ᠲᠡᠯᠡᠭᠡᠢ ᠵᠢᠨ ᠥᠪ ᠎ᠤᠨ ᠠᠮᠢᠵᠢᠷᠠᠯ ᠤ᠋ᠨ ᠬᠦᠴᠦᠨ᠎ᠢ ᠱᠢᠨ᠎ᠡ ᠴᠠᠭ ᠦᠶ᠎ᠡ ᠳ᠋ᠦ ᠤᠯᠠᠮ ᠭᠦᠭᠵᠢᠭᠡᠨ᠎ᠠ
2024-08-22 09:38:35
ᠵᠣᠬᠢᠶᠠᠭ᠍ᠴᠢ᠄
ᠾᠦᠸᠸ ᠱᠢᠶᠤᠤ ᠴᠢᠩ ᠯᠢᠦ ᠬᠣᠩ ᠵᠠᠩ
ᠣᠩᠱᠢᠭ᠍ᠰᠠᠨ ᠣᠳᠠᠭ᠎ᠠ᠄
★★★☆☆

— ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ᠎ᠪᠦᠷᠢᠲᠦ ᠵᠢ ᠰᠣᠶᠣᠯ ᠤ᠋ᠨ ᠥᠪ ᠢ᠋ᠶ᠋ᠡᠷ ᠪᠦᠷᠢᠳᠭᠡᠬᠦᠯᠦᠭᠰᠡᠨ ᠲᠤᠬᠠᠢ ᠱᠢᠷᠢᠰ ᠮᠡᠳᠡᠭᠡᠯᠡᠯ (ᠭᠤᠷᠪᠠ)


ᠪᠠᠳᠠᠢ ᠶ᠋ᠢᠨ ᠵᠢᠷᠠᠨ ᠤ᠋ ᠡᠯᠡᠰᠦᠨ ᠴᠦᠯ ᠪᠣᠯ ᠪᠦᠬᠦ᠌ ᠪᠥᠮᠪᠥᠷᠴᠡᠭ ᠤ᠋ᠨ ᠴᠤᠷ ᠎ᠤᠨ ᠭᠠᠭ᠍ᠴᠠ ᠡᠯᠡᠰᠦᠨ ᠴᠦᠯ ᠢ᠋ᠶ᠋ᠡᠷ ᠭᠣᠣᠯ ᠰᠡᠳᠦᠪ ᠪᠣᠯᠭᠠᠭ᠍ᠰᠠᠨ ᠳᠡᠯᠡᠬᠡᠢ ᠶ᠋ᠢᠨ ᠭᠠᠵᠠᠷ ᠱᠢᠨᠵᠢᠯᠡᠭᠡᠨ ᠤ᠋ ᠴᠡᠴᠡᠷᠯᠢᠭ — ᠠᠯᠠᠱᠠ ᠶ᠋ᠢᠨ ᠡᠯᠡᠰᠦᠨ ᠴᠦᠯ ᠤ᠋ᠨ ᠭᠠᠵᠠᠷ ᠱᠢᠨᠵᠢᠯᠡᠭᠡᠨ ᠤ᠋ ᠴᠡᠴᠡᠷᠯᠢᠭ ᠤ᠋ᠨ ᠭᠣᠣᠯ ᠴᠣᠭ᠍ᠴᠠ ᠪᠣᠯᠬᠤ ᠪᠥᠭᠡᠳ ᠲᠡᠭᠦᠨ ᠤ᠋ ᠥᠪᠡᠷᠮᠢᠴᠡ ᠭᠠᠢᠬᠠᠮᠱᠢᠭ᠍ᠲᠤ ᠦᠵᠡᠮᠵᠢ ᠨᠢ ᠳᠤᠮᠳᠠᠳᠤ ᠤᠯᠤᠰ ᠤ᠋ᠨ ᠬᠠᠮᠢᠶ᠎ᠠ ᠪᠦᠬᠦᠢ ᠪᠠᠢᠭᠤᠯᠤᠮᠵᠢ ᠳ᠋ᠦ 《ᠭᠠᠳᠠᠭᠠᠳᠤ ᠶ᠋ᠢᠨ ᠬᠥᠮᠦᠰ ᠬᠠᠮᠤᠭ ᠡᠴᠡ ᠤᠴᠢᠬᠤ ᠲᠤᠷᠠᠳᠠᠢ 50 ᠭᠠᠵᠠᠷ ᠤ᠋ᠨ ᠨᠢᠭᠡ 》 ᠪᠡᠷ ᠦᠨᠡᠯᠡᠭ᠌ᠳᠡᠪᠡ᠃ ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠲᠦ 2024 ᠣᠨ ᠤ᠋ 7 ᠰᠠᠷ᠎ᠠ ᠶ᠋ᠢᠨ 26 ᠤ᠋ ᠡᠳᠦᠷ 《ᠳᠡᠯᠡᠬᠡᠶ ᠶ᠋ᠢᠨ ᠥᠪ ᠤ᠋ᠨ ᠨᠡᠷᠡᠰ ᠤ᠋ᠨ ᠵᠢᠭ᠍ᠰᠠᠭᠠᠯᠲᠠ》 ᠎ᠳ᠋ᠤ ᠠᠮᠵᠢᠯᠲᠠ᠎ᠲᠠᠶ ᠪᠦᠷᠢᠳᠭᠡᠬᠦᠯᠬᠦ ᠵᠢ ᠳᠠᠭᠠᠯᠳᠤᠨ᠂ ᠪᠠᠳᠠᠶ ᠶ᠋ᠢᠨ ᠵᠢᠷᠠᠨ ᠤ᠋ ᠡᠨᠡ ᠬᠦ᠌ ᠦᠵᠡᠰᠭᠦᠯᠡᠩᠲᠦ ᠰᠠᠢᠬᠠᠨ ᠨᠡᠷ᠎ᠡ ᠶ᠋ᠢᠨ ᠬᠠᠭᠤᠳᠠᠰᠤ ᠨᠢ ᠨᠠᠩ ᠣᠯᠠᠨ ᠬᠦᠮᠦᠨ ᠤ᠋ ᠠᠩᠬᠠᠷᠤᠯ ᠢ᠋ ᠲᠠᠲᠠᠪᠠ ᠃

8 ᠰᠠᠷ᠎ᠠ ᠶ᠋ᠢᠨ 17 ᠤ᠋ ᠡᠳᠦᠷ᠂ ᠪᠠᠳᠠᠶ ᠶ᠋ᠢᠨ ᠵᠢᠷᠠᠨ ᠤ᠋ ᠡᠯᠡᠰᠦᠨ ᠴᠥᠯ ᠤ᠋ᠨ ᠭᠦᠨ ᠳ᠋ᠦ ᠡᠯᠡᠰᠦᠨ ᠴᠥᠯ ᠤ᠋ᠨ ᠵᠢᠭᠤᠯᠴᠢᠯᠠᠯ ᠤ᠋ᠨ ᠬᠤᠸᠠᠷᠠᠨ ᠡᠵᠡᠩᠨᠡᠵᠦ᠍ ᠪᠠᠢᠭ᠎ᠠ ᠸᠠᠩ ᠪᠢᠨ ᠪᠠᠰᠠ ᠨᠢᠭᠡ ᠪᠦᠯᠦᠭ ᠡᠯᠡᠰᠦᠨ ᠴᠦᠯ᠎ᠢ ᠲᠤᠭᠤᠯᠬᠤ ᠳ᠋ᠦ ᠬᠡᠷᠡᠭᠯᠡᠬᠦ ᠡᠳ᠋ ᠪᠣᠳᠠᠰ ᠬᠤᠳᠠᠯᠳᠤᠨ ᠠᠪᠴᠤ᠌᠂ ᠨᠠᠩ ᠣᠯᠠᠨ ᠬᠤᠯᠠ ᠶ᠋ᠢᠨ ᠵᠢᠭᠤᠯᠴᠢᠯᠠᠭᠰᠠᠳ ᠢ᠋ ᠤᠭ᠍ᠲᠤᠬᠤ᠎ᠪᠠᠷ ᠪᠡᠯᠡᠳᠭᠡᠵᠦ᠍ ᠪᠠᠢᠯ᠎ᠠ᠃ ᠥᠩᠭᠡᠷᠡᠭ᠌ᠰᠡᠨ 2 ᠡᠳᠦᠷ ᠲᠦ᠍᠂ ᠸᠠᠩ ᠪᠢᠨ ᠶᠦᠨᠨᠠᠨ ᠡᠴᠡ ᠢᠷᠡᠭ᠌ᠰᠡᠨ 11 ᠵᠢᠭᠤᠯᠴᠢᠯᠠᠭᠴᠢ ᠵᠢ ᠳᠠᠭᠠᠭᠤᠯᠤᠨ ᠡᠯᠡᠰᠦᠨ ᠴᠦᠯ ᠤ᠋ᠨ ᠥᠷᠥᠴᠡᠨ ᠳ᠋ᠦ ᠤᠷᠤᠵᠦ᠂ ᠡᠯᠡᠰᠦᠨ ᠴᠦᠯ ᠤ᠋ᠨ ᠠᠶᠠᠯᠠᠯ᠂ ᠡᠯᠡᠰᠦᠨ᠎ᠳᠡᠬᠢ ᠭᠤᠯᠭᠤᠯᠲᠠ᠂ ᠡᠯᠡᠰᠦᠨ ᠴᠤᠬᠢᠶ᠎ᠠ ᠵᠢ ᠰᠣᠨᠢᠷᠬᠠᠵᠤ᠂ ᠷᠠᠰᠢᠶᠠᠨ ᠪᠤᠯᠠᠭ ᠢ᠋ ᠦᠵᠡᠨ᠂ ᠨᠠᠭᠤᠷ ᠴᠥᠭᠥᠷᠥᠮ ᠵᠢᠡᠷ ᠠᠶᠠᠯᠠᠵᠦ᠂ ᠪᠠᠳᠠᠢ ᠵᠢᠨ ᠵᠢᠷᠠᠨ᠎ᠤ ᠡᠯᠡᠰᠦᠨ ᠴᠦᠯ ᠤ᠋ᠨ ᠦᠵᠡᠰᠭᠦᠯᠡᠩᠲᠦ ᠰᠠᠢᠬᠠᠨ ᠢ᠋ ᠮᠡᠳᠡᠷᠡᠬᠦᠯᠪᠡ᠃ ᠸᠠᠩ ᠪᠢᠨ ᠲᠠᠨᠢᠯᠴᠠᠭᠤᠯᠬᠤ᠎ᠳᠠᠭᠠᠨ᠂ ᠡᠨᠡ ᠵᠢᠯ ᠤ᠋ᠨ ᠬᠠᠪᠤᠷ ᠡᠴᠡ ᠨᠠᠭᠠᠰᠢ ᠲᠡᠷᠡ 1500 ᠭᠠᠷᠤᠶ ᠵᠢᠭᠤᠯᠴᠢᠯᠠᠭ᠍ᠴᠢ ᠵᠢ ᠭᠥᠯᠢᠶᠡᠨ ᠠᠪᠴᠤ᠌᠂ ᠡᠯᠡᠰᠦᠨ ᠴᠥᠯ ᠤ᠋ᠨ ᠠᠶᠠᠯᠠᠯ ᠵᠢᠭᠤᠯᠴᠢᠯᠠᠯ᠎ᠳᠦ ᠤᠷᠤᠯᠴᠠᠬᠤ ᠪᠦᠯᠬᠦᠮ ᠨᠢ 8 ᠰᠠᠷ᠎ᠠ ᠶ᠋ᠢᠨ ᠰᠡᠭᠦᠯᠴᠢ ᠪᠣᠯᠲᠠᠯ᠎ᠠ ᠵᠢᠭ᠍ᠰᠠᠵᠠᠶ᠃

ᠰᠣᠶᠣᠯ ᠤ᠋ᠨ ᠥᠪ᠎ᠲᠦ ᠪᠦᠷᠢᠳᠬᠡᠬᠦᠯᠬᠦ᠎ᠪᠡᠷ ᠡᠷᠡᠮᠡᠯᠵᠡᠭᠰᠡᠨ ᠠᠶᠠᠨ 7 ᠵᠢᠯ  ᠶᠠᠪᠤᠭᠳᠠᠵᠦ᠂ 20 ᠭᠠᠷᠤᠢ ᠵᠢᠯ ᠴᠦᠭᠦᠷᠡᠰᠢ ᠦᠭᠡᠢ ᠰᠠᠬᠢᠨ ᠬᠠᠮᠠᠭᠠᠯᠠᠵᠤ᠂ ᠪᠠᠳᠠᠢ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ ᠨᠢ ᠳᠡᠯᠡᠬᠡᠢ ᠶ᠋ᠢᠨ ᠥᠪ ᠤ᠋ᠨ ᠲᠠᠪᠴᠠᠩ ᠳᠡᠭᠡᠷ᠎ᠡ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠤ᠋ᠨ ᠥᠪᠡᠷᠮᠢᠴᠡ ᠷᠢᠳᠢ ᠱᠢᠳᠢ ᠵᠢ ᠬᠠᠷᠠᠭᠤᠯᠪᠠ᠃ ᠨᠡᠷ᠎ᠡ ᠠᠯᠳᠠᠷᠱᠢᠯ ᠨᠢ ᠤᠯᠠᠮ ᠦᠷᠭᠡᠳᠬᠦ᠌ ᠵᠢ ᠳᠠᠭᠠᠯᠳᠤᠨ᠂ ᠪᠠᠳᠠᠢ ᠶ᠋ᠢᠨ ᠵᠢᠷᠠᠨ ᠤ᠋ ᠡᠯᠡᠰᠦ ᠨᠢ ᠰᠤᠳᠤᠯᠤᠨ ᠰᠤᠷᠤᠯᠴᠠᠬᠤ ᠪᠦᠯᠬᠦᠮ᠂ ᠵᠢᠭᠤᠯᠴᠢᠯᠠᠯ ᠤ᠋ᠨ ᠪᠦᠯᠬᠦᠮ᠂ ᠬᠤᠪᠢ ᠵᠢᠨ ᠮᠠᠰᠢᠨ ᠵᠢᠡᠨ ᠵᠢᠯᠤᠭᠤᠳᠴᠤ ᠵᠢᠭᠤᠯᠴᠢᠯᠠᠬᠤ ᠬᠠᠯᠠᠮᠱᠢᠯ ᠭᠠᠵᠠᠷ ᠪᠣᠯᠪᠠ᠃ ᠬᠡᠷᠬᠢᠨ  ᠬᠠᠮᠠᠭᠠᠯᠠᠬᠤ ᠪᠠ ᠠᠱᠢᠭ᠍ᠯᠠᠬᠤ ᠶ᠋ᠢᠨ ᠬᠠᠷᠢᠴᠠᠭ᠎ᠠ ᠵᠢ ᠰᠠᠢᠲᠤᠷ ᠱᠢᠢᠳᠪᠦᠷᠢᠯᠡᠵᠦ᠍᠂ ᠱᠢᠨ᠎ᠡ ᠴᠠᠭ ᠦᠶ᠎ᠡ ᠳ᠋ᠦ ᠱᠢᠨ᠎ᠡ ᠠᠮᠢᠵᠢᠷᠠᠯ ᠤ᠋ᠨ ᠬᠦᠴᠦᠨ ᠢ᠋ᠶ᠋ᠡᠷ ᠱᠢᠨ᠎ᠡ ᠭᠡᠷᠡᠯ ᠭᠢᠯᠪᠠᠭ᠎ᠠ᠎ᠰᠠᠴᠤᠷᠠᠭᠤᠯᠬᠤ ᠪᠤᠢ ᠬᠡᠳᠡᠭ ᠨᠢ ᠡᠷᠬᠡᠪᠰᠢ ᠬᠠᠷᠢᠭᠤᠯᠬᠤ ᠰᠡᠳᠦᠪ ᠪᠤᠯᠵᠠᠢ᠃

《ᠡᠷᠬᠡᠪᠰᠢ ᠬᠠᠮᠠᠭᠠᠯᠠᠬᠤ ᠵᠢ ᠲᠡᠷᠢᠭᠦᠨ ᠳ᠋ᠦ ᠲᠠᠯᠪᠢᠬᠤ ᠵᠢ ᠪᠠᠷᠢᠮᠲᠠᠯᠠᠨ᠎ᠠ》 ᠭᠡᠵᠦ ᠠᠯᠠᠱᠠ ᠶ᠋ᠢᠨ ᠡᠯᠡᠰᠦᠨ ᠴᠦᠯ ᠤ᠋ᠨ ᠳᠡᠯᠡᠬᠡᠢ ᠶ᠋ᠢᠨ ᠭᠠᠵᠠᠷ ᠱᠢᠨᠵᠢᠯᠡᠭᠡᠨ ᠤ᠋ ᠴᠡᠴᠡᠷᠯᠢᠭ ᠤ᠋ᠨ ᠠᠯᠠᠱᠠ ᠪᠠᠷᠠᠭᠤᠨ ᠬᠣᠱᠢᠭᠤᠨ ᠤ᠋ ᠬᠠᠮᠢᠶᠠᠷᠤᠯᠲᠠ ᠶ᠋ᠢᠨ ᠲᠣᠪᠴᠢᠶ᠎ᠠ ᠵᠢᠨ ᠳᠠᠷᠤᠭ᠎ᠠ ᠯᠢᠶᠠᠩ ᠪᠦᠦ ᠷᠦᠩ ᠬᠡᠯᠡᠨ᠎ᠠ᠃ 《ᠪᠠᠳᠠᠢ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ᠎ᠪᠦᠷᠢᠲᠦ ᠪᠣᠯ ᠡᠭᠡ ᠪᠠᠢᠭᠠᠯᠢ ᠶ᠋ᠢᠨ ᠲᠦᠭ ᠲᠦᠮᠡᠨ ᠵᠢᠯ ᠤ᠋ᠨ ᠭᠠᠢᠬᠠᠮᠱᠢᠭ᠍ᠲᠤ ᠪᠦᠲᠦᠭᠡᠯ ᠪᠠᠢᠵᠦ᠂ ᠲᠠᠬᠢᠨ ᠡᠭᠦᠰᠴᠦ᠍ ᠪᠣᠯᠤᠰᠢ ᠦᠭᠡᠢ ᠬᠣᠪᠣᠷ ᠨᠠᠨᠳᠢᠨ ᠡᠬᠢ ᠪᠠᠶᠠᠯᠢᠭ ᠪᠣᠯᠤᠨ᠎ᠠ᠃ ᠣᠳᠣᠬᠠᠨ ᠳ᠋ᠦ ᠂ᠲᠡᠯᠡᠬᠡᠢ ᠶ᠋ᠢᠨ ᠥᠪ ᠲᠦ᠍ ᠪᠦᠷᠢᠳᠭᠡᠬᠦᠯᠦᠭᠰᠡᠨ ᠭᠠᠵᠠᠷ ᠨᠢ ᠤᠯᠤᠰ ᠤ᠋ᠨ ᠲᠠᠰ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ ᠪᠠ ᠤᠯᠤᠰ ᠤ᠋ᠨ ᠴᠡᠴᠡᠷᠯᠢᠭ ᠤ᠋ᠨ ᠨᠡᠷ᠎ᠠ ᠪᠡᠷ ᠲᠠᠪᠬᠤᠷ ᠳᠠᠪᠬᠤᠷ ᠴᠢᠩᠭ᠎ᠠ ᠬᠠᠮᠠᠭᠠᠯᠠᠭ᠍ᠳᠠᠵᠤ ᠪᠠᠢᠨ᠎ᠠ᠂ ᠲᠠᠷᠠᠭᠠᠴᠢ ᠶ᠋ᠢᠨ ᠠᠯᠬᠤᠮ ᠳ᠋ᠦ᠂ ᠠᠯᠠᠱᠠ ᠪᠠᠷᠠᠭᠤᠨ ᠬᠣᠱᠢᠭᠤ ᠲᠡᠯᠡᠬᠡᠢ ᠶ᠋ᠢᠨ ᠥᠪ ᠲᠦ᠍ ᠪᠦᠷᠢᠳᠭᠡᠬᠦᠯᠦᠭᠰᠡᠨ ᠭᠠᠵᠠᠷ ᠤ᠋ᠨ ᠬᠠᠮᠢᠶᠠᠷᠤᠯᠲᠠ ᠬᠠᠮᠠᠭᠠᠯᠠᠯᠲᠠ ᠶ᠋ᠢᠨ ᠲᠤᠰᠭᠠᠶ ᠪᠠᠢᠭᠤᠯᠤᠮᠵᠢ ᠪᠠᠢᠭᠤᠯᠬᠤ᠎ᠪᠠᠷ ᠲᠥᠯᠥᠪᠯᠡᠵᠦ᠍᠂ ᠲᠡᠯᠡᠬᠡᠢ ᠶ᠋ᠢᠨ ᠥᠪ ᠲᠦ᠍ ᠪᠦᠷᠢᠳᠭᠡᠬᠦᠯᠦᠭᠰᠡᠨ ᠭᠠᠵᠠᠷ ᠢ᠋ ᠬᠢᠨᠠᠨ ᠬᠡᠮᠵᠢᠬᠦ᠌ ᠱᠢᠰᠲ᠋ᠧᠮ ᠪᠠ ᠳ᠋ᠠᠢᠲ᠋ᠠ ᠬᠥᠮᠥᠷᠭᠡ ᠵᠢ ᠪᠠᠢᠭᠤᠯᠤᠨ ᠲᠡᠭᠦᠯᠳᠡᠷᠵᠢᠭᠦᠯᠵᠦ᠍᠂ ᠬᠠᠨᠳᠤᠯᠭᠠᠲᠤ ᠴᠢᠨᠠᠷᠲᠠᠶ᠎ᠪᠠᠷ ᠬᠠᠮᠠᠭᠠᠯᠠᠬᠤ ᠪᠠ ᠵᠠᠰᠠᠬᠤ ᠠᠷᠭ᠎ᠠ ᠬᠡᠮᠵᠢᠶ᠎ᠡ ᠵᠢ ᠭᠡᠷᠡᠭᠵᠢᠭᠦᠯᠬᠦ ᠵᠢᠨ ᠬᠠᠮᠲᠤ᠂ ᠲᠤᠬᠠᠶ ᠶ᠋ᠢᠨ ᠭᠠᠵᠠᠷ ᠤ᠋ᠨ ᠣᠯᠠᠨ ᠲᠦᠮᠡᠨ ᠢ᠋ ᠲᠠᠢᠴᠢᠯᠠᠨ ᠬᠠᠮᠠᠭᠠᠯᠠᠬᠤ ᠵᠢᠴᠢ ᠵᠢᠭᠤᠯᠴᠢᠯᠠᠬᠤ ᠪᠠᠷ ᠢᠷᠡᠭᠰᠡᠳ᠎ᠢ ᠬᠥᠮᠦᠵᠢᠭᠦᠯᠬᠦ᠌ ᠡᠩᠨᠡᠭᠡᠨ ᠳ᠋ᠦ ᠣᠷᠣᠯᠴᠠᠭᠤᠯᠬᠤ ᠵᠢ ᠰᠦᠪᠡᠭ᠌ᠴᠢᠯᠡᠨ᠎ᠠ》 ᠭᠡᠵᠦ ᠯᠢᠶᠠᠩ ᠪᠤᠤ ᠷᠦᠩ ᠢᠯᠡᠷᠬᠡᠢᠯᠡᠪᠡ᠃

ᠪᠠᠢᠭᠠᠯᠢ ᠶ᠋ᠢᠨ ᠥᠪ ᠎ᠤᠨ ᠤᠤᠭᠠᠯ ᠠᠮᠢ ᠠᠬᠤᠶ ᠵᠢ ᠬᠠᠮᠤᠭ ᠤ᠋ᠨ ᠶᠡᠬᠡ ᠬᠡᠮᠵᠢᠶ᠎ᠡ᠎ᠪᠡᠷ ᠬᠠᠮᠠᠭᠠᠯᠠᠵᠤ᠂ ᠵᠦᠶ ᠵᠣᠬᠢᠰᠲᠠᠶ ᠠᠱᠢᠭ᠍ᠯᠠᠪᠠᠯ  ᠬᠣᠪᠣᠷ ᠨᠠᠨᠳᠢᠨ ᠥᠪ ᠨᠢ ᠬᠡᠷᠡᠯ ᠭᠢᠯᠪᠠᠭ᠎ᠠ ᠪᠠᠨ ᠨᠡᠩ ᠰᠠᠢᠨ ᠰᠠᠴᠤᠷᠠᠭᠤᠯᠬᠤ ᠪᠣᠯᠤᠨ᠎ᠠ ᠃ 《ᠳᠡᠯᠡᠬᠡᠶ ᠶ᠋ᠢᠨ ᠥᠪ ᠪᠣᠯ ᠳᠡᠯᠡᠬᠡᠶ ᠨᠡᠢᠲᠡ᠎ᠪᠡᠷ ᠢ᠋ᠶ᠋ᠡᠨ ᠮᠡᠳᠡᠷᠡᠭ᠌ᠰᠡᠨ᠂ ᠲᠦᠭᠡᠮᠡᠯ ᠦᠨ᠎ᠡ ᠥᠷᠲᠡᠭ ᠢ᠋ ᠳᠣᠪᠣᠢᠯᠭᠠᠭ᠍ᠰᠠᠨ᠂ ᠣᠷᠣᠯᠠᠭᠤᠯᠵᠤ ᠪᠣᠯᠤᠰᠢ ᠥᠬᠡᠶ ᠬᠥᠮᠦᠨ ᠲᠥᠷᠥᠯᠬᠢᠲᠡᠨ ᠤ᠋ ᠬᠠᠮᠲᠤ ᠶ᠋ᠢᠨ ᠡᠳ᠋ ᠪᠠᠶᠠᠯᠢᠭ ᠮᠥᠨ᠃ ᠨᠢᠭᠡ ᠲᠠᠯ᠎ᠠ᠎ᠪᠠᠷ〈ᠴᠢᠩᠭ᠎ᠠ ᠪᠠᠢᠬᠤ ᠵᠢ ᠲᠡᠷᠢᠭᠦᠨ ᠳ᠋ᠦ ᠲᠠᠯᠪᠢᠵᠤ〉᠂ ᠴᠢᠩᠭ᠎ᠠ ᠬᠠᠮᠠᠭᠠᠯᠠᠵᠤ᠂ ᠴᠢᠩᠭ᠎ᠠ ᠬᠠᠮᠢᠶᠠᠷᠬᠤ ᠵᠢ ᠪᠠᠷᠢᠮᠲᠠᠯᠠᠵᠤ᠂ ᠨᠥᠭᠥᠭᠡ ᠲᠠᠯ᠎ᠠ᠎ᠪᠠᠷ 〈ᠪᠣᠳᠠᠰ ᠢ᠋ ᠠᠯᠢ ᠴᠢᠳᠠᠬᠤ᠎ᠪᠠᠷ ᠭᠦᠶ᠋ᠴᠡᠳ ᠠᠱᠢᠭ᠍ᠯᠠᠵᠤ〉᠂ ᠪᠠᠢᠭᠠᠯᠢ ᠶ᠋ᠢᠨ ᠥᠪ᠎ᠤᠨ ᠪᠠᠢᠪᠠᠰᠤ ᠵᠣᠬᠢᠬᠤ ᠭᠤᠤ᠎ᠠ ᠰᠠᠢᠬᠠᠨ ᠤ᠋ ᠦᠨ᠎ᠡ ᠥᠷᠲᠡᠭ ᠪᠠ ᠭᠠᠵᠠᠷ ᠱᠢᠨᠵᠢᠯᠡᠭᠡᠨ ᠤ᠋ ᠭᠠᠵᠠᠷ ᠤ᠋ᠨ ᠭᠠᠳᠠᠷᠭᠤ ᠶ᠋ᠢᠨ ᠦᠨ᠎ᠡ ᠥᠷᠲᠡᠭ ᠢ᠋ ᠪᠠᠳᠠᠷᠠᠭᠤᠯᠬᠤ ᠬᠡᠷᠡᠭ᠌ᠲᠡᠶ》 ᠭᠡᠵᠦ᠍ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠶ᠋ᠢᠨ ᠨᠡᠢᠭᠡᠮ ᠪᠠ ᠠᠮᠢ ᠠᠬᠤᠶ ᠶ᠋ᠢᠨ ᠪᠣᠯᠪᠠᠰᠤᠨ ᠤ᠋ ᠵᠢᠭᠠᠨ ᠰᠤᠳᠤᠯᠬᠤ ᠬᠡᠯᠲᠡᠰ ᠤ᠋ᠨ ᠳᠡᠳ᠋ ᠫᠷᠤᠹᠸᠰᠰᠤᠷ ᠡᠸᠤ ᠶᠠᠩ ᠯᠢ ᠨᠠ ᠬᠡᠯᠡᠨ᠎ᠠ᠃

ᠪᠠᠳᠠᠶ ᠶ᠋ᠢᠨ ᠵᠢᠷᠠᠨ ᠤ᠋ ᠡᠯᠡᠰᠦ — ᠡᠯᠡᠰᠦᠨ ᠴᠤᠬᠢᠶ᠎ᠠ ᠨᠠᠭᠤᠷ᠎ᠪᠦᠷᠢᠲᠦ ᠨᠢ ᠣᠷᠣᠨ ᠪᠦᠰᠡ ᠶ᠋ᠢᠨ ᠭᠠᠵᠠᠷ ᠤ᠋ᠨ ᠪᠦᠲᠦᠴᠡ ᠶ᠋ᠢᠨ ᠬᠤᠪᠢᠷᠠᠯᠲᠠ᠂ ᠠᠭᠤᠷ ᠠᠮᠢᠰᠭᠤᠯ ᠤ᠋ᠨ ᠬᠤᠪᠢᠷᠠᠯᠲᠠ᠂  ᠭᠠᠵᠠᠷ ᠤ᠋ᠨ ᠭᠠᠳᠠᠷᠭᠤ ᠵᠢᠨ ᠬᠤᠪᠢᠰᠤᠯᠲᠠ ᠵᠢᠴᠢ ᠤᠰᠤᠨ ᠤ᠋ ᠭᠠᠵᠠᠷ ᠵᠦᠶ ᠶ᠋ᠢᠨ ᠬᠤᠪᠢᠷᠠᠯᠲᠠ ᠶ᠋ᠢᠨ ᠣᠨᠴᠠᠯᠢᠭ ᠢ᠋ ᠪᠦᠷᠢᠨ ᠰᠠᠢᠬᠠᠨ ᠲᠡᠮᠳᠡᠭ᠌ᠯᠡᠨ ᠲᠤᠰᠭᠠᠵᠤ᠂ ᠪᠥᠬᠥ᠌ ᠪᠥᠮᠪᠥᠷᠴᠡᠭ ᠤ᠋ᠨ ᠬᠡᠪᠴᠢᠶᠡᠨ ᠳ᠋ᠦ ᠡᠯᠡᠰᠦᠨ ᠴᠥᠯ ᠤ᠋ᠨ ᠪᠦᠷᠢᠯᠳᠦᠯ ᠪᠠ ᠰᠠᠯᠬᠢ ᠡᠯᠡᠰᠦᠨ ᠤ᠋ ᠭᠠᠵᠠᠷ ᠤ᠋ᠨ ᠭᠠᠳᠠᠷᠭᠤ ᠪᠦᠷᠢᠯᠳᠦᠭᠰᠡᠨ ᠶᠠᠪᠤᠴᠠ ᠵᠢ ᠰᠤᠳᠤᠯᠬᠤ ᠲᠥᠯᠥᠭᠡᠯᠡᠬᠦ᠌ ᠴᠢᠨᠠᠷᠲᠠᠶ ᠣᠷᠣᠨ ᠪᠦᠰᠡ ᠪᠣᠯᠤᠭ᠍ᠰᠠᠨ ᠪᠠᠢᠨ᠎ᠠ᠃ ᠲᠡᠯᠡᠬᠡᠢ ᠶ᠋ᠢᠨ ᠥᠪ ᠲᠦ᠍ ᠪᠦᠷᠢᠳᠭᠡᠬᠦᠯᠦᠭᠰᠡᠨ ᠭᠠᠵᠠᠷ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠨ᠎ᠡ ᠥᠷᠲᠡᠭ ᠢ᠋ ᠭᠦᠶ᠋ᠴᠡᠳ ᠰᠠᠢᠲᠤᠷ ᠠᠱᠢᠭ᠍ᠯᠠᠵᠤ᠂ ᠲᠡᠭᠦᠨ ᠤ᠋ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠮᠡᠷᠭᠡᠵᠢᠯ᠂ ᠴᠢᠳᠠᠪᠤᠷᠢᠲᠠᠨ ᠤ᠋ ᠣᠷᠣᠭᠤᠯᠤᠯᠲᠠ ᠵᠢ ᠨᠡᠮᠡᠭ᠌ᠳᠡᠭᠦᠯᠵᠦ᠍ ᠂ ᠲᠡᠯᠡᠬᠡᠢ ᠶ᠋ᠢᠨ ᠥᠪ ᠲᠦ᠍ ᠪᠦᠷᠢᠳᠭᠡᠬᠦᠯᠦᠭᠰᠡᠨ ᠭᠠᠵᠠᠷ ᠤ᠋ᠨ ᠳᠣᠲᠣᠷᠠᠬᠢ  ᠭᠠᠵᠠᠷ ᠰᠢᠨᠵᠢᠯᠡᠭᠡ᠂ ᠭᠠᠵᠠᠷ ᠵᠢᠨ ᠭᠠᠳᠠᠷᠭᠤ  ᠵᠡᠷᠭᠡ ᠠᠮᠢ ᠠᠬᠤᠶ ᠶ᠋ᠢᠨ ᠱᠢᠰᠲ᠋ᠧᠮ ᠤ᠋ᠨ ᠰᠤᠳᠤᠯᠤᠨ ᠨᠡᠭᠡᠭᠡᠬᠦ᠌ ᠠᠵᠢᠯ ᠢ᠋ ᠭᠦᠨᠵᠡᠭᠡᠶ ᠥᠷᠨᠢᠭᠦᠯᠵᠦ᠍᠂ ᠳᠡᠯᠡᠬᠡᠶ ᠶ᠋ᠢᠨ ᠪᠠᠢᠭᠠᠯᠢ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠨ ᠤ᠋ ᠰᠤᠳᠤᠯᠭᠠᠨ ᠳ᠋ᠦ ᠬᠤᠪᠢ ᠨᠡᠮᠡᠷᠢ ᠦᠵᠡᠭᠦᠯᠦᠨ᠎ᠠ᠃ ᠡᠭᠦᠨ ᠤ᠋ ᠬᠠᠮᠲᠤ᠂ ᠳᠡᠯᠡᠬᠡᠶ ᠶ᠋ᠢᠨ ᠥᠪ ᠢ᠋ ᠰᠠᠢᠲᠤᠷ ᠠᠱᠢᠭ᠍ᠯᠠᠵᠤ᠂ ᠴᠥᠭᠡᠨ ᠲᠣᠭᠠᠨ ᠤ᠋ ᠤᠤᠭᠠᠯ ᠰᠠᠭᠤᠭᠠᠯᠢ ᠠᠷᠠᠳ ᠢ᠋ ᠵᠣᠷᠢᠭ᠍ᠵᠢᠭᠤᠯᠤᠨ ᠠᠮᠢ ᠠᠬᠤᠶ ᠨᠥᠬᠥᠷᠰᠡᠭ ᠬᠡᠯᠪᠡᠷᠢ ᠶ᠋ᠢᠨ ᠠᠵᠤ ᠦᠶ᠋ᠯᠡᠰ ᠢ᠋ ᠬᠥᠭ᠌ᠵᠢᠭᠦᠯᠵᠦ᠍᠂ ᠠᠮᠢ ᠠᠬᠤᠶ ᠶ᠋ᠢᠨ ᠵᠢᠭᠤᠯᠴᠢᠯᠠᠯ ᠪᠠ ᠣᠨᠴᠠᠯᠢᠭ᠍ᠲᠤ ᠳᠠᠷᠢᠵᠤ ᠲᠡᠵᠢᠭᠡᠬᠦ᠌ ᠦᠶ᠋ᠯᠡᠰ ᠢ᠋ ᠵᠣᠬᠢᠰᠲᠠᠶ ᠬᠥᠭ᠌ᠵᠢᠭᠦᠯᠵᠦ᠍᠂ ᠠᠵᠤ ᠠᠬᠤᠶ ᠶ᠋ᠢᠨ ᠦᠷ᠎ᠡ ᠠᠱᠢᠭ ᠬᠢᠭᠡᠳ ᠨᠡᠢᠭᠡᠮ ᠤ᠋ᠨ ᠦᠷ᠎ᠡ ᠠᠱᠢᠭ᠂ ᠠᠮᠢ ᠠᠬᠤᠶ ᠶ᠋ᠢᠨ ᠦᠷ᠎ᠡ ᠠᠱᠢᠭ ᠢ᠋ ᠬᠠᠮᠲᠤ᠎ᠪᠠᠷ ᠭᠥᠷᠳᠡᠬᠦ᠌ ᠵᠢ ᠪᠡᠶᠡᠯᠡᠭᠦᠯᠬᠦ᠌ ᠨᠢ ᠵᠦᠢᠳᠡᠢ ᠭᠡᠵᠦ ᠡᠦ ᠶᠠᠩ ᠯᠢ ᠨᠠ ᠰᠠᠨᠠᠭᠤᠯᠭ᠎ᠠ ᠦᠭᠴᠤ ᠪᠠᠢᠯ᠎ᠠ᠃

ᠣᠳᠣᠬᠠᠨ ᠳ᠋ᠦ  ᠴᠥᠭᠡᠨ ᠪᠤᠰᠤ ᠲᠤᠬᠠᠶ ᠶ᠋ᠢᠨ ᠭᠠᠵᠠᠷ ᠤ᠋ᠨ ᠮᠠᠯᠴᠢᠳ ᠨᠢᠭᠡᠨᠲᠡ ᠮᠠᠯᠴᠢᠨ ᠠᠢᠯ ᠤ᠋ᠨ ᠵᠢᠭᠤᠯᠴᠢᠯᠠᠯ ᠡᠷᠬᠢᠯᠡᠵᠦ᠂ ᠡᠯᠡᠰᠦᠨ ᠴᠥᠯ ᠤ᠋ᠨ ᠵᠢᠭᠤᠯᠴᠢᠯᠠᠯ ᠢ᠋ ᠬᠥᠭ᠌ᠵᠢᠭᠦᠯᠵᠦ᠍᠂ ᠪᠠᠳᠠᠶ ᠶ᠋ᠢᠨ ᠵᠢᠷᠠᠨ ᠤ᠋ ᠰᠣᠶᠣᠯ ᠪᠠ ᠪᠠᠢᠭᠠᠯᠢ ᠶ᠋ᠢᠨ ᠦᠵᠡᠮᠵᠢ ᠵᠢ ᠳᠡᠯᠭᠡᠨ ᠦᠵᠡᠭᠦᠯᠬᠦ᠌ ᠴᠢᠬᠤᠯᠠ ᠴᠣᠩᠬᠣᠪᠴᠢ ᠪᠣᠯᠤᠭ᠍ᠰᠠᠨ ᠪᠠᠢᠨ᠎ᠠ᠃ 《ᠪᠢᠳᠡ ᠪᠠᠰᠠ ᠪᠠᠢᠭᠠᠯᠢ ᠵᠢᠨ ᠥᠪ  ᠤ᠋ᠨ ᠬᠠᠮᠠᠭᠠᠯᠠᠯᠲᠠ᠌ ᠪᠠ ᠲᠤᠬᠠᠶ ᠶ᠋ᠢᠨ ᠭᠠᠵᠠᠷ ᠤ᠋ᠨ ᠠᠵᠤ ᠠᠬᠤᠶ ᠨᠡᠢᠭᠡᠮ ᠤ᠋ᠨ ᠦᠷᠭᠦᠯᠵᠢᠯᠡᠬᠦ᠌ ᠬᠥᠭ᠌ᠵᠢᠯᠲᠡ ᠶ᠋ᠢᠨ ᠲᠡᠩᠴᠡᠭᠦᠷᠢ ᠵᠢ ᠪᠠᠳᠤᠯᠠᠬᠤ ᠠᠷᠭ᠎ᠠ ᠵᠠᠮ ᠢ᠋ ᠰᠦᠪᠡᠭ᠌ᠴᠢᠯᠡᠵᠦ᠍᠂ ᠠᠷᠠᠳ ᠲᠦᠮᠡᠨ ᠳ᠋ᠦ ᠪᠠᠢᠭᠠᠯᠢ ᠶ᠋ᠢᠨ ᠥᠪ ᠎ᠤᠨ ᠦᠷ᠎ᠡ ᠪᠦᠲᠦᠭᠡᠯ ᠢ᠋ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠭᠦᠯᠵᠦ᠍᠂ ᠪᠠᠢᠭᠠᠯᠢ ᠶ᠋ᠢᠨ ᠥᠪ ᠬᠥᠷᠥᠩᠭᠡ ᠶ᠋ᠢᠨ ᠦᠨᠢ ᠮᠥᠩᠬᠡ ᠶ᠋ᠢᠨ ᠠᠮᠢᠵᠢᠷᠠᠯ ᠤ᠋ᠨ ᠬᠦᠴᠦᠨ ᠪᠠ ᠬᠡᠷᠡᠯ ᠭᠢᠯᠪᠠᠭ᠎ᠠ ᠵᠢ ᠰᠠᠴᠤᠷᠠᠭᠤᠯᠬᠤ ᠪᠠᠷ ᠴᠢᠷᠮᠠᠢᠨ᠎ᠠ》 ᠭᠡᠵᠦ᠍ ᠯᠢᠶᠠᠩ ᠪᠦᠦ ᠷᠦᠩ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号