8 ᠰᠠᠷ᠎ᠠ ᠵᠢᠨ 26 ᠤ᠋ ᠡᠳᠦᠷ᠂ ᠠᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠮᠦᠽᠸᠢ ᠵᠢᠴᠢ ᠬᠠᠮᠢᠶ᠎ᠠ ᠪᠦᠬᠦᠢ ᠦᠢᠯᠡᠳᠬᠦᠨ ᠬᠢᠭᠡᠳ ᠮᠡᠷᠭᠡᠵᠢᠯ ᠤ᠋ᠨ ᠦᠵᠡᠰᠭᠦᠯᠡᠩ ᠤ᠋ᠨ ᠴᠤᠬᠯᠠᠭᠠᠨ (《 ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠭᠡᠵᠤ ᠲᠦᠭᠦᠮᠴᠢᠯᠡᠨ᠎ᠡ)ᠬᠦᠬᠡᠬᠤᠳᠠ ᠵᠢᠨ ᠴᠡᠯᠡᠭᠡᠷ ᠲᠠᠯ᠎ᠠ ᠤᠯᠠᠨ ᠤᠯᠤᠰ ᠤ᠋ᠨ ᠦᠵᠡᠰᠭᠦᠯᠡᠩ ᠤ᠋ᠨ ᠲᠦᠪ ᠲᠦ᠍ ᠠᠮᠵᠢᠯᠳᠠ ᠲᠠᠢ ᠦᠨᠳᠦᠷᠯᠡᠪᠡ᠃
ᠲᠤᠰ ᠬᠤᠭᠤᠴᠠᠭᠠᠨ ᠤ᠋ 《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠨᠢ 4 ᠡᠳᠦᠷ ᠶᠠᠪᠤᠬᠳᠠᠵᠤ᠂ ᠬᠠᠭᠠᠨ ᠤ᠋ ᠤᠷᠳᠤᠨ ᠤ᠋ ᠮᠦᠽᠸᠢ᠂ ᠳᠤᠮᠳᠠᠳᠤ ᠤᠯᠤᠰ ᠤ᠋ᠨ ᠤᠯᠤᠰ ᠤ᠋ᠨ ᠮᠦᠽᠸᠢ᠂ ᠱᠠᠩᠬᠠᠢ ᠵᠢᠨ ᠮᠦᠽᠸᠢ ᠵᠡᠷᠭᠡ ᠤᠯᠤᠰ ᠤ᠋ᠨ ᠳᠤᠳᠤᠭᠠᠳᠤ ᠵᠢᠨ 394 ᠮᠦᠽᠸᠢ ᠨᠢᠭᠡ ᠴᠤᠭᠯᠠᠭᠠᠨᠳᠤ ᠤᠷᠤᠯᠴᠠᠵᠦ᠂ ᠦᠵᠡᠰᠭᠦᠯᠡᠩ ᠤ᠋ᠨ ᠶᠡᠷᠦᠩᠬᠡᠢ ᠳᠠᠯᠠᠪᠠᠢ ᠨᠢ 5 ᠲᠦᠮᠡ ᠭᠠᠷᠤᠢ ᠳᠡᠭᠰᠢ ᠲᠦᠷᠪᠡᠯᠵᠢᠨ ᠮᠸᠲᠷ ᠲᠦ᠍ ᠬᠦᠷᠴᠦ᠂ ᠳᠤᠮᠳᠠᠳᠤ ᠤᠯᠤᠰ ᠤ᠋ᠨ ᠮᠦᠽᠸᠢ ᠵᠢᠨ ᠠᠵᠢᠯ ᠲᠦᠷᠦᠯ ᠤ᠋ᠨ ᠦᠯᠡᠮᠵᠢ ᠦᠷ᠎ᠠ ᠪᠦᠲᠦᠭᠡᠯ ᠢ᠋ ᠳᠡᠯᠭᠡᠨ ᠦᠵᠡᠭᠦᠯᠵᠠᠢ; ᠢᠵᠢ ᠪᠦᠷᠢᠳᠦᠭᠦᠯᠦᠨ ᠶᠠᠪᠤᠬᠳᠠᠭᠤᠯᠤᠬᠰᠠᠨ ᠰᠢᠷᠢᠰ ᠡᠷᠳᠡᠮ ᠰᠢᠨᠵᠢᠯᠡᠭᠡᠨ ᠤ᠋ ᠠᠵᠢᠯᠯᠠᠭ᠎ᠠ᠂ 40 ᠭᠠᠷᠤᠢ ᠳᠠᠯᠠᠪᠠᠢ ᠤᠯᠠᠨ ᠨᠡᠢᠳᠡ ᠵᠢᠨ ᠠᠵᠢᠯᠯᠠᠭ᠎ᠠ ᠨᠢ ᠤᠯᠠᠨ ᠲᠦᠮᠡᠨ ᠳ᠋ᠦ ᠰᠤᠶᠤᠯ ᠤ᠋ᠨ ᠦᠯᠡᠳᠡᠭᠳᠡᠯ ᠢ᠋ ᠤᠢᠯᠠᠭᠠᠬᠤ᠂ ᠲᠡᠦᠬᠡ ᠵᠢᠨ ᠪᠤᠯᠪᠠᠰᠤᠨ ᠲᠠᠢ ᠤᠢᠷᠠᠳᠬᠤ ᠴᠤᠩᠬᠤ ᠵᠢ ᠨᠡᠭᠡᠭᠡᠨ ᠦᠭᠴᠠᠢ᠃
ᠮᠦᠽᠸᠢ ᠵᠢᠨ ᠬᠦᠷᠢᠶ᠎ᠡ ᠴᠠᠷᠠᠭᠠᠳᠡᠬᠢ ᠬᠠᠮᠤᠭ ᠤ᠋ᠨ ᠦᠨᠳᠦᠷ ᠳᠡᠰ ᠤ᠋ᠨ ᠦᠪᠡᠳᠡᠭᠰᠢ ᠴᠤᠬᠯᠠᠭᠠᠨ ᠪᠤᠯᠤᠬᠰᠠᠨ ᠤ᠋ ᠬᠤᠪᠢ ᠳ᠋ᠦ᠂ ᠲᠤᠰ ᠤᠳᠠᠭᠠᠨ ᠤ᠋ 《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ 》 ᠨᠢ ᠲᠡᠭᠦᠨ ᠤ᠋ ᠰᠤᠶᠤᠯ ᠤ᠋ᠨ ᠦᠯᠡᠳᠡᠭᠳᠡᠯ ᠤ᠋ᠨ ᠬᠠᠮᠠᠭᠠᠯᠠᠯᠳᠠ᠂ ᠰᠢᠨ᠎ᠡ ᠵᠢ ᠡᠭᠦᠳᠬᠦ ᠬᠦᠷᠢᠶᠡᠨ ᠤ᠋ ᠴᠢᠬᠤᠯᠠ ᠪᠠᠢᠷᠢ ᠰᠠᠭᠤᠷᠢ ᠪᠠᠨ ᠳᠠᠬᠢᠨᠳᠠ ᠭᠡᠷᠡᠴᠢᠯᠡᠵᠤ᠂ ᠲᠤᠭᠤᠷᠢᠨ ᠦᠵᠡᠭᠴᠢ ᠵᠢᠨ ᠲᠤᠭ᠎ᠠ 35 ᠲᠦᠮᠡᠨ ᠬᠦᠮᠦᠨ ᠤᠳᠠᠭᠠᠳᠤ ᠬᠦᠷᠴᠦ᠂ ᠲᠡᠦᠬᠡ ᠵᠢᠨ ᠰᠢᠨ᠎ᠡ ᠳᠡᠮᠳᠡᠭᠯᠡᠯ ᠢ᠋ ᠡᠭᠦᠳᠴᠠᠢ᠃
4 ᠡᠳᠦᠷ ᠤ᠋ᠨ ᠬᠤᠭᠤᠴᠠᠭᠠᠨ ᠳ᠋ᠦ᠂ ᠦᠵᠡᠰᠭᠦᠯᠡᠩ ᠤ᠋ᠨ ᠤᠷᠳᠤᠨ ᠳ᠋ᠦ ᠬᠦᠮᠦᠨ ᠤ᠋ ᠳᠠᠯᠠᠢ ᠪᠤᠯᠵᠤ᠂ ᠬᠠᠷᠢᠯᠴᠠᠨ ᠬᠦᠳᠡᠯᠦᠯᠴᠡᠬᠦ ᠦᠵᠡᠭᠦᠯᠭᠡ ᠵᠢᠨ ᠲᠤᠭᠤᠷᠢᠭ ᠲᠦ᠍ ᠤᠷᠳᠤ ᠤᠷᠳᠤ ᠡᠩᠨᠡᠭᠡ ᠪᠡᠷ ᠮᠦᠷᠡᠯᠡᠵᠡᠭᠡᠵᠤ᠂ ᠡᠯ᠎ᠡ ᠡᠷᠳᠡᠮ ᠰᠢᠨᠵᠢᠯᠡᠭᠡᠨ ᠤ᠋ ᠳᠠᠢᠯᠤᠮᠵᠢ᠂ ᠰᠤᠳᠤᠯᠤᠨ ᠶᠠᠷᠢᠯᠴᠠᠬᠤ ᠳᠠᠪᠴᠠᠩ ᠪᠠ ᠰᠤᠶᠤᠯ ᠤ᠋ᠨ ᠠᠵᠢᠯᠯᠠᠭ᠎ᠠ ᠨᠢ ᠳᠠᠯᠠᠪᠠᠢ ᠪᠤᠯᠭᠠᠨ ᠬᠦᠮᠦᠰ ᠲᠦᠭᠦᠷᠡᠩ ᠪᠠᠢᠯ᠎ᠠ᠃ ᠨᠡᠢᠭᠡᠮ ᠤ᠋ᠨ ᠬᠠᠷᠢᠯᠴᠠᠭᠠᠨ ᠤ᠋ ᠵᠠᠭᠤᠴᠢᠯᠠᠭᠤᠷ ᠳᠡᠭᠡᠷ᠎ᠡ 《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠶᠠᠷᠢᠶ᠎ᠠ ᠬᠡᠯᠡᠯᠴᠡᠭᠡᠨ ᠤ᠋ ᠬᠠᠯᠠᠮᠰᠢᠯ ᠴᠡᠭ ᠪᠤᠯᠵᠤ᠂ ᠡᠯ᠎ᠡ ᠲᠦᠷᠦᠯ ᠤ᠋ᠨ ᠪᠢᠴᠢᠯ ᠸᠢᠳᠢᠣ᠋᠂ ᠵᠢᠷᠤᠭ ᠦᠰᠦᠭ ᠤ᠋ᠨ ᠮᠡᠳᠡᠭᠡᠯᠡᠯ ᠵᠠᠯᠭᠠᠭ᠎ᠠ ᠪᠡᠷ ᠰᠠᠴᠤᠬᠳᠠᠨ ᠳᠠᠮᠵᠢᠬᠳᠠᠵᠤ᠂ ᠨᠡᠩ ᠤᠯᠠᠨ ᠬᠦᠮᠦᠨ ᠤ᠋ ᠮᠦᠽᠸᠢ ᠪᠤᠯᠤᠨ ᠰᠤᠶᠤᠯ ᠤ᠋ᠨ ᠦᠯᠡᠳᠡᠭᠳᠡᠯ ᠳ᠋ᠡᠬᠢ ᠰᠤᠨᠢᠷᠬᠠᠯ ᠢ᠋ ᠬᠦᠭᠵᠢᠭᠡᠵᠠᠢ᠃
ᠡᠯ᠎ᠠ ᠮᠦᠽᠸᠢ ᠤᠷᠳᠤᠨ ᠡᠴᠡ ᠦᠪᠡᠷ ᠤ᠋ᠨ ᠬᠤᠪᠤᠷ ᠨᠠᠨᠳᠢᠨ ᠬᠠᠳᠠᠭᠠᠯᠠᠮᠵᠢ ᠪᠠᠨ ᠳᠡᠯᠭᠡᠵᠤ᠂ ᠦᠵᠡᠭᠴᠢᠳ ᠨᠡᠩ ᠤᠢᠷᠠᠬᠠᠨ ᠡᠴᠡ ᠡᠳᠡᠭᠡᠷ ᠴᠠᠭ ᠦᠶ᠎ᠡ ᠵᠢᠨ ᠢᠮ ᠳᠠᠮᠠᠭ᠎ᠠ ᠲᠠᠢ ᠬᠤᠪᠤᠷ ᠡᠷᠳᠡᠨᠢᠰ ᠢ᠋ ᠰᠤᠨᠢᠷᠬᠠᠨ ᠦᠵᠡᠵᠤ᠂ ᠦᠷᠭᠡᠨ ᠳᠡᠯᠭᠡᠷ ᠬᠦᠨ ᠬᠦᠨᠵᠡᠭᠡᠢ ᠳᠤᠮᠳᠠᠳᠤ ᠵᠢᠨ ᠪᠤᠯᠪᠠᠰᠤᠨ ᠢ᠋ ᠮᠡᠳᠡᠷᠡᠵᠤ ᠪᠠᠢᠯ᠎ᠠ᠃
ᠲᠡᠦᠬᠡᠨ ᠳᠤᠷᠠᠰᠬᠠᠯᠳᠤ ᠪᠤᠳᠠᠰ ᠤ᠋ᠨ ᠳᠡᠯᠭᠡᠨ ᠦᠵᠡᠭᠦᠯᠭᠡ ᠡᠴᠡ ᠭᠠᠳᠠᠨ᠎ᠠ᠂ 《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠤ᠋ ᠰᠤᠶᠤᠯ ᠤ᠋ᠨ ᠪᠦᠲᠦᠭᠡᠯᠴᠢ ᠦᠢᠯᠡᠳᠬᠦᠨ ᠨᠢ ᠠᠳᠠᠯᠢᠬᠠᠨ ᠵᠢᠡᠷ ᠤᠯᠠᠨ ᠦᠵᠡᠭᠴᠢᠳ ᠤ᠋ᠨ ᠬᠠᠷᠠᠭ᠎ᠠ ᠵᠢ ᠪᠤᠯᠢᠶᠠᠵᠤ ᠬᠠᠢᠷ᠎ᠠ ᠵᠢ ᠳᠠᠳᠠᠪᠠ᠃ ᠡᠳᠡᠭᠡᠷ ᠰᠤᠶᠤᠯ ᠤ᠋ᠨ ᠪᠦᠲᠦᠭᠡᠯᠴᠢ ᠦᠢᠯᠡᠳᠭᠦᠨᠤ ᠲᠦᠰᠦᠪᠯᠡᠯ ᠳ᠋ᠡᠭᠡᠨ ᠤᠯᠠᠮᠵᠢᠯᠠᠯᠳᠤ ᠰᠤᠶᠤᠯ ᠤ᠋ᠨ ᠡᠯᠸᠮᠸᠨ᠋ᠲ ᠢ᠋ ᠠᠭᠤᠰᠬᠠᠵᠤ᠂ ᠪᠠᠰᠠ ᠤᠳᠤ ᠦᠶ᠎ᠡ ᠵᠢᠨ ᠭᠤᠸ᠎ᠠ ᠳᠠᠭᠠᠰᠢᠶᠠᠯ ᠪᠤᠯᠤᠨ ᠪᠤᠳᠠᠳᠤ ᠬᠡᠷᠡᠭᠯᠡᠭᠡᠨ ᠤ᠋ ᠦᠢᠯᠡᠳᠦᠯ ᠴᠢᠳᠠᠪᠬᠢ ᠵᠢ ᠤᠶᠠᠯᠳᠤᠭᠤᠯᠵᠤ᠂ 《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠳᠡᠭᠡᠷᠡᠬᠢ ᠤᠮᠳᠤᠭᠠᠢᠯᠠᠵᠤ ᠴᠢᠳᠠᠰᠢ ᠦᠭᠡᠢ ᠨᠢᠭᠡᠨ ᠬᠢᠯᠠᠰ ᠴᠡᠭ ᠪᠤᠯᠤᠬᠰᠠᠨ ᠶᠤᠮ᠃
ᠡᠷᠳᠡᠨ ᠤ᠋ ᠲᠡᠦᠬᠡᠨ ᠳᠤᠷᠠᠰᠬᠠᠯᠳᠤ ᠵᠦᠢᠯᠡᠰ ᠡᠴᠡ ᠤᠩᠭᠤᠳ ᠠᠪᠴᠤ ᠵᠤᠬᠢᠶᠠᠬᠰᠠᠨ ᠵᠠᠰᠠᠯ ᠤ᠋ᠨ ᠡᠳ᠋᠂ ᠪᠠᠶᠠᠯᠢᠭ ᠰᠤᠨᠢᠷᠬᠠᠯᠳᠤ ᠴᠢᠨᠠᠷ ᠪᠦᠬᠦᠢ ᠮᠦᠽᠸᠢ ᠵᠢᠨ ᠬᠠᠮᠢᠶ᠎ᠠ ᠪᠦᠬᠦᠢ ᠲᠠᠸᠠᠷ ᠵᠡᠷᠭᠡ ᠡᠳᠡᠭᠡᠷ ᠰᠤᠶᠤᠯ ᠤ᠋ᠨ ᠪᠦᠲᠦᠭᠡᠯᠴᠢ ᠦᠢᠯᠡᠳᠬᠦᠨ ᠨᠢ ᠤᠯᠠᠮᠵᠢᠯᠠᠯᠳᠤ ᠰᠤᠶᠤᠯ ᠳ᠋ᠦ ᠰᠢᠨ᠎ᠡ ᠠᠮᠢᠵᠢᠷᠠᠯ ᠤ᠋ᠨ ᠬᠦᠴᠦᠨ ᠤᠯᠭᠤᠬᠰᠠᠨ ᠵᠢᠡᠷ ᠪᠠᠷᠠᠬᠤ ᠦᠭᠡᠢ ᠰᠤᠶᠤᠯ ᠤ᠋ᠨ ᠤᠯᠠᠮᠵᠢᠯᠠᠯ ᠳ᠋ᠦ ᠰᠢᠨ᠎ᠡ ᠵᠠᠮ ᠨᠡᠭᠡᠭᠡᠨ ᠦᠭᠴᠡᠢ᠃ ᠲᠤᠭᠤᠷᠢᠨ ᠦᠵᠡᠭᠴᠢᠳᠤᠨ ᠬᠤᠳᠠᠯᠳᠤᠨ ᠠᠪᠤᠭᠰᠠᠨ ᠨᠢ ᠵᠦᠪᠭᠡᠨ ᠳᠤᠷᠠᠰᠬᠠᠯ ᠤ᠋ᠨ ᠪᠤᠳᠠᠰ ᠪᠢᠰᠢ᠂ ᠬᠠᠷᠢᠨ ᠨᠢᠭᠡ ᠬᠤᠪᠢ ᠰᠤᠶᠤᠯ ᠤ᠋ᠨ ᠳᠡᠨᠢᠨ ᠮᠡᠳᠡᠷᠡᠬᠦᠢ ᠪᠤᠯᠤᠨ ᠤᠯᠠᠮᠵᠢᠯᠠᠯ ᠪᠠᠢᠵᠤ ᠳᠠᠭᠠᠷᠠᠨ᠎ᠠ᠃
《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》 ᠳᠡᠭᠡᠷ᠎ᠡ᠂ ᠳᠠᠮᠠᠭ᠎ᠠ ᠳᠠᠷᠤᠭᠤᠯᠵᠤ ᠳᠤᠷᠠᠰᠬᠠᠯ ᠦᠯᠡᠳᠡᠭᠡᠬᠦ ᠠᠵᠢᠯᠯᠠᠭ᠎ᠠ ᠨᠢ ᠬᠦᠮᠦᠰ ᠤ᠋ᠨ ᠵᠠᠪᠠᠯ ᠤᠷᠤᠯᠴᠠᠬᠤ ᠲᠦᠷᠦᠯ ᠪᠤᠯᠵᠦ᠂ ᠦᠵᠡᠭᠴᠢᠳ ᠲᠦ᠍ ᠲᠤᠭᠤᠷᠢᠨ ᠦᠵᠡᠬᠦ ᠵᠢᠯᠤᠭᠤᠳᠤᠮᠵᠢ ᠬᠠᠩᠭᠠᠬᠰᠠᠨ ᠵᠢᠡᠷ ᠪᠠᠷᠠᠬᠤ ᠦᠭᠡᠢ ᠨᠡᠩ ᠴᠦ᠍ ᠬᠠᠷᠢᠯᠴᠠᠨ ᠬᠦᠳᠡᠯᠦᠯᠴᠡᠨ ᠪᠡᠶ᠎ᠡ ᠪᠡᠷ ᠵᠢᠠᠨ ᠮᠡᠳᠡᠷᠡᠬᠦ ᠰᠤᠨᠢᠷᠬᠠᠯᠳᠤ ᠴᠢᠨᠠᠷ ᠢ᠋ ᠨᠡᠮᠡᠭᠳᠡᠭᠦᠯᠦᠭᠰᠡᠨ ᠪᠠᠢᠳᠠᠭ᠃ ᠡᠨᠡ ᠠᠵᠢᠯᠯᠠᠭ᠎ᠠ ᠪᠠᠷ ᠳᠠᠮᠵᠢᠨ ᠦᠵᠡᠭᠴᠢᠳ ᠦᠵᠡᠭᠦᠯᠭᠡ ᠵᠢᠨ ᠪᠤᠳᠠᠰ ᠤ᠋ᠨ ᠠᠷᠤ ᠳ᠋ᠡᠬᠢ ᠦᠯᠢᠭᠡᠷ ᠢ᠋ ᠨᠡᠩ ᠬᠦᠨᠵᠡᠭᠡᠢ ᠤᠢᠯᠠᠭᠠᠵᠤ ᠪᠤᠯᠬᠤ ᠪᠦᠭᠡᠳ ᠬᠠᠴᠢᠷᠬᠠᠯ ᠰᠤᠨᠢᠷᠬᠠᠯ ᠤ᠋ᠨ ᠳᠤᠮᠳᠠ ᠰᠤᠶᠤᠯ ᠤ᠋ᠨ ᠬᠠᠮᠳᠤ ᠵᠢᠨ ᠲᠠᠨᠢᠯᠳᠠ ᠵᠢ ᠴᠢᠩᠭᠠᠷᠠᠭᠤᠯᠵᠤ᠂ ᠮᠦᠽᠸᠢ ᠵᠢᠨ ᠰᠤᠷᠭᠠᠨ ᠬᠦᠮᠦᠵᠢᠯ ᠤ᠋ᠨ ᠴᠢᠳᠠᠪᠬᠢ ᠵᠢ ᠲᠤᠩ ᠶᠡᠭᠡ ᠪᠡᠷ ᠪᠠᠳᠠᠷᠠᠭᠤᠯᠪᠠ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠦᠭᠵᠢᠯᠳᠡ ᠨᠢ ᠮᠦᠽᠸᠢ ᠵᠢᠨ ᠬᠦᠷᠢᠶ᠎ᠡ ᠴᠠᠷᠠᠳᠤ ᠤᠷᠢᠳ ᠪᠠᠢᠭ᠎ᠠ ᠦᠭᠡᠢ ᠬᠤᠪᠢᠷᠠᠯᠳᠠ ᠵᠢ ᠠᠪᠴᠢᠷᠠᠵᠤ ᠪᠠᠢᠨ᠎ᠠ᠃
《ᠮᠦᠽᠸᠢ ᠵᠢᠨ ᠦᠵᠡᠰᠭᠦᠯᠡᠩ ᠤ᠋ᠨ ᠴᠤᠬᠯᠠᠭᠠᠨ》ᠳᠡᠭᠡᠷ᠎ᠡ ᠤᠶᠤᠨᠴᠢᠯᠠᠬᠰᠠᠨ᠂ ᠲᠤᠭᠠᠴᠢᠯᠠᠬᠰᠠᠨ ᠮᠡᠷᠭᠡᠵᠢᠯ ᠨᠢ ᠦᠵᠡᠰᠬᠦᠯᠡᠩ ᠤ᠋ᠨ ᠨᠢᠭᠡᠨ ᠬᠢᠯᠠᠰ ᠴᠡᠭ ᠪᠤᠯᠵᠠᠢ᠃ ᠭᠡᠢᠰᠪᠦᠷᠢ ᠪᠤᠳᠠᠳᠤ ᠠᠬᠤᠢ (VR) ᠳᠤᠳᠤᠳᠬᠠᠬᠰᠠᠨ ᠪᠤᠳᠠᠳᠤ ᠠᠬᠤᠢ (AR)᠂ ᠵᠤᠬᠢᠶᠠᠮᠠᠯ ᠤᠶᠤᠨᠳᠤ (AI) ᠵᠡᠷᠭᠡ ᠲᠡᠷᠢᠭᠦᠨ ᠤ᠋ ᠮᠡᠷᠭᠡᠵᠢᠯ ᠨᠢ ᠠᠭᠠᠵᠢᠮ ᠵᠢᠡᠷ ᠮᠦᠽᠸᠢ ᠵᠢᠨ ᠳᠡᠯᠭᠡᠨ ᠦᠵᠡᠭᠦᠯᠭᠡ ᠪᠤᠯᠤᠨ ᠬᠠᠮᠢᠶᠠᠷᠤᠯᠳᠠ ᠳᠤᠮᠳᠠ ᠠᠭᠤᠰᠤᠨ ᠤᠷᠤᠵᠤ᠂ ᠰᠤᠶᠤᠯ ᠤ᠋ᠨ ᠦᠵᠡᠭᠦᠯᠭᠡ ᠵᠢᠨ ᠰᠢᠨ᠎ᠡ ᠤᠷᠤᠨ ᠵᠠᠢ ᠵᠢ ᠨᠡᠭᠡᠭᠡᠵᠤ ᠪᠤᠢ᠃
ᠡᠨᠡ ᠤᠳᠠᠭᠠᠨ ᠤ᠋ ᠦᠪᠡᠳᠡᠭᠰᠢ ᠴᠤᠬᠯᠠᠭᠠᠨ ᠨᠢ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠦᠪ ᠬᠤᠳᠠ ᠳ᠋ᠦ ᠶᠠᠪᠤᠬᠳᠠᠵᠤ᠂ ᠤᠮᠠᠷᠠᠳᠤ ᠬᠢᠯᠢ ᠵᠢᠨ ᠰᠤᠶᠤᠯ ᠢ᠋ ᠤᠯᠠᠮᠵᠢᠯᠠᠨ ᠪᠠᠳᠠᠷᠠᠭᠤᠯᠬᠤ᠂ ᠬᠦᠬᠡᠬᠤᠳᠠ ᠵᠢᠨ 《ᠮᠦᠽᠸᠢ ᠵᠢᠨ ᠬᠤᠳᠠ》 ᠵᠢᠨ ᠪᠦᠲᠦᠭᠡᠨ ᠪᠠᠢᠭᠤᠯᠤᠯᠳᠠ ᠵᠢ ᠠᠬᠢᠭᠤᠯᠬᠤ ᠳ᠋ᠦ ᠴᠢᠬᠤᠯᠠ ᠠᠴᠢ ᠬᠤᠯᠪᠤᠬᠳᠠᠯ ᠲᠠᠢ ᠶᠤᠮ᠃