ᠤᠯᠠᠨ ᠭᠠᠵᠠᠷ᠎ᠤᠨ ᠬᠢᠨ ᠭᠠᠷᠠᠭ᠎ᠤᠨ ᠵᠢᠷᠭᠤᠭᠠᠨ᠎ᠳᠤ ᠠᠵᠢᠯᠯᠠᠬᠤ ᠪᠡᠷ ᠲᠤᠭᠲᠠᠵᠠᠢ
2024-08-06 19:31:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 10᠎ᠤ ᠡᠳᠦᠷ ᠪᠤᠯ ᠮᠠᠨ᠎ᠤ ᠤᠯᠤᠰ᠎ᠤᠨ ᠤᠯᠠᠮᠵᠢᠯᠠᠯᠲᠤ ᠪᠢᠯᠢᠭ᠎ᠤᠨ ᠤᠯᠠᠷᠢᠯ᠎ᠤᠨ ᠳᠤᠯᠤᠭᠠᠨ ᠰᠠᠷ᠎ᠠ᠎ᠶᠢᠨ ᠰᠢᠨ᠎ᠡ ᠵᠢᠨ ᠳᠤᠯᠤᠭᠠᠨ᠂ ᠦᠬᠡᠷᠴᠢᠨ ᠬᠦᠪᠡᠭᠦᠨ ᠨᠡᠬᠡᠮᠡᠯᠴᠢᠨ ᠦᠬᠢᠨ᠎ᠤ ᠠᠭᠤᠯᠵᠠᠯᠲᠠ ᠪᠤᠯᠳᠠᠭ ᠭᠡᠵᠦ ᠳᠤᠮᠤᠭᠯᠠᠳᠠᠭ ᠡᠨᠡ ᠡᠳᠦᠷ ᠨᠢ ᠢᠨᠠᠭ ᠠᠮᠠᠷᠠᠭ ᠬᠤᠤᠰ᠎ᠤᠳ᠎ᠤᠨ ᠬᠦᠨᠳᠦᠳᠬᠡᠨ ᠡᠷᠬᠢᠮᠯᠡᠳᠡᠭ ᠪᠠᠶᠠᠷ᠎ᠤᠨ ᠡᠳᠦᠷ ᠪᠤᠯᠬᠤ ᠶᠤᠮ᠃ ᠡᠨᠡ ᠡᠳᠦᠷ ᠨᠢ ᠶᠠᠭ ᠰᠠᠶᠢᠬᠠᠨ ᠭᠠᠷᠠᠭ᠎ᠤᠨ ᠵᠢᠷᠭᠤᠭᠠᠨ᠎ᠳᠤ ᠲᠠᠭᠠᠷᠠᠬᠤ ᠪᠤᠯᠪᠠᠴᠤ ᠤᠯᠠᠨ ᠭᠠᠵᠠᠷ᠎ᠤᠨ ᠤᠷᠤᠭ ᠳᠠᠩᠰᠠᠯᠠᠯᠲᠠ᠎ᠶᠢᠨ ᠭᠠᠵᠠᠷ᠎ᠤᠨ ᠬᠢᠨ ᠬᠡᠪ᠎ᠤᠨ ᠶᠤᠰᠤᠭᠠᠷ ᠠᠵᠢᠯᠯᠠᠵᠤ᠂ ᠢᠨᠠᠭ ᠬᠤᠤᠰ᠎ᠤᠳ᠎ᠲᠤ ᠤᠷᠤᠭ ᠬᠤᠷᠢᠮ᠎ᠤᠨ ᠳᠠᠩᠰᠠᠯᠠᠯᠲᠠ᠎ᠶᠢᠨ ᠠᠵᠢᠯ᠎ᠢ ᠭᠦᠢᠴᠡᠳᠬᠡᠵᠦ ᠦᠭᠭᠦᠨ᠎ᠡ ᠭᠡᠵᠦ ᠲᠤᠳᠤᠷᠬᠠᠢ ᠢᠯᠡᠷᠬᠡᠢᠯᠡᠵᠡᠢ᠃

ᠡᠭᠦᠨ᠎ᠳᠤ ᠮᠠᠨ᠎ᠤ ᠤᠷᠤᠨ᠎ᠤ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠵᠡᠷᠭᠡ ᠭᠠᠵᠠᠷ᠎ᠤᠨ ᠬᠢᠨ ᠤᠷᠤᠭ᠎ᠤᠨ ᠳᠠᠩᠰᠠᠯᠠᠯᠲᠠ᠎ᠶᠢᠨ ᠤᠲᠠᠰᠤ᠂ ᠰᠦᠯᠵᠢᠶᠡᠨ ᠳᠡᠭᠡᠷ᠎ᠡ ᠤᠷᠢᠳᠴᠢᠯᠠᠨ ᠪᠤᠯᠵᠤᠬᠤ ᠦᠢᠯᠡᠴᠢᠯᠡᠭᠡ ᠵᠡᠷᠭᠡ᠎ᠵᠢ ᠲᠤᠬᠢᠷᠠᠭᠤᠯᠵᠤ᠂ ᠰᠢᠨ᠎ᠡ ᠬᠤᠤᠰ᠎ᠤᠨ ᠤᠷᠤᠭ ᠳᠠᠩᠰᠠᠯᠠᠯᠲᠠ᠎ᠶᠢᠨ ᠱᠠᠭᠠᠷᠳᠠᠯᠭ᠎ᠠ᠎ᠵᠢ ᠬᠠᠩᠭᠠᠨ᠂ ᠤᠷᠤᠭ ᠬᠤᠷᠢᠮ᠎ᠤᠨ ᠳᠠᠩᠰᠠᠯᠠᠯᠲᠠ᠎ᠶᠢᠨ ᠠᠵᠢᠯ᠎ᠤᠨ ᠦᠷ᠎ᠡ ᠪᠦᠲᠦᠮᠵᠢ᠎ᠵᠢ ᠪᠠᠲᠤᠯᠠᠬᠤ ᠪᠡᠷ ᠪᠤᠯᠵᠠᠢ᠃

ᠪᠦᠬᠦ ᠤᠯᠤᠰ᠎ᠤᠨ ᠬᠡᠪᠴᠢᠶᠡᠨ᠎ᠳᠤ ᠦᠬᠠᠨ ᠬᠤᠲᠠ᠂ ᠨᠠᠨᠵᠢᠩ ᠬᠤᠲᠠ᠂ ᠴᠠᠩᠵᠧᠤ ᠬᠤᠲᠠ᠂ ᠰᠦᠵᠧᠤ ᠬᠤᠲᠠ᠂ ᠶᠠᠩᠵᠧᠤ ᠬᠤᠲᠠ᠂ ᠫᠢᠩ ᠳ᠋ᠢᠩ ᠱᠠᠨ ᠬᠤᠲᠠ᠂ ᠵᠧᠩᠵᠧᠤ ᠬᠤᠲᠠ᠂ ᠯᠦᠸᠧᠶᠠᠩ ᠬᠤᠲᠠ ᠵᠡᠷᠭᠡ ᠭᠠᠵᠠᠷ᠎ᠤᠨ ᠬᠢᠨ᠎ᠴᠤ ᠭᠠᠷᠠᠭ᠎ᠤᠨ ᠵᠢᠷᠭᠤᠭᠠᠨ᠎ᠳᠤ ᠬᠡᠪ᠎ᠤᠨ ᠶᠤᠰᠤᠭᠠᠷ ᠠᠵᠢᠯᠯᠠᠨ᠎ᠠ ᠭᠡᠵᠦ ᠲᠤᠳᠤᠷᠬᠠᠢᠯᠠᠵᠠᠢ᠃


ᠢᠷᠡᠯᠲᠡ᠄ ᠳᠤᠮᠳᠠᠳᠤ ᠤᠯᠤᠰ᠎ᠤᠨ ᠰᠤᠨᠢᠨ ᠮᠡᠳᠡᠭᠡᠨ᠎ᠤ ᠰᠦᠯᠵᠢᠶ᠎ᠡ᠂ ᠠᠯᠠᠭᠠᠨ ᠳᠡᠭᠡᠷᠡᠬᠢ ᠪᠠᠶᠠᠨᠨᠠᠭᠤᠷ᠂ ᠤᠯᠠᠭᠠᠨ ᠬᠠᠳᠠ ᠎ᠶᠢᠨ ᠤᠷᠤᠢ᠎ᠶᠢᠨ ᠰᠤᠨᠢᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号