ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ ᠡᠬᠢᠯᠡᠯ᠎ᠠ
2024-08-29 16:24:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


17 ᠳ᠋ᠤᠭᠠᠷ ᠬᠤᠭᠤᠴᠠᠭᠠᠨ᠎ᠤ ᠵᠤᠨ᠎ᠤ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ ᠲᠤᠬᠠᠢ᠎ᠶᠢᠨ ᠭᠠᠵᠠᠷ᠎ᠤᠨ ᠴᠠᠭ᠎ᠢᠶᠠᠷ 28᠎ᠤ ᠡᠳᠦᠷ ᠹᠷᠠᠨᠼᠢ᠎ᠶᠢᠨ ᠫᠠᠷᠢᠰ᠎ᠲᠤ ᠡᠬᠢᠯᠡᠪᠡ᠃


截图20240820173928.png


截图20240820173942.png


截图20240809101135.png


ᠡᠬᠢᠯᠡᠯᠲᠡ᠎ᠶᠢᠨ ᠶᠣᠰᠣᠯᠠᠯ ᠳᠡᠭᠡᠷ᠎ᠡ ᠳᠤᠮᠳᠠᠳᠤ ᠤᠯᠤᠰ᠎ᠤᠨ ᠡᠮᠡᠭᠲᠡᠢ᠎ᠶᠢᠨ ᠬᠦᠷᠳᠦᠲᠦ ᠰᠠᠨᠳᠠᠯᠢ ᠵᠢᠨ ᠰᠡᠯᠡᠮ᠎ᠡ᠎ᠶᠢᠨ ᠲᠠᠮᠢᠷᠴᠢᠨ ᠬᠦ ᠬᠠᠢ ᠶᠠᠨ᠂ ᠡᠷᠡᠭᠲᠡᠢ᠎ᠶᠢᠨ ᠬᠦᠨᠳᠦ ᠵᠢ ᠡᠷᠭᠦᠬᠦ ᠲᠠᠮᠢᠷᠴᠢᠨ ᠴᠢ ᠶᠦᠩ ᠺᠠᠢ ᠤᠯᠤᠰ᠎ᠤᠨ ᠲᠤᠭ᠎ᠢ ᠬᠦᠷᠢᠶᠡᠯᠡᠨ ᠠᠯᠭᠤᠷᠬᠠᠨ ᠲᠠᠯᠠᠪᠠᠢ᠎ᠳᠤ ᠣᠷᠣᠵᠤ᠂ ᠲᠠᠪᠤᠨ ᠣᠳᠣᠲᠤ ᠤᠯᠠᠭᠠᠨ ᠲᠤᠭ᠎ᠢ ᠪᠦᠬᠦ ᠳᠡᠯᠡᠬᠡᠢ ᠵᠢᠨ ᠦᠵᠡᠭᠴᠢᠳ᠎ᠤᠨ ᠡᠮᠦᠨ᠎ᠡ᠂ ᠨᠡᠩ ᠴᠤ᠌ ᠲᠣᠭ᠎ᠠ ᠲᠣᠮᠰᠢ ᠦᠭᠡᠢ ᠤᠯᠠᠨ ᠠᠷᠠᠳ ᠲᠦᠮᠡᠨ᠎ᠦ ᠰᠡᠳᠬᠢᠯ᠎ᠳᠦ ᠨᠠᠮᠢᠷᠠᠭᠤᠯᠵᠠᠢ᠃

ᠲᠤᠰ ᠤᠳᠠᠭᠠᠨ᠎ᠤ ᠫᠠᠷᠢᠰ᠎ᠤᠨ ᠵᠡᠮᠳᠡᠭᠴᠦᠳ᠎ᠦᠨ ᠣᠯᠢᠮᠫᠢᠺ᠎ᠤᠨ ᠴᠤᠭᠯᠠᠭᠠᠨ᠎ᠳᠤ ᠣᠷᠣᠯᠴᠠᠬᠤ ᠳᠤᠮᠳᠠᠳᠤ ᠤᠯᠤᠰ᠎ᠤᠨ ᠲᠠᠮᠢᠷᠴᠢᠨ᠎ᠤ ᠳᠣᠲᠣᠷ᠎ᠠ 126 ᠡᠷᠡᠭᠲᠡᠢ ᠲᠠᠮᠢᠷᠴᠢᠨ᠂ 158 ᠡᠮᠡᠭᠲᠡᠢ ᠲᠠᠮᠢᠷᠴᠢᠨ ᠪᠠᠢᠵᠤ᠂ 19 ᠶᠡᠬᠡ ᠲᠥᠷᠥᠯ᠂ 302 ᠪᠠᠭ᠎ᠠ ᠲᠥᠷᠥᠯ᠎ᠦᠨ ᠲᠡᠮᠡᠴᠡᠭᠡᠨ᠎ᠳᠦ ᠣᠷᠣᠯᠴᠠᠬᠤ ᠪᠣᠯᠣᠨ᠎ᠠ᠃


截图20240819112555.png


截图20240819112526.png


截图20240828172201.png


ᠳᠤᠷᠠᠳᠤᠭᠤᠰᠢᠲᠠᠢ ᠨᠢ᠂ 1984 ᠣᠨ᠎ᠠᠴᠠ 2004 ᠣᠨ ᠪᠣᠯᠲᠠᠯᠠᠬᠢ 20 ᠵᠢᠯ ᠳ᠋ᠤ ᠤᠷᠤᠯᠳᠤᠭᠠᠨ᠎ᠳᠤ ᠣᠷᠣᠯᠴᠠᠭᠰᠠᠨ ᠬᠡᠳᠦᠨ ᠦᠶ᠎ᠡ᠎ᠶᠢᠨ ᠲᠠᠮᠢᠷᠴᠢᠳ᠎ᠤᠨ ᠴᠢᠷᠮᠠᠢᠯᠭ᠎ᠠ ᠪᠠᠷ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠳᠤᠮᠳᠠᠳᠤ ᠤᠯᠤᠰ᠎ᠤᠨ ᠲᠦᠯᠦᠭᠡᠯᠡᠭᠴᠢᠳ᠎ᠤᠨ ᠠᠩᠭᠢ ᠳᠡᠯᠡᠬᠡᠢ ᠵᠢᠨ ᠲᠡᠷᠢᠭᠦᠨ ᠳ᠋ᠤ ᠪᠠᠢᠷᠢᠯᠠᠵᠤ ᠴᠢᠳᠠᠬᠰᠠᠨ ᠪᠠᠢᠨ᠎ᠠ᠃ 2004 ᠣᠨ᠎ᠤ ᠠᠲᠧᠨ᠂ 2008 ᠣᠨ᠎ᠤ ᠪᠡᠭᠡᠵᠢᠩ᠂ 2012 ᠣᠨ᠎ᠤ ᠯᠤᠨᠳᠤᠨ᠂ 2016 ᠣᠨ᠎ᠤ ᠷᠢᠦ᠋ ᠳᠢ ᠿᠸᠨ᠋ᠸᠢᠢᠷᠦ᠋᠂ 2021 ᠣᠨ᠎ᠤ ᠲᠣᠣᠺᠢᠤ᠋᠎ᠳᠤ ᠲᠠᠪᠤᠨ ᠬᠤᠭᠤᠴᠠᠭ᠎ᠠ ᠳᠠᠷᠠᠭᠠᠯᠠᠨ ᠵᠤᠨ᠎ᠤ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ ᠳᠡᠭᠡᠷ᠎ᠡ ᠳᠤᠮᠳᠠᠳᠤ ᠤᠯᠤᠰ᠎ᠤᠨ ᠪᠡᠶ᠎ᠡ᠎ᠶᠢᠨ ᠲᠠᠮᠢᠷ᠎ᠤᠨ ᠲᠥᠯᠥᠭᠡᠯᠡᠭᠴᠢᠳ᠎ᠦᠨ ᠪᠦᠯᠬᠦᠮ ᠠᠯᠲᠠᠨ ᠮᠧᠳᠠᠯ᠂ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ ᠴᠥᠮ ᠨᠢᠭᠡᠳᠦᠭᠡᠷ ᠲᠤ᠌ ᠤᠷᠤᠵᠠᠢ᠃

ᠢᠷᠡᠬᠦ ᠠᠷᠪᠠᠭᠠᠳ ᠡᠳᠦᠷ᠎ᠲᠦ ᠳᠤᠮᠳᠠᠳᠤ ᠤᠯᠤᠰ᠎ᠤᠨ ᠲᠠᠮᠢᠷᠴᠢᠳ ᠡᠷᠡᠯᠬᠡᠭᠯᠡᠨ ᠤᠷᠤᠭᠰᠢᠯᠠᠵᠤ᠂ ᠭᠡᠷᠡᠯ ᠰᠠᠴᠤᠷᠠᠩᠭᠤᠢ ᠠᠮᠵᠢᠯᠲᠠ᠎ᠶᠢ ᠦᠷᠭᠦᠯᠵᠢᠯᠡᠨ ᠪᠢᠴᠢᠭᠯᠡᠬᠦ᠎ᠶᠢ ᠬᠦᠰᠡᠨ ᠬᠦᠯᠢᠶᠡᠵᠦ ᠪᠠᠢᠨ᠎ᠠ!


截图20240820173957.png


截图20240828172214.png


截图20240829163002.png

 

                                ᠢᠷᠡᠯᠲᠡ ᠄  ᠰᠢᠨᠬᠤᠸᠠ ᠬᠣᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号