ᠮᠠᠨ᠎ᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠬᠦ᠌᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠨᠠᠮ᠎ᠤᠨ ᠭᠡᠱᠢᠭᠦᠨ᠂ ᠺᠠᠳ᠋ᠷᠴᠤᠳ᠎ᠤᠨ ᠰᠤᠷᠤᠯᠴᠠᠯᠭ᠎ᠠ᠎ᠪᠠᠷ ᠰᠠᠬᠢᠯᠭ᠎ᠠ ᠪᠠᠲᠤ ᠶ᠋ᠢ ᠲᠣᠳᠣᠷᠬᠠᠢᠯᠠᠵᠤ᠂ ᠰᠠᠬᠢᠯᠭ᠎ᠠ ᠪᠠᠲᠤ᠎ᠪᠠᠷ ᠠᠵᠢᠯᠯᠠᠭ᠎ᠠ ᠪᠠᠨ ᠵᠠᠰᠠᠬᠤ ᠵᠢ ᠬᠦᠳᠦᠯᠤᠨ ᠵᠢᠯᠣᠭᠣᠳᠴᠤ᠌᠂ ᠨᠠᠮᠴᠢ ᠴᠢᠨᠠᠷ᠎ᠢ ᠴᠢᠩᠭᠠᠳᠭᠠᠬᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠰᠤᠷᠲᠠᠯ᠎ᠢᠶᠠᠨ ᠴᠢᠨᠭᠳᠠᠯᠠᠬᠤ ᠶ᠋ᠢ ᠦᠨᠡᠨ ᠬᠦ᠌ ᠤᠶᠠᠯᠳᠤᠭᠤᠯᠵᠦ ᠪᠠᠢᠨ᠎ᠠ᠃
ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠎ᠶ᠋ᠢ ᠴᠢᠩᠭ᠎ᠠ ᠡᠵᠡᠮᠳᠡᠨ᠂ 《ᠪᠣᠳᠠᠲᠠᠶ》 ᠪᠠᠢᠬᠤ᠎ᠶ᠋ᠢ ᠳᠣᠪᠣᠢᠯᠭᠠᠨ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶ᠋ᠢ ᠠᠬᠢᠭᠤᠯᠵᠤ᠂ 12 ᠬᠣᠱᠢᠭᠤ ᠱᠢᠶᠠᠨ ᠲᠣᠭᠣᠷᠢᠭ᠂ 134 ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ 1.1 ᠲᠦᠮᠡ ᠭᠠᠷᠤᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ 25 ᠲᠦᠮᠡ ᠭᠠᠷᠤᠶ ᠨᠠᠮ ᠤᠨ ᠭᠡᠱᠢᠭᠦᠨ᠎ᠢ ᠵᠣᠬᠢᠶᠠᠨ ᠪᠠᠢᠭᠤᠯᠵᠦ ᠳᠡᠭᠡᠳᠦ ᠬᠡᠮᠵᠢᠶᠡᠨ ᠦ ᠤᠯᠤᠰ ᠲᠥᠷᠥ᠎ᠶ᠋ᠢᠨ ᠤᠬᠠᠮᠰᠠᠷ᠎ᠢᠶᠠᠷ ᠰᠠᠬᠢᠯᠭ᠎ᠠ ᠪᠠᠲᠤ᠎ᠶ᠋ᠢ ᠭᠦᠨᠵᠡᠭᠡᠶ ᠰᠤᠷᠤᠯᠴᠠᠵᠤ᠂ ᠰᠠᠬᠢᠯᠭ᠎ᠠ ᠪᠠᠲᠤ ᠶ᠋ᠢ ᠳᠤᠳᠤᠷᠬᠠᠢ ᠮᠡᠳᠡᠵᠦ᠂ ᠲᠦᠷᠢᠮ ᠲᠣᠭ᠍ᠲᠠᠭᠠᠯ ᠲᠣᠭ᠍ᠲᠠᠭᠠᠨ ᠰᠠᠬᠢᠯᠭ᠎ᠠ ᠪᠠᠲᠤ᠎ᠶ᠋ᠢ ᠲᠣᠳᠣᠷᠬᠠᠢᠯᠠᠵᠤ᠂ ᠵᠢᠳᠬᠦᠯ ᠴᠢᠷᠮᠠᠢᠯᠭ᠎ᠠ ᠭᠠᠷᠭᠠᠨ ᠰᠠᠬᠢᠯᠭ᠎ᠠ ᠪᠠᠲᠤ᠎ᠶ᠋ᠢ ᠵᠢᠷᠤᠮᠯᠠᠬᠤ ᠵᠢ ᠬᠥᠲᠥᠯᠥᠨ ᠵᠢᠯᠣᠭᠣᠳᠴᠠᠢ᠃ ᠨᠠᠮ᠎ᠤᠨ ᠰᠠᠬᠢᠯᠭ᠎ᠠ ᠪᠠᠲᠤ ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ᠎ᠶ᠋ᠢ ᠬᠥᠩᠭᠡᠷᠡᠭᠦᠯᠬᠦ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ ᠢ ᠴᠡᠭ᠌ᠴᠡᠯᠡᠨ ᠵᠠᠰᠠᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠵᠦᠶ᠋ᠯ ᠦᠨ ᠠᠵᠢᠯ ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠨᠢᠭᠡ ᠴᠣᠭ᠍ᠴᠠᠵᠢᠭᠤᠯᠤᠨ ᠲᠣᠬᠢᠷᠠᠭᠤᠯᠤᠨ ᠪᠠᠢᠷᠢᠯᠠᠭᠤᠯᠵᠤ᠂ ᠨᠢᠭᠡ ᠴᠣᠭ᠍ᠴᠠᠵᠢᠭᠤᠯᠤᠨ ᠰᠤᠷᠤᠯᠴᠠᠵᠤ ᠰᠤᠳᠤᠯᠤᠨ ᠶᠠᠷᠢᠯᠴᠠᠵᠤ᠂ ᠨᠢᠭᠡ ᠴᠣᠭ᠍ᠴᠠᠵᠢᠭᠤᠯᠤᠨ ᠪᠠᠢᠴᠠᠭᠠᠨ ᠰᠤᠳᠤᠯᠵᠤ ᠵᠢᠭᠠᠨ ᠵᠢᠯᠣᠭᠣᠳᠴᠤ᠌᠂ ᠨᠢᠭᠡ ᠴᠣᠭ᠍ᠴᠠᠵᠢᠭᠤᠯᠤᠨ ᠮᠡᠳᠡᠭᠡ ᠵᠠᠩᠭᠢ᠎ᠶ᠋ᠢ ᠬᠠᠷᠢᠭᠤ ᠲᠤᠰᠭᠠᠪᠠ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭ᠌ᠰᠡᠨ᠎ᠡᠴᠡ ᠨᠠᠭᠠᠰᠢ᠂ ᠪᠦᠬᠦ᠌ ᠬᠤᠳᠠ᠎ᠳᠦ ᠤᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠤᠭ᠍ᠰᠠᠨ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ 80 ᠠᠰᠠᠭᠤᠳᠠᠯ 123 ᠬᠥᠮᠦᠨ ᠢ ᠪᠠᠢᠴᠠᠭᠠᠨ ᠱᠢᠢᠳᠪᠦᠷᠢᠯᠡᠵᠦ᠍᠂ ᠱᠠᠯᠠᠪᠳᠠᠭᠤᠯᠤᠨ ᠪᠠᠢᠴᠠᠭᠠᠬᠤ ᠬᠢᠨᠠᠨ ᠪᠠᠢᠴᠠᠭᠠᠬᠤ ᠬᠡᠷᠡᠭ ᠶᠠᠪᠤᠳᠠᠯ᠎ᠢ 22% ᠵᠢᠡᠷ ᠪᠠᠭᠠᠰᠭᠠᠵᠤ᠂ ᠪᠢᠴᠢᠭ ᠮᠠᠲ᠋ᠧᠷᠢᠶᠠᠯᠶᠠᠪᠤᠭᠤᠯᠬᠤ ᠵᠢ ᠠᠳᠠᠯᠢ ᠬᠤᠭᠤᠴᠠᠭᠠᠨ᠎ᠤ ᠬᠢ᠎ᠡᠴᠡ 41% ᠪᠡᠷ ᠪᠠᠭᠠᠰᠬᠠᠵᠤ᠂ ᠬᠤᠷᠠᠯ ᠬᠤᠷᠠᠯᠳᠤᠭᠤᠯᠤᠭ᠍ᠰᠠᠨ ᠲᠣᠭ᠎ᠠ ᠬᠡᠮᠵᠢᠶ᠎ᠡ ᠨᠢ ᠠᠳᠠᠯᠢ ᠬᠤᠭᠤᠴᠠᠭᠠᠨ᠎ᠤ ᠬᠢ᠎ᠡᠴᠡ 8.33% ᠪᠡᠷ ᠪᠠᠭᠠᠰᠴᠤ᠌᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠠᠵᠢᠯ ᠬᠢᠵᠦ᠍ ᠦᠢᠯᠡᠰ ᠪᠤᠰᠭᠠᠬᠤ ᠡᠷᠴᠢ ᠵᠣᠷᠢᠭ ᠨᠡᠩ ᠴᠢᠩᠭᠠᠷᠠᠪᠠ᠃
ᠬᠢᠩᠭᠠᠨ ᠠᠢᠮᠠᠭ ᠤᠨ ᠷᠠᠱᠢᠶᠠᠨ ᠬᠤᠳᠠ᠎ᠶ᠋ᠢᠨ ᠬᠢᠨ ᠰᠡᠷᠡᠮᠵᠢᠯᠡᠭᠦᠯᠦᠯ ᠬᠥᠮᠦᠵᠢᠯ ᠥᠷᠨᠢᠭᠦᠯᠬᠦ᠌᠎ᠶ᠋ᠢ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠴᠢᠬᠤᠯᠠ ᠠᠭᠤᠯᠭ᠎ᠠ ᠪᠣᠯᠭᠠᠵᠤ᠂ ᠱᠠᠳᠤ ᠬᠤᠪᠢᠶᠠᠨ ᠲᠦᠷᠦᠯ ᠬᠤᠪᠢᠶᠠᠵᠤ᠂ ᠲᠦᠷᠦ᠍᠎ᠶ᠋ᠢᠨ ᠪᠤᠳᠤᠯᠭ᠎ᠠ᠎ᠶ᠋ᠢ ᠣᠨᠣᠴᠠᠲᠠᠢ ᠬᠡᠷᠡᠭ᠌ᠵᠢᠭᠦᠯᠪᠡ᠃ ᠤᠢ᠍ᠢᠷ᠎ᠠ᠎ᠶ᠋ᠢᠨ ᠵᠢᠯ᠎ᠦᠨ ᠲᠤᠷᠱᠢᠬᠢ ᠷᠠᠱᠢᠶᠠᠨ ᠬᠤᠳᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ ᠡᠴᠡ ᠵᠥᠷᠢᠴᠡᠭ᠌ᠰᠡᠨ ᠬᠡᠷᠡᠭ᠎ᠦᠨ ᠵᠢᠱ᠌ᠢᠢ᠎ᠡ ᠶ᠋ᠢ ᠡᠮᠬᠢᠯᠡᠵᠦ᠍᠂《ᠳᠡᠷᠭᠡᠳᠡᠬᠢ ᠶᠠᠪᠤᠳᠠᠯ》 ᠵᠢᠡᠷ 《ᠳᠡᠷᠭᠡᠳᠡᠬᠢ ᠬᠥᠮᠦᠰ》 ᠢ᠋ ᠰᠡᠷᠡᠮᠵᠢᠯᠡᠭᠦᠯᠵᠦ᠍᠂ ᠪᠦᠬᠦ᠌ ᠨᠠᠮ᠎ᠤᠨ ᠭᠡᠱᠢᠭᠦᠨ ᠳᠦ ᠦᠵᠡᠯ ᠰᠠᠨᠠᠭᠠᠨ ᠤ ᠰᠡᠷᠡᠮᠵᠢ᠎ᠶ᠋ᠢᠨ ᠬᠤᠩᠬᠤ᠎ᠶ᠋ᠢ ᠪᠠᠢᠩᠭᠤ ᠲᠠᠩᠬᠢᠨᠠᠭᠤᠯᠵᠦ᠂ ᠰᠠᠬᠢᠯᠭ᠎ᠠ ᠪᠠᠲᠤ᠎ᠶ᠋ᠢᠨ ᠬᠥᠪᠴᠢ᠎ᠶ᠋ᠢ ᠴᠢᠩᠭ᠎ᠠ ᠠᠳᠭᠤᠵᠤ᠂ ᠵᠢᠷᠦᠬᠡᠱᠢᠶᠡᠬᠦ᠌ ᠰᠡᠳᠭᠢᠯ ᠪᠠᠢᠩᠭᠤ ᠡᠪᠦᠷᠯᠡᠭᠦ ᠵᠢ ᠬᠥᠮᠦᠵᠢᠭᠦᠯᠵᠦ᠍ ᠬᠦᠳᠦᠯᠥᠨ ᠳᠠᠭᠠᠭᠤᠯᠪᠠ; ᠪᠦᠬᠦ᠌ ᠬᠣᠲᠠ᠎ᠶ᠋ᠢᠨ ᠭᠠᠵᠠᠷ᠎ᠤᠨ ᠲᠡᠰ ᠤᠨ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠤᠨᠢ ᠵᠣᠬᠢᠶᠠᠨ ᠪᠠᠢᠭᠤᠯᠤᠨ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠦᠵᠡᠭᠦᠯᠵᠦ᠍᠂ ᠡᠯ᠎ᠡ ᠨᠢᠭᠡᠴᠢ᠎ᠶ᠋ᠢᠨ ᠨᠠᠮ ᠤᠨ ᠭᠡᠱᠢᠭᠦᠨ ᠢ ᠵᠣᠬᠢᠶᠠᠨ ᠪᠠᠢᠭᠤᠯᠵᠦ ᠪᠦᠯᠦᠭ ᠤᠳᠠᠭ᠎ᠠ ᠬᠤᠪᠢᠶᠠᠨ ᠬᠣᠷᠢᠭᠤᠯ ᠤᠨ ᠭᠠᠵᠠᠷ᠂ ᠬᠣᠣᠷ ᠴᠠᠭᠠᠵᠠᠯᠠᠬᠤ ᠬᠥᠮᠦᠵᠢᠯ ᠦᠨ ᠰᠠᠭᠤᠷᠢᠨ᠎ᠢᠶᠠᠷ ᠲᠣᠭᠣᠷᠢᠨ ᠦᠵᠡᠭᠦᠯᠵᠦ᠍᠂ 《ᠠᠰ ᠨᠢᠭᠤᠷᠳᠠᠭᠤᠯᠤᠨ》 ᠥᠪᠡᠷ᠎ᠦᠨ ᠪᠡᠶ᠎ᠡ᠎ᠪᠡᠷ ᠨᠢ ᠶᠠᠷᠢᠭᠤᠯᠵᠦ᠂ ᠬᠡᠷᠡᠭ᠎ᠢᠶᠡᠷ ᠲᠣᠯᠢ ᠪᠣᠯᠭᠠᠬᠤ ᠪᠡᠷ ᠳᠠᠮᠵᠢᠨ ᠰᠤᠷᠭᠠᠮᠵᠢ ᠠᠪᠤᠭᠤᠯᠪᠠ; ᠬᠤᠷᠤᠭᠤᠨ ᠦᠵᠦᠭᠦᠷ ᠳᠡᠭᠡᠷᠡᠬᠢ 《ᠡᠭᠦᠯᠡᠨ ᠬᠢᠴᠢᠶᠡᠯ᠎ᠦᠨ ᠲᠠᠩᠬᠢᠮ》 ᠢ᠋ ᠪᠠᠢᠭᠤᠯᠵᠤ᠂ ᠵᠤᠬᠢᠶᠠᠯ ᠵᠢᠷᠤᠭ ᠬᠠᠪᠰᠤᠷᠭᠠᠭᠰᠠᠨ᠂ ᠲᠦᠭᠦᠮ ᠣᠢᠯᠠᠭᠠᠮᠵᠢᠲᠠᠢ ᠬᠡᠯᠪᠡᠷᠢ ᠪᠡᠷ ᠨᠠᠮ᠎ᠤᠨ ᠰᠠᠬᠢᠯᠭ᠎ᠠ ᠪᠠᠲᠤ᠎ᠶ᠋ᠢᠨ ᠭᠣᠣᠯᠳᠠᠯᠭ᠎ᠠ ᠲᠠᠶ ᠮᠡᠳᠡᠯᠭᠡ ᠶ᠋ᠢ ᠲᠠᠢᠯᠪᠤᠷᠢᠯᠠᠪᠠ; ᠨᠠᠮ ᠤᠨ ᠭᠡᠱᠢᠭᠦᠳ ᠢ ᠵᠣᠬᠢᠶᠠᠨ ᠪᠠᠢᠭᠤᠯᠵᠦ ᠱᠢᠭᠦᠬᠦ᠌ ᠬᠣᠷᠢᠶ᠎ᠠ᠎ᠳᠤ ᠣᠴᠢᠭᠤᠯᠵᠤ ᠲᠢᠩᠬᠢᠮ᠎ᠦᠨ ᠱᠢᠭᠦᠯᠲᠡ ᠶ᠋ᠢ ᠰᠤᠯᠠ ᠰᠣᠨᠣᠰᠬᠠᠬᠤ ᠠᠵᠢᠯᠯᠠᠭ᠎ᠠ ᠥᠷᠨᠢᠭᠦᠯᠵᠦ᠍᠂ ᠨᠠᠮ ᠤᠨ ᠭᠡᠱᠢᠭᠦᠨ ᠺᠠᠳ᠋ᠷᠴᠤᠳ᠎ᠲᠦ ᠵᠠᠭᠠᠬ ᠱᠤᠭᠤᠮ᠎ᠢ ᠪᠠᠲᠤ ᠰᠠᠬᠢᠵᠤ᠂ ᠤᠯᠠᠭᠠᠨ ᠱᠤᠭᠤᠮ᠎ᠢ ᠳᠠᠪᠠᠬᠤ ᠦᠭᠡᠢ ᠪᠠᠢᠵᠤ᠂ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠤᠭᠴᠠᠯᠠᠬᠤ ᠵᠢ ᠰᠡᠷᠡᠮᠵᠢᠯᠡᠭᠦᠯᠪᠡ᠃
ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ ᠢ ᠴᠡᠭ᠌ᠴᠡᠯᠡᠨ ᠵᠠᠰᠠᠬᠤ ᠭᠤᠷᠪᠠᠨ ᠵᠦᠢᠯ ᠦᠨ ᠠᠵᠢᠯ᠎ᠢ ᠨᠢᠭᠡ ᠴᠤᠬ᠍ᠴᠠᠵᠢᠭᠤᠯᠤᠨ ᠠᠬᠢᠭᠤᠯᠵᠤ᠂ 《ᠲᠣᠭ᠍ᠲᠠᠭᠤᠨ》ᠪᠠᠢᠬᠤ ᠦᠨᠳᠦᠰᠦᠨ ᠬᠦᠭ ᠠᠶᠠᠰ ᠢ ᠪᠠᠷᠢᠮᠲᠠᠯᠠᠵᠤ᠂ ᠠᠵᠢᠯ ᠤᠨ ᠠᠭᠤᠯᠭ᠎ᠠ ᠠᠳᠠᠯᠢᠪᠲᠤᠷ᠂ ᠠᠷᠭ᠎ᠠ ᠮᠠᠶᠢᠭ ᠠᠳᠠᠯᠢᠪᠲᠤᠷ 17 ᠵᠦᠢᠯ ᠦᠨ ᠠᠵᠢᠯ ᠤᠨ ᠡᠭᠦᠷᠭᠡ ᠶ᠋ᠢ ᠱᠢᠯᠢᠳᠡᠭ᠌ᠵᠢᠭᠦᠯᠪᠡ᠃ 《ᠱᠢᠯᠢᠳᠡᠭ》 ᠪᠠᠢᠬᠤ ᠠᠷᠭ᠎ᠠ ᠬᠡᠮᠵᠢᠶ᠎ᠡ᠎ᠶ᠋ᠢ ᠳᠣᠪᠣᠢᠯᠭᠠᠵᠤ᠂ ᠰᠦᠪᠡᠭ᠌ᠴᠢ᠎ᠶ᠋ᠢ ᠬᠠᠮᠲᠤ᠎ᠪᠠᠷ ᠬᠡᠷᠡᠭ᠌ᠯᠡᠬᠦ᠌᠂ ᠠᠰᠠᠭᠤᠳᠠᠯ ᠢ ᠬᠠᠮᠲᠤ ᠪᠠᠷ ᠪᠠᠢᠴᠠᠭᠠᠬᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠬᠠᠮᠲᠤ᠎ᠪᠠᠷ ᠠᠳᠭᠤᠬᠤ᠂ ᠦᠷ᠎ᠡ ᠪᠦᠲᠦᠭᠡᠯ ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠪᠡ᠃ 《ᠪᠣᠳᠠᠲᠠᠶ》 ᠪᠠᠢᠬᠤ ᠬᠠᠷᠠᠯᠲᠠ᠎ᠶ᠋ᠢ ᠴᠢᠩᠭ᠎ᠠ ᠠᠳᠭᠤᠵᠤ᠂ ᠬᠢᠨᠠᠯᠲᠠ ᠲᠠᠯᠪᠢᠬᠤ《ᠲᠣᠮᠣᠷᠠᠭᠤᠯᠬᠤ ᠱᠢᠯ》᠎ᠢ᠋ ᠣᠯᠠᠨ ᠲᠦᠮᠡᠨ᠎ᠦ ᠨᠡᠢᠳᠡᠮ ᠠᠩᠬᠠᠷᠴᠤ᠌ ᠪᠠᠢᠭ᠎ᠠ ᠰᠤᠷᠭᠠᠨ ᠬᠥᠮᠦᠵᠢᠯ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ ᠵᠡᠷᠭᠡ ᠭᠤᠤᠯᠳᠠᠯᠭ᠎ᠠ ᠲᠠᠶ ᠬᠦᠷᠢᠶᠡᠨ ᠳᠦ ᠲᠥᠪᠯᠡᠷᠡᠭᠦᠯᠵᠦ᠍᠂ 109 ᠠᠰᠠᠭᠤᠳᠠᠯ᠎ᠢ ᠡᠮᠬᠢᠯᠡᠨ ᠪᠠᠢᠴᠠᠭᠠᠵᠤ᠂ 73 ᠠᠰᠠᠭᠤᠳᠠᠯ ᠢ ᠴᠡᠭ᠌ᠴᠡᠯᠡᠨ ᠰᠠᠢᠵᠢᠷᠠᠭᠤᠯᠵᠤ᠂ 4 ᠬᠡᠷᠡᠭ ᠢ ᠬᠡᠷᠡᠭ ᠪᠣᠯᠭᠠᠨ ᠳᠡᠩᠰᠡᠯᠡᠪᠡ᠃ 《ᠲᠤᠮᠤ ᠲᠡᠷᠭᠡᠨ᠎ᠳᠤ ᠲᠠᠭ᠎ᠠ ᠬᠦᠯᠬᠦ》 ᠠᠰᠠᠭᠤᠳᠠᠯ᠎ᠳᠤ ᠴᠢᠭ᠌ᠯᠡᠭᠦᠯᠦᠨ᠂ ᠭᠠᠴᠠᠭ᠎ᠠ ᠨᠡᠢᠭᠡᠮ ᠲᠣᠭᠣᠷᠢᠭ ᠤᠨ ᠬᠡᠷᠡᠭ ᠡᠷᠭᠢᠯᠡᠬᠦ᠌ ᠴᠣᠩᠬᠣ 23 ᠶ᠋ᠢ ᠱᠢᠯᠢᠳᠡᠭ᠌ᠵᠢᠭᠦᠯᠵᠦ᠍᠂ ᠬᠡᠷᠡᠭ ᠥᠬᠡᠶ ᠬᠠᠭᠤᠷᠮᠠᠭ ᠫᠠᠢᠰᠠ 268 ᠶ᠋ᠢ ᠴᠡᠪᠡᠷᠯᠡᠵᠦ᠍᠂ ᠦᠨᠳᠦᠰᠦᠨ ᠱᠠᠲᠤᠨ᠎ᠤ ᠡᠭᠦᠷᠭᠡ ᠬᠠᠷᠢᠭᠤᠴᠠᠯᠭ᠎ᠠ᠎ᠶ᠋ᠢᠨ ᠵᠠᠭᠠᠭ ᠬᠢᠵᠠᠭᠠᠷ᠎ᠢ ᠨᠠᠩ ᠲᠣᠳᠣᠷᠬᠠᠶ ᠪᠣᠯᠭᠠᠪᠠ᠃