7 ᠰᠠᠷ᠎ᠠ᠎ᠶ᠋ᠢᠨ 29 — 30᠎ᠤ᠋ ᠡᠳᠦᠷ ᠪᠣᠯᠲᠠᠯ᠎ᠠ᠂ 《ᠤᠮᠠᠷᠠᠲᠤ ᠬᠢᠯᠢ᠎ᠶ᠋ᠢᠨ ᠰᠣᠶᠣᠯ ᠪᠠ ᠠᠮᠢ ᠠᠬᠤᠢ᠎ᠶ᠋ᠢᠨ ᠪᠣᠯᠪᠠᠰᠤᠨ᠎ᠤ᠋ ᠪᠠᠢᠭᠤᠯᠤᠯᠲᠠ》 ᠶ᠋ᠢᠨ ᠪᠠᠢᠴᠠᠭᠠᠨ ᠰᠤᠳᠤᠯᠵᠤ ᠶᠠᠷᠢᠯᠴᠠᠬᠤ ᠬᠤᠷᠠᠯ ᠪᠠᠶᠠᠨᠨᠠᠭᠤᠷ ᠬᠣᠲᠠ᠎ᠶ᠋ᠢᠨ ᠤᠷᠠᠳ᠎ᠤ᠋ᠨ ᠡᠮᠦᠨᠡᠲᠦ ᠬᠤᠰᠢᠭᠤᠨᠳ᠋ᠤ᠌ ᠬᠤᠷᠠᠯᠳᠤᠵᠤ᠂ ᠳᠤᠮᠳᠠᠳᠤ ᠤᠯᠤᠰ᠎ᠤ᠋ᠨ ᠨᠡᠢᠭᠡᠮ᠎ᠦ᠋ᠨ ᠰᠢᠨᠵᠢᠯᠡᠬᠦ ᠤᠬᠠᠭᠠᠨ᠎ᠤ᠋ ᠬᠦᠷᠢᠶᠡᠯᠡᠩ᠂ ᠪᠡᠭᠡᠵᠢᠩ᠎ᠦ᠋ᠨ ᠪᠠᠭᠰᠢ᠎ᠶ᠋ᠢᠨ ᠶᠡᠬᠡ ᠰᠤᠷᠭᠠᠭᠤᠯᠢ᠂ ᠨᠠᠨᠵᠢᠩ ᠶᠡᠬᠡ ᠰᠤᠷᠭᠠᠭᠤᠯᠢ᠂ ᠥᠪᠥᠷ ᠮᠣᠩᠭᠣᠯ᠎ᠤ᠋ᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ᠋ ᠰᠤᠳᠤᠯᠭᠠᠨ᠎ᠤ᠋ ᠬᠦᠷᠢᠶᠡᠯᠡᠩ᠎ᠤ᠋ᠨ ᠲᠤᠰᠬᠠᠢ ᠮᠡᠷᠭᠡᠵᠢᠯᠲᠡᠨ ᠡᠷᠳᠡᠮᠲᠡᠳ ᠣᠷᠣᠯᠴᠠᠵᠠᠢ᠃
ᠲᠤᠰ ᠤᠳᠠᠭᠠᠨ᠎ᠤ᠋ ᠪᠠᠢᠴᠠᠭᠠᠨ ᠰᠤᠳᠤᠯᠵᠤ ᠶᠠᠷᠢᠯᠴᠠᠬᠤ ᠬᠤᠷᠠᠯ ᠤᠮᠠᠷᠠᠲᠤ ᠬᠢᠯᠢ ᠬᠢᠵᠠᠭᠠᠷ ᠣᠷᠣᠨ᠎ᠤ᠋ ᠥᠪᠡᠷᠮᠢᠴᠡ ᠰᠣᠶᠣᠯ᠎ᠤ᠋ᠨ ᠠᠭᠤᠯᠤᠭᠳᠠᠬᠤᠨ ᠪᠠ ᠠᠮᠢ ᠠᠬᠤᠢ᠎ᠶ᠋ᠢᠨ ᠥᠷᠲᠡᠭ᠎ᠢ᠋ ᠭᠦᠨᠵᠡᠭᠡᠢ ᠠᠭᠤᠳᠠᠯᠯᠠᠵᠤ᠂ ᠰᠣᠶᠣᠯ ᠪᠠ ᠠᠮᠢ ᠠᠬᠤᠢ᠎ᠶ᠋ᠢᠨ ᠪᠣᠯᠪᠠᠰᠤᠨ᠎ᠤ᠋ ᠪᠠᠢᠭᠤᠯᠤᠯᠲᠠ᠎ᠶ᠋ᠢ ᠬᠠᠷᠢᠯᠴᠠᠨ ᠠᠬᠢᠭᠤᠯᠵᠤ᠂ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠵᠠᠮ᠎ᠢ᠋ ᠬᠠᠢᠨ ᠰᠦᠪᠡᠭᠴᠢᠯᠡᠵᠦ᠂ ᠶᠡᠬᠡ ᠳᠡᠭᠡᠳᠦ ᠰᠤᠷᠭᠠᠭᠤᠯᠢ ᠬᠢᠭᠡᠳ ᠣᠷᠣᠨ ᠨᠤᠲᠤᠭ᠂ ᠲᠤᠰᠬᠠᠢ ᠮᠡᠷᠭᠡᠵᠢᠯᠲᠡᠨ ᠬᠢᠭᠡᠳ ᠦᠨᠳᠦᠰᠦᠨ ᠱᠠᠲᠤᠨ᠎ᠤ᠋ ᠬᠣᠭᠣᠷᠣᠨᠳᠣᠬᠢ ᠨᠡᠪᠲᠡᠷᠡᠯᠴᠡᠭᠡ ᠬᠠᠷᠢᠯᠴᠠᠭ᠎ᠠ᠎ᠶ᠋ᠢ ᠪᠠᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ᠎ᠶ᠋ᠢ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠂ ᠤᠮᠠᠷᠠᠲᠤ ᠬᠢᠯᠢ ᠬᠢᠵᠠᠭᠠᠷ ᠣᠷᠣᠨ᠎ᠤ᠋ ᠠᠵᠤ ᠠᠬᠤᠢ ᠨᠡᠢᠭᠡᠮ᠎ᠦ᠋ᠨ ᠬᠥᠭᠵᠢᠯᠲᠡ᠎ᠶ᠋ᠢ ᠬᠠᠮᠲᠤ ᠪᠠᠷ ᠲᠦᠯᠬᠢᠨ ᠠᠬᠢᠭᠤᠯᠵᠤ ᠰᠢᠨ᠎ᠡ ᠳᠡᠭᠲᠡᠷ᠎ᠲᠦ᠍ ᠭᠠᠷᠭᠠᠬᠤ ᠪᠡᠷ ᠵᠤᠷᠢᠯᠲᠠ ᠪᠤᠯᠭᠠᠪᠠ᠃ ᠬᠤᠷᠠᠯᠳ᠋ᠤ᠌ ᠣᠷᠣᠯᠴᠠᠭᠰᠠᠨ ᠲᠤᠰᠬᠠᠢ ᠮᠡᠷᠭᠡᠵᠢᠯᠲᠡᠳ ᠡᠯ᠎ᠡ ᠠᠵᠢᠯ ᠲᠥᠷᠥᠯ᠎ᠦ᠋ᠨ ᠬᠦᠷᠢᠶ᠎ᠡ ᠪᠠ ᠪᠠᠶᠠᠨᠨᠠᠭᠤᠷ᠎ᠤ᠋ᠨ ᠪᠣᠳᠠᠲᠤ ᠪᠠᠢᠳᠠᠯᠠ᠋ᠴᠠ ᠡᠭᠦᠰᠴᠦ᠂ ᠣᠯᠠᠨᠤ᠋ ᠣᠶᠤᠨ ᠤᠬᠠᠭᠠᠨᠢ᠋ ᠲᠥᠪᠯᠡᠷᠡᠭᠦᠯᠦᠨ᠂ ᠪᠣᠳᠣᠭᠰᠠᠨ ᠰᠠᠨᠠᠭᠰᠠᠨᠢ᠋ᠶ᠋ᠠᠨ ᠲᠡᠯᠭᠡᠨ ᠶᠠᠷᠢᠵᠤ᠂ ᠪᠠᠶᠠᠨᠨᠠᠭᠤᠷ᠎ᠤ᠋ᠨ ᠰᠣᠶᠣᠯ᠎ᠤ᠋ᠨ ᠠᠮᠢᠵᠢᠷᠠᠯ᠎ᠤ᠋ᠨ ᠬᠦᠴᠦᠨ᠎ᠢ᠋ ᠬᠥᠭᠵᠢᠭᠡᠵᠦ᠂ ᠤᠮᠠᠷᠠᠲᠤ ᠬᠢᠯᠢ᠎ᠶ᠋ᠢᠨ ᠰᠣᠶᠣᠯ᠎ᠤ᠋ᠨ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠬᠠᠬᠤᠳ᠋ᠤ᠌ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯᠢ᠋ᠶ᠋ᠠᠨ ᠨᠢᠭᠲᠠᠷᠠᠭᠤᠯᠪᠠ᠃
ᠬᠢᠷᠢᠨ ᠶᠡᠬᠡ ᠰᠤᠷᠭᠠᠭᠤᠯᠢ᠎ᠶ᠋ᠢᠨ ᠫᠷᠣᠹᠧᠰᠰᠣᠷ᠂ ᠳ᠋ᠤᠺᠲ᠋ᠤᠷᠠᠨᠲ᠎ᠤ᠋ᠨ ᠵᠢᠯᠤᠭᠤᠳᠤᠭᠴᠢ ᠪᠠᠭᠰᠢ ᠰᠢᠦᠢ ᠵᠧᠩ ᠺᠤᠤ᠄ 《ᠰᠣᠶᠣᠯ ᠵᠢᠭᠤᠯᠴᠢᠯᠠᠯ᠎ᠤ᠋ᠨ ᠴᠢᠨᠠᠷ ᠴᠢᠨᠰᠠᠭ᠎ᠠ᠎ᠶ᠋ᠢ ᠳᠡᠭᠡᠭᠰᠢᠯᠡᠭᠦᠯᠬᠦᠳ᠋ᠦ᠍ ᠰᠢᠨᠵᠢᠯᠡᠬᠦ ᠤᠬᠠᠭᠠᠨ᠎ᠤ᠋ ᠰᠤᠳᠤᠯᠤᠯ᠎ᠲᠠᠢ ᠤᠶᠠᠯᠳᠤᠭᠤᠯᠬᠤ ᠬᠡᠷᠡᠭᠲᠡᠢ᠂ ᠲᠡᠷᠡ ᠨᠢ ᠬᠠᠮᠵᠢᠯᠴᠠᠨ ᠬᠠᠪᠰᠤᠷᠤᠯᠴᠠᠬᠤ ᠬᠠᠷᠢᠴᠠᠭ᠎ᠠ ᠲᠠᠢ ᠶᠤᠮ᠃ ᠰᠢᠨᠵᠢᠯᠡᠬᠦ ᠤᠬᠠᠭᠠᠨ᠎ᠤ᠋ ᠰᠤᠳᠤᠯᠭᠠᠨᠢ᠋ᠶ᠋ᠠᠷ ᠳᠠᠮᠵᠢᠭᠤᠯᠤᠨ ᠪᠠᠶᠠᠨᠨᠠᠭᠤᠷ ᠬᠣᠲᠠ᠎ᠶ᠋ᠢᠨ ᠲᠡᠦᠬᠡ ᠰᠣᠶᠣᠯ᠂ ᠰᠣᠶᠣᠯᠢᠷᠭᠡᠨᠰᠢᠯ᠂ ᠰᠤᠶᠤᠯ᠎ᠤᠨ ᠠᠭᠤᠰᠤᠯᠴᠠᠭ᠎ᠠ ᠵᠡᠷᠭᠡ᠎ᠶ᠋ᠢ ᠣᠨᠣᠪᠴᠢᠲᠠᠢ ᠲᠠᠢᠯᠪᠤᠷᠢᠯᠠᠨ ᠲᠣᠳᠣᠷᠬᠠᠢᠯᠠᠪᠠᠯ ᠵᠤᠬᠢᠨ᠎ᠠ》 ᠭᠡᠵᠦ ᠶᠠᠷᠢᠪᠠ᠃
《ᠠᠷᠠᠳ᠎ᠤ᠋ᠨ ᠵᠠᠩ ᠦᠢᠯᠡ᠎ᠶ᠋ᠢᠨ ᠲᠤᠬᠠᠢ ᠰᠤᠳᠤᠯᠭ᠎ᠠ ᠬᠢᠬᠦᠳ᠋ᠦ᠍ ᠵᠠᠪᠠᠯ ᠲᠤᠮᠳᠠᠳᠤ᠎ᠶᠢᠨ ᠰᠣᠶᠣᠯ᠎ᠤ᠋ᠨ ᠶᠡᠬᠡ ᠠᠬᠤᠢ ᠪᠠᠢᠳᠠᠯ᠎ᠤ᠋ᠨ ᠳᠣᠣᠷ᠎ᠠ ᠰᠤᠳᠤᠯᠬᠤ ᠬᠡᠷᠡᠭᠲᠡᠢ᠃ ᠣᠷᠣᠨ ᠨᠤᠲᠤᠭ᠎ᠤ᠋ᠨ ᠵᠠᠩ ᠦᠢᠯᠡ᠎ᠶ᠋ᠢᠨ ᠥᠪᠡᠷᠮᠢᠴᠡ ᠴᠢᠨᠠᠷ᠎ᠢ᠋ ᠡᠷᠬᠢᠮᠯᠡᠬᠦ᠎ᠶ᠋ᠢᠨ ᠬᠠᠮᠲᠤ ᠳᠤᠮᠳᠠᠳᠤ᠎ᠶ᠋ᠢᠨ ᠰᠣᠶᠣᠯ᠎ᠲᠠᠢ ᠬᠠᠷᠢᠴᠠᠭ᠎ᠠ ᠬᠣᠯᠪᠣᠭ᠎ᠠ ᠲᠠᠢ ᠪᠠᠢᠬᠤ᠎ᠶ᠋ᠢ ᠴᠢᠬᠤᠯᠠᠴᠢᠯᠠᠬᠤ ᠬᠡᠷᠡᠭᠲᠡᠢ》 ᠭᠡᠮᠡᠨ ᠳᠤᠮᠳᠠᠳᠤ ᠤᠯᠤᠰ᠎ᠤ᠋ᠨ ᠨᠡᠢᠭᠡᠮ᠎ᠦ᠋ᠨ ᠰᠢᠨᠵᠢᠯᠡᠬᠦ ᠤᠬᠠᠭᠠᠨ᠎ᠤ᠋ ᠬᠦᠷᠢᠶᠡᠯᠡᠩᠦ᠋ᠨ ᠤᠳᠬ᠎ᠠ ᠵᠣᠬᠢᠶᠠᠯ᠎ᠤ᠋ᠨ ᠰᠤᠳᠤᠯᠭᠠᠨ᠎ᠤ᠋ ᠭᠠᠵᠠᠷ᠎ᠤ᠋ᠨ ᠰᠤᠳᠤᠯᠤᠭᠴᠢ ᠱᠢ ᠠᠢ ᠳ᠋ᠦᠩ ᠢᠯᠡᠳᠬᠡᠪᠡ᠃
ᠣᠢᠷ᠎ᠠ᠎ᠶ᠋ᠢᠨ ᠵᠢᠯ᠎ᠡᠴᠡ ᠨᠡᠭᠠᠰᠢ ᠪᠠᠶᠠᠨᠨᠠᠭᠤᠷ ᠬᠣᠲᠠ ᠰᠣᠶᠣᠯ᠎ᠤ᠋ᠨ ᠢᠲᠡᠭᠡᠯᠢ᠋ᠶ᠋ᠡᠨ ᠪᠠᠲᠤᠳᠬᠠᠵᠤ᠂ ᠲᠥᠪ ᠭᠣᠣᠯᠴᠢ ᠰᠢᠨ᠎ᠡ᠎ᠶ᠋ᠢ ᠡᠭᠦᠳᠬᠦ᠎ᠶ᠋ᠢ ᠪᠠᠷᠢᠮᠲᠠᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤ᠋ᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠳᠣᠪᠣᠢᠮ᠎ᠠ ᠪᠠᠢᠷᠢᠨᠳ᠋ᠤ᠌ ᠲᠠᠯᠪᠢᠵᠤ᠂ ︽ᠥᠪᠡᠷᠲᠡᠭᠡᠨ ᠵᠠᠰᠠᠬᠤ ᠣᠷᠣᠨ᠎ᠤ᠋︿ᠤᠮᠠᠷᠠᠲᠤ ᠬᠢᠯᠢ᠎ᠶ᠋ᠢᠨ ᠰᠣᠶᠣᠯ᠎ᠤ᠋ᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠲᠤᠬᠠᠢ ᠰᠠᠨᠠᠯ﹀᠎ᠢ᠋ ᠲᠤᠭᠤᠰᠢᠯᠠᠭᠤᠯᠬᠤ ᠨᠠᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠎ᠢ᠋ ᠲᠣᠭᠲᠠᠭᠠᠵᠤ᠂ ᠪᠤᠷᠤᠳᠤᠬᠤᠢ᠎ᠶ᠋ᠢᠨ ᠰᠣᠶᠣᠯ᠎ᠤ᠋ᠨ ᠰᠤᠳᠤᠯᠤᠨ ᠲᠠᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠥᠪ ᠬᠥᠷᠥᠩᠭᠡ᠎ᠶ᠋ᠢ ᠬᠠᠮᠠᠭᠠᠯᠠᠬᠤ᠂ ᠠᠷᠠᠳᠢ᠋ ᠳᠤᠯᠠᠭᠠᠴᠠᠭᠤᠯᠬᠤ᠂ ᠰᠣᠶᠣᠯ ᠵᠢᠭᠤᠯᠴᠢᠯᠠᠯ᠎ᠢ᠋ ᠠᠭᠤᠰᠤᠯᠴᠠᠭᠤᠯᠬᠤ ᠵᠡᠷᠭᠡ ︽ᠵᠢᠷᠭᠤᠭᠠᠨ ᠲᠠᠯ᠎ᠠ᠎ᠶᠢᠨ ᠠᠵᠢᠯ︾᠎ᠢ᠋ ᠪᠦᠬᠦ ᠬᠦᠴᠦᠨ᠎ᠢ᠋ᠶ᠋ᠡᠷ᠎ᠢ᠋ᠶ᠋ᠡᠨ ᠰᠠᠢᠲᠤᠷ ᠬᠢᠵᠦ᠂ ᠤᠮᠠᠷᠠᠲᠤ ᠬᠢᠯᠢ᠎ᠶ᠋ᠢᠨ ᠰᠣᠶᠣᠯ᠎ᠤ᠋ᠨ ᠲᠦᠷᠤᠯ ᠲᠡᠮᠳᠡᠭ᠎ᠢ᠋ ᠪᠣᠢ ᠪᠣᠯᠭᠠᠬᠤᠳ᠋ᠤ᠌ ᠬᠦᠴᠦ᠎ᠪᠡᠨ ᠡᠷᠭᠦᠪᠡ᠃
︽ᠳᠠᠷᠠᠭᠠᠴᠢ᠎ᠶ᠋ᠢᠨ ᠠᠯᠬᠤᠮᠳ᠋ᠤ᠌ ᠪᠢᠳᠡ ᠪᠤᠷᠤᠳᠤᠬᠤᠢ᠎ᠶ᠋ᠢᠨ ᠰᠣᠶᠣᠯ᠎ᠤ᠋ᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠢ᠋ ᠤᠯᠠᠮ ᠴᠢᠨᠠᠭᠰᠢᠳᠠ ᠠᠬᠢᠭᠤᠯᠵᠤ᠂ 〈ᠵᠢᠷᠭᠤᠭᠠᠨ ᠲᠠᠯ᠎ᠠ᠎ᠶᠢᠨ ᠠᠵᠢᠯ〉 ᠢ᠋ ᠨᠠᠷᠢᠨ ᠨᠢᠮᠪᠠᠢ ᠰᠠᠢᠲᠤᠷ ᠬᠢᠵᠦ᠂ ᠪᠤᠷᠤᠳᠤᠬᠤᠢ᠎ᠶ᠋ᠢᠨ ᠰᠣᠶᠣᠯ᠎ᠢ᠋ ᠤᠮᠠᠷᠠᠲᠤ ᠬᠢᠯᠢ᠎ᠶ᠋ᠢᠨ ᠰᠣᠶᠣᠯ᠎ᠤ᠋ᠨ ᠳᠤᠮᠳᠠ ᠨᠡᠩ ᠭᠡᠷᠡᠯ ᠭᠢᠯᠪᠠᠭ᠎ᠠ ᠰᠠᠴᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ᠋ ᠬᠣᠶᠠᠷ ᠶᠡᠬᠡ ᠶᠠᠪᠤᠳᠠᠯ᠎ᠢ᠋ ᠰᠠᠢᠲᠤᠷ ᠬᠢᠬᠦ ᠪᠠ︿ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨᠳ᠋ᠤ᠌ ᠤᠷᠤᠬᠤ﹀ᠬᠠᠷᠠᠯᠲᠠ᠎ᠶ᠋ᠢ ᠪᠡᠶᠡᠯᠡᠭᠦᠯᠬᠦᠳ᠋ᠦ᠍ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ︾ᠭᠡᠵᠦ ᠪᠠᠶᠠᠨᠨᠠᠭᠤᠷ ᠬᠣᠲᠠ᠎ᠶ᠋ᠢᠨ ᠨᠠᠮ᠎ᠤ᠋ᠨ ᠬᠣᠷᠢᠶᠠᠨ᠎ᠤ᠋ ᠤᠬᠠᠭᠤᠯᠬᠤ ᠬᠡᠯᠲᠡᠰᠦ᠋ᠨ ᠪᠠᠢᠩᠭᠤ᠎ᠶ᠋ᠢᠨ ᠳᠡᠳ᠋ ᠳᠠᠷᠤᠭ᠎ᠠ ᠯᠢ ᠶᠦᠨ ᠯᠦ᠍ ᠢᠯᠡᠳᠬᠡᠪᠡ᠃
ᠪᠠᠢᠴᠠᠭᠠᠨ ᠰᠤᠳᠤᠯᠬᠤ ᠳᠤᠭᠤᠢᠯᠠᠩ ᠪᠠᠰᠠ ᠤᠯᠠᠭᠠᠨᠰᠤᠬᠠᠢ ᠨᠠᠭᠤᠷ᠎ᠲᠤ ᠭᠦᠨᠵᠡᠭᠡᠢᠷᠡᠨ ᠲᠤᠬᠠᠢ᠎ᠶ᠋ᠢᠨ ᠭᠠᠵᠠᠷ᠎ᠤ᠋ᠨ ᠪᠠᠢᠴᠠᠭᠠᠨ ᠰᠤᠳᠤᠯᠤᠯᠲᠠ ᠬᠢᠵᠦ᠂ ᠲᠤᠬᠠᠢ᠎ᠶ᠋ᠢᠨ ᠭᠠᠵᠠᠷ᠎ᠤ᠋ᠨ ᠰᠣᠶᠣᠯ᠎ᠤ᠋ᠨ ᠣᠨᠴᠠᠯᠢᠭ ᠪᠠ ᠠᠮᠢ ᠠᠬᠤᠢ᠎ᠶ᠋ᠢᠨ ᠪᠠᠢᠳᠠᠯ᠎ᠢ᠋ ᠨᠠᠷᠢᠨ ᠣᠢᠯᠠᠭᠠᠪᠠ᠃