᠣᠨ ᠪᠦᠰᠡᠴᠢ ᠴᠢᠨᠠᠷ᠂ ᠤᠯᠠᠨ ᠲᠦᠮᠡᠨᠴᠢ ᠴᠢᠨᠠᠷ᠎ᠢ ᠨᠡᠩ ᠲᠣᠪᠣᠢᠮ᠎ᠠ ᠪᠣᠯᠭᠠᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠠᠬᠢ ᠮᠦᠽᠧᠢ᠎ᠶᠢᠨ ᠦᠢᠯᠡᠰ᠎ᠦᠨ ᠢᠳᠡᠪᠬᠢ ᠦᠢᠯᠡᠳᠦᠯ᠎ᠢ ᠨᠡᠩ ᠭᠦᠢᠴᠡᠳ ᠲᠤᠰᠬᠠᠵᠤ᠂ ᠨᠡᠢᠭᠡᠮ᠎ᠦᠨ ᠤᠯᠠᠨ ᠲᠦᠮᠡᠨ᠎ᠦ ᠮᠦᠽᠧᠢ᠎ᠶᠢᠨ ᠠᠵᠢᠯ ᠲᠦᠷᠦᠯ᠎ᠦᠨ ᠲᠤᠬᠠᠢ ᠬᠠᠯᠠᠮᠵᠢᠯᠠᠯ᠎ᠳᠤ ᠨᠡᠩ ᠢᠳᠡᠪᠬᠢᠲᠡᠢ ᠬᠠᠷᠢᠭᠤᠯᠲᠠ ᠥᠭᠭᠦ ᠪᠤᠯᠤᠨ᠎ᠠ᠃
ᠡᠬᠦᠨ ᠡᠴᠨ ᠭᠠᠳᠠᠨ᠎ᠠ᠂ ᠲᠤᠰ ᠬᠤᠭᠤᠴᠠᠭᠠᠨ ᠤ᠋ 《ᠮᠦᠽᠸᠢ ᠵᠢᠨ ᠦᠵᠡᠰᠬᠦᠯᠡᠩ ᠤ᠋ᠨ ᠴᠤᠬᠯᠠᠭᠠᠨ》 ᠤ᠋ ᠤᠯᠠᠨ ᠤᠯᠤᠰ ᠤ᠋ᠨ ᠴᠢᠨᠠᠷ ᠨᠢ ᠪᠠᠰᠠ ᠬᠦᠮᠦᠰ ᠤ᠋ᠨ ᠠᠩᠬᠠᠷᠤᠯ ᠢ ᠲᠠᠳᠠᠨ᠎ᠠ᠃ ᠲᠤᠮᠳᠠᠳᠤ ᠤᠯᠤᠰ ᠤ᠋ᠨ ᠮᠦᠽᠸᠢ ᠵᠢᠨ ᠨᠡᠢᠬᠡᠮᠯᠢᠭ ᠬᠦᠬᠡᠬᠤᠳᠠ ᠳ᠋ᠸ᠋ ᠤᠯᠠᠨ ᠤᠯᠤᠰ ᠤ᠋ᠨ ᠬᠤᠯᠪᠤᠭᠠᠳᠤ ᠪᠠᠢᠭᠤᠯᠭ᠎ᠠ ᠵᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤ᠋ᠨ ᠵᠤᠬᠢᠶᠠᠨ ᠪᠠᠢᠭᠤᠯᠤᠯᠳᠠ ᠲᠠᠢ ᠬᠠᠮᠳᠤ ᠪᠡᠷ 《ᠰᠠᠭᠠᠳ ᠦᠬᠡᠢ ᠮᠦᠽᠸᠢ ᠵᠢᠨ ᠡᠷᠳᠡᠮ ᠰᠢᠨᠵᠢᠯᠡᠬᠡᠨ ᠤ᠋ ᠰᠤᠳᠤᠯᠤᠨ ᠶᠠᠷᠢᠯᠴᠠᠬᠤ ᠬᠤᠷᠠᠯ》 ᠢ᠋ ᠡᠷᠬᠢᠯᠨᠨ ᠶᠠᠪᠤᠬᠳᠠᠭᠤᠯᠤᠨ᠎ᠠ᠃
《ᠡᠨᠡ ᠪᠤᠯ ᠤᠯᠠᠨ ᠤᠯᠤᠰ ᠤ᠋ᠨ ᠬᠤᠯᠪᠤᠭᠠᠳᠤ ᠪᠠᠢᠭᠤᠯᠭ᠎ᠠ ᠵᠢᠨ 2030 ᠤᠨ ᠤ᠋ ᠦᠷᠬᠦᠯᠵᠢᠯᠡᠬᠦ ᠬᠦᠭᠵᠢᠯᠳᠡ ᠵᠢᠨ ᠬᠠᠷᠠᠯᠳᠠ ᠳ᠋ᠤ ᠬᠤᠯᠪᠤᠬᠳᠠᠬᠤ᠂ ᠪᠠᠰᠠ ᠲᠤᠮᠳᠠᠳᠤ ᠤᠯᠤᠰ ᠤ᠋ᠨ ᠨᠡᠢᠬᠡᠮ ᠤ᠋ᠨ ᠪᠤᠯᠪᠠᠰᠤᠨ ᠤ᠋ ᠬᠡᠮᠵᠢᠶ᠎ᠡ ᠵᠢ ᠲᠡᠭᠡᠭᠰᠢᠯᠡᠬᠦᠯᠬᠦ ᠯᠤᠬᠡ ᠬᠤᠯᠪᠤᠬᠳᠠᠬᠤ ᠤᠯᠠᠨ ᠤᠯᠤᠰ ᠤ᠋ᠨ ᠬᠤᠷᠠᠯ ᠪᠤᠯᠤᠨ᠎ᠠ》 ᠬᠡᠵᠦ ᠯᠢᠦ ᠱᠸ᠋ ᠭᠤᠸᠠᠩ ᠢᠯᠡᠷᠬᠡᠢᠯᠡᠨ᠎ᠡ᠃
ᠲᠤᠰ ᠬᠤᠭᠤᠴᠠᠭᠠᠨ ᠤ᠋ 《ᠮᠦᠽᠸᠢ ᠵᠢᠨ ᠦᠵᠡᠰᠬᠦᠯᠡᠩ ᠤ᠋ᠨ ᠴᠤᠬᠯᠠᠭᠠᠨ》 ᠤ᠋ ᠢᠵᠢ ᠲᠦᠬᠦᠷ ᠠᠵᠢᠯᠯᠠᠭ᠎ᠠ ᠨᠢ ᠪᠠᠰᠠ ᠪᠠᠶᠠᠯᠢᠬ ᠠᠭᠤᠯᠭ᠎ᠠ ᠳᠠᠢ᠂ ᠬᠢᠯᠠᠰ ᠴᠡᠭ ᠤᠯᠠᠨ ᠶᠤᠮ᠃ ᠭᠤᠤᠯᠳᠠᠭᠤ 1 ᠭᠤᠤᠯ ᠶᠠᠷᠢᠶᠠᠨ ᠤ᠋ ᠲᠠᠪᠴᠠᠩ᠂ 8 ᠡᠷᠳᠡᠮ ᠰᠢᠨᠵᠢᠯᠡᠬᠡᠨ ᠤ᠋ ᠬᠤᠷᠠᠯ᠂ 3 ᠲᠤᠰᠬᠠᠢ ᠰᠡᠳᠦᠪᠳᠦ ᠤᠯᠠᠨ ᠨᠡᠢᠳᠡ ᠵᠢᠨ ᠲᠠᠢᠯᠤᠮᠵᠢ ᠪᠠ ᠨᠢᠬᠡ ᠪᠦᠯᠦᠭ ᠪᠠᠭᠠᠴᠤᠳ ᠬᠡᠦᠬᠡᠳ ᠪᠠ ᠦᠵᠡᠭᠴᠢᠳ ᠲᠦ᠍ ᠬᠠᠨᠳᠤᠭᠤᠯᠤᠬᠰᠠᠨ ᠤᠯᠠᠨ ᠨᠡᠢᠳᠡ ᠵᠢᠨ ᠠᠵᠢᠯᠯᠠᠭ᠎ᠠ ᠵᠢ ᠪᠠᠬᠳᠠᠭᠠᠪᠠ᠃
ᠨᠢᠬᠡᠨ ᠬᠤᠳᠠ ᠳ᠋ᠸ᠋ ᠠᠪᠴᠤ ᠬᠡᠯᠡᠪᠡᠯ᠂ ᠮᠦᠽᠸᠢ ᠪᠤᠯ ᠬᠦᠮᠦᠨ ᠲᠦᠷᠦᠯᠬᠢᠳᠡᠨ ᠤ᠋ ᠡᠬᠦᠳᠦᠨ ᠪᠦᠳᠦᠬᠡᠬᠦ ᠴᠢᠳᠠᠪᠤᠷᠢ ᠪᠤᠯᠤᠨ ᠲᠡᠦᠬᠡ ᠵᠢᠨ ᠤᠯᠠ ᠮᠦᠷ᠎ᠢ ᠬᠠᠳᠠᠭᠠᠯᠠᠬᠰᠠᠨ ᠡᠷᠳᠡᠨᠢᠰ ᠤ᠋ᠨ ᠬᠦᠮᠦᠷᠬᠡ ᠪᠤᠯᠤᠨ᠎ᠠ᠃ ᠮᠦᠽᠸᠢ ᠪᠡᠷ ᠲᠠᠮᠵᠢᠭᠤᠯᠤᠨ᠂ ᠬᠦᠮᠦᠰ ᠮᠢᠩᠭᠠᠨ ᠵᠢᠯ ᠢ ᠤᠯᠵᠤ ᠬᠠᠷᠠᠨ᠂ ᠦᠨᠢ ᠤᠳᠠᠭᠠᠨ ᠰᠤᠶᠤᠯ ᠤ᠋ᠨ ᠪᠠᠭᠤᠷᠠᠰᠢ ᠦᠬᠡᠢ ᠭᠠᠢᠬᠠᠮᠰᠢᠬ ᠢ ᠮᠡᠳᠡᠷᠡᠵᠦ ᠴᠢᠳᠠᠨ᠎ᠠ᠃
《ᠮᠦᠽᠸᠢ ᠵᠢᠨ ᠦᠵᠡᠰᠬᠦᠯᠡᠩ ᠤ᠋ᠨ ᠴᠤᠬᠯᠠᠭᠠᠨ》 ᠨᠢ ᠪᠦᠬᠦ ᠤᠯᠤᠰ ᠤ᠋ᠨ ᠮᠦᠽᠸᠢ ᠵᠢᠨ ᠠᠵᠢᠯ ᠲᠦᠷᠦᠯ ᠤ᠋ᠨ ᠦᠪᠡᠳᠡᠭᠰᠢ ᠴᠤᠬᠯᠠᠭᠠᠨ ᠪᠤᠯᠤᠬᠰᠠᠨ ᠤ᠋ ᠬᠤᠪᠢ ᠳ᠋ᠸ᠋᠂ ᠲᠤᠮᠳᠠᠳᠤ ᠤᠯᠤᠰ ᠤ᠋ᠨ ᠮᠦᠽᠸᠢ ᠵᠢᠨ ᠠᠵᠢᠯ ᠦᠢᠯᠡᠰ ᠤ᠋ᠨ ᠬᠦᠭᠵᠢᠯᠳᠡ ᠵᠢᠨ ᠠᠮᠵᠢᠯᠳᠠ ᠪᠦᠳᠦᠮᠵᠢ ᠵᠢ ᠲᠡᠯᠬᠡᠨ ᠦᠵᠡᠬᠦᠯᠬᠦ ᠲᠠᠪᠴᠠᠩ ᠪᠤᠯᠤᠨ᠎ᠠ᠃
ᠦᠨᠦᠳᠦᠷ᠂ ᠬᠦᠬᠡᠬᠤᠳᠠ ᠠᠷᠪᠠᠳᠤᠭᠠᠷ ᠬᠤᠭᠤᠴᠠᠭᠠᠨ ᠤ᠋ 《ᠮᠦᠽᠸᠢ ᠵᠢᠨ ᠦᠵᠡᠰᠬᠦᠯᠡᠩ ᠤ᠋ᠨ ᠴᠤᠬᠯᠠᠭᠠᠨ》 ᠢ᠋ ᠡᠷᠬᠢᠯᠡᠬᠦ ᠬᠤᠳᠠ ᠪᠤᠯᠤᠬᠰᠠᠨ ᠲᠤᠯᠠ ᠨᠡᠩ ᠴᠦ᠍ ᠪᠦᠷᠢᠨ ᠬᠦᠢᠴᠡᠳ ᠪᠡᠯᠡᠳᠬᠡᠯ ᠬᠢᠵᠡᠢ᠃
ᠤᠢᠷ᠎ᠠ ᠵᠢᠨ ᠵᠢᠯ ᠡᠴᠨ ᠨᠠᠭᠠᠰᠢ᠂ ᠬᠦᠬᠡᠬᠤᠳᠠ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠵᠢᠨ ᠵᠤᠷᠢᠬ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠮᠦᠽᠸᠢ ᠵᠢᠨ ᠪᠦᠳᠦᠬᠡᠨ ᠪᠠᠢᠭᠤᠯᠤᠯᠳᠠ ᠵᠢᠨ ᠠᠵᠢᠯ ᠢ ᠲᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠲᠡᠦᠬᠡ ᠵᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠡᠷᠴᠢᠮ ᠵᠢᠡᠨ ᠦᠷᠬᠦᠯᠵᠢᠯᠡᠨ ᠴᠢᠩᠭᠠᠷᠠᠭᠤᠯᠵᠤ᠂ ᠲᠡᠦᠬᠡ ᠵᠢᠨ ᠲᠤᠷᠠᠰᠬᠠᠯᠳᠤ ᠵᠦᠢᠯᠡᠰ ᠢ ᠵᠦᠢ ᠵᠤᠬᠢᠰᠳᠠᠢ ᠠᠰᠢᠬᠯᠠᠬᠤ ᠵᠢ ᠠᠬᠢᠭᠤᠯᠤᠨ᠂ ᠲᠡᠦᠬᠡ ᠵᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠰᠢᠨ᠎ᠡ ᠠᠮᠵᠢᠯᠳᠠ ᠪᠦᠳᠦᠮᠵᠢ ᠤᠯᠵᠤ᠂ ᠨᠡᠩ ᠤᠯᠠᠨ ᠬᠦᠮᠦᠨ ᠳ᠋ᠸ᠋ ᠮᠦᠽᠸᠢ ᠵᠢ ᠤᠢᠯᠠᠭᠠᠭᠤᠯᠤᠨ᠂ ᠮᠦᠽᠸᠢ ᠵᠢ ᠬᠠᠢᠷᠠᠯᠠᠬᠤ ᠪᠤᠯᠭᠠᠵᠠᠢ᠃
ᠬᠦᠬᠡᠬᠤᠳᠠ 2400 ᠭᠠᠷᠤᠢ ᠵᠢᠯ ᠤ᠋ᠨ ᠬᠤᠳᠠ ᠪᠠᠢᠭᠤᠯᠤᠬᠰᠠᠨ ᠲᠡᠦᠬᠡ ᠲᠠᠢ᠂ ᠰᠤᠶᠤᠯ ᠤ᠋ᠨ ᠠᠭᠤᠯᠤᠬᠳᠠᠬᠤᠨ ᠬᠦᠨ ᠬᠦᠨᠵᠡᠬᠡᠢ᠂ ᠡᠬᠦᠨ ᠤ᠋ ᠲᠤᠳᠤᠷ᠎ᠠ ᠤᠯᠤᠰ ᠤ᠋ᠨ ᠦᠮᠴᠢᠯᠡᠯ᠎ᠤᠨ ᠮᠦᠽᠸᠢ 13 ᠪᠠᠢᠵᠤ᠂ ᠤᠯᠤᠰ ᠤ᠋ᠨ ᠦᠮᠴᠢᠯᠡᠯ ᠤ᠋ᠨ ᠪᠤᠰᠤ ᠮᠦᠽᠸᠢ 17 ᠪᠠᠢᠨ᠎ᠠ; ᠦᠪᠦᠷ ᠮᠤᠩᠭᠤᠯ ᠤ᠋ᠨ ᠮᠦᠽᠸᠢ᠂ ᠬᠦᠬᠡᠬᠤᠳᠠ ᠵᠢᠨ ᠮᠦᠽᠸᠢ᠂ ᠦᠪᠦᠷ ᠮᠤᠩᠭᠤᠯ ᠤ᠋ᠨ ᠪᠠᠢᠭᠠᠯᠢ ᠵᠢᠨ ᠮᠦᠽᠸᠢ᠂ ᠢᠯᠢ ᠲᠠᠯ᠎ᠠ ᠨᠤᠳᠤᠬ ᠤ᠋ᠨ ᠴᠠᠭᠠᠨ ᠢᠳᠡᠭᠡᠨ᠎ᠦ ᠰᠤᠶᠤᠯ ᠤ᠋ᠨ ᠮᠦᠽᠸᠢ ᠵᠡᠷᠬᠡ ᠤᠯᠤᠰ ᠤ᠋ᠨ ᠨᠢᠬᠡᠳᠦᠬᠡᠷ ᠲᠡᠰ ᠤ᠋ᠨ ᠮᠦᠽᠸᠢ 4 ᠪᠠᠢᠵᠤ᠂ A ᠲᠡᠰ ᠤ᠋ᠨ ᠦᠵᠡᠮᠵᠢ ᠵᠢᠨ ᠤᠷᠤᠨ ᠵᠢᠡᠷ ᠦᠨᠡᠯᠡᠭᠳᠡᠭᠰᠡᠨ ᠰᠤᠶᠤᠯ ᠤ᠋ᠨ ᠮᠦᠽᠸᠢ ᠵᠢᠨ ᠲᠠᠯᠠᠪᠤᠷ ᠤᠷᠳᠤᠨ ᠨᠡᠢᠳᠡ 17 ᠪᠠᠢᠨ᠎ᠠ᠃
2023 ᠤᠨ ᠤ᠋ ᠰᠡᠬᠦᠯᠴᠢ ᠪᠤᠯᠳᠠᠯ᠎ᠠ᠂ ᠪᠦᠬᠦ ᠬᠤᠳᠠ ᠵᠢᠨ ᠬᠠᠳᠠᠭᠠᠯᠠᠮᠠᠯ ᠡᠳ᠋ ᠤ᠋ᠨ ᠪᠦᠬᠦ ᠲᠤᠭ᠎ᠠ 42.0504 ᠲᠦᠮᠡ (ᠢᠵᠢ) ᠪᠠᠢᠵᠤ᠂ ᠡᠬᠦᠨ ᠤ᠋ ᠲᠤᠳᠤᠷ᠎ᠠ ᠬᠤᠪᠤᠷ ᠨᠠᠨᠳᠢᠨ ᠲᠡᠦᠬᠡ ᠵᠢᠨ ᠲᠤᠷᠠᠰᠬᠠᠯᠳᠤ ᠵᠦᠢᠯᠡᠰ 6491 (ᠢᠵᠢ) ᠪᠠᠢᠵᠤ᠂ 2022 ᠤᠨ ᠤ᠋ ᠬᠢ ᠲᠠᠢ ᠠᠳᠠᠯᠢᠳᠬᠠᠪᠠᠯ 8050 ᠢᠵᠢ ᠬᠠᠳᠠᠭᠠᠯᠠᠮᠠᠯ ᠡᠳ᠋ ᠰᠢᠨ᠎ᠡ ᠪᠡᠷ ᠨᠡᠮᠡᠭᠳᠡᠵᠡᠢ᠃
ᠡᠨᠡ ᠵᠢᠯ ᠤ᠋ᠨ ᠲᠡᠭᠡᠷ᠎ᠡ ᠬᠠᠭᠠᠰ ᠵᠢᠯ ᠳ᠋ᠸ᠋᠂ ᠬᠦᠬᠡᠬᠤᠳᠠ ᠵᠢᠨ ᠰᠤᠶᠤᠯ ᠤ᠋ᠨ ᠮᠦᠽᠸᠢ ᠵᠢᠨ ᠲᠠᠯᠠᠪᠤᠷ ᠤᠷᠳᠤᠨ ᠨᠡᠢᠳᠡ 261.04 ᠲᠦᠮᠡᠨ ᠬᠦᠮᠦᠨ ᠤᠳᠠᠭ᠎ᠠ ᠵᠢᠨ ᠦᠵᠡᠭᠴᠢᠳ ᠢ ᠬᠦᠯᠢᠶᠡᠨ ᠠᠪᠴᠠᠢ; ᠨᠡᠢᠬᠡᠮ ᠤ᠋ᠨ ᠬᠦᠮᠦᠵᠢᠯ ᠤ᠋ᠨ ᠠᠵᠢᠯᠯᠠᠭ᠎ᠠ ᠵᠢ ᠪᠠᠷᠤᠬ 1955 ᠲᠠᠯᠠᠪᠤᠷ ᠤᠳᠠᠭ᠎ᠠ ᠡᠷᠬᠢᠯᠡᠨ ᠶᠠᠪᠤᠬᠳᠠᠭᠤᠯᠵᠤ᠂ ᠤᠷᠤᠯᠴᠠᠬᠰᠠᠨ ᠬᠦᠮᠦᠨ ᠤ᠋ ᠲᠤᠭ᠎ᠠ ᠪᠠᠷᠤᠬ 22.24 ᠲᠦᠮᠡᠨ ᠬᠦᠮᠦᠨ ᠤᠳᠠᠭ᠎ᠠ ᠳ᠋ᠸ᠋ ᠬᠦᠷᠴᠦ᠂ ᠰᠤᠶᠤᠯ ᠤ᠋ᠨ ᠮᠦᠽᠸᠢ ᠵᠢᠨ ᠲᠠᠯᠠᠪᠤᠷ ᠤᠷᠳᠤᠨ ᠨᠢ ᠨᠡᠢᠬᠡᠮ ᠤ᠋ᠨ ᠦᠢᠯᠡᠴᠢᠯᠡᠬᠡ᠂ ᠤᠬᠠᠭᠤᠯᠭ᠎ᠠ ᠬᠦᠮᠦᠵᠢᠯ ᠤ᠋ᠨ ᠴᠢᠳᠠᠮᠵᠢ ᠪᠠᠨ ᠬᠦᠢᠴᠡᠳ ᠢᠯᠡᠷᠡᠬᠦᠯᠵᠡᠢ᠃
《ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠢᠷᠡᠪᠡ》 ᠬᠡᠵᠦ ᠸᠠᠩ ᠺᠦᠨ ᠲᠠᠨᠢᠯᠴᠠᠭᠤᠯᠪᠠ᠃ ᠲᠡᠷᠡ᠄《ᠪᠢᠳᠡ ᠮᠦᠽᠧᠶ᠎ᠶ᠋ᠢᠨ ᠪᠦᠯᠦᠭᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭ᠌ᠴᠢᠯᠡᠵᠦ᠍᠂ 〈ᠮᠦᠽᠧᠶ᠎ᠶ᠋ᠢᠨ ᠬᠣᠲᠠ〉 ᠶ᠋ᠢ ᠶᠡᠬᠡᠪᠡᠷ ᠪᠥᠲᠥᠭᠡᠨ ᠪᠠᠢᠭᠤᠯᠵᠤ᠂ ᠨᠢᠭᠡ ᠶᠡᠷᠦᠩᠭᠡᠢ ᠬᠦᠷᠢᠶᠡᠯᠡᠩ ᠵᠢᠷᠭᠤᠭᠠᠨ ᠬᠤᠪᠢᠶᠠᠷᠢ ᠮᠦᠽᠸᠢ ᠬᠦᠷᠢᠶᠡᠯᠡᠩ᠎ᠤᠨ ᠲᠦᠷᠢᠮ᠎ᠢ ᠬᠡᠷᠡᠭᠵᠢᠬᠦᠯᠪᠡ᠃ 〈ᠨᠢᠭᠡ ᠶᠡᠷᠦᠩᠭᠡᠢ ᠬᠦᠷᠢᠶᠡᠯᠡᠩ〉 ᠭᠡᠳᠡᠭ ᠨᠢ ᠬᠥᠬᠡᠬᠣᠲᠠ᠎ᠶ᠋ᠢᠨ ᠮᠦᠽᠧᠶ ᠵᠢᠨ ᠬᠦᠷᠢᠶᠡᠯᠡᠩ ᠪᠣᠯᠤᠨ᠎ᠠ᠂ 〈ᠵᠢᠷᠭᠤᠭᠠᠨ ᠬᠤᠪᠢᠶᠠᠷᠢ ᠮᠦᠽᠸᠢ ᠬᠦᠷᠢᠶᠡᠯᠡᠩ〉 ᠭᠡᠳᠡᠭ ᠨᠢ ᠲᠣᠰ ᠲᠣᠰ ᠬᠥᠬᠡᠬᠣᠲᠠ᠎ᠶ᠋ᠢᠨ ᠮᠦᠽᠧᠶ᠂ ᠵᠠᠩᠵᠤᠨ᠎ᠤ ᠶᠠᠮᠤᠨ᠎ᠤ ᠮᠦᠽᠧᠶ ᠵᠢᠨ ᠬᠦᠷᠢᠶᠡᠯᠡᠩ᠂ ᠵᠣᠣ ᠵᠢᠶᠦ᠋ᠨ᠎ᠦ ᠮᠦᠽᠧᠶ ᠵᠢᠨ ᠬᠦᠷᠢᠶᠡᠯᠡᠩ᠂ ᠭᠦᠩᠵᠦ᠍ᠶ᠋ᠢᠨ ᠣᠷᠳᠣᠨ᠎ᠤ ᠮᠦᠽᠧᠶ᠂ ᠲᠠᠪᠤᠨ ᠰᠤᠪᠤᠷᠭᠠᠲᠤ ᠰᠦᠮ᠎ᠡ ᠵᠢᠨ ᠮᠦᠽᠧᠶ ᠵᠢᠨ ᠬᠦᠷᠢᠶᠡᠯᠡᠩ᠂ ᠹᠧᠩᠵᠧᠦ᠍ᠶ᠋ᠢᠨ ᠬᠠᠭᠤᠴᠢᠨ ᠬᠣᠲᠠ᠎ᠶ᠋ᠢᠨ ᠮᠦᠽᠧᠶ ᠵᠡᠷᠭᠡ ᠪᠤᠯᠤᠨ᠎ᠠ᠂ ᠡᠬᠦᠨ᠎ᠤ ᠰᠠᠭᠤᠷᠢᠨ ᠲᠡᠭᠡᠷ᠎ᠡ ᠬᠥᠬᠡᠬᠣᠲᠠ᠎ᠶ᠋ᠢᠨ ᠮᠦᠽᠧᠶ᠎ᠶ᠋ᠢᠨ ᠬᠣᠯᠪᠣᠭ᠎ᠠ ᠵᠢ ᠪᠠᠢᠭᠤᠯᠵᠤ᠂ ᠬᠥᠬᠡᠬᠣᠲᠠ᠎ᠶ᠋ᠢᠨ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠬᠣᠲᠠ ᠬᠥᠳᠡᠭᠡ᠎ᠶ᠋ᠢ ᠬᠠᠮᠤᠷᠤᠭ᠍ᠰᠠᠨ᠂ ᠭᠤᠤᠯ ᠴᠣᠭ᠍ᠴᠠ ᠨᠢ ᠣᠯᠠᠨ ᠶᠠᠩᠵᠤ᠎ᠶ᠋ᠢᠨ᠂ ᠣᠨᠴᠠᠯᠢᠭ ᠨᠢ ᠢᠯᠡ ᠲᠣᠳᠣ᠂ ᠴᠢᠳᠠᠮᠵᠢ ᠨᠢ ᠪᠦᠷᠢᠨ ᠲᠡᠭᠦᠯᠳᠡᠷ ᠮᠦᠽᠧᠶ᠎ᠶ᠋ᠢᠨ ᠱᠢᠰᠲ᠋ᠧᠮ᠎ᠢ ᠠᠭᠠᠵᠢᠮ ᠵᠢᠡᠷ ᠪᠦᠷᠢᠯᠳᠦᠭᠦᠯᠵᠦ᠂ ᠰᠣᠶᠣᠯ᠎ᠤᠨ ᠦᠵᠡᠰᠭᠦᠯᠡᠩ᠂ ᠰᠣᠶᠣᠯ ᠵᠢᠭᠤᠯᠴᠢᠯᠠᠯ᠂ ᠰᠣᠶᠣᠯ᠎ᠤᠨ ᠡᠬᠦᠳᠦᠨ ᠪᠦᠳᠦᠭᠡᠯᠳᠡ᠎ᠶ᠋ᠢᠨ ᠠᠭᠤᠰᠤᠯᠴᠠᠨ ᠬᠥᠭ᠌ᠵᠢᠬᠦ᠌ ᠵᠠᠮ ᠵᠢᠡᠷ ᠵᠠᠮᠨᠠᠵᠤ᠂ 〈ᠮᠦᠽᠧᠢ᠎ᠶ᠋ᠢᠨ ᠬᠤᠳᠠ〉 ᠵᠢᠨ ᠪᠦᠳᠦᠬᠡᠨ ᠪᠠᠢᠭᠤᠯᠤᠯᠲᠠ ᠨᠢ ᠬᠥᠬᠡᠬᠣᠲᠠ᠎ᠶ᠋ᠢᠨ ᠪᠠᠰᠠ ᠨᠢᠭᠡᠨ ᠭᠤᠶᠤ ᠨᠡᠷ᠎ᠡ᠎ᠶ᠋ᠢᠨ ᠬᠠᠭᠤᠳᠠᠰᠤ ᠪᠤᠯᠵᠠᠢ》 ᠭᠡᠪᠡ᠃
ᠬᠥᠬᠡᠬᠣᠲᠠ ᠤᠯᠤᠰ᠎ᠤᠨ ᠲᠡᠦᠬᠡ ᠰᠣᠶᠣᠯ᠎ᠤᠨ ᠨᠠᠷᠠᠲᠤ ᠬᠣᠲᠠ ᠪᠣᠯᠤᠭ᠍ᠰᠠᠨ᠎ᠤ ᠬᠤᠪᠢ᠎ᠳᠤ᠂ ᠭᠦᠨ ᠵᠤᠵᠠᠭᠠᠨ ᠲᠡᠦᠬᠡ᠎ᠶ᠋ᠢᠨ ᠤᠤᠷ ᠲᠤᠨᠳᠠᠰᠤ ᠪᠠ ᠡᠯᠪᠡᠭ ᠪᠠᠶᠠᠯᠢᠭ ᠰᠣᠶᠣᠯ᠎ᠤᠨ ᠦᠯᠡᠳᠡᠭ᠌ᠳᠡᠯ ᠨᠢ 《ᠮᠦᠽᠧᠶ᠎ᠶ᠋ᠢᠨ ᠬᠣᠲᠠ》 ᠶ᠋ᠢ ᠪᠥᠲᠥᠭᠡᠨ ᠪᠠᠢᠭᠤᠯᠬᠤ ᠭᠦᠨ ᠵᠤᠵᠠᠭᠠᠨ ᠰᠣᠶᠣᠯ᠎ᠤᠨ ᠰᠠᠭᠤᠷᠢ᠎ᠶ᠋ᠢ ᠲᠠᠯᠪᠢᠵᠡᠶ᠃
《ᠮᠦᠽᠧᠢ᠎ᠶ᠋ᠢᠨ ᠬᠤᠳᠠ》 ᠵᠢᠨ ᠪᠦᠳᠦᠭᠡᠨ ᠪᠠᠢᠭᠤᠯᠤᠯᠳᠠ ᠨᠢ ᠮᠦᠽᠧᠢ᠎ᠳᠦ ᠬᠠᠳᠠᠭᠠᠯᠠᠭᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠡᠬᠢ ᠪᠠᠶᠠᠯᠢᠭ᠎ᠢ ᠠᠮᠢᠯᠠᠭᠤᠯᠵᠤ᠂ ᠬᠤᠳᠠ᠎ᠶ᠋ᠢᠨ ᠰᠣᠶᠣᠯ᠎ᠤᠨ ᠲᠦᠷᠢ ᠲᠥᠷᠬᠦ᠌᠎ᠶ᠋ᠢ ᠳᠡᠭᠡᠭ᠌ᠰᠢᠯᠡᠭᠦᠯᠵᠦ᠍᠂ ᠰᠣᠶᠣᠯ᠎ᠤᠨ ᠣᠨᠴᠠᠯᠢᠭ᠎ᠢ ᠪᠦᠬᠦ᠌ ᠲᠠᠯ᠎ᠠ᠎ᠪᠠᠷ ᠲᠡᠯᠭᠡᠨ ᠦᠵᠡᠬᠦᠯᠵᠦ᠂ ᠬᠤᠳᠠ᠎ᠶ᠋ᠢᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠰᠤᠳᠠᠰᠤ ᠵᠢ ᠦᠷᠬᠦᠯᠵᠢᠯᠡᠬᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠭᠤᠯᠭ᠎ᠠ ᠪᠣᠯᠭᠠᠭ᠍ᠰᠠᠨ ᠤᠮᠠᠷᠠᠲᠤ ᠬᠢᠯᠢ᠎ᠶ᠋ᠢᠨ ᠰᠣᠶᠣᠯ》 ᠤ᠋ᠨ ᠲᠦᠷᠦᠯ ᠲᠡᠮᠳᠡᠭ᠎ᠢ ᠴᠣᠭ᠍ᠴᠠᠯᠠᠬᠤ᠎ᠳᠤ ᠬᠥᠳᠡᠯᠭᠡᠬᠦ᠌ ᠬᠦᠴᠦᠨ ᠬᠠᠩᠭᠠᠬᠤ ᠪᠣᠯᠤᠨ᠎ᠠ᠃
ᠰᠣᠶᠣᠯ᠎ᠤᠨ ᠦᠵᠡᠰᠭᠦᠯᠡᠩ᠎ᠦᠨ ᠲᠠᠯᠠᠪᠤᠷ ᠣᠷᠳᠣᠨ ᠢ ᠦᠨᠡᠨ ᠬᠦ᠌ ᠬᠥᠭ᠌ᠵᠢᠶᠡᠨᠲᠡᠶ ᠪᠣᠯᠭᠠᠬᠤ᠎ᠶ᠋ᠢᠨ ᠲᠥᠯᠥᠭᠡ᠂ ᠬᠥᠬᠡᠬᠣᠲᠠ ᠪᠠᠰᠠ ᠣᠯᠠᠨ ᠡᠱᠢᠲᠦ ᠮᠦᠽᠧᠶ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢ ᠤᠯᠠᠮ ᠨᠢᠭᠡ ᠠᠯᠬᠤᠮ ᠲᠦᠷᠭᠡᠳᠭᠡᠨ ᠠᠬᠢᠭᠤᠯᠵᠤ ᠪᠤᠢ᠃
ᠨᠢᠭᠡᠳ᠋ᠤ᠂ ᠲᠣᠰ ᠬᠤᠭᠤᠴᠠᠭᠠᠨ᠎ᠤ 《ᠮᠦᠽᠧᠶ ᠵᠢᠨ ᠦᠵᠡᠰᠭᠦᠯᠡᠩ᠎ᠦᠨ ᠴᠤᠭ᠍ᠯᠠᠭᠠᠨ》ᠵᠢᠡᠷ ᠠᠵᠠ ᠲᠣᠬᠢᠶᠠᠯ ᠪᠣᠯᠭᠠᠵᠤ᠂ ᠰᠣᠶᠣᠯ᠎ᠤᠨ ᠦᠵᠡᠰᠭᠦᠯᠡᠩ᠎ᠦᠨ ᠠᠵᠢᠯ ᠲᠥᠷᠥᠯ ᠵᠢᠴᠢ ᠨᠡᠢᠭᠡᠮ᠎ᠦᠨ ᠡᠯ᠎ᠡ ᠡᠲᠡᠭᠡᠳ᠎ᠲᠦ ᠬᠥᠬᠡᠬᠣᠲᠠ᠎ᠶ᠋ᠢᠨ ᠣᠢᠷ᠎ᠠ᠎ᠶ᠋ᠢᠨ ᠵᠢᠯ᠎ᠳᠦ ᠣᠯᠤᠭ᠍ᠰᠠᠨ ᠡᠯ᠎ᠡ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍᠂ ᠨᠡᠢᠭᠡᠮ᠎ᠦᠨ ᠣᠯᠠᠨ ᠲᠦᠮᠡᠨ᠎ᠦ ᠣᠯᠠᠨ ᠲᠠᠰ ᠳᠠᠪᠬᠤᠷᠭ᠎ᠠ᠎ᠳᠤ ᠰᠣᠶᠣᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠵᠤ ᠪᠤᠢ᠃
ᠬᠣᠶᠠᠷ᠎ᠲᠦ᠂ ᠮᠦᠽᠧᠢ᠎ᠶ᠋ᠢᠨ ᠰᠣᠶᠣᠯ᠎ᠤᠨ ᠪᠦᠲᠦᠭᠡᠯᠴᠢ ᠦᠢᠯᠡᠳᠬᠦᠨ᠎ᠢ ᠨᠡᠭᠡᠭᠡᠨ ᠬᠥᠭ᠌ᠵᠢᠭᠦᠯᠬᠦ᠌ ᠡᠷᠴᠢᠮ ᠵᠢᠡᠨ ᠴᠢᠩᠭᠠᠳᠭᠠᠵᠤ᠂ ᠣᠨᠴᠠᠯᠢᠭ᠍ᠲᠤ ᠰᠣᠶᠣᠯ᠎ᠤᠨ ᠪᠦᠲᠦᠭᠡᠯᠴᠢ ᠲᠦᠷᠦᠯ ᠲᠡᠮᠳᠡᠭ᠎ᠢ ᠡᠭᠦᠳᠴᠦ᠍᠂ ᠪᠦᠬᠦ᠌ ᠬᠣᠲᠠ᠎ᠶ᠋ᠢᠨ ᠰᠣᠶᠣᠯ᠎ᠤᠨ ᠦᠵᠡᠰᠭᠦᠯᠡᠩ᠎ᠦᠨ ᠲᠠᠯᠠᠪᠠᠢ ᠣᠷᠳᠣᠨ᠎ᠢ ᠢᠳᠡᠪᠬᠢᠲᠡᠢ ᠵᠣᠬᠢᠶᠠᠨ ᠪᠠᠢᠭᠤᠯᠵᠤ ᠡᠯ᠎ᠡ ᠵᠦᠢᠯ᠎ᠦᠨ ᠠᠵᠢᠯᠯᠠᠭ᠎ᠠ ᠵᠢ ᠥᠷᠨᠢᠭᠦᠯᠵᠤ ᠪᠤᠢ᠃
ᠭᠤᠷᠪᠠ ᠳ᠋ᠤ᠂ ᠮᠦᠽᠧᠶ᠎ᠶ᠋ᠢᠨ ᠠᠵᠢᠯ᠎ᠤᠨ ᠤᠶᠤᠨᠴᠢᠯᠠᠬᠤ ᠠᠬᠢᠴᠠ᠎ᠶ᠋ᠢ ᠲᠦᠷᠭᠡᠳᠭᠡᠨ ᠠᠬᠢᠭᠤᠯᠵᠤ᠂ ᠰᠣᠶᠣᠯ᠎ᠤᠨ ᠦᠵᠡᠰᠬᠦᠯᠡᠩ᠎ᠤᠨ ᠲᠠᠯᠠᠪᠤᠷ ᠤᠷᠳᠤᠨ᠎ᠤ ᠤᠶᠤᠨᠴᠢᠯᠠᠭ᠍ᠰᠠᠨ ᠱᠢᠨ᠎ᠡ ᠦᠶ᠋ᠯᠡᠳᠬᠦᠨ᠂ ᠬᠡᠷᠡᠭ᠌ᠯᠡᠭᠡ ᠵᠢᠨ ᠱᠢᠨ᠎ᠡ ᠪᠠᠢᠳᠠᠯ᠎ᠢ ᠪᠣᠶ ᠪᠣᠯᠭᠠᠵᠤ ᠪᠤᠢ᠃
《ᠲᠣᠰ ᠬᠤᠭᠤᠴᠠᠭᠠᠨ᠎ᠤ 〈ᠮᠦᠽᠧᠶ ᠵᠢᠨ ᠦᠵᠡᠰᠭᠦᠯᠡᠩ᠎ᠤᠨ ᠴᠤᠭ᠍ᠯᠠᠭᠠᠨ〉 ᠤ᠋ ᠠᠵᠢᠯᠯᠠᠭ᠎ᠠ᠎ᠶ᠋ᠢᠨ ᠠᠭᠤᠯᠭ᠎ᠠ᠎ᠶ᠋ᠢ ᠤᠯᠠᠮ ᠲᠡᠭᠦᠯᠳᠡᠷᠵᠢᠭᠦᠯᠦᠨ ᠪᠠᠶᠠᠯᠢᠭ᠍ᠵᠢᠭᠤᠯᠬᠤ᠎ᠶ᠋ᠢᠨ ᠲᠥᠯᠥᠭᠡ᠂ ᠪᠢᠳᠡ ᠡᠯᠪᠡᠭ ᠪᠠᠶᠠᠯᠢᠭ ᠢᠵᠢ ᠪᠥᠷᠢᠳᠦᠭ᠌ᠰᠡᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠶ ᠲᠦᠰᠦᠪᠯᠡᠪᠡ᠂ ᠡᠭᠦᠨ᠎ᠳᠦ ᠭᠤᠤᠯᠳᠠᠭᠤ 〈ᠮᠦᠽᠧᠶ ᠵᠢᠨ ᠦᠵᠡᠰᠭᠦᠯᠡᠩ᠎ᠤᠨ ᠴᠤᠭ᠍ᠯᠠᠭᠠᠨ〉᠎ᠢ᠋ ᠬᠦᠭᠵᠢᠭᠡᠬᠦ ᠲᠣᠭ᠍ᠯᠠᠯᠲᠠ᠂ ᠬᠣᠷᠢᠨ ᠲᠠᠪᠤᠳᠤᠭᠠᠷ ᠬᠤᠭᠤᠴᠠᠭᠠᠨ᠎ᠤ 〈ᠵᠣᠣ ᠵᠢᠶᠦ᠋ᠨ ᠰᠣᠶᠣᠯ᠎ᠤᠨ ᠨᠠᠢᠷ〉᠂ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ᠂ ᠦᠵᠡᠰᠭᠦᠯᠡᠩ ᠴᠤᠭ᠍ᠯᠠᠭᠠᠨ᠎ᠤ ᠢᠵᠢ ᠪᠥᠷᠢᠳᠦᠭ᠌ᠰᠡᠨ ᠰᠣᠶᠣᠯ ᠵᠢᠭᠤᠯᠴᠢᠯᠠᠯ᠎ᠤᠨ ᠦᠶ᠋ᠯᠡᠴᠢᠯᠡᠭᠡ ᠵᠡᠷᠭᠡ ᠳᠥᠷᠪᠡᠨ ᠶᠡᠬᠡ ᠲᠠᠯ᠎ᠠ᠎ᠶ᠋ᠢ ᠪᠠᠭ᠍ᠲᠠᠭᠠᠵᠠᠢ》 ᠬᠡᠵᠦ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠳᠠᠷᠤᠭ᠎ᠠ᠂ ᠬᠣᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠵᠢᠨ ᠳᠠᠷᠤᠭ᠎ᠠ᠎ᠶ᠋ᠢᠨ ᠯᠸᠢ ᠰᠤᠷᠪᠤᠯᠵᠢᠯᠠᠭ᠍ᠴᠢ᠎ᠳᠤ ᠬᠡᠯᠡᠪᠡ᠃
《ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ》 ᠤ᠋ ᠬᠤᠭᠤᠴᠠᠭᠠᠨ᠎ᠳᠤ ᠂ ᠬᠥᠬᠡᠬᠣᠲᠠ ᠴᠡᠯᠡᠭᠡᠷ ᠲᠠᠯ᠎ᠠ᠎ᠶ᠋ᠢᠨ ᠤᠯᠠᠨ ᠤᠯᠤᠰ᠎ᠤᠨ ᠦᠵᠡᠰᠭᠦᠯᠡᠩ᠎ᠦᠨ ᠲᠥᠪ᠎ᠦᠨ ᠠᠭᠤᠳᠠᠮ ᠲᠠᠯᠠᠪᠠᠢ᠎ᠳᠤ《ᠭᠡᠷᠡᠯ ᠰᠠᠴᠤᠷᠠᠩᠭᠤᠢ ᠴᠡᠯᠡᠭᠡᠷ ᠲᠠᠯ᠎ᠠ》 ᠰᠣᠶᠣᠯ᠎ᠤᠨ ᠲᠣᠭ᠍ᠯᠠᠯᠲᠠ᠎ᠶ᠋ᠢᠨ ᠠᠵᠢᠯᠯᠠᠭ᠎ᠠ ᠥᠷᠨᠢᠭᠦᠯᠪᠠ᠂ ᠡᠭᠦᠨ᠎ᠳᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢ ᠵᠦᠴᠦᠭᠡ᠎ᠶ᠋ᠢᠨ ᠦᠵᠡᠭᠦᠯᠭᠡ ᠵᠢᠨ ᠲᠤᠬᠯᠠᠯᠳᠠ᠂ ᠢᠵᠠᠭᠤᠷ ᠤᠷᠠᠯᠢᠭ᠎ᠦᠨ ᠬᠠᠮᠳᠤᠯᠢᠭ᠎ᠦᠨ ᠲᠤᠰᠭᠠᠢ ᠲᠣᠭ᠍ᠯᠠᠯᠲᠠ ᠂ ᠤᠯᠠᠭᠠᠨᠮᠥ᠋ᠴᠢᠷ᠎ᠦᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠂ ᠦᠨᠳᠦᠰᠦᠲᠡᠨ ᠦ ᠳᠠᠭᠤᠤ ᠪᠥᠵᠢᠭ᠎ᠦᠨ ᠦᠵᠡᠭᠦᠯᠭᠡ ᠵᠢᠨ ᠲᠤᠬᠯᠠᠯᠳᠠ᠂ ᠵᠠᠽᠽ ᠬᠥᠭ᠌ᠵᠢᠮ᠎ᠦᠨ ᠨᠠᠢᠷ ᠵᠡᠷᠭᠡ 5 ᠵᠦᠢᠯ᠎ᠦᠨ ᠠᠵᠢᠯᠯᠠᠭ᠎ᠠ ᠶ᠋ᠢ ᠪᠠᠭ᠍ᠲᠠᠭᠠᠭ᠍ᠰᠠᠨ ᠪᠥᠭᠡᠳ 《ᠬᠦᠭᠡ ᠲᠩᠷᠢ᠎ᠪᠡᠷ ᠬᠥᠱᠢᠭᠡ᠎ᠪᠡᠨ ᠪᠣᠯᠭᠠᠵᠤ ᠂ ᠬᠦᠷᠦᠰᠦᠳᠦ ᠲᠡᠯᠡᠭᠡᠢ ᠪᠡᠷ ᠲᠠᠢ᠌ᠰᠠ᠎ᠪᠠᠨ ᠪᠣᠯᠭᠠᠬᠤ》 ᠲᠣᠭ᠍ᠯᠠᠯᠲᠠ᠎ᠶ᠋ᠢᠨ ᠬᠡᠯᠪᠡᠷᠢ᠎ᠪᠡᠷ ᠦᠵᠡᠰᠭᠦᠯᠡᠩ᠎ᠦᠨ ᠰᠣᠨᠢᠷᠬᠠᠯᠲᠤ ᠴᠢᠨᠠᠷ᠂ ᠦᠢᠯᠡᠳᠦᠯᠴᠡᠬᠦ᠌ ᠴᠢᠨᠠᠷ ᠪᠣᠯᠤᠨ ᠣᠷᠣᠯᠴᠠᠬᠤ ᠲᠦᠷᠦᠭᠳᠡᠯ᠎ᠢ ᠭᠦᠢᠴᠡᠳ ᠨᠡᠮᠡᠭ᠌ᠳᠡᠭᠦᠯᠦᠨ᠎ᠡ᠃
ᠡᠭᠦᠨ᠎ᠡᠴᠡ ᠭᠠᠳᠠᠨ᠎ᠠ᠂ ᠪᠠᠰᠠ 《ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ᠎ᠤ ᠦᠳᠡᠰᠢ》 ᠵᠢ ᠡᠷᠬᠢᠯᠡᠵᠦ᠍ ᠂ ᠬᠥᠬᠡᠬᠣᠲᠠ᠎ᠶ᠋ᠢᠨ ᠰᠣᠶᠣᠯ᠎ᠤᠨ ᠦᠵᠡᠰᠭᠦᠯᠡᠩ ᠦᠨ ᠦᠢᠯᠡᠰ᠎ᠦᠨ ᠶᠡᠷᠦᠩᠬᠡᠢᠯᠡᠭ᠌ᠰᠡᠨ ᠦᠵᠡᠭᠦᠯᠭᠡ᠎ᠶ᠋ᠢᠨ ᠲᠣᠭᠣᠷᠢᠭᠲᠸ᠋ ᠬᠦᠷ ᠬᠦᠭᠵᠢᠶᠡᠨᠳᠦ ᠲᠣᠭ᠍ᠯᠠᠯᠲᠠ ᠵᠢᠨ ᠠᠵᠢᠯᠯᠠᠭ᠎ᠠ ᠥᠷᠨᠢᠭᠦᠯᠬᠦ᠌ ᠪᠣᠯᠤᠨ᠎ᠠ᠃ 《ᠫᠢᠫᠠ ᠵᠢᠨ ᠴᠢᠪᠬᠠᠳᠠᠰᠤ ᠵᠢ ᠴᠢᠪᠬᠠᠳᠠᠬᠤᠶᠠ ᠂ ᠮᠢᠨᠭᠭᠠᠨ ᠤᠨ ᠨᠤᠢᠷᠰᠤᠭᠰᠠᠨ ᠵᠤᠤ ᠵᠢᠶᠦ᠋ᠨ᠎ᠤ ᠤᠩᠭᠤᠨ ᠦᠨᠡᠨ ᠪᠤᠳᠠᠳᠠᠢ ᠬᠡᠮᠡᠷ》᠃
2000 ᠭᠠᠷᠤᠢ ᠵᠢᠯ᠎ᠦᠨ ᠲᠤᠷᠰᠢ᠂ ᠵᠤᠤ ᠵᠢᠶᠦ᠋ᠨ᠎ᠦ ᠪᠣᠭᠣᠮᠲᠠ᠎ᠵᠢᠨ ᠭᠠᠳᠠᠨ᠎ᠠ ᠮᠤᠷᠳᠠᠭᠰᠠᠨ ᠦᠯᠢᠭᠡᠷ ᠥᠷᠭᠡᠨ᠎ᠢᠶᠡᠷ ᠤᠯᠠᠮᠵᠢᠯᠠᠭ᠍ᠳᠠᠭᠰᠠᠭᠠᠷ ᠢᠷᠡᠵᠡᠢ᠃ ᠸᠠᠩ ᠵᠤᠤ ᠵᠢᠶᠦ᠋ᠨ᠎ᠦ ᠤᠩᠭᠤᠨ ᠨᠢ ᠬᠥᠬᠡᠬᠣᠲᠠ᠎ᠶ᠋ᠢᠨ ᠡᠮᠦᠨ᠎ᠡ ᠲᠡᠬᠦᠷᠭᠡ᠎ᠳᠦ ᠪᠠᠢᠷᠢᠯᠠᠵᠤ᠂ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠤᠯᠠ ᠮᠥᠷ᠎ᠤᠨ ᠢᠮ ᠲᠡᠮᠳᠡᠭ ᠪᠣᠯᠵᠤ᠂ ᠵᠤᠤ ᠵᠢᠶᠦ᠋ᠨ᠎ᠦ ᠰᠣᠶᠣᠯ ᠨᠢ ᠬᠥᠬᠡᠬᠣᠲᠠ᠎ᠶ᠋ᠢᠨ ᠰᠣᠶᠣᠯ᠎ᠤᠨ ᠴᠢᠬᠤᠯᠠ ᠪᠦᠬᠦᠢ ᠨᠡᠷ᠎ᠡ᠎ᠶ᠋ᠢᠨ ᠬᠠᠭᠤᠳᠠᠰᠤ ᠪᠣᠯᠵᠠᠢ᠃
ᠵᠢᠨ ᠯᠧᠢ᠂ ᠣᠳᠣᠬᠠᠨ᠎ᠳᠤ ᠬᠥᠬᠡᠬᠣᠲᠠ᠎ᠶ᠋ᠢᠨ ᠵᠣᠣ ᠵᠢᠶᠦ᠋ᠨ ᠰᠣᠶᠣᠯ᠎ᠤᠨ ᠨᠠᠢᠷ ᠬᠣᠷᠢᠨ ᠳᠥᠷᠪᠡᠨ ᠬᠤᠭᠤᠴᠠᠭ᠎ᠠ ᠠᠮᠵᠢᠯᠲᠠ᠎ᠲᠠᠶ ᠶᠠᠪᠤᠭ᠍ᠳᠠᠪᠠ᠂ 《ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ》᠎ᠤ᠋ ᠬᠤᠭᠤᠴᠠᠭᠠᠨ᠎ᠳᠤ ᠪᠢᠳᠡ 《ᠮᠢᠩᠭᠠᠨ ᠤᠨ᠎ᠤ ᠡᠷᠬᠢᠴᠡᠬᠦᠯᠦᠯ·ᠮᠦᠽᠧᠶ ᠵᠢᠨ ᠤᠮᠠᠷᠠᠲᠤ ᠬᠢᠯᠢ》 ᠬᠣᠷᠢᠨ ᠲᠠᠪᠤᠳᠤᠭᠠᠷ ᠬᠤᠭᠤᠴᠠᠭᠠᠨ᠎ᠤ ᠵᠣᠣ ᠵᠢᠶᠦ᠋ᠨ ᠰᠣᠶᠣᠯ᠎ᠤᠨ ᠨᠠᠢᠷ᠎ᠢ ᠵᠡᠷᠭᠡ ᠪᠡᠷ ᠡᠷᠭᠢᠯᠡᠵᠦ᠍᠂ ᠣᠯᠠᠨ ᠨᠡᠢᠲᠡ᠎ᠳᠦ 《ᠦᠵᠡᠰᠭᠦᠯᠡᠩᠲᠦ ᠰᠠᠢᠬᠠᠨ ᠬᠥᠬᠡᠬᠣᠲᠠ ᠲᠠᠯ᠎ᠠ ᠨᠤᠲᠤᠭ᠎ᠤᠨ ᠲᠣᠮᠣ ᠬᠣᠲᠠ》 ᠵᠢᠨ ᠰᠣᠶᠣᠯ᠎ᠤᠨ ᠷᠢᠳᠢ ᠱᠢᠳᠢ᠎ᠶ᠋ᠢ ᠭᠦᠨᠵᠡᠭᠡᠶ ᠲᠠᠨᠢᠭᠤᠯᠬᠤ ᠪᠤᠯᠤᠨ᠎ᠠ ᠭᠡᠵᠦ ᠢᠯᠡᠳᠭᠡᠵᠦ ᠪᠢᠯᠡ᠃
ᠲᠤᠰ ᠬᠤᠭᠤᠴᠠᠭᠠᠨ᠎ᠤ 《ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ》 ᠢ᠋ ᠳᠤᠮᠳᠠᠳᠤ ᠤᠯᠤᠰ᠎ᠤᠨ ᠮᠦᠽᠧᠢ᠎ᠶ᠋ᠢᠨ ᠨᠡᠢᠭᠡᠮᠯᠢᠭ ᠪᠣᠯᠤᠨ ᠬᠥᠬᠡᠬᠣᠲᠠ ᠶ᠋ᠢᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠡᠮᠵᠢᠨ ᠡᠷᠬᠢᠯᠡᠪᠡ᠃
8 ᠰᠠᠷ᠎ᠠ᠎ᠶ᠋ᠢᠨ 16 ᠤ᠋ ᠡᠳᠦᠷ ᠪᠣᠯᠲᠠᠯ᠎ᠠ ᠂ 552 ᠮᠦᠽᠧᠢ ᠵᠢᠴᠢ ᠠᠵᠤ ᠠᠬᠤᠢᠯᠠᠯ ᠦᠵᠡᠰᠭᠦᠯᠡᠩᠳᠦ ᠨᠠᠷᠠ ᠮᠡᠳᠡᠬᠦᠯᠵᠦ᠂ ᠦᠵᠡᠰᠭᠦᠯᠡᠩ᠎ᠦᠨ ᠶᠡᠷᠦᠩᠬᠡᠢ ᠲᠠᠯᠠᠪᠠᠢ ᠨᠢ 5 ᠲᠦᠮᠡᠨ ᠲᠡᠭ᠌ᠰᠢ ᠳᠥᠷᠪᠡᠯᠵᠢᠨ ᠮᠸᠲᠷ᠎ᠢ ᠳᠠᠪᠠᠵᠠᠢ᠃ ᠡᠭᠦᠨ᠎ᠳᠦ 394 ᠮᠦᠽᠧᠶ ᠤᠷᠤᠯᠴᠠᠵᠤ᠂ ᠤᠯᠤᠰ᠎ᠤᠨ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ᠎ᠤᠨ ᠮᠦᠽᠧᠶ ᠨᠡᠢᠲᠡ 237 ᠪᠤᠢ᠃
ᠬᠠᠭᠠᠨ᠎ᠤ ᠣᠷᠳᠣᠨ᠎ᠤ ᠮᠦᠽᠧᠶ ᠵᠢᠨ ᠬᠦᠷᠢᠶᠡᠯᠡᠩ᠂ ᠳᠤᠮᠳᠠᠳᠤ ᠤᠯᠤᠰ᠎ᠤᠨ ᠤᠯᠤᠰ᠎ᠤᠨ ᠮᠦᠽᠧᠶ᠂ ᠳᠤᠮᠳᠠᠳᠤ ᠤᠯᠤᠰ᠎ᠤᠨ ᠠᠷᠠᠳ᠎ᠤᠨ ᠬᠤᠪᠢᠰᠭᠠᠯᠲᠤ ᠴᠡᠷᠢᠭ᠎ᠦᠨ ᠶᠠᠪᠤᠳᠠᠯ᠎ᠤᠨ ᠮᠦᠽᠧᠶ᠂ ᠱᠠᠩᠬᠠᠶ᠎ᠶ᠋ᠢᠨ ᠮᠦᠽᠧᠶ᠂ ᠨᠠᠨᠵᠢᠩ᠎ᠤᠨ ᠮᠦᠽᠧᠶ᠂ ᠱᠠᠨᠰᠢ᠎ᠶ᠋ᠢᠨ ᠲᠡᠦᠬᠡ᠎ᠶ᠋ᠢᠨ ᠮᠦᠽᠧᠶ᠂ ᠶᠠᠩᠵᠸᠦ᠍ᠶ᠋ᠢᠨ ᠶᠡᠬᠡ ᠲᠠᠲᠠᠮᠠᠯ ᠭᠤᠤᠯ᠎ᠤᠨ ᠮᠦᠽᠧᠶ᠂ ᠰᠦᠵᠧᠦ᠍᠎ᠶ᠋ᠢᠨ ᠮᠦᠽᠧᠶ ᠂ ᠨᠠᠨ ᠶᠤᠧᠠᠢ ᠸᠠᠩ᠎ᠤᠨ ᠮᠦᠽᠧᠶ ᠵᠡᠷᠭᠡ ᠣᠯᠠᠨ ᠲᠣᠮᠣ ᠮᠦᠽᠧᠶ ᠵᠢᠴᠢ 《ᠰᠦᠯᠵᠢᠶᠡᠨ᠎ᠦ ᠴᠤᠤᠲᠤ》 ᠮᠦᠽᠧᠶ ᠵᠢᠨ ᠬᠢᠨ ᠴᠥᠮ ᠬᠥᠬᠡᠬᠣᠲᠠ᠎ᠳᠤ ᠴᠤᠭ᠍ᠯᠠᠷᠠᠬᠤ ᠪᠣᠯᠤᠨ᠎ᠠ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ ᠵᠣᠬᠢᠴᠠᠯᠳᠤᠭᠰᠠᠨ ᠣᠳᠣᠬᠢᠴᠢᠯᠠᠯᠲᠠ ᠮᠥᠨ ᠬᠡᠵᠤ ᠲᠤᠷᠠᠳᠤᠨ ᠭᠠᠷᠭᠠᠵᠠᠢ᠃ 《〈ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ〉 ᠢ᠋ ᠶᠠᠪᠤᠭ᠍ᠳᠠᠭᠤᠯᠬᠤ ᠨᠢ ᠶᠠᠭ ᠴᠠᠭ᠎ᠲᠠᠭᠠᠨ ᠲᠤᠬᠢᠷᠠᠵᠤ ᠪᠠᠢᠨ᠎ᠠ》 ᠭᠡᠵᠦ᠍ ᠯᠢᠦ ᠱᠸ᠋ ᠭᠤᠸᠠᠩ ᠬᠡᠯᠡᠪᠡ᠃ ᠲᠡᠷᠡ ᠄ 《ᠡᠨᠡ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠨᠠᠭᠠᠱᠢᠬᠢ ᠬᠣᠶᠠᠷ ᠵᠢᠯ᠎ᠦᠨ ᠬᠤᠭᠤᠷᠤᠨᠳᠤᠬᠢ ᠰᠤᠶᠤᠯ ᠦᠵᠡᠰᠬᠦᠯᠡᠩ᠎ᠦᠨ ᠠᠵᠢᠯ ᠲᠦᠷᠦᠯ᠎ᠦᠨ ᠱᠢᠨ᠎ᠡ ᠮᠡᠷᠭᠡᠵᠢᠯ ᠂ ᠱᠢᠨ᠎ᠡ ᠪᠦᠳᠦᠭᠡᠯᠴᠢ ᠰᠠᠨᠠᠭ᠎ᠠ᠂ ᠱᠢᠨ᠎ᠡ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠲᠡᠯᠭᠡᠨ ᠦᠵᠡᠬᠦᠯᠦᠭᠰᠡᠨ᠎ᠢᠶᠡᠷ ᠪᠠᠷᠠᠬᠤ ᠦᠭᠡᠢ ᠪᠠᠰᠠ ᠪᠦᠬᠦ᠌ ᠤᠯᠤᠰ᠎ᠤᠨ ᠡᠷᠳᠡᠮᠳᠡᠨ ᠴᠢᠳᠠᠪᠤᠷᠢᠳᠠᠨ᠎ᠢ ᠬᠤᠷᠠᠨ ᠴᠤᠬᠯᠠᠷᠠᠭᠤᠯᠵᠤ ᠮᠦᠽᠧᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠳᠡᠯᠴᠡᠭ᠌ᠰᠡᠨ ᠠᠵᠢᠯ ᠲᠦᠷᠦᠯ᠎ᠦᠨ ᠦᠪᠡᠳᠡᠭ᠌ᠰᠢ ᠴᠤᠭ᠍ᠯᠠᠭᠠᠨ ᠪᠣᠯᠬᠤ ᠪᠥᠭᠡᠳ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ᠎ᠤᠨ ᠨᠡᠩ ᠥᠷᠭᠡᠨ ᠬᠡᠪᠴᠢᠢ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠱᠢᠨ ᠳᠡᠭᠡᠷ᠎ᠡ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ ᠪᠠᠢᠭ᠎ᠠ ᠠᠮᠢᠳᠤᠯᠢᠭ ᠦᠢᠯᠡᠳᠦᠯᠭᠡ ᠪᠣᠯᠤᠨ᠎ᠠ》 ᠬᠡᠪᠡ᠃
ᠯᠢᠦ ᠱᠸ᠋ ᠭᠤᠸᠠᠩ᠎ᠤᠨ ᠦᠵᠡᠬᠦ ᠪᠡᠷ᠂ ᠲᠤᠰ ᠤᠳᠠᠭᠠᠨ᠎ᠤ 《ᠮᠦᠽᠧᠢ᠎ᠶ᠋ᠢᠨ ᠦᠵᠡᠰᠭᠦᠯᠡᠩ᠎ᠦᠨ ᠴᠤᠭ᠍ᠯᠠᠭᠠᠨ》 ᠠᠩᠬ᠎ᠠ ᠤᠳᠠᠭ᠎ᠠ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠳᠤ ᠶᠠᠪᠤᠭ᠍ᠳᠠᠬᠤ ᠬᠡᠵᠦ ᠪᠠᠢᠭ᠎ᠠ ᠪᠣᠯᠬᠣᠷ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠡᠷᠡᠯ ᠰᠠᠴᠤᠷᠠᠩᠭᠤᠢ ᠬᠠᠭᠤᠳᠠᠰᠤ᠎ᠶ᠋ᠢ ᠪᠢᠴᠢᠭ᠌ᠯᠡᠬᠦ᠌ ᠨᠢ ᠯᠠᠪᠲᠠᠢ᠃