ᠥᠪᠥᠷ ᠮᠣᠩᠭᠣᠯ᠎ᠤᠨ 2 ᠲᠠᠮᠢᠷᠴᠢᠨ ᠣᠷᠣᠯᠴᠠᠨ᠎ᠠ
2024-08-20 16:47:46
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠫᠠᠷᠢᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ 8 ᠰᠠᠷ᠎ᠠ᠎ᠶ᠋ᠢᠨ 16᠎ᠤ᠋ ᠡᠳᠦᠷ ᠪᠡᠭᠡᠵᠢᠩ᠎ᠳᠦ ᠪᠠᠢᠭᠤᠯᠤᠭ᠍ᠳᠠᠵᠦ᠂ ᠲᠦᠯᠦᠭᠡᠯᠡᠭᠴᠢᠳ᠎ᠤᠨ ᠪᠦᠯᠬᠦᠮ᠎ᠤᠨ ᠬᠢᠨ 516 ᠬᠦᠮᠦᠨ᠎ᠢᠶᠡᠷ ᠪᠦᠷᠢᠯᠳᠦᠵᠦ᠂ 284 ᠲᠠᠮᠢᠷᠴᠢᠨ ᠪᠤᠢ᠃ ᠡᠭᠦᠨ᠎ᠳᠦ ᠦᠪᠦᠷ ᠮᠤᠩᠭᠤᠯ᠎ᠤᠨ ᠸᠠᠩ ᠶᠤᠸᠠᠢ᠂ ᠰᠦᠨ ᠫᠸᠩ ᠱᠢᠶᠠᠩ ᠬᠤᠶᠠᠷ ᠤᠷᠤᠯᠴᠠᠨ᠎ᠠ᠃

 ᠸᠠᠩ ᠶᠤᠸᠠᠢ᠂ 1997 ᠤᠨ᠎ᠳᠤ ᠪᠠᠶᠠᠨᠨᠠᠭᠤᠷ ᠬᠤᠲᠠ᠎ᠳᠦ ᠳᠤᠷᠦᠵᠠᠢ᠃ 2015 ᠣᠨ᠎ᠳᠤ ᠠᠩᠬ᠎ᠠ ᠤᠳᠠᠭ᠎ᠠ ᠪᠦᠬᠦ᠌ ᠤᠯᠤᠰ᠎ᠤᠨ ᠬᠠᠷᠠᠭ᠎ᠠ ᠠᠯᠳᠠᠬᠰᠠᠳ᠎ᠤᠨ ᠡᠮᠡᠭᠳᠡᠢ᠎ᠶ᠋ᠢᠨ ᠵᠢᠦᠳᠣᠣ᠎ᠶ᠋ᠢᠨ ᠤᠷᠤᠯᠳᠤᠭᠠᠨ᠎ᠳᠤ ᠣᠷᠣᠯᠴᠠᠭᠠᠳ ᠮᠠᠩᠯᠠᠢᠯᠠᠪᠠ᠃ 2020 ᠣᠨ᠎ᠳᠤ ᠸᠠᠩ ᠶᠤᠸᠠᠢ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠬᠦᠷᠡᠯ ᠮᠧᠳᠠᠯ ᠲᠤᠰᠪᠠ᠃ 2023 ᠣᠨ᠎ᠤ ᠬᠠᠩᠵᠧᠦ᠍᠎ᠶ᠋ᠢᠨ ᠠᠽᠢᠶ᠎ᠠ ᠲᠢᠪ᠎ᠦᠨ ᠵᠡᠮᠳᠡᠭ᠌ᠴᠦᠳ᠎ᠦᠨ ᠲᠠᠮᠢᠷ᠎ᠤᠨ ᠴᠤᠬᠯᠠᠭᠠᠨ ᠳᠡᠭᠡᠷ᠎ᠡ ᠮᠠᠩᠯᠠᠢᠯᠠᠭ᠍ᠰᠠᠨ᠎ᠤ ᠳᠠᠷᠠᠭ᠎ᠠ ᠸᠠᠩ ᠶᠤᠸᠠᠢ ᠪᠣᠯᠤᠨ ᠳᠠᠰᠭᠠᠯᠵᠢᠭᠤᠯᠤᠭ᠍ᠴᠢ ᠭᠸᠩ ᠱᠢᠶᠤᠤ ᠹᠸᠢ ᠭᠣᠣᠯ ᠬᠠᠷᠠᠯᠲᠠ᠎ᠪᠠᠨ ᠫᠠᠷᠢᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠳᠠᠯᠪᠢᠪᠠ᠃ 


截图20240819112526.png


ᠸᠠᠩ ᠶᠤᠸᠠᠢ


 2023 ᠣᠨ᠎ᠤ ᠰᠡᠭᠦᠯᠴᠢ᠎ᠡᠴᠡ ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌ ᠪᠣᠯᠲᠠᠯ᠎ᠠ ᠸᠠᠩ ᠶᠤᠸᠠᠢ ᠪᠣᠯᠤᠨ ᠳᠠᠰᠭᠠᠯᠵᠢᠭᠤᠯᠤᠭ᠍ᠴᠢ ᠭᠸᠩ ᠱᠢᠶᠤᠤ ᠹᠸᠢ ᠤᠯᠤᠰ᠎ᠤᠨ ᠠᠩᠭᠢ᠎ᠳᠤ ᠪᠣᠯᠪᠠᠰᠤᠷᠠᠵᠤ ᠪᠠᠢᠪᠠ᠃ ᠤᠳᠤ ᠸᠠᠩ ᠶᠤᠸᠠᠢ ᠫᠠᠷᠢᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠷᠠᠭ᠎ᠠ ᠠᠯᠳᠠᠬᠰᠠᠳ᠎ᠤᠨ ᠡᠷᠡᠭ᠌ᠲᠡᠶ᠎ᠶ᠋ᠢᠨ ᠵᠢᠦᠳᠣᠣ᠎ᠶ᠋ᠢᠨ 70 ᠺᠢᠯᠣᠭ᠌ᠷᠠᠮ J2 ᠲᠠᠰ᠎ᠤᠨ ᠤᠷᠤᠯᠳᠤᠭᠠᠨ᠎ᠳᠤ ᠣᠷᠣᠯᠴᠠᠬᠤ ᠪᠡᠷ ᠪᠤᠢ᠃


截图20240819112555.png


ᠸᠠᠩ ᠶᠤᠸᠠᠢ ᠤᠷᠤᠯᠳᠤᠭᠠᠨ ᠳᠤᠮᠲᠠ


 ᠰᠦᠨ ᠫᠧᠩ ᠱᠢᠶᠠᠩ᠂ 1997 ᠤᠨ᠎ᠳᠤ ᠬᠢᠩᠭᠠᠨ ᠠᠢᠮᠠᠭ᠎ᠤᠨ ᠬᠤᠷᠴᠢᠨ ᠪᠠᠷᠠᠭᠤᠨ ᠳᠤᠮᠳᠠᠳᠦ ᠬᠤᠰᠢᠭᠤᠨ᠎ᠳᠦ ᠳᠦᠷᠦᠵᠠᠢ᠃ 2011 ᠣᠨ᠎ᠳᠤ ᠰᠦᠨ ᠫᠸᠩ ᠱᠢᠶᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ᠂ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠳᠤ ᠵᠡᠭᠡᠷᠡᠩᠬᠡᠶ᠂ ᠲᠤᠭᠤᠯᠭᠠᠨ ᠪᠥᠮᠪᠥᠭᠡ᠂ ᠱᠢᠳᠡᠭᠦᠷ ᠵᠢᠳᠠ ᠵᠡᠷᠭᠡ 3 ᠤᠷᠤᠯᠳᠤᠭᠠᠨ᠎ᠤ ᠲᠦᠷᠦᠯ ᠵᠦᠢᠯ᠎ᠳᠤ ᠮᠠᠩᠯᠠᠢᠯᠠᠪᠠ᠃ ᠲᠡᠷᠡ ᠤᠷᠢᠳ ᠬᠤᠵᠢᠳ ᠪᠦᠬᠦ᠌ ᠤᠯᠤᠰ᠎ᠤᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠰᠢᠳᠡᠬᠦᠷ ᠵᠢᠳᠡ᠎ᠵᠢᠨ᠌ ᠤᠷᠤᠯᠳᠤᠭᠠᠨ᠎ᠤ ᠲᠦᠷᠦᠯ ᠵᠦᠢᠯ᠎ᠤᠨ ᠠᠯᠲᠠᠨ ᠮᠧᠳᠠᠯ᠂ ᠪᠦᠬᠦ᠌ ᠤᠯᠤᠰ᠎ᠤᠨ ᠶᠢᠰᠦᠳᠦᠭᠡᠷ ᠬᠤᠭᠤᠴᠠᠭᠠᠨ᠎ᠤ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ ᠵᠢᠷᠭᠤᠳᠤᠭᠠᠷ ᠬᠤᠭᠤᠴᠠᠭᠠᠨ᠎ᠤ ᠣᠨᠴᠠᠭᠠᠶ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠰᠢᠳᠡᠬᠦᠷ ᠵᠢᠳᠠ᠎ᠶᠢᠨ ᠤᠷᠤᠯᠳᠤᠭᠠᠨ᠎ᠤ ᠲᠦᠷᠦᠯ ᠵᠦᠢᠯ᠎ᠤᠨ ᠮᠥᠩᠭᠥᠨ ᠮᠧᠳᠠᠯ᠂ ᠲᠤᠭᠤᠯᠭᠠᠨ ᠪᠥᠮᠪᠥᠭᠡ᠎ᠶ᠋ᠢᠨ ᠤᠷᠤᠯᠳᠤᠭᠠᠨ᠎ᠤ ᠲᠦᠷᠦᠯ ᠵᠦᠢᠯ᠎ᠤᠨ ᠮᠥᠩᠭᠥᠨ ᠮᠧᠳᠠᠯ᠂ IPC ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠲᠣᠮᠣ ᠱᠠᠩᠨᠠᠯᠲᠤ ᠤᠷᠤᠯᠳᠤᠭᠠᠨ᠎ᠤ ᠰᠢᠳᠡᠬᠦᠷ ᠵᠢᠳᠠ᠎ᠵᠢᠨ᠌ ᠤᠷᠤᠯᠳᠤᠭᠠᠨ᠎ᠤ ᠲᠦᠷᠦᠯ ᠵᠦᠢᠯ᠎ᠤᠨ ᠮᠥᠩᠭᠥᠨ ᠮᠧᠳᠠᠯ᠂ ᠲᠤᠭᠤᠯᠭᠠᠨ ᠪᠥᠮᠪᠥᠭᠡ᠎ᠶ᠋ᠢᠨ ᠤᠷᠤᠯᠳᠤᠭᠠᠨ᠎ᠤ ᠲᠦᠷᠦᠯ ᠵᠦᠢᠯ᠎ᠤᠨ ᠬᠦᠷᠡᠯ ᠮᠧᠳᠠᠯ᠎ᠢ ᠰᠢᠬᠦᠷᠴᠦ᠂ ᠤᠯᠤᠰ᠎ᠤᠨ ᠠᠩᠭᠢ᠎ᠳᠤ ᠠᠮᠵᠢᠯᠲᠠ᠎ᠲᠠᠶ ᠰᠣᠩᠭᠣᠭ᠍ᠳᠠᠪᠠ᠃ 2015 ᠣᠨ᠎ᠤ 10 ᠰᠠᠷ᠎ᠠ᠎ᠳᠤ ᠲᠡᠷᠡ ᠺᠠᠲ᠋ᠠᠷ᠎ᠤᠨ ᠳ᠋ᠤᠬ᠎ᠠ ᠳ᠋ᠦ᠍ ᠶᠠᠪᠤᠭ᠍ᠳᠠᠭ᠍ᠰᠠᠨ ᠳᠡᠯᠡᠬᠡᠢ᠎ᠶ᠋ᠢᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠠ᠎ᠶᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ ᠳᠡᠭᠡᠷ᠎ᠡ ᠰᠢᠳᠡᠬᠦᠷ ᠵᠢᠳᠡ᠎ᠶᠢᠨ ᠤᠷᠤᠯᠳᠤᠭᠠᠨ᠎ᠤ ᠲᠦᠷᠦᠯ ᠵᠦᠢᠯ᠎ᠦᠨ ᠠᠯᠲᠠᠨ ᠮᠧᠳᠠᠯ᠎ᠢ ᠣᠯᠤᠭ᠍ᠰᠠᠨ ᠪᠥᠭᠡᠳ ᠲᠤᠰ ᠲᠦᠷᠦᠯ ᠵᠦᠢᠯ᠎ᠦᠨ ᠠᠽᠢᠶ᠎ᠠ ᠲᠢᠪ᠎ᠦᠨ ᠲᠡᠮᠳᠡᠭ᠌ᠯᠡᠯ ᠪᠣᠯᠤᠨ ᠳᠡᠯᠡᠬᠡᠢ᠎ᠶ᠋ᠢᠨ ᠲᠡᠮᠳᠡᠭ᠌ᠯᠡᠯ᠎ᠢ ᠰᠢᠨᠡᠳᠭᠡᠪᠠ᠃


截图20240819112612.png


ᠰᠦᠨ ᠫᠸᠩ ᠰᠢᠶᠠᠩ


2016 ᠣᠨ᠎ᠳᠤ ᠰᠦᠨ ᠫᠸᠩ ᠱᠢᠶᠠᠩ ᠠᠩᠬ᠎ᠠ ᠤᠳᠠᠭ᠎ᠠ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ ᠳ᠋ᠤ ᠤᠷᠤᠯᠴᠠᠵᠦ ᠬᠦᠷᠡᠯ ᠮᠧᠳᠠᠯ ᠣᠯᠵᠠᠢ᠃ 2021 ᠣᠨ᠎ᠳᠤ ᠶᠠᠫᠣᠨ᠎ᠤ ᠲᠤᠤᠺᠢᠣ᠋ ᠳ᠋ᠤ ᠶᠠᠪᠤᠭ᠍ᠳᠠᠭ᠍ᠰᠠᠨ 16 ᠳ᠋ᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠰᠦᠨ ᠫᠸᠩ ᠱᠢᠶᠠᠩ ᠠᠯᠳᠠᠨ ᠮᠧᠳᠠᠯ ᠤᠯᠬᠤ ᠬᠦᠰᠡᠯ ᠵᠡᠭᠦᠳᠦ᠍ ᠪᠡᠨ ᠲᠡᠷᠭᠡᠯᠱᠢᠭᠦᠯᠵᠦ᠍᠂ ᠬᠠᠷᠢᠴᠠᠯᠠᠱᠢᠭᠦᠢ ᠳᠠᠪᠠᠭᠤᠯᠢᠭ᠎ᠢᠶᠠᠷ ᠡᠷᠡᠭ᠌ᠲᠡᠢ᠎ᠶ᠋ᠢᠨ ᠰᠢᠳᠡᠬᠦᠷ ᠵᠢᠳᠡ᠎ᠵᠢᠨ᠌ F41 ᠲᠡᠰ᠎ᠤᠨ ᠤᠷᠤᠯᠳᠤᠭᠠᠨ᠎ᠤ ᠠᠯᠳᠠᠨ ᠮᠧᠳᠠᠯ᠎ᠢ ᠰᠢᠬᠦᠷᠦᠭᠰᠡᠨ ᠪᠥᠭᠡᠳ ᠲᠤᠰ ᠲᠦᠷᠦᠯ ᠵᠦᠢᠯ᠎ᠦᠨ ᠳᠡᠯᠡᠬᠡᠢ᠎ᠶ᠋ᠢᠨ ᠲᠡᠮᠳᠡᠭ᠌ᠯᠡᠯ᠎ᠢ ᠰᠢᠨᠡᠳᠭᠡᠵᠡᠢ᠃ 2023 ᠣᠨ᠎ᠤ 7 ᠰᠠᠷ᠎ᠠ᠎ᠳᠤ ᠹᠷᠠᠨᠼᠢ᠎ᠶ᠋ᠢᠨ ᠫᠠᠷᠢᠰ᠎ᠲᠤ ᠶᠠᠪᠤᠭ᠍ᠳᠠᠭ᠍ᠰᠠᠨ ᠳᠡᠯᠡᠬᠡᠶ᠎ᠶ᠋ᠢᠨ ᠵᠡᠮᠳᠡᠭ᠌ᠴᠦᠳ᠎ᠦᠨ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ ᠳᠡᠭᠡᠷ᠎ᠡ ᠡᠷᠡᠭ᠌ᠲᠡᠶ᠎ᠶ᠋ᠢᠨ ᠰᠢᠳᠡᠬᠦᠷ ᠵᠢᠳᠠ᠎ᠶᠢᠨ F41 ᠲᠠᠰ᠎ᠤᠨ ᠠᠯᠲᠠᠨ ᠮᠧᠳᠠᠯ᠎ᠢ ᠰᠢᠬᠦᠷᠴᠦ᠂ ᠳᠡᠯᠡᠬᠡᠶ᠎ᠶ᠋ᠢᠨ ᠲᠡᠮᠳᠡᠭ᠌ᠯᠡᠯ᠎ᠢ ᠳᠠᠬᠢᠨᠳᠠ ᠰᠢᠨᠡᠳᠭᠡᠪᠠ᠃



截图20240819113555.png

 

ᠰᠦᠨ ᠫᠸᠩ ᠰᠢᠶᠠᠩ ᠤᠷᠤᠯᠳᠤᠭᠠᠨ ᠳᠤᠮᠲᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号