ᠲᠣᠭᠠᠴᠢᠯᠠᠭ᠍ᠰᠠᠨ ᠬᠡᠷᠡᠭ᠌ᠯᠡᠭᠡ ᠠᠮᠢᠳᠤᠷᠠᠯ᠎ᠤᠨ ᠠᠷᠭ᠎ᠠ ᠬᠡᠯᠪᠡᠷᠢ ᠵᠢᠨ ᠱᠢᠨ᠎ᠡ ᠬᠤᠪᠢᠷᠠᠯᠲᠠ᠎ᠶ᠋ᠢ ᠤᠳᠤᠷᠢᠳᠤᠨ᠎ᠠ
2024-08-05 11:14:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠭᠠᠵᠢᠭᠤᠯᠤᠭᠰᠠᠨ ᠮᠡᠷᠭᠡᠵᠢᠯ᠎ᠤᠨ ᠠᠰᠢᠭᠯᠠᠯᠲᠠ ᠪᠠ ᠲᠤᠭᠠᠵᠢᠭᠤᠯᠤᠭᠰᠠᠨ ᠠᠵᠤ ᠠᠬᠤᠢ᠎ᠶ᠋ᠢᠨ ᠬᠥᠭ᠌ᠵᠢᠯᠲᠡ᠎ᠨᠢ ᠮᠡᠳᠡᠭᠡ ᠵᠠᠩᠭᠢ᠎ᠶ᠋ᠢ ᠡᠳᠦᠷ ᠢᠷᠡᠬᠦᠶ᠎ᠡ ᠲᠡᠭ᠌ᠰᠢ ᠬᠡᠮ᠎ᠲᠠᠢ ᠪᠣᠯᠭᠠᠵᠤ᠂ ᠬᠡᠷᠡᠭ᠌ᠯᠡᠭᠡᠨ᠎ᠤ ᠬᠡᠷᠡᠭ᠌ᠴᠡᠭᠡ᠎ᠶ᠋ᠢ ᠲᠡᠰ ᠳᠡᠪᠱᠢᠭᠦᠯᠵᠦ᠍᠂ ᠪᠠᠷᠤᠭ ᠪᠤᠢ ᠪᠦᠬᠦᠢ ᠲᠠᠸᠠᠷ᠎ᠤᠨ ᠦᠨ᠎ᠡ ᠬᠠᠩᠰᠢ᠂ ᠬᠠᠩᠭᠠᠯᠭ᠎ᠠ᠎ᠶ᠋ᠢᠨ ᠬᠤᠳᠠᠯᠳᠤᠭᠠᠴᠢᠨ᠂ ᠭᠠᠷᠤᠯᠲᠠ᠎ᠶ᠋ᠢᠨ ᠣᠷᠣᠨ᠂ ᠪᠦᠲᠦᠴᠡ ᠵᠡᠷᠭᠡ ᠮᠡᠳᠡᠭᠡ ᠵᠠᠩᠭᠢ᠎ᠶ᠋ᠢ ᠴᠥᠮ ᠲᠤᠭᠠᠵᠢᠭᠤᠯᠤᠭᠰᠠᠨ ᠤᠷᠤᠨ ᠵᠠᠢ᠎ᠳᠦ ᠲᠣᠳᠣᠷᠬᠠᠢ ᠢᠯᠡᠷᠡᠭᠦᠯᠵᠦ᠍᠂ ᠠᠵᠤ ᠠᠬᠤᠢᠯᠠᠯ᠎ᠢ ᠱᠢᠬᠠᠮᠳᠠᠭᠤᠯᠵᠤ ᠪᠠᠢᠭᠠᠳ ᠬᠡᠷᠡᠭᠯᠡᠭᠴᠢ ᠵᠢᠨ ᠬᠡᠷᠡᠭ᠌ᠴᠡᠭᠡ᠎ᠶ᠋ᠢ ᠬᠠᠩᠭᠠᠵᠤ᠂ ᠬᠡᠷᠡᠭᠯᠡᠭᠴᠢ᠎ᠳᠤ ᠨᠡᠩ ᠤᠯᠠᠨ ᠰᠣᠩᠭᠤᠯᠲᠠ᠎ᠲᠠᠢ ᠪᠣᠯᠭᠠᠵᠤ᠂ ᠡᠭᠦᠨ᠎ᠤ ᠤᠯᠠᠮ᠎ᠢᠶᠡᠷ ᠲᠤᠭᠠᠴᠢᠯᠠᠭᠰᠠᠨ ᠬᠡᠷᠡᠭ᠌ᠯᠡᠭᠡᠨ᠎ᠤ ᠵᠠᠭ᠍ᠪᠤᠷ ᠪᠤᠢ ᠪᠤᠯᠳᠠᠭ᠃ ᠲᠣᠭᠠᠴᠢᠯᠠᠭ᠍ᠰᠠᠨ ᠬᠡᠷᠡᠭ᠌ᠯᠡᠭᠡ᠎ᠶ᠋ᠢᠨ ᠡᠭᠦᠰᠦᠯᠲᠡ᠂ ᠬᠥᠭ᠌ᠵᠢᠯᠲᠡ᠂ ᠣᠨᠴᠠᠯᠢᠭ ᠪᠣᠯᠣᠨ ᠬᠠᠨᠳᠤᠰᠢ᠎ᠨᠢ ᠠᠮᠢᠳᠤᠷᠠᠯ᠎ᠤᠨ ᠠᠷᠭ᠎ᠠ ᠬᠡᠯᠪᠡᠷᠢ᠎ᠶ᠋ᠢᠨ ᠱᠢᠨ᠎ᠡ ᠬᠤᠪᠢᠷᠠᠯᠲᠠ᠎ᠶ᠋ᠢ ᠬᠥᠲᠥᠯᠥᠨ ᠤᠳᠤᠷᠢᠳᠴᠦ ᠪᠠᠢᠳᠠᠭ᠃


ᠲᠣᠭᠠᠴᠢᠯᠠᠭ᠍ᠰᠠᠨ ᠬᠡᠷᠡᠭ᠌ᠯᠡᠭᠡ ᠪᠣᠯ ᠢᠨᠲ᠋ᠸᠷ ᠰᠦᠯᠵᠢᠶᠡᠨ᠎ᠤ ᠬᠡᠷᠡᠭ᠌ᠯᠡᠭᠡ᠎ᠶ᠋ᠢᠨ ᠳᠡᠰ ᠳᠠᠪᠱᠢᠯᠲᠠ ᠪᠣᠯᠣᠨ᠎ᠠ

ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠨᠢ ᠬᠤᠳᠠᠯᠳᠤᠭᠠᠨ᠎ᠤ ᠬᠡᠪ ᠵᠠᠭ᠍ᠪᠤᠷ᠎ᠤᠨ ᠰᠢᠨ᠎ᠡ ᠵᠢ ᠡᠭᠦᠳᠬᠦ ᠵᠢ ᠬᠦᠲᠦᠯᠪᠡ᠃ ᠲᠣᠭᠠᠴᠢᠯᠠᠭ᠍ᠰᠠᠨ ᠮᠡᠷᠭᠡᠵᠢᠯ᠂ ᠲᠣᠭᠠᠴᠢᠯᠠᠭ᠍ᠰᠠᠨ ᠠᠵᠤ ᠦᠢᠯᠡᠰ᠂ ᠲᠣᠭᠠᠴᠢᠯᠠᠭ᠍ᠰᠠᠨ ᠠᠵᠤ ᠠᠬᠤᠢ᠎ᠨᠢ ᠲᠣᠭᠠᠴᠢᠯᠠᠭ᠍ᠰᠠᠨ ᠦᠢᠯᠡᠳᠬᠦᠨ᠂ ᠪᠠᠭᠠᠵᠢ᠂ ᠵᠥᠭᠡᠯᠡᠨ ᠲᠤᠨᠤᠭ ᠪᠣᠯᠣᠨ ᠦᠢᠯᠡᠴᠢᠯᠡᠭᠡ᠎ᠶ᠋ᠢ ᠠᠪᠴᠢᠷᠠᠵᠠᠢ᠃ ᠬᠡᠷᠡᠭ᠌ᠯᠡᠭᠡᠨ᠎ᠤ ᠠᠭᠤᠯᠭ᠎ᠠ᠎ᠨᠢ ᠬᠡᠷᠡᠭ᠌ᠯᠡᠭᠡᠨ᠎ᠤ ᠠᠷᠭ᠎ᠠ ᠮᠠᠶᠢᠭ᠎ᠢ ᠲᠣᠭ᠍ᠲᠠᠭᠠᠳᠠᠭ᠂ ᠡᠳᠡᠭᠡᠷ ᠤᠯᠠᠮᠵᠢᠯᠠᠯᠲᠤ ᠱᠢᠨ᠎ᠡ ᠮᠠᠶᠢᠭ᠎ᠤᠨ ᠦᠢᠯᠡᠳᠬᠦᠨ᠂ ᠦᠢᠯᠡᠴᠢᠯᠡᠭᠡ ᠪᠠ ᠪᠠᠭᠠᠵᠢ᠎ᠲᠠᠢ ᠠᠳᠠᠯᠢ ᠦᠭᠡᠢ ᠪᠠᠢᠵᠤ᠂ ᠢᠨᠲ᠋ᠧᠷ ᠰᠦᠯᠵᠢᠶᠡᠨ᠎ᠤ ᠬᠡᠷᠡᠭ᠌ᠯᠡᠭᠡ ᠴᠦ᠍ ᠬᠠᠩᠭᠠᠵᠤ ᠳᠡᠢᠯᠬᠦ᠌ ᠦᠭᠡᠢ ᠪᠠᠢᠳᠠᠭ ᠪᠣᠯᠬᠤᠷ ᠬᠡᠷᠡᠭ᠌ᠯᠡᠭᠡᠨ᠎ᠤ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠵᠤ᠂ ᠬᠡᠷᠡᠭ᠌ᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠡᠷᠡᠭ᠌ᠯᠡᠭᠡᠨ᠎ᠤ ᠲᠡᠰ ᠳᠡᠪᠱᠢᠬᠦ᠌᠎ᠶ᠋ᠢ ᠲᠡᠮᠵᠢᠵᠤ᠂ ᠲᠣᠭᠠᠴᠢᠯᠠᠭᠰᠠᠨ ᠬᠡᠷᠡᠭ᠌ᠯᠡᠭᠡ᠎ᠶ᠋ᠢ ᠪᠤᠢ ᠪᠣᠯᠭᠠᠬᠤ᠎ᠨᠢ ᠵᠠᠢᠯᠠᠰᠢ ᠦᠭᠡᠢ ᠶᠤᠮ᠃ ᠲᠣᠭᠠᠴᠢᠯᠠᠭ᠍ᠰᠠᠨ ᠬᠡᠷᠡᠭ᠌ᠯᠡᠭᠡ᠎ᠶ᠋ᠢᠨ ᠬᠠᠮᠤᠭ᠎ᠤᠨ ᠨᠡᠢᠲᠡᠯᠢᠭ ᠬᠡᠪ ᠵᠠᠭ᠍ᠪᠤᠷ ᠪᠣᠯ᠂ ᠢᠨᠲ᠋ᠧᠷ ᠰᠦᠯᠵᠢᠶ᠎ᠡ + ᠪᠣᠳᠠᠲᠤ ᠴᠣᠭ᠍ᠴᠠ᠎ᠶ᠋ᠢᠨ ᠳᠡᠯᠭᠡᠭᠦᠷ᠎ᠤᠨ ᠬᠡᠯᠪᠡᠷᠢ᠎ᠶ᠋ᠢᠨ ᠰᠠᠭᠤᠷᠢᠨ ᠳᠡᠭᠡᠷ᠎ᠡ᠂《ᠦᠢᠯᠡᠳᠬᠦᠨ᠎ᠤ ᠰᠠᠭᠤᠷᠢᠨ ᠭᠠᠵᠠᠷ + ᠲᠤᠭᠠᠴᠢᠯᠠᠭᠰᠠᠨ ᠲᠠᠪᠴᠠᠩ + ᠪᠠᠷᠠᠭ᠎ᠠ ᠬᠦᠷᠭᠡᠯᠲᠡ》ᠬᠡᠯᠪᠡᠷᠢ ᠮᠠᠶᠢᠭ᠎ᠢ ᠥᠭᠡᠷᠡᠴᠢᠯᠡᠬᠦ᠌ ᠪᠠ ᠳᠡᠭᠡᠭ᠌ᠰᠢᠯᠡᠭᠦᠯᠵᠦ᠍᠂ ᠰᠦᠯᠵᠢᠶᠡᠨ ᠳᠡᠭᠡᠷ᠎ᠡ᠎ᠠᠴᠠ ᠪᠤᠲᠠᠳᠦ ᠴᠤᠭᠴᠠ ᠤᠷᠤᠭᠤ ᠲᠠᠲᠠᠬᠤ᠂ ᠪᠤᠲᠠᠲᠦ ᠴᠤᠭᠴᠠ᠎ᠠᠴᠠ ᠰᠦᠯᠵᠢᠶ᠎ᠡ ᠤᠷᠤᠭᠤ ᠲᠣᠬᠢᠷᠠᠭᠤᠯᠤᠨ ᠬᠦᠷᠭᠡᠬᠦ᠌ ᠪᠠ ᠪᠡᠶᠡᠴᠢᠯᠡᠨ ᠣᠢᠯᠠᠭᠠᠬᠤ ᠵᠡᠷᠭᠡ ᠦᠢᠯᠡᠴᠢᠯᠡᠭᠡ ᠬᠠᠩᠭᠠᠬᠤ᠎ᠶ᠋ᠢ ᠪᠡᠶᠡᠯᠡᠭᠦᠯᠵᠦ᠍᠂ ᠦᠢᠯᠡᠴᠢᠯᠡᠭᠡ ᠪᠠ ᠬᠠᠮᠢᠶᠠᠷᠤᠯᠲᠠ᠎ᠶ᠋ᠢᠨ ᠶᠠᠪᠤᠴᠠ᠎ᠶ᠋ᠢ ᠱᠢᠯᠢᠳᠡᠭ᠌ᠵᠢᠭᠦᠯᠵᠦ᠍᠂ ᠰᠦᠯᠵᠢᠶᠡᠨ ᠳᠡᠭᠡᠷ᠎ᠡ ᠪᠠ ᠪᠤᠲᠠᠲᠦ ᠴᠤᠭᠴᠠ ᠵᠢᠨ ᠬᠤᠯᠪᠤᠭᠠᠯᠠᠨ ᠬᠥᠳᠡᠯᠦᠯᠴᠡᠬᠦ᠂ ᠠᠭᠤᠰᠤᠯᠴᠠᠨ ᠬᠥᠳᠡᠯᠦᠯᠴᠡᠵᠦ᠍ ᠬᠥᠭ᠌ᠵᠢᠬᠦ᠌ ᠠᠯᠢ ᠤᠯᠠᠨ ᠱᠢᠨ᠎ᠡ ᠡᠭᠦᠳᠦᠯᠲᠡ᠎ᠶ᠋ᠢ ᠠᠬᠢᠭᠤᠯᠵᠤ᠂ ᠰᠦᠯᠵᠢᠶᠡᠨ ᠳᠡᠭᠡᠷ᠎ᠡ ᠪᠠ ᠪᠤᠲᠠᠲᠦ ᠴᠤᠭᠴᠠ ᠵᠢᠨ ᠠᠷᠠᠯᠵᠢᠶᠠᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠢᠳᠡᠭᠡᠨ ᠤᠮᠳᠠᠭᠠᠨ᠂ ᠶᠠᠪᠤᠵᠤ ᠰᠠᠭᠤᠬᠤ᠂ ᠬᠤᠨᠤᠭ ᠪᠠᠭᠤᠳᠠᠯ᠂ ᠵᠤᠭ᠎ᠠ ᠴᠡᠩᠭᠡᠯ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡ ᠵᠡᠷᠭᠡ ᠠᠯᠢ ᠤᠯᠠᠨ ᠬᠡᠷᠡᠭ᠌ᠯᠡᠭᠡᠨ᠎ᠤ ᠠᠵᠢᠯ ᠲᠦᠷᠦᠯ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠬᠦ᠌᠎ᠶ᠋ᠢ ᠲᠠᠢᠴᠢᠯᠠᠪᠠ᠃ ᠬᠢᠯᠪᠠᠷ᠎ᠢᠶᠡᠷ ᠰᠦᠯᠵᠢᠶᠡᠨ ᠳᠡᠭᠡᠷ᠎ᠡ᠎ᠠᠴᠠ ᠪᠠᠷᠠᠭ᠎ᠠ ᠬᠤᠳᠠᠯᠳᠤᠨ ᠠᠪᠬᠤ ᠨᠢ ᠬᠡᠷᠡᠭ᠌ᠯᠡᠭ᠌ᠴᠢᠳ᠎ᠤᠨ ᠲᠠᠸᠠᠷ ᠪᠠ ᠦᠢᠯᠡᠴᠢᠯᠡᠭᠡ᠎ᠳᠤ ᠬᠦᠷᠬᠦ᠌ ᠠᠷᠭ᠎ᠠ ᠮᠠᠶᠢᠭ᠎ᠢ ᠬᠤᠪᠢᠷᠠᠭᠤᠯᠵᠤ᠂ ᠴᠠᠭ ᠪᠠ ᠮᠡᠳᠡᠭᠡ ᠵᠠᠩᠭᠢ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠤᠨ᠂ ᠰᠣᠯᠢᠯᠴᠠᠭ᠎ᠠ ᠵᠢ ᠤᠯᠠᠮ ᠢᠯᠡ ᠲᠣᠳᠣ ᠪᠤᠯᠭᠠᠵᠤ᠂ ᠣᠯᠠᠨ ᠶᠠᠩᠵᠤ᠎ᠶ᠋ᠢᠨ ᠰᠣᠩᠭᠤᠯᠲᠠ ᠲᠡᠢ ᠪᠤᠯᠭᠠᠨ᠂ ᠠᠮᠢᠳᠤᠷᠠᠯ᠎ᠲᠤᠮᠳᠠᠬᠢ ᠳᠤᠲᠠᠭ᠍ᠳᠠᠵᠤ ᠪᠣᠯᠣᠰᠢ ᠦᠭᠡᠢ ᠬᠡᠷᠡᠭ᠌ᠯᠡᠭᠡᠨ᠎ᠤ ᠠᠷᠭ᠎ᠠ ᠬᠡᠯᠪᠡᠷᠢ ᠪᠣᠯᠤᠭ᠍ᠰᠠᠨ ᠪᠠᠢᠨ᠎ᠠ᠃


ᠲᠣᠭᠠᠴᠢᠯᠠᠭ᠍ᠰᠠᠨ ᠬᠡᠷᠡᠭ᠌ᠯᠡᠭᠡ ᠢᠮᠠᠭ᠍ᠲᠠ ᠬᠡᠷᠡᠭ᠌ᠯᠡᠭ᠌ᠴᠢᠳ᠎ᠢᠶᠠᠷ ᠭᠤᠣᠯ ᠪᠣᠯᠭᠠᠨ᠎ᠠ

ᠬᠡᠷᠡᠭ᠌ᠯᠡᠭ᠌ᠴᠢᠳ ᠲᠦ᠍ ᠥᠪᠡᠷ ᠲᠤᠨᠢ ᠬᠠᠮᠤᠭ᠎ᠠᠴᠠ ᠲᠣᠬᠢᠷᠠᠭ᠍ᠰᠠᠨ ᠡᠳ᠋ ᠪᠣᠳᠠᠰ ᠪᠠ ᠦᠢᠯᠡᠴᠢᠯᠡᠭᠡ ᠱᠠᠭᠠᠷᠳᠠᠭᠳᠠᠨ᠎ᠠ᠃ ᠲᠤᠭᠠᠴᠢᠯᠠᠭᠰᠠᠨ ᠬᠡᠷᠡᠭ᠌ᠯᠡᠭᠡ᠎ᠨᠢ ᠬᠥᠮᠥᠨ ᠨᠢᠭᠡᠪᠦᠷᠢ᠎ᠳᠤ ᠥᠪᠡᠷᠮᠢᠴᠡ ᠵᠠᠬᠢᠶᠠᠯᠠᠭ᠎ᠠ᠎ᠶ᠋ᠢᠨ ᠦᠢᠯᠡᠴᠢᠯᠡᠭᠡ ᠬᠠᠩᠭᠠᠵᠤ᠂ ᠪᠠᠷᠠᠭ᠎ᠠ ᠬᠤᠳᠠᠯᠳᠤᠨ ᠠᠪᠬᠤ᠂ ᠡᠷᠡᠭᠦᠯ ᠴᠢᠭᠢᠷᠠᠭ᠂ ᠵᠤᠭ᠎ᠠ ᠴᠡᠩᠭᠡᠯ ᠵᠡᠷᠭᠡ ᠲᠠᠯ᠎ᠠ᠎ᠪᠠᠷ ᠴᠥᠮ ᠬᠤᠪᠢ ᠬᠥᠮᠥᠨ᠎ᠤ ᠬᠡᠷᠡᠭ᠌ᠴᠡᠭᠡ᠂ ᠳᠤᠷ᠎ᠠ ᠪᠠᠬ᠎ᠠ ᠪᠠ ᠱᠠᠭᠠᠷᠳᠠᠯᠭ᠎ᠠ᠎ᠶ᠋ᠢ ᠦᠨᠳᠦᠰᠦᠯᠡᠨ ᠵᠠᠬᠢᠶᠠᠯᠠᠭ᠎ᠠ᠎ᠶ᠋ᠢᠨ ᠦᠢᠯᠡᠴᠢᠯᠡᠭᠡ ᠠᠪᠴᠦ ᠪᠣᠯᠳᠠᠭ᠃ ᠥᠪᠡᠷᠮᠢᠴᠡ ᠦᠢᠯᠡᠴᠢᠯᠡᠭᠡᠨ᠎ᠤ ᠬᠡᠪ ᠵᠠᠭ᠍ᠪᠤᠷ᠎ᠨᠢ ᠬᠥᠮᠥᠰ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠪᠦᠲᠦᠮᠵᠢᠲᠡᠶ᠎ᠪᠠᠷ ᠳᠡᠭᠡᠭ᠌ᠰᠢᠯᠡᠭᠦᠯᠵᠦ᠍᠂ ᠬᠥᠮᠥᠰ᠎ᠤᠨ ᠠᠮᠢᠳᠤᠷᠠᠯ᠎ᠤᠨ ᠠᠷᠭ᠎ᠠ ᠬᠡᠯᠪᠡᠷᠢ ᠵᠢ ᠭᠦᠨᠵᠡᠭᠡᠢ ᠨᠥᠯᠥᠭᠡᠯᠡᠳᠡᠭ᠃ ᠵᠢᠱ᠌ᠢᠶᠡᠯᠡᠪᠡᠯ᠂ ᠡᠮᠨᠡᠯᠭᠡ᠎ᠶ᠋ᠢᠨ ᠬᠤᠷᠢᠶ᠎ᠠ᠎ᠳ᠋ᠠᠢᠲ᠋ᠠ ᠬᠦᠮᠦᠷᠭᠡ ᠪᠡᠷ ᠳᠡᠮᠵᠢᠨ ᠡᠪᠡᠳᠴᠢᠲᠡᠨ᠎ᠤ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢ᠎ᠶ᠋ᠢ ᠡᠵᠡᠮᠰᠢᠨ᠂ ᠡᠪᠡᠳᠴᠢᠲᠡᠨ᠎ᠳᠤ ᠥᠪᠡᠷᠮᠢᠴᠡ ᠡᠮᠴᠢᠯᠡᠭᠡᠨ᠎ᠤ ᠲᠥᠰᠥᠯ ᠪᠠ ᠡᠮᠴᠢᠯᠡᠭᠡᠨ᠎ᠤ ᠦᠢᠯᠡᠴᠢᠯᠡᠭᠡ ᠬᠠᠩᠭᠠᠨ᠎ᠠ᠃ 《ᠶᠡᠷᠡᠭᠡᠳ ᠣᠨ᠎ᠳᠤ ᠲᠥᠷᠥᠭ᠌ᠰᠡᠳ》 《2000 ᠣᠨ᠎ᠳᠤ ᠲᠥᠷᠥᠭ᠌ᠰᠡᠳ》 ᠨᠢ ᠣᠲᠣ ᠶᠠᠭ ᠡᠨᠡ ᠬᠦ᠌ ᠬᠡᠷᠡᠭ᠌ᠯᠡᠭᠡᠨ᠎ᠤ ᠭᠤᠣᠯ ᠴᠣᠭ᠍ᠴᠠ ᠪᠣᠯᠵᠤ ᠪᠠᠢᠨ᠎ᠠ᠂ ᠲᠠᠳᠠ ᠲᠤᠭᠠᠴᠢᠯᠠᠭᠰᠠᠨ ᠠᠷᠭ᠎ᠠ ᠪᠠᠷᠢᠯ᠎ᠢ ᠠᠱᠢᠭ᠍ᠯᠠᠨ ᠨᠡᠢᠭᠡᠮ᠎ᠤᠨ ᠲᠠᠪᠴᠠᠩ᠎ᠳᠤ ᠲᠦᠷᠭᠡᠨ ᠭᠠᠷᠴᠤ᠌᠂ ᠨᠠᠩ ᠡᠷᠲᠡ᠂ ᠨᠠᠩ ᠲᠦᠷᠭᠡᠨ ᠠᠷᠭ᠎ᠠ ᠮᠠᠶᠢᠭ᠎ᠢᠶᠠᠷ ᠥᠪᠡᠷᠮᠢᠴᠡ ᠬᠦᠰᠡᠯ ᠱᠠᠭᠠᠷᠳᠠᠯᠭ᠎ᠠ᠎ᠪᠠᠨ ᠢᠯᠡᠳᠭᠡᠵᠦ᠍᠂ ᠠᠵᠤ ᠠᠬᠤᠢᠯᠠᠯ᠎ᠨᠢ ᠲᠡᠳᠡᠨ᠎ᠳᠤ ᠥᠪᠡᠷᠮᠢᠴᠡ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠣᠯᠠᠨ ᠡᠱᠢᠴᠢᠯᠡᠭ᠌ᠰᠡᠨ ᠦᠢᠯᠡᠳᠬᠦᠨ ᠬᠠᠩᠭᠠᠵᠤ ᠪᠠᠢᠳᠠᠭ᠃

ᠬᠡᠷᠡᠭ᠌ᠯᠡᠭ᠌ᠴᠢᠳ ᠲᠦ᠍ ᠳᠥᠭᠦᠮ ᠪᠥᠭᠡᠳ ᠪᠦᠲᠦᠮᠵᠢᠲᠡᠶ ᠬᠤᠳᠠᠯᠳᠤᠨ ᠠᠪᠬᠤ᠎ᠦᠢᠯᠡᠴᠢᠯᠡᠭᠡ ᠱᠠᠭᠠᠷᠳᠠᠭᠳᠠᠨ᠎ᠠ᠃ ᠲᠣᠭᠠᠵᠢᠭᠤᠯᠤᠭᠰᠠᠨ ᠠᠵᠤ ᠠᠬᠤᠢ᠎ᠨᠢ ᠬᠡᠷᠡᠭ᠌ᠯᠡᠭ᠌ᠴᠢᠳ᠎ᠲᠤ ᠳᠥᠭᠦᠮ ᠳᠥᠲᠡ᠂ ᠥᠨᠳᠥᠷ ᠪᠦᠲᠦᠮᠵᠢᠲᠡᠶ ᠬᠡᠷᠡᠭ᠌ᠯᠡᠭᠡᠨ᠎ᠤ ᠠᠷᠭ᠎ᠠ ᠮᠠᠶᠢᠭ᠎ᠢ ᠠᠪᠴᠢᠷᠠᠵᠤ ᠥᠭ᠌ᠲᠡᠭ᠂ ᠬᠥᠮᠥᠰ ᠭᠠᠷ ᠤᠲᠠᠰᠤ᠎ᠪᠠᠨ ᠨᠡᠭᠡᠭᠡᠪᠡᠯ ᠳᠠᠷᠤᠢ ᠤᠷᠢᠳᠴᠢᠯᠠᠨ ᠪᠣᠯᠵᠣᠬᠤ᠂ ᠪᠠᠷᠠᠭ᠎ᠠ ᠬᠤᠳᠠᠯᠳᠤᠨ ᠠᠪᠬᠤ᠂ ᠵᠠᠮ ᠬᠠᠷᠢᠯᠴᠠᠭ᠎ᠠ ᠵᠡᠷᠭᠡ ᠡᠯ᠎ᠡ ᠵᠦᠢᠯ᠎ᠤᠨ ᠦᠢᠯᠡᠴᠢᠯᠡᠭᠡ᠎ᠶ᠋ᠢ ᠪᠡᠶᠡᠴᠢᠯᠡᠨ ᠣᠢᠯᠠᠭᠠᠵᠤ᠂ ᠣᠯᠠᠨ ᠨᠡᠢᠲᠡ᠎ᠶ᠋ᠢᠨ ᠬᠡᠷᠡᠭ᠌ᠯᠡᠭᠡ᠎ᠳᠤ ᠲᠥᠬᠦᠮ ᠦᠵᠡᠭᠦᠯᠵᠦ᠍᠂ ᠪᠠᠷᠠᠭ᠎ᠠ ᠬᠤᠳᠠᠯᠳᠤᠨ ᠠᠪᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠬᠡᠷᠡᠭ᠌ᠯᠡᠭᠡᠨ᠎ᠤ ᠱᠢᠨ᠎ᠡ ᠬᠡᠪ ᠰᠤᠷᠲᠠᠯ᠎ᠢ ᠪᠣᠶ ᠪᠣᠯᠭᠠᠵᠤ᠂ ᠬᠡᠷᠡᠭ᠌ᠯᠡᠭ᠌ᠴᠢᠳ᠎ᠲᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠰᠠᠢᠵᠢᠷᠠᠭᠤᠯᠵᠤ᠂ ᠨᠡᠢᠭᠡᠮ᠎ᠢ ᠨᠠᠩ ᠣᠶᠤᠨᠴᠢᠯᠠᠭ᠍ᠰᠠᠨ ᠪᠠ ᠥᠨᠳᠥᠷ ᠪᠦᠲᠦᠮᠵᠢᠲᠡᠶ ᠪᠣᠯᠭᠠᠵᠤ ᠴᠢᠳᠠᠨ᠎ᠠ᠃

ᠬᠡᠷᠡᠭ᠌ᠯᠡᠭ᠌ᠴᠢᠳ ᠲᠦ᠍ ᠪᠠᠶᠠᠷ ᠬᠥᠷ᠎ᠲᠠᠢ ᠬᠤᠳᠠᠯᠳᠤᠨ ᠠᠪᠬᠤ ᠥᠩᠭᠡᠷᠡᠯᠲᠡ ᠱᠠᠭᠠᠷᠳᠠᠭᠳᠠᠨ᠎ᠠ᠃ ᠮᠠᠰᠢ ᠣᠯᠠᠨ ᠬᠡᠷᠡᠭ᠌ᠯᠡᠭ᠌ᠴᠢᠳ ᠬᠤᠳᠠᠯᠳᠤᠨ ᠠᠪᠤᠯᠲᠠ ᠬᠢᠬᠦ᠎ᠳᠡᠭᠡᠨ ᠦᠨᠭᠭᠡᠷᠡᠯᠲᠡ ᠪᠠ ᠪᠠᠶᠠᠷ ᠪᠠᠶᠠᠰᠤᠯ᠂ ᠲᠠᠪᠠ ᠲᠤᠬ᠎ᠠ᠂ ᠲᠠᠭᠠᠲᠠᠢ ᠲᠥᠷᠥᠭ᠌ᠳᠡᠯ᠎ᠢ ᠣᠯᠬᠤ᠎ᠳᠤ ᠨᠡᠩ ᠢᠯᠡᠭᠦᠦ ᠠᠩᠬᠠᠷᠤᠯ᠎ᠢᠶᠠᠨ ᠬᠠᠨᠳᠤᠭᠤᠯᠵᠤ ᠪᠠᠢᠳᠠᠭ᠂ ᠡᠢᠮᠦᠷᠬᠦᠦ ᠪᠡᠶᠡᠴᠢᠯᠡᠨ ᠣᠢᠯᠠᠭᠠᠬᠤ ᠮᠠᠶᠢᠭ᠎ᠤᠨ ᠬᠡᠷᠡᠭ᠌ᠯᠡᠭᠡ᠎ᠨᠢ ᠬᠡᠷᠡᠭ᠌ᠯᠡᠭᠡᠨ᠎ᠤ ᠳᠠᠳᠭᠠᠯ᠎ᠢ ᠭᠦᠨᠵᠡᠭᠡᠢ ᠬᠤᠪᠢᠷᠠᠭᠤᠯᠵᠤ ᠪᠠᠢᠳᠠᠭ᠃ ᠣᠯᠠᠨ ᠬᠡᠯᠪᠡᠷᠢᠲᠦ ᠲᠣᠮᠣ ᠵᠠᠭ᠍ᠪᠤᠷ᠂ ᠬᠦᠷᠢᠶ᠎ᠡ ᠬᠡᠪᠴᠢᠶᠡᠨ᠎ᠤ ᠵᠠᠭ᠍ᠪᠤᠷ᠂ AI ᠣᠬᠤᠷ ᠬᠠᠷᠠᠭᠠᠨ ᠳᠠᠪᠲᠠᠮᠵᠢ᠎ᠶ᠋ᠢᠨ ᠡᠭᠦᠰᠦᠯᠲᠡ᠎ᠶ᠋ᠢᠨ ᠨᠡᠭᠡᠭᠡᠯᠲᠡ᠎ᠶ᠋ᠢ ᠳᠠᠭᠠᠯᠳᠤᠨ᠂ ᠮᠠᠰᠢ ᠣᠯᠠᠨ ᠵᠤᠭ᠎ᠠ ᠴᠡᠩᠭᠡᠯ᠂ ᠵᠣᠬᠢᠶᠠᠨ ᠪᠦᠲᠦᠭᠡᠯᠭᠡ ᠪᠠ ᠵᠢᠭᠤᠯᠴᠢᠯᠠᠯ ᠵᠡᠷᠭᠡ ᠲᠠᠯ᠎ᠠ᠎ᠪᠠᠷ ᠬᠡᠷᠡᠭ᠌ᠯᠡᠭᠡ᠎ᠳᠤ ᠣᠷᠣᠵᠤ᠂ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠲᠠᠪᠴᠠᠩ᠎ᠤᠨ ᠦᠢᠯᠡᠴᠢᠯᠡᠭᠡ ᠨᠠᠩ ᠰᠠᠢᠵᠢᠷᠠᠵᠤ᠂ ᠨᠠᠩ ᠰᠠᠢᠨ ᠵᠢᠭᠤᠯᠴᠢᠯᠠᠯ᠎ᠤᠨ ᠪᠦᠲᠦᠭᠡᠭ᠌ᠳᠡᠬᠦᠨ᠎ᠤ ᠪᠣᠷᠤᠯᠠᠭᠤᠯᠭ᠎ᠠ᠂ ᠵᠢᠭᠤᠯᠴᠢᠯᠠᠯ᠎ᠤᠨ ᠭᠠᠵᠠᠷ᠎ᠤᠨ ᠨᠠᠷᠢᠨ ᠲᠠᠨᠢᠯᠴᠠᠭᠤᠯᠭ᠎ᠠ᠂ ᠵᠢᠭᠤᠯᠴᠢᠯᠠᠯ᠎ᠤᠨ ᠠᠷᠭ᠎ᠠ ᠪᠣᠳᠣᠯᠭ᠎ᠠ᠎ᠶ᠋ᠢᠨ ᠬᠠᠮᠲᠤ᠎ᠪᠠᠷ ᠡᠳ᠋ᠯᠡᠬᠦ᠌ ᠵᠡᠷᠭᠡ ᠠᠭᠤᠯᠭ᠎ᠠ᠎ᠶ᠋ᠢ ᠬᠠᠩᠭᠠᠵᠤ᠂ ᠬᠡᠷᠡᠭ᠌ᠯᠡᠭ᠌ᠴᠢᠳ᠎ᠲᠤ ᠨᠠᠩ ᠣᠯᠠᠨ ᠵᠢᠭᠤᠯᠴᠢᠯᠠᠯ᠎ᠤᠨ ᠮᠡᠳᠡᠭᠡ ᠵᠠᠩᠭᠢ ᠪᠠ ᠣᠢᠯᠠᠭᠠᠯᠲᠠ ᠵᠢ ᠣᠯᠭᠤᠳᠠᠭ᠃ ᠡᠨᠡ᠎ᠨᠢ ᠬᠡᠷᠡᠭ᠌ᠯᠡᠭ᠌ᠴᠢᠳ᠎ᠤᠨ ᠲᠠᠸᠠᠷ᠎ᠤᠨ ᠴᠢᠨᠠᠷ ᠴᠢᠨᠰᠠᠭ᠎ᠠ ᠪᠣᠯᠣᠨ ᠦᠢᠯᠡᠴᠢᠯᠡᠭᠡ᠎ᠶ᠋ᠢ ᠴᠢᠬᠤᠯᠠᠴᠢᠯᠠᠵᠤ᠂ ᠪᠣᠷᠤᠯᠠᠭᠤᠯᠭ᠎ᠠ᠎ᠶ᠋ᠢᠨ ᠳᠠᠷᠠᠭᠠᠬᠢ ᠦᠢᠯᠡᠴᠢᠯᠡᠭᠡ ᠪᠣᠯᠣᠨ ᠬᠡᠷᠡᠭ᠌ᠯᠡᠭ᠌ᠴᠢᠳ᠎ᠤᠨ ᠣᠢᠯᠠᠭᠠᠯᠲᠠ᠎ᠶ᠋ᠢᠨ ᠱᠠᠭᠠᠷᠳᠠᠯᠭ᠎ᠠ᠎ᠶ᠋ᠢ ᠤᠯᠠᠮ ᠥᠨᠳᠥᠷ ᠪᠣᠯᠭᠠᠬᠤ ᠪᠣᠯᠣᠨ᠎ᠠ᠃

ᠬᠡᠷᠡᠭ᠌ᠯᠡᠭ᠌ᠴᠢᠳ ᠲᠦ᠍ ᠳᠥᠭᠦᠮ ᠪᠥᠭᠡᠳ ᠠᠮᠤᠷ ᠲᠦᠪᠱᠢᠨ ᠲᠤᠭᠠᠴᠠᠭ᠎ᠠ ᠱᠠᠭᠠᠷᠳᠠᠭᠳᠠᠨ᠎ᠠ᠃ ᠬᠥᠭ᠌ᠵᠢᠭ᠌ᠰᠡᠨ ᠤᠯᠤᠰ ᠠᠯᠢ ᠡᠷᠲᠡ ᠢᠲᠡᠭᠡᠮᠵᠢ᠎ᠶ᠋ᠢᠨ ᠺᠠᠷᠲ᠎ᠤᠨ ᠴᠠᠭ ᠦᠶ᠎ᠡ᠎ᠳᠤ ᠣᠷᠣᠭ᠍ᠰᠠᠨ ᠪᠠᠢᠬᠤ᠎ᠳᠤ᠂ ᠳᠤᠮᠳᠠᠳᠤ ᠤᠯᠤᠰ ᠢᠲᠡᠭᠡᠮᠵᠢ᠎ᠶ᠋ᠢᠨ ᠺᠠᠷᠲ᠎ᠤᠨ ᠱᠠᠲᠤ ᠦᠶ᠎ᠡ᠎ᠶ᠋ᠢ ᠳᠠᠪᠠᠵᠤ᠂ ᠨᠢᠭᠡ ᠵᠦᠢᠯ᠎ᠤᠨ ᠴᠤ ᠱᠢᠨ᠎ᠡ ᠡᠯᠧᠺᠲᠷᠣᠨ᠎ᠢᠶᠠᠷ ᠲᠣᠭᠠᠴᠠᠭ᠎ᠠ ᠬᠢᠬᠦ᠌ ᠠᠷᠭ᠎ᠠ ᠮᠠᠶᠢᠭ᠎ᠢ ᠡᠭᠦᠳᠦᠨ ᠨᠡᠭᠡᠭᠡᠵᠦ᠍᠂ ᠲᠣᠭᠠᠴᠠᠭ᠎ᠠ ᠬᠢᠬᠦ᠌ ᠱᠢᠨ᠎ᠡ ᠴᠠᠭ ᠦᠶ᠎ᠡ᠎ᠶ᠋ᠢ ᠬᠥᠲᠥᠯᠥᠨ ᠳᠠᠭᠠᠭᠤᠯᠵᠤ᠂ ᠣᠲᠣ ᠨᠢᠭᠡᠨᠲᠡ ᠳᠡᠯᠡᠬᠡᠢ᠎ᠶ᠋ᠢᠨ ᠡᠯ᠎ᠡ ᠭᠠᠵᠠᠷ᠎ᠢ ᠨᠥᠯᠥᠭᠡᠯᠡᠭ᠌ᠰᠡᠨ ᠪᠠᠢᠨ᠎ᠠ᠃ ᠵᠢᠱ᠌ᠢᠶᠡᠯᠡᠪᠡᠯ ᠵᠢᠷᠭᠢᠶ᠎ᠡ ᠪᠡᠷ ᠲᠣᠭᠠᠴᠠᠭ᠎ᠠ ᠬᠢᠬᠦ᠌ ᠪᠠ ᡁᠢ ᠹᠦ ᠪᠤᠤ ᠪᠡᠷ ᠲᠣᠭᠠᠴᠠᠭ᠎ᠠ ᠬᠢᠬᠦ᠌ ᠵᠡᠷᠭᠡ᠎ᠨᠢ ᠣᠯᠠᠨ ᠲᠦᠮᠡᠨ᠎ᠤ ᠬᠡᠷᠡᠭ᠌ᠯᠡᠭᠡᠨ᠎ᠤ ᠠᠵᠢᠯᠯᠠᠭ᠎ᠠ᠎ᠳᠤ ᠲᠤᠢᠯ᠎ᠢᠶᠡᠷ ᠲᠥᠬᠦᠮ ᠦᠵᠡᠭᠦᠯᠵᠦ᠍᠂ ᠤᠯᠠᠮᠵᠢᠯᠠᠯᠲᠤ ᠲᠣᠭᠠᠴᠠᠭ᠎ᠠ ᠬᠢᠬᠦ᠌ ᠵᠠᠭ᠍ᠪᠤᠷ᠎ᠢ ᠨᠤᠷᠠᠭᠠᠵᠠᠢ᠃ ᠡᠯᠧᠺᠲᠷᠣᠨ ᠮᠦᠨᠭᠭᠦ ᠴᠤ᠌ ᠬᠤᠢᠨ᠎ᠠ ᠬᠤᠢᠨ᠎ᠠ᠎ᠠᠴᠠ᠎ᠪᠠᠨ ᠭᠠᠷᠴᠤ᠌᠂ ᠲᠣᠭᠠᠴᠢᠯᠠᠭ᠍ᠰᠠᠨ ᠮᠦᠨᠭᠭᠦ ᠵᠢᠨ ᠬᠡᠷᠡᠭᠯᠡᠭᠡ᠎ᠨᠢ ᠨᠢᠭᠡᠨᠲᠡ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠡᠮ ᠡᠮᠨᠡᠯᠭᠡ ᠵᠡᠷᠭᠡ ᠠᠷᠠᠳ ᠢᠷᠭᠡᠳ᠎ᠤᠨ ᠠᠮᠢᠳᠤᠷᠠᠯ᠎ᠲᠠᠢ ᠨᠢᠭ᠍ᠲᠠ ᠬᠤᠯᠪᠣᠭ᠎ᠠ᠎ᠲᠠᠢ ᠣᠯᠠᠨ ᠠᠵᠢᠯ ᠲᠥᠷᠥᠯ᠎ᠢ ᠬᠠᠮᠤᠷᠤᠭ᠍ᠰᠠᠨ ᠪᠠᠢᠨ᠎ᠠ᠃ ᠲᠣᠭᠠᠵᠢᠭᠤᠯᠤᠯᠲᠠ ᠵᠢᠨ ᠰᠢᠨ᠎ᠡ ᠠᠰᠢᠭᠯᠠᠯᠲᠠ ᠪᠠ ᠬᠡᠷᠡᠭ᠌ᠯᠡᠭᠡ᠎ᠶ᠋ᠢᠨ ᠬᠠᠷᠢᠴᠠᠭ᠎ᠠ ᠤᠯᠠᠮ ᠡᠴᠡ ᠤᠯᠠᠮ ᠨᠢᠭᠲᠠ ᠪᠣᠯᠪᠠ᠃ ᠤᠯᠠᠨ ᠶᠠᠩᠵᠤ᠎ᠶ᠋ᠢᠨ ᠲᠣᠭᠠᠴᠢᠯᠠᠭᠰᠠᠨ ᠮᠦᠨᠭᠭᠦᠨ᠎ᠤ ᠲᠤᠨᠤᠭ ᠲᠦᠭᠦᠭᠡᠷᠦᠮᠵᠢ ᠬᠦᠮᠦᠰ᠎ᠤᠨ ᠠᠨᠭᠬᠠᠷᠤᠯ᠎ᠳᠦ ᠬᠦᠷᠴᠦ ᠪᠤᠢ᠃ ᠡᠭᠦᠨ ᠡᠴᠡ ᠲᠣᠭᠠᠴᠢᠯᠠᠭ᠍ᠰᠠᠨ ᠬᠡᠷᠡᠭ᠌ᠯᠡᠭᠡ᠎ᠨᠢ ᠢᠮᠠᠭ᠍ᠲᠠ ᠬᠡᠷᠡᠭ᠌ᠯᠡᠭ᠌ᠴᠢᠳ᠎ᠲᠦ᠍ ᠦᠢᠯᠡᠴᠢᠯᠡᠨ᠎ᠡ ᠭᠡᠵᠦ᠍ ᠬᠡᠯᠡᠵᠦ᠍ ᠪᠣᠯᠣᠨ᠎ᠠ᠃

(《 ᠰᠢᠨᠬᠤᠸᠠ ᠰᠦᠯᠵᠢᠶ᠎ᠡ 》 ᠡᠴᠡ ᠤᠷᠴᠢᠭᠤᠯᠤᠨ ᠨᠠᠢᠷᠠᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号