《ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ》 ᠣᠯᠠᠨ ᠲᠦᠮᠡᠨ᠎ᠦ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢᠨ ᠦᠨᠳᠦᠰᠦᠨ ᠱᠠᠳᠤᠨ ᠤ᠋ ᠠᠶᠠᠯᠠᠯ ᠤ᠋ᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠬᠢᠩᠭᠠᠨ ᠠᠢᠮᠠᠭ᠎ᠲᠤ ᠶᠠᠪᠤᠭ᠍ᠳᠠᠪᠠ
2024-08-06 09:35:36
ᠵᠣᠬᠢᠶᠠᠭ᠍ᠴᠢ᠄
​ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠭᠣᠣᠯᠯᠠᠨ ᠡᠷᠬᠢᠯᠡᠭ᠌ᠰᠡᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠤᠯᠠᠨ ᠲᠦᠮᠡᠨ᠎ᠦ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠦᠨᠳᠦᠰᠦᠨ ᠱᠠᠲᠤᠨ᠎ᠤ ᠠᠶᠠᠯᠠᠯ ᠤ᠋ᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠵᠢᠴᠢ 《ᠠᠨᠠᠷ᠎ᠤᠨ ᠎ᠬᠡᠯᠬᠢᠶ᠎ᠠ — ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍᠂ ᠬᠠᠷᠢᠯᠴᠠᠨ ᠠᠭᠤᠰᠤᠯᠴᠠᠬᠤ ᠬᠥᠭ᠌ᠵᠢᠯᠲᠡ᠎ᠶ᠋ᠢ ᠠᠬᠢᠭᠤᠯᠬᠤ》 ᠠᠵᠢᠯᠯᠠᠭ᠎ᠠ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠳᠤ ᠶᠠᠪᠤᠭ᠍ᠳᠠᠪᠠ᠃

ᠠᠵᠢᠯᠯᠠᠭ᠎ᠠ ᠳᠤᠮᠳᠠ᠂ ᠡᠯ᠎ᠡ ᠡᠳᠡᠭᠡᠳ᠎ᠤᠨ ᠲᠤᠰᠭᠠᠶ ᠮᠡᠷᠭᠡᠵᠢᠯᠲᠡᠨ᠂ ᠡᠷᠳᠡᠮᠲᠡᠨ ᠨᠠᠷ 120 ᠭᠠᠷᠤᠶ ᠮᠠᠯᠴᠢᠨ ᠲᠠᠷᠢᠶᠠᠴᠢᠨ᠎ᠤ ᠲᠥᠯᠥᠭᠡᠯᠡᠭ᠌ᠴᠢ᠎ᠳᠦ 《ᠠᠭᠤᠤ ᠶᠡᠬᠡ ᠦᠶ᠋ᠯᠡᠳᠦᠯᠭᠡ ᠬᠡᠷᠡᠯ ᠰᠠᠴᠤᠷᠠᠩᠭᠤᠶ ᠥᠩᠭᠡᠷᠡᠯᠲᠡ — 〈ᠵᠢᠷᠭᠤᠭᠠᠨ ᠥᠭᠦᠯᠡᠪᠦᠷᠢ ᠦᠭᠡ〉 ᠎ᠶ᠋ᠢᠨ ᠪᠣᠳᠠᠲᠤ ᠶᠠᠪᠤᠳᠠᠯ ᠪᠠ ᠶᠣᠰᠣ ᠤᠴᠢᠷ᠎ᠢ ᠭᠦᠨᠵᠡᠭᠡᠶ ᠣᠢᠯᠠᠭᠠᠶ᠎ᠠ》 《 ᠭᠡᠨᠡᠳᠲᠡ ᠡᠭᠦᠰᠦᠭ᠌ᠰᠡᠨ ᠡᠪᠡᠳᠴᠢᠨ᠎ᠢ ᠪᠠᠴᠢᠮ ᠠᠷᠭᠠᠴᠠᠨ ᠱᠢᠶ᠋ᠳᠪᠦᠷᠢᠯᠡᠬᠦ᠌ ᠠᠷᠭ᠎ᠠ》《ᠪᠠᠷᠠᠭᠠᠨ ᠤ᠋ ᠰᠦᠯᠵᠢᠶ᠎ᠠ᠎ᠪᠡᠷ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠶ᠋ᠯᠡᠰ᠎ᠦᠨ ᠲᠣᠭᠠᠴᠢᠯᠠᠯᠲᠠ᠎ᠶ᠋ᠢ ᠳᠠᠢᠴᠢᠯᠠᠶ᠎ᠠ》 ᠵᠡᠷᠭᠡ 6 ᠲᠠᠯᠠᠪᠠᠢ ᠲᠤᠰᠭᠠᠶ ᠰᠡᠳᠦᠪᠲᠦ ᠲᠠᠢᠯᠤᠮᠵᠢ ᠬᠢᠵᠦ᠍᠂ ᠰᠤᠷᠤᠯᠭᠠᠳᠠᠳ ᠤ᠋ᠨ ᠬᠠᠷᠠᠭ᠎ᠠ᠎ᠶ᠋ᠢ ᠥᠷᠭᠡᠳᠭᠡᠭ᠌ᠰᠡᠨ᠎ᠢᠶᠡᠷ ᠪᠠᠷᠠᠬᠤ ᠥᠬᠡᠶ ᠨᠠᠩ ᠴᠤ᠌ ᠲᠡᠳᠡᠨ᠎ᠦ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠡᠶ᠃ ᠮᠠᠯᠴᠢᠨ ᠲᠠᠷᠢᠶᠠᠴᠢᠨ ᠰᠤᠷᠤᠯᠭᠠᠳᠠᠳ ᠪᠠᠰᠠ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠠᠳᠭᠤᠮᠠᠯ ᠤ᠋ᠨ ᠰᠣᠶᠣᠯ᠎ᠤᠨ ᠮᠦᠽᠧᠶ᠂ ᠳᠠᠢᠴᠢᠨᠲᠠᠯ᠎ᠠ ᠭᠠᠴᠠᠭᠠᠨ᠎ᠤ ᠰᠣᠶᠣᠯ ᠵᠢᠭᠤᠯᠴᠢᠯᠠᠯ᠎ᠤᠨ ᠵᠢᠵᠢᠭ ᠪᠠᠯᠭᠠᠰᠤ ᠵᠡᠷᠭᠡ ᠭᠠᠵᠠᠷ᠎ᠲᠤ ᠭᠦᠨᠵᠡᠭᠡᠢᠷᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠡᠶᠡᠴᠢᠯᠡᠨ ᠣᠢᠯᠠᠭᠠᠬᠤ ᠮᠠᠶᠢᠭ᠎ᠤᠨ ᠵᠢᠭᠠᠨ ᠰᠤᠷᠭᠠᠯᠲᠠ᠎ᠳᠤ ᠣᠷᠣᠯᠴᠠᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠪᠠᠰᠠ ᠠᠯᠪᠠᠨ ᠵᠢᠷᠤᠮ᠎ᠤᠨ ᠡᠮᠴᠢᠯᠡᠭᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠭ᠍ᠰᠠᠨ ᠤᠷᠠᠨ ᠰᠠᠢᠬᠠᠨ᠎ᠤ ᠲᠣᠭ᠍ᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠢ ᠪᠡᠶᠡᠴᠢᠯᠡᠨ ᠣᠢᠯᠠᠭᠠᠬᠤ ᠵᠢᠴᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠍᠂ ᠠᠯᠢ ᠣᠯᠠᠨ ᠡᠯᠪᠡᠭ ᠪᠠᠶᠠᠯᠢᠭ ᠠᠵᠢᠯᠯᠠᠭ᠎ᠠ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠪᠣᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤ᠋ ᠣᠭ ᠰᠠᠨᠠᠭ᠎ᠠ᠎ᠪᠠᠨ ᠥᠯᠥ᠍ ᠮᠠᠷᠲᠠᠨ ᠨᠠᠮ᠎ᠤᠨ ᠠᠴᠢ᠎ᠳᠤ ᠲᠠᠯᠠᠷᠬᠠᠵᠤ᠂ ᠡᠷᠡᠰ ᠭᠤᠢᠪᠢᠰᠢ ᠥᠬᠡᠶ᠎ᠪᠡᠷ ᠨᠠᠮ᠎ᠤᠨ ᠦᠭᠡ᠎ᠶ᠋ᠢ ᠰᠣᠨᠣᠰᠴᠤ᠌᠂ ᠡᠷᠡᠰ ᠭᠤᠢᠪᠢᠰᠢ ᠥᠬᠡᠶ᠎ᠪᠡᠷ ᠨᠠᠮ᠎ᠢᠶᠠᠨ ᠳᠠᠭᠠᠬᠤ ᠵᠢ ᠬᠦᠳᠦᠯᠦᠨ ᠵᠢᠯᠤᠭᠤᠳᠴᠢ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠨᠡᠢᠭᠡᠮ᠎ᠦᠨ ᠬᠦᠴᠦᠨ᠎ᠢ ᠵᠣᠬᠢᠶᠠᠨ ᠪᠠᠢᠭᠤᠯᠵᠤ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠮᠳᠤ ᠵᠢᠨ ᠭᠤᠤᠯ ᠰᠤᠮᠤ᠎ᠶ᠋ᠢᠨ ᠪᠠᠶᠠᠨ ᠣᠪᠣᠭ᠎ᠠ ᠭᠠᠴᠠᠭ᠎ᠠ ᠪᠣᠯᠤᠨ ᠲᠡᠯᠡᠭᠡᠨᠮᠣᠳᠣ ᠪᠠᠯᠭᠠᠰᠤᠨ᠎ᠤ ᠶᠤᠸᠠᠨ ᠪᠦᠦ ᠳᠦᠨ ᠭᠠᠴᠠᠭ᠎ᠠ᠎ᠳᠤ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠶ᠋ᠯᠡᠳᠦᠯᠭᠡ ᠵᠢᠨ ᠠᠢᠯ》 ᠢ᠋ ᠪᠠᠢᠭᠤᠯᠤᠨ ᠦᠭᠴᠤ᠂ 70 ᠭᠠᠷᠤᠶ ᠲᠦᠮᠡᠨ ᠲᠥᠭᠥᠷᠢᠭ᠎ᠦᠨ ᠥᠷᠲᠡᠭ ᠪᠥᠬᠥᠶ ᠬᠠᠲᠠᠭᠤ ᠵᠦᠭᠡᠯᠡᠨ ᠲᠣᠨᠣᠭ ᠬᠠᠨᠳᠢᠪᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠨᠦᠭᠦᠳ᠎ᠦᠨ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2024 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号