ᠤᠮᠠᠷᠠᠲᠤ ᠬᠢᠯᠢ ᠵᠢᠨ ᠰᠣᠶᠣᠯ ᠬᠦᠬᠡᠬᠤᠳᠠ ᠵᠢ ᠤᠮᠳᠠᠯᠠᠨ᠎ᠠ
2024-09-01 10:04:23
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠮᠦᠽᠧᠶ ᠵᠢᠨ ᠬᠣᠲᠠ ᠱᠤᠭᠤᠮᠠᠯ ᠤ᠋ᠨ ᠬᠣᠲᠠ ᠤᠷᠠᠯᠢᠭ ᠤ᠋ᠨ ᠬᠣᠲᠠ ᠶ᠋ᠢ ᠴᠣᠭ᠍ᠴᠠᠯᠠᠨ᠎ᠠ ᠁


8 ᠰᠠᠷ᠎ᠠ ᠵᠢᠨ 23 ᠤ᠋ ᠡᠳᠦᠷ ᠡᠴᠡ 26 ᠤ᠋ ᠡᠳᠦᠷ ᠪᠣᠯᠲᠠᠯ᠎ᠠ᠂ 《ᠮᠦᠽᠧᠶ ᠵᠢᠨ ᠴᠢᠨᠠᠷ ᠰᠠᠢᠲᠠᠶ ᠬᠥᠭ᠌ᠵᠢᠯᠲᠡ᠄ ᠰᠤᠷᠭᠠᠨ ᠬᠦᠮᠦᠵᠢᠯ ᠪᠠ ᠰᠤᠳᠤᠯᠭᠠᠨ ᠢ᠋ ᠵᠡᠷᠭᠡ ᠪᠡᠷ ᠴᠢᠬᠤᠯᠠᠴᠢᠯᠠᠵᠤ᠂ ᠲᠣᠭᠠᠴᠢᠯᠠᠭ᠍ᠰᠠᠨ ᠪᠠ ᠪᠤᠳᠠᠲᠠᠢ ᠶ᠋ᠢ ᠠᠭᠤᠰᠤᠯᠴᠠᠭᠤᠯᠬᠤ》 ᠪᠡᠷ ᠭᠤᠤᠯ ᠰᠡᠳᠦᠪ ᠪᠣᠯᠭᠠᠭ᠍ᠰᠠᠨ ᠠᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠮᠦᠽᠧᠶ ᠵᠢᠴᠢ ᠬᠠᠮᠢᠶ᠎ᠠ ᠪᠥᠬᠥᠶ ᠦᠶ᠋ᠯᠡᠳᠬᠦᠨ ᠬᠢᠭᠡᠳ ᠮᠡᠷᠭᠡᠵᠢᠯ ᠤ᠋ᠨ ᠦᠵᠡᠰᠭᠦᠯᠡᠩ ᠤ᠋ᠨ ᠴᠤᠭᠯᠠᠭᠠᠨ ᠬᠦᠬᠡᠬᠤᠳᠠ᠎ᠳᠤ ᠶᠠᠪᠤᠭᠳᠠᠵᠦ᠂ 394 ᠮᠦᠽᠧᠢ᠂ 158 ᠠᠵᠤ ᠠᠬᠤᠢᠯᠠᠯ ᠦᠵᠡᠰᠭᠦᠯᠡᠩ ᠳ᠋ᠤ ᠣᠷᠣᠯᠴᠠᠪᠠ; ᠰᠣᠶᠣᠯ᠎ᠤᠨ ᠦᠵᠡᠰᠭᠦᠯᠡᠩ ᠤ᠋ᠨ ᠴᠤᠭᠯᠠᠭᠠᠨ᠎ᠤ ᠠᠵᠢᠯ ᠲᠥᠷᠥᠯ ᠤ᠋ᠨ ᠡᠷᠳᠡᠮᠳᠡᠨ ᠲᠤᠰᠭᠠᠶ ᠮᠡᠷᠭᠡᠵᠢᠯᠲᠡᠳ᠎ᠴᠤᠭᠯᠠᠷᠠᠵᠤ᠂ 1 ᠲᠠᠯᠠᠪᠤᠷ ᠭᠤᠤᠯ ᠰᠡᠳᠦᠪᠲᠦ ᠶᠠᠷᠢᠶᠠᠨ ᠤ᠋ ᠲᠠᠪᠴᠠᠩ᠂ 8 ᠲᠠᠯᠠᠪᠤᠷ ᠡᠷᠳᠡᠮ ᠱᠢᠨᠵᠢᠯᠡᠭᠡᠨ᠎ᠦ ᠬᠤᠷᠠᠯ ᠡᠷᠭᠢᠯᠡᠪᠡ; 40 ᠮᠦᠽᠧᠶ ᠵᠢᠨ ᠪᠠᠭᠠᠴᠤᠳ ᠬᠡᠦᠬᠡᠳ ᠤ᠋ᠨ ᠵᠢᠭᠠᠨ ᠰᠤᠳᠤᠯᠬᠤ ᠠᠵᠢᠯᠯᠠᠭ᠎ᠠ ᠥᠷᠨᠢᠬᠥᠯᠵᠠᠢ ᠁

ᠳᠡᠯᠡᠬᠡᠶ ᠳ᠋ᠠᠬᠢᠨ ᠤ᠋ ᠬᠥᠮᠦᠰ ᠤ᠋ᠨ ᠬᠠᠷᠠᠴᠠ ᠦᠵᠡᠰᠭᠦᠯᠡᠩᠲᠦ ᠰᠠᠢᠬᠠᠨ ᠬᠥᠬᠡᠬᠣᠲᠠ ᠳ᠋ᠤ ᠳᠠᠬᠢᠨᠲᠠ ᠲᠥᠪᠯᠡᠷᠡᠪᠡ᠃

ᠲᠤᠰ ᠤᠳᠠᠭᠠᠨ ᠤ᠋ ᠦᠪᠡᠳᠡᠭ᠌ᠰᠢ ᠴᠤᠭᠯᠠᠭᠠᠨ ᠨᠢ ᠤᠮᠠᠷᠠᠲᠤ ᠬᠢᠯᠢ ᠵᠢᠨ ᠰᠣᠶᠣᠯ ᠢ᠋ ᠤᠯᠠᠮᠵᠢᠯᠠᠨ ᠪᠠᠳᠠᠷᠠᠭᠤᠯᠵᠤ᠂ ᠬᠥᠬᠡᠬᠣᠲᠠ ᠵᠢᠨ 《ᠮᠦᠽᠧᠶ ᠵᠢᠨ ᠬᠣᠲᠠ》 ᠶ᠋ᠢᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠳ᠋ᠤ ᠴᠢᠬᠤᠯᠠ ᠠᠴᠢ ᠬᠣᠯᠪᠣᠭ᠍ᠳᠠᠯ᠎ᠦᠵᠡᠭᠦᠯᠤᠯ᠎ᠠ᠃

ᠤᠢ᠍ᠢᠷ᠎ᠠ ᠵᠢᠨ ᠵᠢᠯ ᠡᠴᠡ᠂ ᠬᠥᠬᠡᠬᠣᠲᠠ ᠤᠯᠤᠰ ᠤ᠋ᠨ ᠲᠡᠦᠬᠡ ᠰᠣᠶᠣᠯ ᠤ᠋ᠨ ᠨᠡᠷᠡᠳᠤ ᠬᠤᠳᠠ ᠵᠢᠨ ᠡᠯᠪᠡᠭ ᠪᠠᠶᠠᠯᠢᠭ ᠠᠭᠤᠯᠤᠭ᠍ᠳᠠᠬᠤᠨ ᠳ᠋ᠤ ᠲᠦᠱᠢᠭ᠌ᠯᠡᠵᠦ᠍᠂ ᠤᠮᠠᠷᠠᠲᠤ ᠬᠢᠯᠢ ᠵᠢᠨ ᠰᠣᠶᠣᠯ ᠤ᠋ᠨ ᠣᠨᠴᠠᠯᠢᠭ᠎ᠲᠠᠶ ᠮᠦᠽᠧᠢ ᠵᠢᠨ ᠬᠤᠳᠠ᠂ ᠱᠤᠭᠤᠮᠠᠯ ᠤ᠋ᠨ ᠬᠤᠳᠠ᠂ ᠤᠷᠠᠯᠢᠭ ᠤ᠋ᠨ ᠬᠤᠳᠠ᠂ ᠤᠳᠤ ᠦᠶ᠎ᠡ ᠵᠢᠨ ᠪᠣᠯᠪᠠᠰᠤᠨ ᠤ᠋ ᠬᠤᠳᠠ ᠶ᠋ᠢ ᠬᠦᠴᠦᠯᠡᠨ ᠪᠠᠢᠭᠤᠯᠵᠤ᠂ ᠤᠮᠠᠷᠠᠲᠤ ᠬᠢᠯᠢ ᠵᠢᠨ ᠰᠣᠶᠣᠯ ᠢ᠋ ᠬᠤᠳᠠ ᠵᠢᠨ ᠪᠦᠳᠦᠭᠡᠨ ᠪᠠᠢᠭᠤᠯᠤᠯᠲᠠ ᠪᠣᠯᠤᠨ ᠬᠤᠳᠠ ᠵᠢᠨ ᠬᠥᠭ᠌ᠵᠢᠯᠲᠡ ᠳ᠋ᠤ ᠠᠭᠤᠰᠤᠯᠴᠠᠭᠤᠯᠤᠨ᠂ ᠬᠤᠳᠠ ᠵᠢᠨ ᠰᠣᠶᠣᠯ ᠤ᠋ᠨ ᠴᠢᠳᠠᠪᠬᠢ ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠤ᠋ ᠪᠦᠳᠦᠭᠡᠨ ᠪᠠᠢᠭᠤᠯᠤᠯᠲᠠ ᠶ᠋ᠢ ᠪᠦᠬᠦ᠌ ᠲᠠᠯ᠎ᠠ ᠪᠡᠷ ᠠᠬᠢᠭᠤᠯᠪᠠ᠃

ᠮᠦᠽᠧᠶ ᠵᠢᠨ ᠬᠣᠲᠠ ᠶ᠋ᠢ ᠴᠤᠭᠴᠠᠯᠠᠵᠦ᠂ ᠲᠡᠦᠬᠡ ᠵᠢᠨ ᠳᠤᠷᠠᠰᠭᠠᠯᠲᠤ ᠵᠦᠶ᠋ᠯᠡᠰ ᠵᠢᠡᠷ ᠶᠠᠪᠤᠯᠴᠠᠭ᠎ᠠ ᠠᠭᠤᠰᠤᠯᠴᠠᠯ ᠤ᠋ᠨ ᠲᠡᠦᠬᠡ ᠶ᠋ᠢ ᠭᠡᠷᠡᠴᠢᠯᠡᠪᠡ

ᠤᠮᠠᠷᠠᠲᠤ ᠬᠢᠯᠢ ᠵᠢᠨ ᠰᠣᠶᠣᠯ ᠤ᠋ᠨ ᠥᠨᠢ ᠤᠳᠠᠭᠠᠨ ᠤᠯᠠᠮᠵᠢᠯᠠᠯ ᠤ᠋ᠨ ᠴᠢᠨᠠᠷᠲᠠᠶ ᠣᠨᠴᠠᠯᠢᠭ ᠲᠤ᠌ ᠠᠩᠬᠠᠷᠤᠯ ᠵᠢᠡᠨ ᠲᠥᠪᠯᠡᠷᠡᠭᠦᠯᠵᠦ᠍᠂ ᠡᠯᠪᠡᠭ ᠪᠠᠶᠠᠯᠢᠭ ᠮᠦᠽᠧᠶ ᠵᠢᠨ ᠡᠬᠢ ᠪᠠᠶᠠᠯᠢᠭ᠂ ᠲᠡᠦᠬᠡ ᠵᠢᠨ ᠳᠤᠷᠠᠰᠭᠠᠯᠲᠤ ᠵᠦᠶ᠋ᠯᠡᠰ ᠤ᠋ᠨ ᠡᠬᠢ ᠪᠠᠶᠠᠯᠢᠭ ᠢ᠋ ᠠᠱᠢᠭ᠍ᠯᠠᠨ᠂ ᠬᠥᠬᠡᠬᠣᠲᠠ ᠵᠢᠨ ᠵᠠᠰᠠᠬ᠎ᠤᠨ ᠤᠷᠳᠤᠨ ᠬᠥᠬᠡᠬᠣᠲᠠ ᠵᠢᠨ ᠮᠦᠽᠧᠶ ᠶ᠋ᠢᠨ ᠬᠦᠷᠢᠶᠡᠯᠡᠩ᠎ᠢ ᠪᠠᠢᠭᠤᠯᠵᠤ᠂ ᠳᠤᠤᠷ᠎ᠠ ᠪᠡᠨ ᠬᠥᠬᠡᠬᠣᠲᠠ ᠵᠢᠨ ᠮᠦᠽᠧᠶ᠂ ᠵᠣᠣ ᠵᠢᠶᠦ᠋ᠨ ᠮᠦᠽᠧᠶ ᠵᠡᠷᠭᠡ 6 ᠬᠤᠪᠢᠶᠠᠷᠢ ᠮᠦᠽᠧᠶ ᠪᠠᠢᠭᠤᠯᠤᠨ᠂ 《1 + 6》 ᠵᠢᠨ ᠬᠠᠮᠢᠶᠠᠷᠤᠯᠲᠠ ᠵᠢᠨ ᠱᠢᠰᠲ᠋ᠧᠮ ᠢ᠋ ᠪᠦᠷᠢᠯᠳᠦᠭᠦᠯᠪᠡ᠃

ᠡᠭᠦᠨ᠎ᠦ ᠬᠠᠮᠲᠤ᠂ ᠬᠠᠭᠠᠨ ᠤ᠋ ᠣᠷᠳᠣᠨ ᠤ᠋ ᠮᠦᠽᠧᠶ᠂ ᠡᠯ᠎ᠡ ᠬᠣᠲᠠ ᠵᠢᠨ ᠮᠦᠽᠧᠶ᠎ᠯᠦᠭᠡ ᠵᠢᠨ ᠬᠠᠮᠲᠤᠷᠠᠯᠴᠠᠭ᠎ᠠ ᠪᠡᠨ ᠴᠢᠩᠭᠠᠳᠬᠠᠵᠦ᠂ 《ᠤᠮᠠᠷᠠᠲᠤ ᠬᠢᠯᠢ ᠵᠢᠨ ᠰᠣᠶᠣᠯ》 ᠤ᠋ᠨ ᠭᠤᠤᠯ ᠰᠡᠳᠦᠪᠲᠦ ᠦᠵᠡᠭᠦᠯᠭᠡ ᠶ᠋ᠢ ᠬᠠᠮᠲᠤᠷᠠᠨ ᠡᠷᠬᠢᠯᠡᠵᠦ᠍᠂ ᠳ᠋ᠠ ᠱᠧᠩ ᠺᠦᠶ ᠵᠢᠨ ᠮᠦᠽᠧᠶ ᠵᠢᠨ ᠪᠦᠯᠦᠭᠵᠢᠯ ᠢ᠋ ᠪᠠᠢᠭᠤᠯᠬᠤ ᠶ᠋ᠢ ᠬᠥᠲᠥᠯᠥᠨ ᠵᠢᠯᠣᠭᠣᠳᠴᠤ᠌᠂ ᠬᠤᠪᠢ ᠬᠥᠮᠦᠨ᠎ᠦ ᠮᠦᠽᠧᠶ ᠪᠣᠯᠤᠨ ᠡᠯ᠎ᠡ ᠲᠥᠷᠥᠯ ᠤ᠋ᠨ ᠮᠦᠽᠧᠶ ᠵᠢᠨ ᠬᠥᠭ᠌ᠵᠢᠯᠲᠡ ᠶ᠋ᠢ ᠵᠣᠷᠢᠭ᠍ᠵᠢᠭᠤᠯᠤᠨ᠂ ᠪᠦᠬᠦ᠌ ᠬᠣᠲᠠ ᠳ᠋ᠤ ᠭᠠᠳᠠᠭ᠍ᠰᠢ ᠨᠡᠭᠡᠭᠡᠯᠲᠡ ᠬᠢᠭ᠌ᠰᠡᠨ ᠮᠦᠽᠧᠶ 21 ᠪᠠᠢᠵᠤ᠂ ᠮᠦᠽᠧᠶ ᠵᠢᠨ ᠬᠣᠲᠠ ᠶ᠋ᠢ ᠪᠦᠬᠦ᠌ ᠬᠦᠴᠦᠨ ᠵᠢᠡᠷ ᠵᠢᠡᠨ ᠪᠠᠢᠭᠤᠯᠤᠨ᠂ ᠮᠦᠽᠧᠶ ᠶ᠋ᠢ ᠤᠮᠠᠷᠠᠲᠤ ᠬᠢᠯᠢ ᠵᠢᠨ ᠰᠣᠶᠣᠯ ᠢ᠋ ᠳᠡᠯᠭᠡᠨ ᠦᠵᠡᠭᠦᠯᠬᠦ᠌ ᠴᠢᠬᠤᠯᠠ ᠴᠣᠩᠬᠣᠪᠴᠢ ᠪᠤᠯᠭᠠᠭᠰᠠᠨ ᠪᠠᠢᠨ᠎ᠠ᠃

《ᠵᠣᠣ ᠵᠢᠶᠦ᠋ᠨ ᠪᠣᠭᠣᠮᠲᠠ ᠵᠢᠨ ᠭᠠᠳᠠᠨ᠎ᠠ ᠮᠤᠷᠳᠠᠭᠰᠠᠨ ᠨᠢ》᠂ 《ᠹᠸᠩᠵᠸᠦ ᠵᠢᠨ ᠴᠠᠭᠠᠨ ᠰᠤᠪᠤᠷᠭ᠎ᠠ》 ᠵᠡᠷᠭᠡ ᠵᠠᠯᠠᠭᠤᠴᠤᠳ ᠪᠠᠭᠠᠴᠤᠳ ᠤ᠋ᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ᠌ ᠪᠡᠷ ᠳᠠᠮᠵᠢᠭᠤᠯᠤᠨ᠂ ᠬᠥᠬᠡᠬᠣᠲᠠ ᠵᠢᠨ ᠮᠦᠽᠧᠶ ᠵᠢᠨ ᠬᠦᠷᠢᠶᠡᠯᠡᠩ ᠵᠢᠷᠭᠤᠭᠠᠨ ᠮᠦᠽᠧᠶ ᠵᠢᠨ ᠬᠣᠯᠪᠣᠭᠠᠯᠠᠨ ᠬᠥᠳᠡᠯᠦᠯᠴᠡᠬᠦ᠌ ᠶ᠋ᠢ ᠪᠡᠶᠡᠯᠡᠭᠦᠯᠵᠦ᠍᠂ ᠮᠦᠽᠧᠶ ᠵᠢᠨ ᠨᠡᠢᠭᠡᠮ ᠤ᠋ᠨ ᠰᠤᠷᠭᠠᠨ ᠬᠥᠮᠦᠵᠢᠯ ᠤ᠋ᠨ ᠡᠭᠦᠷᠭᠡ ᠴᠢᠳᠠᠪᠤᠷᠢ ᠶ᠋ᠢ ᠭᠦᠶ᠋ᠴᠡᠳ ᠪᠠᠳᠠᠷᠠᠭᠤᠯᠤᠨ᠂ ᠦᠨᠳᠦᠰᠦᠲᠡᠨ᠎ᠨᠦᠭᠦᠳ ᠤ᠋ᠨ ᠵᠠᠯᠠᠭᠤᠴᠤᠳ ᠪᠠᠭᠠᠴᠤᠳ ᠲᠤ᠌ ᠲᠡᠦᠬᠡ ᠵᠢᠨ ᠳᠤᠷᠠᠰᠭᠠᠯᠲᠤ ᠵᠦᠶ᠋ᠯᠡᠰ ᠤ᠋ᠨ ᠰᠣᠩᠭᠣᠳᠠᠭ ᠬᠠᠳᠠᠭᠠᠯᠠᠮᠵᠢ ᠪᠡᠷ ᠳᠠᠮᠵᠢᠭᠤᠯᠤᠨ ᠬᠥᠬᠡᠬᠣᠲᠠ ᠵᠢᠨ ᠭᠠᠵᠠᠷ ᠣᠷᠣᠨ ᠤ᠋ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡ ᠶ᠋ᠢ ᠣᠢᠯᠠᠭᠠᠭᠤᠯᠤᠭᠰᠠᠨ ᠪᠠᠢᠨ᠎ᠠ᠃

ᠬᠥᠬᠡᠬᠣᠲᠠ ᠵᠢᠨ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ ᠵᠢᠨ ᠰᠠᠭᠤᠷᠢᠨ ᠤ᠋ 《ᠠᠷᠪᠠᠨ ᠮᠦᠽᠧᠶ ᠬᠣᠯᠪᠣᠭᠠᠯᠠᠨ ᠬᠥᠳᠡᠯᠦᠯᠴᠡᠬᠦ᠌ ᠨᠢᠭᠡ ᠰᠠᠭᠤᠷᠢᠨ ᠨᠢᠭᠡ ᠭᠣᠣᠯ ᠰᠡᠳᠦᠪ》 ᠤ᠋ᠨ ᠤᠬᠠᠭᠤᠯᠭ᠎ᠠ ᠬᠥᠮᠦᠵᠢᠯ ᠢ᠋ ᠡᠬᠢᠯᠡᠭᠦᠯᠵᠦ᠍᠂ 《ᠰᠦᠯᠵᠢᠶᠡᠨ ᠳᠡᠭᠡᠷᠡᠬᠢ + ᠠᠬᠤᠢ ᠲᠠᠯᠠᠪᠠᠢ ᠵᠢᠨ》 ᠬᠡᠯᠪᠡᠷᠢ ᠪᠡᠷ 《ᠦᠵᠡᠰᠭᠦᠯᠡᠩᠲᠦ ᠰᠠᠢᠬᠠᠨ ᠬᠥᠬᠡᠬᠣᠲᠠ ᠤᠯᠠᠨ ᠶᠠᠩᠵᠤ ᠵᠢᠨ ᠪᠣᠳᠠᠰ ᠤ᠋ᠨ ᠪᠤᠰᠤ ᠰᠣᠶᠣᠯ ᠤ᠋ᠨ ᠥᠪ》 ᠪᠣᠯᠤᠨ 《ᠨᠡᠭᠦᠳᠡᠯ ᠮᠦᠽᠧᠢ ᠦᠨᠳᠦᠰᠦᠲᠡᠨ᠎ᠦ ᠪᠦᠯᠬᠦᠮᠳᠡᠯ ᠤ᠋ᠨ ᠨᠢᠭᠡᠳᠦᠭᠡᠷ ᠬᠢᠴᠢᠶᠡᠯ》 ᠤ᠋ᠨ ᠱᠢᠭᠤᠳ ᠨᠡᠪᠲᠡᠷᠡᠭᠦᠯᠭᠡ ᠵᠢᠨ ᠠᠵᠢᠯᠯᠠᠭ᠎ᠠ᠂ 《ᠮᠢᠩᠭᠠᠨ ᠣᠨ ᠢ᠋ ᠡᠷᠭᠢᠴᠡᠭᠦᠯᠦᠯ ᠮᠦᠽᠧᠢ ᠵᠢᠨ ᠤᠮᠠᠷᠠᠲᠤ ᠬᠢᠯᠢ》 ᠵᠡᠷᠭᠡ ᠤᠯᠠᠨ ᠲᠠᠯᠠᠪᠤᠷ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠬᠥᠬᠡᠬᠣᠲᠠ ᠵᠢᠨ ᠦᠨᠳᠦᠰᠦᠲᠡᠨ᠎ᠨᠦᠭᠦᠳ ᠤ᠋ᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ ᠲᠡᠦᠬᠡᠨ ᠶᠠᠪᠤᠴᠠ ᠶ᠋ᠢ ᠳᠡᠯᠭᠡᠨ ᠦᠵᠡᠭᠦᠯᠪᠡ᠃

ᠱᠤᠭᠤᠮᠠᠯ ᠤ᠋ᠨ ᠬᠤᠳᠠ ᠶ᠋ᠢ ᠴᠣᠭ᠍ᠴᠠᠯᠠᠵᠤ᠂ ᠱᠤᠭᠤᠮᠠᠯ ᠵᠢᠡᠷ ᠰᠣᠯᠢᠯᠴᠠᠭ᠎ᠠ ᠬᠢᠵᠦ᠍ ᠬᠠᠷᠢᠯᠴᠠᠨ ᠲᠤᠯᠢᠯᠠᠬᠤ ᠬᠥᠭᠥᠷᠭᠡ ᠪᠤᠯᠭᠠᠪᠠ

ᠤᠮᠠᠷᠠᠲᠤ ᠬᠢᠯᠢ ᠵᠢᠨ ᠰᠣᠶᠣᠯ ᠤ᠋ᠨ ᠰᠣᠯᠢᠯᠴᠠᠭ᠎ᠠ ᠬᠠᠷᠢᠯᠴᠠᠨ ᠲᠤᠯᠢᠯᠠᠬᠤ ᠨᠡᠭᠡᠭᠡᠯᠲᠡᠲᠦ ᠴᠢᠨᠠᠷᠲᠠᠶ ᠣᠨᠴᠠᠯᠢᠭ ᠲᠤ᠌ ᠠᠩᠬᠠᠷᠤᠯ ᠵᠢᠡᠨ ᠲᠥᠪᠯᠡᠷᠡᠭᠦᠯᠦᠨ᠂ ᠰᠣᠶᠣᠯ ᠤ᠋ᠨ ᠴᠢᠨᠠᠷ ᠳᠡᠰ ᠢ᠋ ᠳᠡᠭᠡᠭ᠌ᠰᠢᠯᠡᠭᠦᠯᠬᠦ᠂ ᠲᠡᠦᠬᠡ ᠰᠣᠶᠣᠯ ᠤ᠋ᠨ ᠬᠥᠭ᠌ᠵᠢᠯᠲᠡ ᠶ᠋ᠢ ᠭᠡᠷᠡᠴᠢᠯᠡᠬᠦ ᠵᠢᠨ ᠲᠦᠯᠦᠭᠡ᠂ ᠬᠥᠬᠡᠬᠣᠲᠠ ᠣᠯᠠᠨ ᠤᠯᠤᠰ ᠤ᠋ᠨ ᠱᠤᠭᠤᠮᠠᠯ ᠤ᠋ᠨ ᠬᠦᠷᠢᠶᠡᠯᠡᠩ᠂ ᠱᠤᠭᠤᠮᠠᠯ ᠤᠷᠠᠯᠢᠭ ᠤ᠋ᠨ ᠣᠷᠳᠣᠨ ᠪᠠᠢᠭᠤᠯᠬᠤ ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ ᠤ᠋ᠨ ᠬᠠᠮᠲᠤ ᠪᠡᠷ ᠡᠳ᠋ᠯᠡᠬᠦ᠌ ᠳᠤᠮᠳᠠᠳᠤ ᠵᠢᠨ ᠰᠣᠶᠣᠯ ᠤ᠋ᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠦ ᠳᠦᠷᠢ ᠲᠥᠷᠬᠦ᠌ ᠶ᠋ᠢ ᠳᠣᠪᠣᠢᠯᠭᠠᠵᠤ᠂ 《 ᠮᠣᠩᠭᠣᠯ ᠮᠣᠷᠢᠨ ᠤ᠋ ᠵᠣᠷᠢᠭ ᠰᠠᠨᠠᠭ᠎ᠠ》 ᠪᠠ 《ᠤᠮᠠᠷᠠᠲᠤ ᠵᠢᠨ ᠭᠤᠷᠪᠠᠨ ᠣᠷᠣᠨ ᠤ᠋ ᠵᠣᠷᠢᠭ ᠰᠠᠨᠠᠭ᠎ᠠ》 ᠶ᠋ᠢ ᠶᠡᠬᠡ ᠪᠡᠷ ᠪᠠᠳᠠᠷᠠᠭᠤᠯᠤᠨ᠂ ᠱᠢᠨ᠎ᠡ ᠴᠠᠭ ᠦᠶ᠎ᠡ ᠵᠢᠨ ᠬᠥᠬᠡᠬᠣᠲᠠ ᠵᠢᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ ᠰᠠᠢᠨ ᠰᠠᠢᠬᠠᠨ ᠪᠠᠢᠳᠠᠯ ᠢ᠋ ᠭᠦᠶ᠋ᠴᠡᠳ ᠢᠯᠡᠷᠡᠭᠦᠯᠵᠤ᠂ ᠥᠪᠥᠷ ᠮᠣᠩᠭᠣᠯ ᠤ᠋ᠨ ᠮᠦᠽᠧᠶ᠂ ᠥᠪᠥᠷ ᠮᠣᠩᠭᠣᠯ ᠤ᠋ᠨ ᠤᠷᠠᠨ ᠵᠢᠷᠤᠭ ᠤ᠋ᠨ ᠣᠷᠳᠣᠨ ᠵᠢᠴᠢ ᠱᠤᠭᠤᠮᠠᠯ ᠤᠷᠠᠯᠢᠭ ᠤ᠋ᠨ ᠣᠷᠳᠣᠨ ᠵᠢᠡᠷ 《ᠳᠠᠭᠠᠭᠤᠯᠤᠭ᠍ᠴᠢ》 ᠪᠤᠯᠭᠠᠨ᠂ ᠣᠯᠠᠨ ᠤᠯᠤᠰ ᠎ᠤᠨ ᠱᠤᠭᠤᠮᠠᠯ ᠤ᠋ᠨ ᠬᠦᠷᠢᠶᠡᠯᠡᠩ ᠪᠠ ᠲᠠᠯ᠎ᠠ ᠨᠤᠲᠤᠭ ᠤ᠋ᠨ ᠲᠣᠷᠭᠠᠨ ᠵᠠᠮ ᠤ᠋ᠨ ᠰᠣᠶᠣᠯ ᠤ᠋ᠨ ᠭᠤᠤᠯ ᠰᠡᠳᠦᠪᠲᠦ ᠴᠡᠴᠡᠷᠯᠢᠭ ᠵᠢᠡᠷ ᠭᠤᠤᠯ ᠦᠵᠡᠮᠦᠷᠢ ᠵᠢᠨ ᠴᠡᠭ ᠪᠣᠯᠭᠠᠭ᠍ᠰᠠᠨ 5.6 ᠺᠢᠯᠣᠮᠧᠲ᠋ᠷ ᠤ᠋ᠨ ᠰᠣᠶᠣᠯ ᠤ᠋ᠨ ᠦᠵᠡᠮᠦᠷᠢ ᠵᠢᠨ ᠪᠦᠰᠡ ᠶ᠋ᠢ ᠪᠠᠢᠭᠤᠯᠵᠦ᠂ ᠳᠤᠮᠳᠠᠳᠤ ᠵᠢᠨ ᠳᠣᠲᠣᠭᠠᠳᠤ ᠠᠭᠤᠯᠤᠭᠲᠠᠬᠤᠨ ᠪᠠ ᠳᠡᠯᠡᠬᠡᠶ ᠵᠢᠨ ᠬᠠᠷᠠᠭ᠎ᠠ ᠶ᠋ᠢ ᠢᠯᠡᠷᠡᠭᠦᠯᠦᠭ᠌ᠰᠡᠨ ᠱᠤᠭᠤᠮᠠᠯ ᠤ᠋ᠨ ᠬᠣᠲᠠ ᠶ᠋ᠢ ᠪᠦᠬᠦ᠌ ᠬᠦᠴᠦᠨ ᠵᠢᠡᠷ ᠵᠢᠡᠨ ᠴᠣᠭ᠍ᠴᠠᠯᠠᠨ᠂ ᠳᠤᠮᠳᠠᠳᠤ ᠤᠯᠤᠰ ᠤ᠋ᠨ ᠱᠤᠭᠤᠮᠠᠯ ᠤᠷᠠᠯᠢᠭ ᠤ᠋ᠨ ᠨᠡᠢᠭᠡᠮᠯᠢᠭ᠎ᠲᠡᠶ ᠬᠠᠮᠲᠤᠷᠠᠨ᠂ ᠬᠥᠬᠡᠬᠣᠲᠠ ᠵᠢᠨ ᠠᠩᠬᠠᠳᠤᠭᠠᠷ ᠬᠤᠭᠤᠴᠠᠭᠠᠨ ᠤ᠋ ᠤᠯᠠᠨ ᠤᠯᠤᠰ ᠤ᠋ᠨ ᠱᠤᠭᠤᠮᠠᠯ ᠤᠷᠠᠯᠢᠭ ᠤ᠋ᠨ ᠦᠵᠡᠰᠭᠦᠯᠡᠩ ᠢ᠋ ᠠᠮᠵᠢᠯᠲᠠ᠎ᠲᠠᠶ ᠡᠷᠬᠢᠯᠡᠪᠡ᠃ 《ᠺᠦᠩᠽᠢ ᠬᠢᠭᠡᠳ ᠰᠤᠺᠷᠠᠲ᠋ᠸᠰ ᠤ᠋ᠨ ᠶᠠᠷᠢᠯᠴᠠᠯᠭ᠎ᠠ》᠂ 《ᠲᠦᠮᠡᠨ ᠠᠭ᠍ᠲᠠ ᠵᠢᠨ ᠲᠦᠪᠡᠷᠭᠡᠨ》᠂ 《ᠤᠯᠤᠰ ᠤ᠋ᠨ ᠬᠡᠦᠬᠡᠳ》᠂ 《ᠪᠣᠯᠣᠳ ᠲᠡᠮᠦᠷ ᠤ᠋ᠨ ᠠᠵᠢᠯᠴᠢᠨ ᠬᠦᠴᠦᠨ᠎ᠲᠡᠶ》 ᠵᠡᠷᠭᠡ ᠱᠤᠭᠤᠮᠠᠯ ᠤ᠋ᠨ ᠪᠦᠲᠦᠭᠡᠯ᠎ᠨᠢ ᠠᠳᠠᠯᠢ ᠪᠤᠰᠤ ᠤᠯᠤᠰ ᠭᠦᠷᠦᠨ᠂ ᠠᠳᠠᠯᠢ ᠪᠤᠰᠤ ᠴᠠᠭ ᠦᠶ᠎ᠡ᠂ ᠠᠳᠠᠯᠢ ᠪᠤᠰᠤ ᠤᠷᠤᠰᠭᠠᠯ ᠪᠦᠯᠦᠭ ᠤ᠋ᠨ ᠱᠤᠭᠤᠮᠠᠯ ᠤ᠋ᠨ ᠪᠦᠲᠦᠭᠡᠯ ᠢ᠋ ᠬᠥᠬᠡᠬᠣᠲᠠ ᠳ᠋ᠤ ᠲᠦᠪᠯᠡᠷᠡᠭᠦᠯᠪᠡ᠃

ᠦᠵᠡᠰᠭᠦᠯᠡᠩ ᠨᠢ ᠭᠣᠣᠯ ᠰᠡᠳᠦᠪ ᠡᠴᠡ ᠬᠡᠯᠪᠡᠷᠢ ᠬᠦᠷᠲᠡᠯ᠎ᠡ᠂ ᠭᠠᠵᠠᠷ ᠪᠣᠯᠭᠠᠨ ᠳ᠋ᠤ ᠶᠠᠷᠢᠯᠴᠠᠯᠭ᠎ᠠ ᠨᠡᠪᠲᠡᠷᠡᠯᠴᠡᠭᠡ ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢᠯᠠᠬᠤ ᠣᠢᠯᠠᠭᠠᠭ᠍ᠳᠠᠬᠤᠨ ᠢ᠋ ᠢᠯᠡᠷᠡᠭᠦᠯᠪᠡ᠃ ᠡᠭᠦᠨ᠎ᠦ ᠬᠠᠮᠲᠤ᠂ ᠥᠪᠥᠷ ᠮᠣᠩᠭᠣᠯ ᠤ᠋ᠨ ᠪᠠᠢᠭᠠᠯᠢ ᠵᠢᠨ ᠥᠩᠭᠡ ᠦᠵᠡᠮᠵᠢ᠂ ᠠᠷᠠᠳ ᠤ᠋ᠨ ᠵᠠᠩ ᠦᠶ᠋ᠯᠡ ᠵᠢᠴᠢ ᠪᠦᠯᠬᠦᠮᠳᠡᠯ ᠡᠶ᠎ᠡ ᠵᠣᠬᠢᠴᠠᠩᠭᠤᠶ ᠡᠳᠦᠷ ᠲᠤᠲᠤᠮ ᠤ᠋ᠨ ᠠᠮᠢᠳᠤᠷᠠᠯ ᠢ᠋ ᠬᠠᠮᠤᠷᠴᠤ᠌᠂ ᠥᠪᠥᠷ ᠮᠣᠩᠭᠣᠯ ᠤ᠋ᠨ ᠪᠠᠢᠭᠠᠯᠢ ᠵᠢᠨ ᠥᠩᠭᠡ ᠦᠵᠡᠮᠵᠢ ᠵᠢᠨ ᠭᠤᠤ᠎ᠠ ᠰᠠᠢᠬᠠᠨ᠂ ᠣᠷᠣᠨ ᠨᠤᠲᠤᠭ ᠤ᠋ᠨ ᠵᠠᠩ ᠦᠶ᠋ᠯᠡ ᠵᠢᠨ ᠭᠤᠤ᠎ᠠ ᠰᠠᠢᠬᠠᠨ ᠪᠠ ᠦᠨᠳᠦᠰᠦᠲᠡᠨ᠎ᠦ ᠪᠦᠯᠬᠦᠮᠳᠡᠯ ᠤ᠋ᠨ ᠭᠤᠤ᠎ᠠ ᠰᠠᠢᠬᠠᠨ ᠢ᠋ ᠬᠠᠷᠠᠭᠤᠯᠪᠠ᠃

ᠳᠤᠮᠳᠠᠳᠤ ᠤᠯᠤᠰ ᠤ᠋ᠨ ᠬᠣᠲᠠ ᠵᠢᠨ ᠱᠤᠭᠤᠮᠠᠯᠴᠢᠳ ᠤ᠋ᠨ ᠨᠡᠢᠭᠡᠮᠯᠢᠭ᠎ᠲᠡᠶ ᠬᠠᠮᠲᠤᠷᠠᠨ ᠪᠠᠢᠭᠤᠯᠤᠭ᠍ᠰᠠᠨ ᠬᠥᠬᠡᠬᠣᠲᠠ ᠵᠢᠨ ᠱᠤᠭᠤᠮᠠᠯ ᠤᠷᠠᠯᠢᠭ ᠤ᠋ᠨ ᠬᠦᠷᠢᠶᠡᠯᠡᠩ (ᠣᠷᠳᠣᠨ) ᠤ᠋ᠨ ᠤᠷᠠᠯᠢᠭ ᠤ᠋ᠨ ᠵᠥᠪᠯᠡᠯ ᠳ᠋ᠤ ᠲᠦᠱᠢᠭ᠌ᠯᠡᠨ᠂ ᠵᠢᠯ ᠪᠦᠷᠢ ᠣᠯᠠᠨ ᠤᠯᠤᠰ ᠤ᠋ᠨ ᠱᠤᠭᠤᠮᠠᠯ ᠤ᠋ᠨ ᠦᠵᠡᠰᠭᠦᠯᠡᠩ ᠡᠷᠭᠢᠯᠡᠬᠦ᠌ ᠵᠢᠨ ᠬᠠᠮᠲᠤ ᠤᠯᠤᠰ ᠤ᠋ᠨ ᠳᠣᠲᠣᠭᠠᠳᠤ ᠭᠠᠳᠠᠭᠠᠳᠤ ᠵᠢᠨ ᠱᠤᠭᠤᠮᠠᠯ ᠤ᠋ᠨ ᠤᠷᠠᠯᠢᠭ᠍ᠴᠢᠳ ᠢ᠋ ᠵᠣᠬᠢᠶᠠᠨ ᠪᠠᠢᠭᠤᠯᠵᠤ ᠱᠤᠭᠤᠮᠠᠯ ᠤᠷᠠᠯᠢᠭ ᠤ᠋ᠨ ᠣᠷᠳᠣᠨ ᠳ᠋ᠤ ᠤᠷᠠᠯᠢᠭ ᠤ᠋ᠨ ᠵᠣᠬᠢᠶᠠᠨ ᠪᠦᠲᠦᠭᠡᠯᠭᠡ ᠥᠷᠨᠢᠭᠦᠯᠪᠡ᠃

ᠰᠣᠶᠣᠯ ᠤ᠋ᠨ ᠬᠢᠴᠢᠶᠡᠯ ᠤ᠋ᠨ ᠲᠠᠩᠬᠢᠮ ᠂ ᠰᠣᠶᠣᠯ ᠤ᠋ᠨ ᠱᠠᠯᠦ᠋ᠨ ᠭᠠᠷᠭᠠᠵᠤ᠂ ᠰᠣᠶᠣᠯ ᠤ᠋ᠨ ᠦᠵᠡᠰᠭᠦᠯᠡᠩ᠎ᠱᠤᠭᠤᠮᠠᠯ ᠤᠷᠠᠯᠢᠭ ᠤ᠋ᠨ ᠲᠠᠯᠠᠪᠠᠶ ᠣᠷᠳᠣᠨ ᠤ᠋ ᠵᠢᠭᠤᠯᠴᠢᠯᠠᠯ ᠤ᠋ᠨ ᠲᠤᠰᠭᠠᠶ ᠱᠤᠭᠤᠮ ᠭᠠᠷᠭᠠᠨ᠂ ᠰᠤᠳᠤᠯᠤᠨ ᠰᠤᠷᠤᠯᠴᠠᠬᠤ ᠂ ᠵᠢᠭᠤᠯᠴᠢᠯᠠᠬᠤ ᠵᠡᠷᠭᠡ ᠬᠠᠮᠢᠶ᠎ᠠ ᠪᠥᠬᠥᠶ ᠡᠵᠡᠩᠨᠡᠯᠲᠡ ᠵᠢᠨ ᠬᠡᠯᠪᠡᠷᠢ ᠪᠠᠢᠳᠠᠯ ᠢ᠋ ᠳᠠᠢᠴᠢᠯᠠᠵᠠᠢ᠃

ᠱᠤᠭᠤᠮᠠᠯ ᠤᠷᠠᠯᠢᠭ ᠤ᠋ᠨ ᠣᠷᠳᠣᠨ᠎ᠨᠢ ᠬᠣᠲᠠ ᠵᠢᠨ ᠱᠢᠨ᠎ᠡ ᠰᠣᠶᠣᠯ ᠤ᠋ᠨ ᠪᠡᠯᠭᠡ ᠲᠡᠮᠳᠡᠭ ᠪᠣᠯᠵᠣ᠂ ᠣᠷᠣᠨ ᠤ᠋ ᠲᠥᠪ ᠤ᠋ᠨ ᠣᠯᠠᠨ ᠲᠦᠮᠡᠨ᠎ᠦ ᠣᠶᠤᠨ ᠰᠠᠨᠠᠭ᠎ᠠ ᠰᠣᠶᠣᠯ ᠤ᠋ᠨ ᠬᠡᠷᠡᠭ᠌ᠴᠡᠭᠡ ᠶ᠋ᠢ ᠨᠠᠩ ᠰᠠᠢᠲᠤᠷ ᠬᠠᠩᠭᠠᠪᠠ᠃

ᠤᠷᠠᠯᠢᠭ ᠤ᠋ᠨ ᠬᠣᠲᠠ ᠶ᠋ᠢ ᠴᠤᠭᠴᠠᠯᠠᠵᠦ᠂ ᠤᠷᠠᠯᠢᠭ ᠵᠢᠡᠷ ᠰᠣᠶᠣᠯ ᠤ᠋ᠨ ᠬᠠᠮᠳᠤ ᠵᠢᠨ ᠲᠡᠨᠢᠯᠳᠠ ᠶ᠋ᠢ ᠭᠦᠨᠵᠡᠭᠡᠢᠷᠡᠬᠦᠯᠪᠡ

ᠤᠮᠠᠷᠠᠲᠤ ᠬᠢᠯᠢ ᠵᠢᠨ ᠰᠣᠶᠣᠯ ᠤ᠋ᠨ ᠡᠯᠪᠡᠭ ᠪᠠᠶᠠᠯᠢᠭ ᠣᠯᠠᠨ ᠶᠠᠩᠵᠤᠲᠤ ᠴᠢᠨᠠᠷ ᠤ᠋ᠨ ᠣᠨᠴᠠᠯᠢᠭ ᠲᠤ᠌ ᠠᠩᠬᠠᠷᠤᠯ ᠵᠢᠡᠨ ᠲᠥᠪᠯᠡᠷᠡᠭᠦᠯᠵᠦ᠍᠂ ᠦᠨᠳᠦᠰᠦᠲᠡᠨ᠎ᠨᠦᠭᠦᠳ ᠤ᠋ᠨ ᠬᠠᠮᠲᠤ ᠪᠡᠷ ᠡᠭᠦᠳᠦᠨ ᠪᠦᠲᠦᠭᠡᠭ᠌ᠰᠡᠨ ᠬᠡᠷᠡᠯ ᠰᠠᠴᠤᠷᠠᠩᠭᠤᠶ ᠰᠣᠶᠣᠯ ᠤ᠋ᠨ ᠦᠨᠡᠲᠦ ᠡᠷᠳᠡᠨᠢ ᠳ᠋ᠤ ᠰᠠᠭᠤᠷᠢᠯᠠᠨ᠂ ᠬᠥᠬᠡᠬᠣᠲᠠ ᠵᠢᠨ ᠬᠤᠪᠢᠰᠭᠠᠯ ᠤ᠋ᠨ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ ᠤ᠋ᠨ ᠰᠣᠶᠣᠯ᠂ ᠬᠠᠲᠤᠨ ᠭᠤᠤᠯ ᠤ᠋ᠨ ᠰᠣᠶᠣᠯ᠂ ᠣᠷᠳᠣ ᠴᠠᠭᠠᠨ ᠬᠡᠷᠡᠮ ᠤ᠋ᠨ ᠰᠣᠶᠣᠯ ᠵᠢᠡᠷ ᠠᠭᠤᠯᠭ᠎ᠠ ᠪᠣᠯᠭᠠᠵᠤ᠂ ᠤᠮᠠᠷᠠᠲᠤ ᠬᠢᠯᠢ ᠵᠢᠨ ᠰᠣᠶᠣᠯ ᠤ᠋ᠨ ᠠᠭᠤᠯᠤᠭ᠍ᠳᠠᠬᠤᠨ ᠢ᠋ ᠭᠦᠨᠵᠡᠭᠡᠶ ᠠᠭᠤᠳᠠᠯᠪᠠ᠃

ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠪᠠᠢᠭᠤᠯᠤᠯᠲᠠ ᠪᠠ ᠴᠠᠭ ᠦᠶ᠎ᠡ ᠵᠢᠨ ᠱᠠᠭᠠᠷᠳᠠᠯᠭ᠎ᠠ᠎ᠲᠠᠶ ᠤᠶᠠᠯᠳᠤᠭᠤᠯᠤᠨ ᠱᠢᠨ᠎ᠡ ᠶ᠋ᠢ ᠡᠭᠦᠳᠴᠦ᠍᠂ ᠳᠤᠮᠳᠠᠳᠤ ᠵᠢᠨ ᠦᠨᠳᠦᠰᠦᠲᠡᠨ᠎ᠦ ᠱᠢᠯᠢᠳᠡᠭ ᠰᠣᠶᠣᠯ᠎ᠢ ᠬᠠᠮᠠᠭᠠᠯᠠᠬᠤ ᠪᠠ ᠤᠯᠠᠮᠵᠢᠯᠠᠬᠤ ᠳᠤᠮᠳᠠ ᠴᠡᠴᠡᠭ᠌ᠯᠡᠨ ᠬᠥᠭ᠌ᠵᠢᠬᠦ᠌ ᠶ᠋ᠢ ᠠᠬᠢᠭᠤᠯᠵᠤ᠂ ᠬᠥᠬᠡᠬᠣᠲᠠ ᠠᠯᠢ ᠣᠯᠠᠨ ᠱᠢᠯᠢᠳᠡᠭ ᠤᠷᠠᠯᠢᠭ ᠤ᠋ᠨ ᠪᠦᠲᠦᠭᠡᠯ ᠢ᠋ ᠵᠣᠬᠢᠶᠠᠨ ᠪᠦᠲᠦᠭᠡᠵᠦ᠍᠂ ᠬᠥᠬᠡᠬᠣᠲᠠ ᠵᠢᠨ ᠣᠨᠴᠠᠯᠢᠭ ᠢ᠋ ᠬᠠᠷᠠᠭᠤᠯᠤᠭᠰᠠᠨ ᠤᠷᠠᠯᠢᠭ ᠤ᠋ᠨ ᠬᠣᠲᠠ ᠶ᠋ᠢ ᠪᠥᠬᠥ᠌ ᠬᠦᠴᠦᠨ ᠵᠢᠡᠷ ᠵᠢᠡᠨ ᠴᠣᠭ᠍ᠴᠠᠯᠠᠨ᠂ ᠤᠮᠠᠷᠠᠲᠤ ᠬᠢᠯᠢ ᠵᠢᠨ ᠰᠣᠶᠣᠯ ᠤ᠋ᠨ ᠥᠨᠢᠳᠡ ᠵᠢᠨ ᠷᠢᠳᠢ ᠱᠢᠳᠢ ᠪᠠ ᠴᠠᠭ ᠦᠶ᠎ᠡ ᠵᠢᠨ ᠴᠣᠭ ᠵᠢᠪᠬᠤᠭ᠎ᠠ ᠶ᠋ᠢ ᠢᠯᠡᠷᠡᠭᠦᠯᠤᠨ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠥᠯᠢᠭᠡᠷ ᠢ᠋ ᠠᠮᠢᠳᠤᠯᠢᠭ ᠵᠢᠡᠷ ᠰᠠᠢᠲᠤᠷ ᠶᠠᠷᠢᠵᠤ᠂ ᠪᠥᠬᠥ᠌ ᠤᠯᠤᠰ ᠤ᠋ᠨ ᠠᠷᠠᠳ ᠤ᠋ᠨ ᠤᠳᠭ᠎ᠠ ᠤᠷᠠᠯᠢᠭ ᠤ᠋ᠨ ᠬᠡᠪᠯᠡᠯ ᠤ᠋ᠨ ᠡᠷᠬᠡ ᠶ᠋ᠢ ᠬᠠᠮᠠᠭᠠᠯᠠᠬᠤ ᠪᠠ ᠠᠬᠢᠭᠤᠯᠬᠤ ᠲᠤᠷᠱᠢᠯᠲᠠ ᠵᠢᠨ ᠴᠡᠭ ᠤ᠋ᠨ ᠬᠣᠲᠠ ᠳ᠋ᠤ ᠠᠮᠵᠢᠯᠲᠠ᠎ᠲᠠᠶ ᠰᠣᠩᠭᠣᠭ᠍ᠳᠠᠭᠰᠠᠨ ᠪᠠᠢᠨ᠎ᠠ᠃

ᠤᠷᠤᠨ᠎ᠤ ᠲᠡᠰ᠎ᠤᠨ ᠭᠤᠤᠯ ᠵᠠᠭᠤᠴᠢᠯᠠᠭᠤᠷ᠎ᠲᠠᠶ ᠬᠠᠮᠲᠤᠷᠠᠨ᠂ ᠲᠣᠮᠣ ᠬᠡᠯᠪᠡᠷᠢ ᠵᠢᠨ ᠰᠣᠶᠣᠯ ᠦᠵᠡᠰᠭᠦᠯᠡᠩ ᠤ᠋ᠨ ᠶᠡᠷᠦᠩᠬᠡᠢᠯᠡᠭ᠌ᠰᠡᠨ ᠤᠷᠠᠯᠢᠭ ᠤ᠋ᠨ ᠫᠷᠤᠭ᠌ᠷᠠᠮ ᠪᠤᠯᠬᠤ 《ᠤᠮᠠᠷᠠᠲᠤ ᠬᠢᠯᠢ ᠵᠢᠨ ᠰᠣᠶᠣᠯ  ᠬᠥᠬᠡᠬᠣᠲᠠ ᠵᠢᠨ ᠰᠣᠶᠣᠯ ᠤ᠋ᠨ ᠰᠤᠳᠠᠰᠤ》 ᠶ᠋ᠢ ᠭᠠᠷᠭᠠᠪᠠ᠃ 《ᠲᠠᠢᠰᠠᠨ ᠤ᠋ ᠲᠣᠭ᠍ᠯᠠᠯᠲᠠ + ᠰᠣᠶᠣᠯ ᠦᠵᠡᠰᠭᠦᠯᠡᠩ ᠤ᠋ᠨ ᠪᠠᠷᠢᠮᠲᠠᠲᠤ ᠹᠢᠯᠢᠮ + ᠲᠤᠰᠭᠠᠢ ᠮᠡᠷᠭᠡᠵᠢᠯᠲᠡᠨ᠎ᠦ ᠰᠤᠷᠪᠤᠯᠵᠢᠯᠠᠭ᠎ᠠ》 ᠵᠢᠨ ᠬᠡᠯᠪᠡᠷᠢ ᠪᠡᠷ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡᠨ ᠠᠬᠢᠴᠠ ᠶ᠋ᠢ ᠬᠠᠷᠠᠭᠤᠯᠪᠠ᠃

ᠥᠪᠡᠷᠲᠡᠭᠡᠨ ᠵᠠᠰᠠᠬᠤ ᠣᠷᠣᠨ ᠤ᠋ ᠤᠷᠠᠯᠢᠭ ᠵᠦᠴᠦᠭᠡ ᠵᠢᠨ ᠬᠦᠷᠢᠶᠡᠯᠡᠩ᠎ᠲᠡᠶ ᠬᠠᠮᠲᠤᠷᠠᠨ ᠬᠥᠬᠡᠬᠣᠲᠠ ᠵᠢᠨ ᠠᠶ ᠶᠤᠸᠠᠢ ᠤᠷᠠᠯᠢᠬ᠎ᠤᠨ ᠪᠦᠯᠬᠦᠮ ᠢ᠋ ᠪᠠᠢᠭᠤᠯᠵᠤ᠂ ᠬᠥᠬᠡᠬᠣᠲᠠ ᠵᠢᠨ ᠳᠠᠭᠤᠤ ᠬᠥᠭ᠌ᠵᠢᠮ ᠤ᠋ᠨ ᠤᠯᠠᠷᠢᠯ ᠤ᠋ᠨ ᠤᠷᠠᠯᠢᠭ ᠤ᠋ᠨ ᠨᠠᠷᠠᠲᠤ ᠲᠥᠷᠥᠯ ᠲᠡᠮᠳᠡᠭ᠌ᠲᠦ᠍ ᠶ᠋ᠢ ᠪᠣᠶ ᠪᠣᠯᠭᠠᠪᠠ᠃ ᠪᠥᠵᠢᠭ᠌ᠲᠦ ᠵᠦᠴᠦᠭᠡ 《ᠵᠤᠤ ᠵᠢᠶᠦ᠋ᠨ》᠂ ᠳᠠᠭᠤᠯᠠᠯᠲᠤ ᠵᠦᠴᠦᠭᠡ 《ᠲᠠᠯᠠᠨ ᠬᠠᠷ᠎ᠠ ᠵᠢᠨ ᠲᠦᠳᠡᠭ》᠂ ᠡᠷᠲᠡᠨ᠎ᠦ ᠰᠣᠩᠭᠣᠳᠠᠭ ᠪᠥᠵᠢᠭ 《ᠬᠤᠩᠱᠠᠨ ᠤ᠋ ᠬᠠᠰ ᠯᠣᠣ ᠵᠢᠨ ᠳᠠᠭᠤᠯᠠᠯ》 ᠵᠡᠷᠭᠡ ᠱᠢᠯᠢᠳᠡᠭ ᠪᠦᠲᠦᠭᠡᠯ ᠢ᠋ ᠵᠣᠬᠢᠶᠠᠨ ᠪᠦᠲᠦᠭᠡᠵᠦ᠍᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ ᠢ᠋ ᠪᠤᠳᠠᠳᠤ ᠪᠦᠲᠦᠮᠵᠢ ᠲᠡᠢ ᠪᠣᠯᠭᠠᠵᠠᠢ᠃

ᠡᠭᠦᠨ ᠳ᠋ᠤ᠂ ᠪᠥᠵᠢᠭ᠌ᠲᠦ ᠵᠦᠴᠦᠭᠡ 《ᠵᠣᠣ ᠵᠢᠶᠦ᠋ᠨ》 ᠨᠢ 27 ᠳ᠋ᠤᠭᠠᠷ ᠬᠤᠭᠤᠴᠠᠭᠠᠨ ᠤ᠋ ᠪᠠᠶ ᠢᠦᠶ ᠯᠠᠨ ᠰᠢ ᠵᠦᠴᠦᠭᠡ ᠵᠢᠨ ᠱᠠᠩᠨᠠᠯ ᠵᠢᠡᠷ ᠨᠡᠷ᠎ᠡ ᠳᠤᠷᠠᠳᠤᠭ᠍ᠳᠠᠭ᠍ᠰᠠᠨ ᠪᠥᠭᠡᠳ ᠠᠷᠪᠠᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠰᠣᠶᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠤᠷᠠᠯᠢᠭ ᠤ᠋ᠨ ᠨᠠᠢᠷ ᠤ᠋ᠨ ᠡᠬᠢᠯᠡᠯᠲᠡ ᠵᠢᠨ ᠶᠣᠰᠣᠯᠠᠯ ᠳᠡᠭᠡᠷᠡᠬᠢ ᠵᠦᠴᠦᠭᠡ ᠪᠣᠯᠵᠣ᠂ ᠳᠠᠭᠤᠯᠠᠯᠲᠤ ᠵᠦᠴᠦᠭᠡ 《ᠳᠠᠯᠠᠨ ᠬᠠᠷ᠎ᠠ ᠵᠢᠨ ᠲᠦᠳᠡᠭ》 ᠨᠢ ᠠᠷᠪᠠᠨ ᠬᠣᠶᠠᠳᠤᠭᠠᠷ ᠬᠤᠭᠤᠴᠠᠭᠠᠨ ᠤ᠋ 《ᠰᠠᠷᠠᠨ᠎ᠠ》 ᠰᠢ ᠵᠦᠴᠦᠭᠡ ᠵᠢᠨ ᠵᠦᠴᠦᠭᠡ ᠵᠢᠨ ᠭᠠᠷᠴᠠᠭ ᠤ᠋ᠨ ᠱᠠᠩᠨᠠᠯ ᠭᠥᠷᠳᠡᠵᠦ᠍᠂ ᠡᠷᠲᠡᠨ ᠤ᠋ ᠰᠣᠩᠭᠣᠳᠠᠭ ᠪᠥᠵᠢᠭ 《ᠬᠤᠩᠱᠠᠨ ᠤ᠋ ᠬᠠᠰ ᠯᠤᠤ ᠵᠢᠨ ᠳᠠᠭᠤᠯᠠᠯ》 ᠨᠢ ᠠᠷᠪᠠᠨ ᠭᠤᠷᠪᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠪᠥᠵᠢᠭ ᠤ᠋ᠨ 《ᠾᠸ ᠬᠤᠸᠠ ᠱᠠᠩᠨᠠᠯ》 ᠤ᠋ᠨ ᠰᠣᠩᠭᠣᠳᠠᠭ ᠪᠥᠵᠢᠭ ᠤ᠋ᠨ ᠱᠠᠩᠨᠠᠯ ᠵᠢᠡᠷ ᠨᠡᠷ᠎ᠡ ᠳᠤᠷᠠᠳᠤᠭ᠍ᠳᠠᠪᠠ᠃

ᠳᠤᠮᠳᠠᠳᠤ ᠤᠯᠤᠰ ᠤ᠋ᠨ ᠳᠠᠭᠤᠯᠠᠯᠲᠤ ᠵᠦᠴᠦᠭᠡ ᠪᠥᠵᠢᠭ᠌ᠲᠦ ᠵᠦᠴᠦᠭᠡ ᠵᠢᠨ ᠬᠦᠷᠢᠶᠡᠯᠡᠩ᠎ᠲᠡᠶ ᠬᠠᠮᠲᠤᠷᠠᠨ ᠭᠠᠷᠭᠠᠭᠰᠠᠨ ᠪᠦᠵᠢᠭᠲᠤ ᠵᠦᠴᠦᠭᠡ 《ᠷᠦ ᠵᠢᠶᠠᠨ》 ᠢ᠋ ᠪᠡᠭᠡᠵᠢᠩ᠂ ᠭᠤᠸᠠᠩᠵᠧᠦ᠂ ᠱᠠᠩᠬᠠᠶ᠂ ᠬᠠᠩᠵᠧᠦ ᠵᠡᠷᠭᠡ ᠭᠠᠵᠠᠷ ᠵᠢᠡᠷ ᠲᠣᠭᠣᠷᠢᠨ ᠲᠣᠭ᠍ᠯᠠᠵᠤ ᠂ ᠬᠥᠬᠡᠬᠣᠲᠠ ᠵᠢᠨ ᠨᠡᠭᠡᠭᠡᠯᠲᠡᠲᠡᠶ ᠪᠠᠭ᠍ᠲᠠᠭᠠᠮᠵᠢᠲᠠᠶ ᠬᠣᠲᠠ ᠵᠢᠨ ᠳᠦᠷᠢ ᠲᠥᠷᠬᠦ᠌ ᠶ᠋ᠢ ᠬᠦᠴᠦᠲᠡᠶ ᠤᠬᠠᠭᠤᠯᠤᠭ᠍ᠰᠠᠨ ᠪᠥᠭᠡᠳ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠳ᠋ᠤ ᠣᠶᠤᠨ ᠰᠠᠨᠠᠭᠠᠨ ᠤ᠋ ᠬᠠᠨᠤᠮᠵᠢ ᠵᠢᠨ ᠲᠥᠷᠥᠭ᠌ᠳᠡᠯ ᠪᠠ ᠵᠣᠯ ᠵᠢᠷᠭᠠᠯᠲᠤ ᠲᠥᠷᠥᠭ᠌ᠳᠡᠯ ᠣᠯᠭᠣᠭ᠍ᠰᠠᠨ ᠪᠠᠢᠨ᠎ᠠ᠃

ᠣᠲᠣ ᠦᠶ᠎ᠡ ᠵᠢᠨ ᠪᠣᠯᠪᠠᠰᠤᠨ᠎ᠬᠣᠲᠠ ᠶ᠋ᠢ ᠴᠤᠭᠴᠠᠯᠠᠵᠦ᠂ ᠪᠣᠯᠪᠠᠰᠤᠨ ᠵᠢᠡᠷ ᠵᠣᠯ ᠵᠢᠷᠭᠠᠯ᠎ᠤᠨ ᠲᠡᠪᠢᠰᠭᠡᠷ ᠦᠩᠭᠡ ᠵᠢ ᠵᠢᠷᠤᠭᠯᠠᠪᠠ

ᠤᠮᠠᠷᠠᠲᠤ ᠬᠢᠯᠢ ᠵᠢᠨ ᠰᠣᠶᠣᠯ ᠤ᠋ᠨ ᠱᠢᠨ᠎ᠡ ᠶ᠋ᠢ ᠡᠭᠦᠳᠬᠦ᠌ ᠴᠠᠭ ᠦᠶᠡᠴᠢ ᠴᠢᠨᠠᠷᠲᠠᠶ ᠣᠨᠴᠠᠯᠢᠭ ᠱᠢᠨᠵᠢ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ 《ᠠᠷᠠᠳ ᠲᠦᠮᠡᠨ ᠤ᠋ ᠬᠤᠲᠠ ᠶ᠋ᠢ ᠠᠷᠠᠳ ᠲᠦᠮᠡᠨ ᠪᠠᠢᠭᠤᠯᠵᠤ᠂ ᠠᠷᠠᠳ ᠲᠦᠮᠡᠨ ᠤ᠋ ᠬᠣᠲᠠ᠎ᠠᠷᠠᠳ ᠲᠦᠮᠡᠨ᠎ᠦ ᠲᠥᠯᠥᠭᠡ ᠪᠠᠢᠬᠤ》 ᠣᠢᠯᠠᠭᠠᠭ᠍ᠳᠠᠬᠤᠨ ᠢ᠋ ᠪᠠᠲᠤ ᠪᠣᠶ ᠪᠣᠯᠭᠠᠨ᠂ ᠬᠥᠬᠡᠬᠣᠲᠠ ᠣᠷᠳᠣ ᠬᠤᠭᠤᠴᠠᠭᠠᠨ ᠤ᠋ ᠪᠦᠲᠦᠮᠵᠢᠲᠡᠶ ᠪᠥᠭᠡᠳ ᠪᠠᠢᠩᠭᠤ ᠵᠢᠨ ᠴᠢᠨᠠᠷᠲᠠᠶ ᠣᠯᠠᠨ ᠲᠦᠮᠡᠨᠴᠢ ᠴᠢᠨᠠᠷᠲᠠᠶ ᠣᠶᠤᠨ ᠤ᠋ ᠪᠣᠯᠪᠠᠰᠤᠨ ᠢ᠋ ᠡᠭᠦᠳᠦᠨ ᠪᠠᠢᠭᠤᠯᠬᠤ ᠠᠵᠢᠯ ᠤ᠋ᠨ ᠲᠣᠭ᠍ᠲᠠᠴᠠ ᠶ᠋ᠢ ᠪᠥᠬᠥ᠌ ᠬᠦᠴᠦᠨ ᠵᠢᠡᠷ ᠵᠢᠡᠨ ᠪᠠᠢᠭᠤᠯᠵᠤ᠂ ᠴᠠᠭ ᠦᠶ᠎ᠡ ᠵᠢᠨ ᠬᠥᠭ᠌ᠵᠢᠯᠲᠡ᠎ᠲᠡᠶ ᠢᠮᠠᠭ᠍ᠲᠠ ᠠᠯᠬᠤᠭ᠎ᠠ ᠨᠡᠢᠴᠡᠭᠦᠯᠪᠡ᠃

ᠴᠠᠭ ᠦᠶ᠎ᠡ ᠵᠢᠨ ᠣᠬᠢ ᠰᠣᠳᠣ ᠶ᠋ᠢ ᠢᠳᠡᠪᠬᠢᠲᠡᠢ ᠪᠡᠷ ᠱᠢᠩᠭᠡᠭᠡᠨ ᠠᠪᠴᠤ᠌᠂ ᠪᠦᠬᠦ᠌ ᠬᠣᠲᠠ ᠵᠢᠨ ᠦᠨᠳᠦᠰᠦᠲᠡᠨ᠎ᠨᠦᠭᠦᠳ ᠤ᠋ᠨ ᠣᠯᠠᠨ ᠲᠦᠮᠡᠨ᠎ᠦ ᠪᠣᠯᠪᠠᠰᠤᠨ᠎ᠤ ᠬᠡᠪ ᠴᠢᠨᠠᠷ ᠪᠠ ᠪᠦᠬᠦ᠌ ᠨᠡᠢᠭᠡᠮ ᠤ᠋ᠨ ᠪᠣᠯᠪᠠᠰᠤᠨ ᠤ᠋ ᠬᠡᠮᠵᠢᠶ᠎ᠡ ᠶ᠋ᠢ ᠳᠡᠭᠡᠭ᠌ᠰᠢᠯᠡᠭᠦᠯᠤᠨ᠂ 《ᠶᠤᠰᠤ ᠰᠤᠷᠳᠠᠬᠤᠨ ᠲᠠᠢ ᠬᠦᠬᠡᠬᠤᠳᠠ》᠂ 《ᠬᠠᠢᠷ᠎ᠠ ᠰᠡᠳᠭᠢᠯᠭᠡ᠎ᠲᠡᠶ ᠬᠦᠬᠡᠬᠤᠳᠠ》 ᠨᠡᠷᠡᠲᠦ ᠲᠡᠮᠳᠡᠭ᠌ᠲᠦ᠍ ᠶ᠋ᠢ ᠪᠣᠢ ᠪᠣᠯᠭᠠᠵᠤ᠂ 《ᠬᠦᠬᠡᠬᠤᠳᠠ ᠵᠢᠨ ᠰᠠᠢᠨ ᠬᠥᠮᠦᠨ》᠂ 《ᠶᠣᠰᠣ ᠰᠤᠷᠳᠠᠬᠤᠨ᠎ᠤ ᠵᠢᠱ᠌ᠢᠶᠡᠴᠢ》 ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ ᠶ᠋ᠢ ᠰᠣᠩᠭᠣᠨ ᠪᠣᠢ ᠪᠣᠯᠭᠠᠵᠤ᠂ ᠣᠷᠣᠨ ᠤ᠋ ᠲᠥᠪ ᠤ᠋ᠨ ᠨᠡᠷ᠎ᠡ ᠠᠯᠳᠠᠷ ᠢ᠋ ᠳᠡᠭᠡᠭ᠌ᠰᠢᠯᠡᠭᠦᠯᠬᠦ᠌ ᠡᠯ᠎ᠡ ᠲᠥᠷᠥᠯ ᠤ᠋ᠨ ᠠᠵᠢᠯᠯᠠᠭ᠎ᠠ ᠶ᠋ᠢ ᠵᠤᠬᠢᠶᠠᠨ ᠪᠠᠢᠭᠤᠯᠵᠤ᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠢ᠋ ᠬᠥᠲᠥᠯᠥᠨ ᠵᠢᠯᠣᠭᠣᠳᠴᠤ᠌ ᠪᠠᠢᠭᠠᠳ ᠦᠵᠡᠯ ᠰᠠᠨᠠᠭ᠎ᠠ ᠣᠢᠯᠠᠭᠠᠭ᠍ᠳᠠᠬᠤᠨ᠂ ᠣᠶᠤᠨ ᠰᠠᠨᠠᠭᠠᠨ ᠤ᠋ ᠳᠤᠷ᠎ᠠ ᠰᠣᠨᠢᠷᠬᠠᠯ᠂ ᠠᠮᠢᠳᠤᠷᠠᠯ ᠤ᠋ᠨ ᠠᠷᠭ᠎ᠠ ᠮᠠᠶᠢᠭ ᠤ᠋ᠨ ᠲᠠᠯ᠎ᠠ ᠪᠡᠷ ᠣᠳᠣᠬᠢᠴᠢᠯᠠᠯᠲᠠ ᠲᠡᠢᠰᠢ ᠤᠷᠤᠭ᠍ᠰᠢᠯᠠᠭᠤᠯᠵᠤ᠂ ᠣᠳᠣ ᠦᠶ᠎ᠡ ᠵᠢᠨ ᠪᠣᠯᠪᠠᠰᠤᠨ᠎ᠬᠣᠲᠠ ᠶ᠋ᠢ ᠪᠦᠬᠦ᠌ ᠬᠦᠴᠦᠨ ᠵᠢᠡᠷ ᠵᠢᠡᠨ ᠴᠤᠭᠴᠠᠯᠠᠪᠠ᠃

1083 ᠮᠥ᠍ ᠲᠠᠯᠠᠪᠠᠢ ᠪᠦᠬᠦᠢ ᠶᠡᠬᠡ ᠲᠦᠷᠭᠡᠨ ᠭᠤᠤᠯ ᠤ᠋ᠨ ᠴᠡᠷᠢᠭ ᠤ᠋ᠨ ᠶᠠᠪᠤᠳᠠᠯ ᠤ᠋ᠨ ᠰᠣᠶᠣᠯ ᠤ᠋ᠨ ᠬᠦᠷᠢᠶᠡᠯᠡᠩ ᠢ᠋ ᠪᠥᠲᠥᠭᠡᠨ ᠪᠠᠢᠭᠤᠯᠵᠤ᠂ ᠬᠥᠬᠡᠬᠣᠲᠠ ᠵᠢᠨ ᠮᠥᠰᠥ᠍ ᠴᠠᠰᠤᠨ ᠤ᠋ ᠨᠠᠢᠷ᠂ ᠬᠥᠬᠡᠬᠣᠲᠠ ᠵᠢᠨ ᠳᠠᠭᠤᠤ ᠬᠥᠭ᠌ᠵᠢᠮ ᠤ᠋ᠨ ᠨᠠᠢᠷ ᠵᠡᠷᠭᠡ ᠬᠣᠶᠠᠷ ᠶᠡᠬᠡ ᠪᠡᠯᠭᠡ ᠲᠡᠮᠳᠡᠭ ᠤ᠋ᠨ ᠴᠢᠨᠠᠷᠲᠠᠶ ᠨᠠᠷᠠᠲᠤ ᠲᠥᠷᠥᠯ ᠲᠡᠮᠳᠡᠭ᠌ᠲᠦ᠍ ᠵᠢᠨ ᠠᠵᠢᠯᠯᠠᠭ᠎ᠠ ᠶ᠋ᠢ ᠡᠷᠭᠢᠯᠡᠪᠡ᠃ ᠬᠣᠷᠢᠨ ᠳᠥᠷᠪᠡᠳᠦᠭᠡᠷ ᠬᠤᠭᠤᠴᠠᠭᠠᠨ ᠤ᠋ ᠵᠣᠣ ᠵᠢᠶᠦ᠋ᠨ ᠰᠣᠶᠣᠯ ᠤ᠋ᠨ ᠨᠠᠢᠷ᠂ ᠳᠥᠷᠪᠡᠳᠦᠭᠡᠷ ᠬᠤᠭᠤᠴᠠᠭᠠᠨ ᠤ᠋ ᠪᠤᠭᠤᠮᠲᠠ ᠵᠢᠨ ᠬᠠᠭᠤᠴᠢᠨ ᠵᠡᠭᠡᠯᠢ ᠵᠢᠨ ᠳᠠᠭᠤᠤ ᠬᠥᠭ᠌ᠵᠢᠮ ᠠᠮᠲᠠᠲᠤ ᠢᠳᠡᠭᠡᠨ᠎ᠦ ᠤᠯᠠᠷᠢᠯ᠂ ᠮᠠ ᠽᠦᠩ ᠱᠠᠨ ᠠᠭᠤᠯᠠᠨ ᠤ᠋ ᠮᠥᠰᠥ᠍ ᠴᠠᠰᠤᠨ ᠤ᠋ ᠤᠯᠠᠷᠢᠯ᠂ ᠬᠠᠷᠠᠠᠤᠰᠤ ᠨᠠᠭᠤᠷ ᠤ᠋ᠨ ᠡᠪᠦᠯ ᠤ᠋ᠨ ᠠᠩᠨᠠᠯ ᠤ᠋ᠨ ᠨᠠᠢᠷ᠂ ᠱᠢᠨᠬᠤᠸᠠ ᠠᠭᠤᠳᠠᠮ ᠲᠠᠯᠠᠪᠠᠶ ᠵᠢᠨ ᠷᠤᠺ ᠳᠠᠭᠤᠤ ᠵᠢᠨ ᠰᠢᠨ᠎ᠡ ᠤᠨ ᠵᠢᠡᠨ ᠤᠭᠳᠤᠭᠰᠠᠨ ᠲᠤᠭᠯᠠᠯᠳᠠ᠂ ᠪᠤᠭᠤᠮᠲᠠ ᠵᠢᠨ ᠬᠠᠭᠤᠴᠢᠨ ᠵᠡᠭᠡᠯᠢ ᠵᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠦᠮ᠎ᠡ ᠵᠢᠨ ᠴᠤᠭ᠍ᠯᠠᠭᠠᠨ ᠵᠡᠷᠭᠡ ᠣᠯᠠᠨ ᠲᠦᠮᠡᠨ᠎ᠦ ᠪᠠᠬᠠᠷᠬᠠᠯ ᠢ᠋ ᠲᠠᠲᠠᠵᠤ ᠲᠠᠭᠠᠰᠢᠶᠠᠯ ᠳ᠋ᠤ ᠬᠦᠷᠦᠭᠰᠡᠨ ᠡᠯ᠎ᠡ ᠵᠦᠶ᠋ᠯ ᠤ᠋ᠨ ᠠᠵᠢᠯᠯᠠᠭ᠎ᠠ ᠶ᠋ᠢ ᠡᠷᠭᠢᠯᠡᠵᠦ᠍᠂ ᠣᠯᠠᠨ ᠲᠦᠮᠡᠨ᠎ᠦ ᠰᠠᠢᠨ ᠦᠨᠡᠯᠡᠯᠲᠡ ᠶ᠋ᠢ ᠤᠯᠪᠠ᠃

ᠳᠤᠮᠳᠠᠳᠤ ᠵᠢᠨ ᠦᠨᠳᠦᠰᠦᠲᠡᠨ᠎ᠦ ᠣᠲᠣ ᠦᠶ᠎ᠡ ᠵᠢᠨ ᠪᠣᠯᠪᠠᠰᠤᠨ ᠢ᠋ ᠪᠠᠢᠭᠤᠯᠬᠤ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠣᠶᠤᠨ ᠰᠠᠨᠠᠭᠠᠨ ᠤ᠋ ᠬᠡᠷ ᠣᠷᠣᠨ ᠢ᠋ ᠲᠠᠰᠤᠷᠠᠯᠲᠠ ᠥᠬᠡᠶ ᠴᠤᠭᠴᠠᠯᠠᠨ᠂ ᠬᠥᠬᠡᠬᠣᠲᠠ ᠵᠢᠨ ᠨᠡᠷ᠎ᠡ ᠠᠯᠳᠠᠷ᠂ ᠢᠷᠠᠭᠤ ᠠᠯᠳᠠᠷ ᠤ᠋ᠨ ᠬᠡᠮᠵᠢᠶ᠎ᠡ ᠶ᠋ᠢ ᠶᠡᠬᠡ ᠪᠡᠷ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠵᠢᠷᠦᠭᠡ ᠰᠡᠳᠬᠢᠯ ᠵᠢᠡᠨ ᠨᠢᠭᠳᠠᠷᠠᠭᠤᠯᠵᠦ᠂ ᠤᠶᠤᠨ ᠰᠠᠨᠠᠭ᠎ᠠ ᠪᠠᠨ ᠬᠠᠷᠢᠯᠴᠠᠨ ᠲᠦᠰᠢᠯᠴᠡᠵᠦ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠣᠶᠤᠨ ᠰᠠᠨᠠᠭᠠᠨ ᠤ᠋ ᠬᠦᠴᠦᠨ ᠢ᠋ ᠨᠢᠭ᠍ᠲᠠᠷᠠᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号