《 ᠨᠣᠮ᠎ᠤᠨ ᠳᠡᠯᠭᠡᠭᠦᠷ ᠡᠷᠬᠢᠯᠡᠬᠦ 》 ᠡᠴᠡ 《 ᠰᠣᠶᠣᠯ ᠲᠡᠯᠭᠡᠷᠡᠭᠦᠯᠬᠦ 》 ᠪᠤᠯᠳᠡᠯᠡᠬᠢ ᠬᠤᠪᠢᠷᠠᠯᠲᠠ— ᠥᠪᠡᠷᠲᠡᠭᠡᠨ ᠵᠠᠰᠠᠬᠤ ᠣᠷᠣᠨ ᠎ᠤ ᠰᠣᠶᠣᠯ᠎ᠤᠨ ᠠᠵᠤ ᠠᠬᠤᠢᠯᠠᠯ ᠎ᠤᠨ ᠠᠷᠪᠠᠨ ᠬᠦᠴᠦᠷᠬᠡᠭ ᠤ᠋ᠨ ᠨᠢᠭᠡ ᠪᠤᠯᠬᠤ ᠥᠪᠥᠷ ᠮᠣᠩᠭᠣᠯ ᠎ᠤᠨ ᠰᠢᠨᠬᠤᠸᠠ ᠲᠠᠷᠬᠠᠭᠠᠯᠲᠠ ᠎ᠶᠢᠨ ᠪᠦᠯᠦᠭᠯᠡᠯ
2024-09-11 12:55:23
ᠵᠣᠬᠢᠶᠠᠭ᠍ᠴᠢ᠄
ᠢᠦᠢ ᠰᠢᠨ ᠯᠢ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ ᠦᠭᠡ

ᠦᠷᠭᠡᠨ ᠠᠭᠤᠳᠠᠮ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠥᠪᠡᠷᠮᠢᠴᠡ ᠰᠣᠶᠣᠯ ᠨᠢ ᠭᠡᠷᠡᠯ ᠰᠠᠴᠤᠷᠠᠩᠭᠤᠢ ᠣᠳᠤᠨ ᠮᠠᠴᠢᠳ ᠮᠡᠲᠦ ᠭᠢᠯᠠᠯᠵᠠᠨ᠎ᠠ᠃ ᠡᠨᠳᠡ ᠰᠦᠷᠯᠢᠭ ᠰᠠᠢᠬᠠᠨ ᠪᠠᠢᠭᠠᠯᠢ᠎ᠶᠢᠨ ᠦᠩᠭᠡ ᠦᠵᠡᠮᠵᠢ᠂ ᠥᠳᠬᠡᠨ ᠵᠤᠵᠠᠭᠠᠨ ᠦᠨᠳᠦᠰᠦᠲᠡᠨ᠎ᠦ ᠵᠠᠩ ᠦᠢᠯᠡ ᠪᠠᠢᠬᠤ᠎ᠪᠠᠷ ᠪᠠᠷᠠᠬᠤ ᠦᠭᠡᠢ᠂ ᠪᠠᠰᠠ ᠨᠢᠭᠡ ᠪᠦᠯᠦᠭ ᠠᠮᠢᠵᠢᠷᠠᠯ ᠎ᠤᠨ ᠬᠦᠴᠦᠨ ᠪᠠ ᠪᠦᠲᠦᠭᠡᠯᠴᠢ ᠬᠦᠴᠦᠨ᠎ᠲᠠᠢ ᠰᠣᠶᠣᠯ ᠎ᠤᠨ ᠠᠵᠤ ᠠᠬᠤᠢᠯᠠᠯ ᠎ᠪᠤᠢ ᠪᠤᠯᠤᠭᠰᠠᠨ ᠪᠠᠢᠨ᠎ᠠ᠃ ᠨᠠᠢ᠍ᠮᠠᠳᠤᠭᠠᠷ ᠬᠤᠭᠤᠴᠠᠭᠠᠨ᠎ᠤ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠪᠠ ᠠᠷᠠᠯᠵᠢᠶᠠᠨ᠎ᠤ ᠴᠤᠭᠯᠠᠭᠠᠨ᠎ᠤ ᠬᠤᠭᠤᠴᠠᠭᠠᠨ᠎ᠳᠤ  《2024 · ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠎ᠤᠨ ᠠᠵᠤ ᠠᠬᠤᠢᠯᠠᠯ᠎ᠤᠨ 10 ᠬᠦᠴᠦᠷᠬᠡᠭ》  ᠢ᠋ ᠨᠡᠢᠲᠡᠯᠡᠪᠡ᠃ ᠡᠳᠡᠭᠡᠷ ᠠᠵᠤ ᠠᠬᠤᠢᠯᠠᠯ ᠨᠢ ᠰᠢᠨ᠎ᠡ᠎ᠶᠢ ᠡᠭᠦᠳᠬᠦ᠎ᠪᠡᠷ ᠬᠥᠳᠡᠯᠭᠡᠬᠴᠢ ᠬᠦᠴᠦᠨ ᠪᠣᠯᠭᠠᠵᠤ᠂ ᠶᠠᠰᠤ ᠴᠢᠨᠠᠷ᠎ᠢᠶᠠᠷ ᠬᠥᠭᠡᠭᠡᠴᠡᠯᠳᠦᠯ ᠪᠣᠯᠭᠠᠵᠤ᠂ ᠠᠳᠠᠯᠢ ᠪᠤᠰᠤ ᠰᠣᠶᠣᠯ᠎ᠤᠨ ᠨᠠᠷᠢᠯᠢᠭ᠋ ᠬᠤᠪᠢᠶᠠᠭᠰᠠᠨ ᠬᠦᠷᠢᠶᠡᠨ᠎ᠳᠦ ᠵᠠᠮ ᠨᠡᠭᠡᠭᠡᠨ ᠤᠷᠤᠭᠰᠢᠯᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ ᠴᠢᠬᠤᠯᠠ ᠬᠦᠴᠦᠨ ᠪᠣᠯᠤᠭᠰᠠᠨ ᠪᠠᠢᠨ᠎ᠠ᠃ ᠲᠤᠰ ᠰᠣᠨᠢᠨ ᠡᠨᠡ ᠡᠳᠦᠷ᠎ᠡᠴᠡ ᠡᠬᠢᠯᠡᠨ 《ᠠᠷᠪᠠᠨ ᠬᠦᠴᠦᠷᠬᠡᠭ ᠰᠣᠶᠣᠯ᠎ᠤᠨ ᠠᠵᠤ ᠠᠬᠤᠢᠯᠠᠯ ᠵᠢᠡᠷ ᠲᠣᠭᠣᠷᠢᠨ ᠦᠵᠡᠶ᠎ᠡ》 ᠭᠡᠬᠦ ᠲᠤᠰᠬᠠᠢ ᠪᠤᠯᠤᠩ ᠨᠡᠭᠡᠭᠡᠵᠦ᠂ ᠡᠳᠡᠭᠡᠷ ᠠᠵᠤ ᠠᠬᠤᠢᠯᠠᠯ ᠎ᠤᠨ ᠠᠮᠵᠢᠯᠲᠠ᠎ᠵᠢᠨ ᠵᠠᠮ ᠎ᠢ ᠬᠠᠢᠨ ᠰᠦᠪᠡᠭᠴᠢᠯᠡᠵᠦ᠂ ᠠᠵᠤ ᠠᠬᠤᠢᠯᠠᠯ ᠎ᠤᠨ ᠥᠭᠡᠷᠡᠴᠢᠯᠡᠯᠲᠡ᠎ᠶᠢᠨ ᠲᠡᠦᠬᠡᠨ ᠶᠠᠪᠤᠴᠠ ᠎ᠶᠢ ᠬᠤᠪᠢᠶᠠᠯᠴᠠᠵᠦ᠂ ᠠᠵᠤ ᠠᠬᠤᠢᠯᠠᠯ᠎ᠤᠨ ᠬᠥᠭᠵᠢᠯ ᠮᠠᠨᠳᠤᠯ ᠪᠣᠯᠣᠨ ᠭᠡᠷᠡᠯ ᠰᠠᠴᠤᠷᠠᠩᠭᠤᠢ ᠠᠮᠵᠢᠯᠲᠠ᠎ᠶᠢ ᠭᠡᠷᠡᠴᠢᠯᠡᠵᠦ᠂ ᠥᠪᠥᠷ ᠮᠣᠩᠭᠣᠯ ᠎ᠤᠨ ᠰᠣᠶᠣᠯ᠎ᠤᠨ ᠠᠵᠤ ᠦᠢᠯᠡᠰ ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠵᠦ᠂ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠬᠤᠯ᠎ᠢ ᠪᠤᠢ ᠪᠣᠯᠭᠠᠬᠤ ᠪᠣᠯᠣᠨ᠎ᠠ᠃



ᠦᠷᠬᠡᠨ ᠠᠭᠤᠳᠠᠮ ᠥᠪᠥᠷ ᠮᠣᠩᠭᠣᠯ᠎ᠳ᠋ᠤ᠂ ᠰᠣᠶᠣᠯ ᠨᠢ ᠲᠠᠯ᠎ᠠ ᠵᠢᠨ ᠰᠠᠯᠬᠢᠨ ᠰᠢᠭ᠋ ᠡᠭᠡ ᠭᠠᠵᠠᠷ᠎ᠢ ᠢᠯᠪᠢᠵᠦ᠂ ᠡᠨᠡ ᠬᠦ᠌ ᠬᠠᠯᠠᠭᠤᠨ ᠬᠥᠷᠥᠰᠥᠨ ᠳᠡᠭᠡᠷᠡᠬᠢ ᠠᠮᠢ ᠎ᠭᠤᠤᠯᠳᠠᠨ ᠎ᠢ ᠰᠢᠮᠡᠵᠢᠬᠦᠯᠵᠦ ᠪᠠᠢᠳᠠᠭ᠃ ᠡᠨᠡ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠭᠠᠵᠠᠷ ᠨᠤᠲᠤᠭ  ᠳᠡᠭᠡᠷ᠎ᠡ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠥᠪᠡᠷ᠎ᠦᠨ ᠴᠤᠯᠭᠤᠷᠠᠭᠰᠠᠨ ᠰᠢᠨ᠎ᠡ᠎ᠶᠢ ᠡᠭᠦᠳᠬᠦ ᠴᠢᠳᠠᠪᠤᠷᠢ᠂ ᠲᠠᠰᠤᠷᠠᠯᠳᠠ ᠦᠭᠡᠢ ᠥᠷᠭᠡᠵᠢᠭᠰᠡᠨ ᠠᠵᠤ ᠦᠢᠯᠡᠰ᠎ᠦᠨ ᠬᠡᠪᠴᠢᠶ᠎ᠡ ᠵᠢᠴᠢ ᠲᠦᠷᠭᠡᠨ ᠬᠥᠭᠵᠢᠭᠰᠡᠨ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠵᠠᠭᠪᠤᠷ᠎ᠢᠶᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠬᠡᠪ ᠳᠠᠭᠤᠷᠢᠶᠠᠯ ᠪᠣᠯᠵᠤ᠂ ᠨᠡᠩ ᠴᠤ᠌ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠴᠣᠭᠴᠠᠯᠠᠬᠤ ᠴᠢᠬᠤᠯᠠ ᠬᠦᠴᠦᠨ ᠪᠣᠯᠵᠠᠢ᠃

ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ《ᠨᠤᠮ ᠤ᠋ᠨ ᠰᠤᠷᠪᠤᠯᠵᠢᠲᠤ ᠥᠪᠥᠷ ᠮᠣᠩᠭᠣᠯ》ᠤ᠋ᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠣᠯᠠᠨ ᠨᠡᠶ᠋ᠢᠲᠡ᠎ᠶᠢᠨ ᠨᠤᠮ ᠤᠩᠰᠢᠬᠤ ᠲᠤᠬᠠᠢ ᠦᠢᠯᠡᠴᠢᠯᠡᠭᠡᠨ᠎ᠦ ᠰᠢᠰᠲᠧᠮ ᠎ᠢ ᠡᠳᠦᠷ ᠢᠷᠡᠬᠦᠶ᠎ᠡ ᠲᠡᠭᠦᠯᠳᠡᠷᠵᠢᠭᠦᠯᠦᠨ᠂ ᠪᠥᠬᠥ ᠠᠷᠠᠳ᠎ᠤᠨ ᠨᠤᠮ ᠤᠩᠰᠢᠬᠤ ᠠᠵᠢᠯᠯᠠᠭ᠎ᠠ᠎ᠶᠢ ᠪᠠᠶᠠᠯᠢᠭᠵᠢᠭᠤᠯᠵᠤ᠂《ᠰᠤᠶᠤᠯ ᠤ᠋ᠨ ᠦᠨᠦᠷ ᠠᠮᠳᠠ ᠲᠠᠢ ᠠᠮᠢᠳᠤᠷᠠᠯ》 ᠢ᠋ ᠭᠠᠷ᠎ᠲᠤ ᠪᠠᠷᠢᠭ᠍ᠳᠠᠮ᠎ᠠ ᠴᠤᠭᠴᠠᠯᠠᠵᠤ᠂ ᠪᠥᠬᠥ ᠠᠷᠠᠳ᠎ᠤᠨ ᠨᠤᠮ ᠤᠩᠰᠢᠬᠤ ᠠᠭᠤᠷ ᠠᠮᠢᠰᠬᠤᠯ᠎ᠢ ᠡᠳᠦᠷ ᠢᠷᠡᠬᠦᠶ᠎ᠡ ᠦᠳᠭᠡᠷᠡᠭᠦᠯᠪᠡ᠃ ᠨᠤᠮ᠎ᠦᠨ ᠴᠠᠭᠠᠨ ᠪᠤᠶᠠᠨ ᠵᠢᠡᠷ ᠡᠬᠡ ᠤᠯᠤᠰ᠎ᠤᠨ ᠤᠮᠠᠷᠠᠲᠤ ᠬᠢᠯᠢ ᠳ᠋ᠤ ᠶᠠᠭ ᠰᠣᠶᠣᠯ᠎ᠤᠨ ᠵᠥᠭᠡᠯᠡᠨ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠰᠣᠶᠣᠯ᠎ᠤᠨ ᠦᠨᠦᠷ ᠠᠮᠳᠠ ᠦᠳᠭᠡᠷᠡᠵᠦ ᠪᠠᠢᠨ᠎ᠠ᠃

ᠨᠤᠮ ᠰᠠᠢᠳᠤᠷ ᠤᠩᠰᠢᠵᠤ ᠰᠠᠢᠨ ᠨᠤᠮ ᠤᠩᠰᠢᠵᠤ ᠰᠤᠶᠤᠯ᠎ᠤᠨ ᠦᠨᠦᠷ ᠠᠮᠲᠠ ᠨᠠᠩ ᠥᠳᠬᠡᠷᠡᠪᠡ

ᠨᠣᠮ᠎ᠤᠨ ᠦᠵᠡᠰᠬᠦᠯᠡᠩ᠎ᠵᠢᠡᠷ ᠲᠣᠭᠣᠷᠢᠨ ᠦᠵᠡᠬᠦ᠂ ᠰᠠᠢᠨ ᠨᠣᠮ ᠬᠤᠳᠠᠯᠳᠤᠨ ᠠᠪᠬᠤ᠂ ᠨᠡᠷᠡᠳᠦ ᠵᠤᠬᠢᠶᠠᠯᠴᠢ ᠨᠠᠷ ᠲᠠᠢ ᠠᠭᠤᠯᠵᠠᠬᠤ᠂ ᠨᠤᠮ ᠤ᠋ᠨ ᠲᠤᠬᠠᠢ ᠬᠤᠪᠢᠶᠠᠯᠴᠠᠬᠤ᠂ ᠰᠢᠭᠤᠳ ᠨᠡᠪᠲᠡᠷᠡᠭᠦᠯᠭᠡ ᠦᠵᠡᠬᠦ ᠁ ᠣᠢᠷ᠎ᠠ᠎ᠶᠢᠨ ᠡᠳᠦᠷ᠂ ᠪᠦᠬᠦ ᠤᠯᠤᠰ᠎ᠤᠨ ᠪᠠᠭᠠᠴᠤᠳ ᠬᠡᠦᠬᠡᠳ᠎ᠦᠨ ᠨᠣᠮ ᠪᠢᠴᠢᠭ᠎ᠦᠨ ᠠᠷᠠᠯᠵᠢᠶᠠᠨ᠎ᠤ ᠴᠤᠭᠯᠠᠭᠠᠨ ᠨᠢ ᠥᠪᠥᠷ ᠮᠣᠩᠭᠣᠯ᠎ᠳᠤ ᠨᠣᠮ ᠪᠢᠴᠢᠭ᠎ᠦᠨ ᠦᠨᠦᠷ ᠠᠮᠲᠠ᠎ᠶᠢ ᠠᠪᠴᠢᠷᠠᠵᠤ᠂  ᠶᠡᠬᠡ ᠬᠡᠮᠵᠢᠶᠡᠨ᠎ᠦ ᠰᠠᠢᠨ ᠦᠨᠡᠯᠡᠯᠲᠡ ᠪᠠ ᠬᠥᠮᠥᠰ᠎ᠦᠨ ᠬᠦᠷᠢᠶᠡᠯᠡᠯ᠎ᠢ ᠣᠯᠵᠤ᠂ ᠤᠩᠰᠢᠭ᠍ᠴᠢᠳ᠎ᠤᠨ ᠨᠣᠮ ᠬᠤᠳᠠᠯᠳᠤᠨ ᠠᠪᠬᠤ ᠤᠷᠮ᠎ᠠ ᠵᠣᠷᠢᠭ᠋ ᠴᠤ᠌ ᠣᠷᠭᠢᠯᠤᠨ ᠪᠠᠳᠠᠷᠠᠵᠤ᠂ ᠪᠦᠬᠦ ᠠᠷᠠᠳ᠎ᠤᠨ ᠨᠣᠮ ᠤᠩᠰᠢᠬᠤ ᠬᠠᠯᠠᠭᠤᠨ ᠥᠷᠨᠢᠯᠲᠡ ᠭᠠᠷᠪᠠ᠃

ᠲᠤᠰ ᠬᠤᠭᠤᠴᠠᠭᠠᠨ ᠎ᠤ ᠨᠣᠮ ᠪᠢᠴᠢᠭ ᠎ᠦᠨ ᠠᠷᠠᠯᠵᠢᠶᠠᠨ᠎ᠤ ᠴᠤᠭᠯᠠᠭᠠᠨ᠎ᠤ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ《ᠦᠵᠡᠰᠬᠦᠯᠡᠩᠲᠦ ᠰᠠᠢᠬᠠᠨ ᠳᠤᠮᠳᠠᠳᠤ ᠤᠯᠤᠰ  ᠮᠢᠨᠦ ᠰᠠᠢᠬᠠᠨ ᠤᠷᠤᠨ》 ᠰᠢᠷᠢᠰ (ᠱᠣᠭ ᠵᠢᠷᠤᠭ) ᠂《ᠥᠪᠥᠷ ᠮᠣᠩᠭᠣᠯ  ᠶᠠᠷᠢᠵᠤ ᠪᠠᠢᠨ᠎ᠠ》᠂《ᠭᠤᠸᠠᠩᠳᠦ᠋ᠩ ᠶᠠᠷᠢᠵᠤ ᠪᠠᠢᠨ᠎ᠠ》᠂《ᠭᠤᠸᠠᠩᠰᠢ ᠶᠠᠷᠢᠵᠤ ᠪᠠᠢᠨ᠎ᠠ》 ᠰᠢᠨ᠎ᠡ ᠨᠣᠮ ᠤ᠋ᠨ ᠨᠡᠢᠲᠡᠯᠡᠬᠦ ᠬᠤᠷᠠᠯ᠂ 《ᠤᠮᠠᠷᠠᠲᠤ ᠬᠢᠯᠢ᠎ᠵᠢ ᠤᠩᠰᠢᠨ ᠤᠢᠯᠠᠭᠠᠵᠤ  ᠤᠶᠤᠨ᠎ᠦ ᠢᠷᠡᠭᠡᠳᠦᠢ᠎ᠶᠢ ᠨᠡᠭᠡᠭᠡᠶ᠎ᠡ》ᠬᠡᠬᠦ ᠪᠠᠭᠠᠴᠤᠳ ᠬᠡᠦᠬᠡᠳ᠎ᠦᠨ ᠨᠣᠮ᠎ᠤᠨ ᠰᠠᠩ᠎ᠤᠨ ᠬᠠᠳᠠᠭᠠᠯᠠᠮᠵᠢ᠎ᠶᠢᠨ ᠪᠠᠷᠠᠭ᠎ᠠ ᠵᠠᠬᠢᠶᠠᠯᠠᠬᠤ ᠠᠵᠢᠯᠯᠠᠭ᠎ᠠ ᠵᠡᠷᠭᠡ ᠰᠣᠶᠣᠯ᠎ᠤᠨ ᠠᠵᠢᠯᠯᠠᠭ᠎ᠠ᠎ᠶᠢ ᠵᠣᠬᠢᠶᠠᠨ ᠪᠠᠢᠭᠤᠯᠪᠡ᠃ ᠡᠭᠦᠨ᠎ᠦ ᠬᠠᠮᠲᠤ᠂ ᠼᠤᠤ ᠸᠸᠨ ᠰᠢᠤᠸᠠᠨ᠂ ᠢᠦᠢ ᠢᠦᠢ ᠵᠢᠶᠦ᠋ᠨ᠂ ᠴᠧᠨ ᠯᠧᠢ ᠵᠡᠷᠭᠡ ᠤᠯᠤᠰ᠎ᠤᠨ ᠳᠣᠲᠣᠭᠠᠳᠤ᠎ᠶᠢᠨ 20 ᠭᠠᠷᠤᠢ ᠠᠯᠳᠠᠷᠲᠤ ᠵᠣᠬᠢᠶᠠᠯᠴᠢ᠂ ᠲᠤᠰᠬᠠᠢ ᠮᠡᠷᠭᠡᠵᠢᠯᠲᠡᠨ ᠡᠷᠳᠡᠮᠲᠡᠳ᠎ᠢ ᠤᠷᠢᠵᠤ ᠭᠣᠣᠯ ᠬᠤᠷᠠᠯ᠎ᠤᠨ ᠲᠠᠯᠠᠪᠠᠶ᠎ᠳᠤ ᠬᠦᠷᠴᠦ ᠤᠩᠰᠢᠭ᠍ᠴᠢᠳ᠎ᠲᠠᠢ ᠨᠢᠭᠤᠷᠳᠠᠨ ᠶᠠᠷᠢᠯᠴᠠᠭᠰᠠᠨ ᠪᠥᠭᠡᠳ ᠵᠣᠬᠢᠶᠠᠯᠴᠢ ᠨᠠᠷ ᠤ᠋ᠨ ᠶᠠᠷᠢᠯᠴᠠᠭ᠎ᠠ᠂ ᠨᠣᠮ ᠤᠩᠰᠢᠬᠤ ᠶᠠᠷᠢᠶᠠᠨ᠎ᠤ ᠲᠠᠪᠴᠠᠩ᠂ ᠰᠢᠨ᠎ᠡ ᠨᠣᠮ᠎ᠢ ᠬᠠᠮᠲᠤ᠎ᠪᠠᠷ ᠡᠳ᠋ᠯᠡᠬᠦ ᠵᠡᠷᠭᠡ ᠤᠩᠰᠢᠵᠤ ᠳᠡᠯᠭᠡᠷᠡᠭᠦᠯᠬᠦ ᠠᠵᠢᠯᠯᠠᠭ᠎ᠠ᠎ᠶᠢ 30 ᠲᠠᠯᠠᠪᠤᠷ ᠥᠷᠨᠢᠭᠦᠯᠵᠦ᠂ ᠥᠷᠭᠡᠨ ᠣᠯᠠᠨ ᠤᠩᠰᠢᠭ᠍ᠴᠢᠳ᠎ᠲᠤ ᠨᠣᠮ ᠪᠢᠴᠢᠭ᠎ᠦᠨ ᠷᠢᠳᠢ ᠰᠢᠳᠢ ᠪᠠ ᠨᠤᠮ ᠤᠩᠰᠢᠬᠤ ᠪᠠᠶᠠᠷ ᠪᠠᠶᠠᠰᠤᠯ᠎ᠢ ᠮᠡᠳᠡᠷᠡᠭᠦᠯᠪᠡ᠃

ᠪᠦᠬᠦ ᠠᠷᠠᠳ᠎ᠤᠨ ᠤᠩᠰᠢᠯᠭ᠎ᠠ᠎ᠶᠢ ᠲᠦᠭᠡᠮᠡᠯᠵᠢᠭᠦᠯᠬᠦ᠎ᠳᠦ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠣᠯ ᠰᠠᠭᠤᠷᠢ ᠮᠦᠨ᠃ 《ᠰᠣᠶᠣᠯ᠎ᠤᠨ ᠠᠮᠤ ᠵᠢᠨ ᠰᠠᠩ》 ᠎ᠢ᠋ ᠣᠯᠠᠨ ᠲᠦᠮᠡᠨ᠎ᠳᠦ ᠦᠨᠡᠨ ᠬᠦ᠌ ᠦᠢᠯᠡᠴᠢᠯᠡᠭᠦᠯᠬᠦ᠎ᠶᠢᠨ ᠲᠥᠯᠥᠭᠡ᠂ ᠣᠢᠷ᠎ᠠ᠎ᠶᠢᠨ ᠵᠢᠯ᠎ᠦᠨ ᠲᠤᠷᠰᠢ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠢᠮᠠᠭᠲᠠ ᠨᠣᠮ ᠪᠢᠴᠢᠭ᠎ᠢᠶᠡᠷ ᠰᠠᠭᠤᠷᠢ ᠪᠣᠯᠭᠠᠵᠤ᠂  ᠰᠤᠷᠭᠠᠨ ᠬᠥᠮᠦᠵᠢᠯ ᠤ᠋ᠨ ᠤᠬᠠᠭᠠᠨ ᠪᠠ ᠰᠤᠷᠭᠠᠨ ᠬᠥᠮᠦᠵᠢᠯ ᠤ᠋ᠨ ᠰᠡᠳᠬᠢᠴᠡ ᠵᠢᠨ ᠤᠬᠠᠭᠠᠨ ᠵᠢᠡᠷ ᠦᠨᠳᠦᠰᠦ ᠪᠣᠯᠭᠠᠵᠤ᠂ ᠰᠣᠶᠣᠯ᠎ᠢᠶᠠᠷ ᠠᠮᠢᠨ ᠰᠦᠨᠡᠰᠦ ᠪᠣᠯᠭᠠᠵᠤ᠂ ᠭᠣᠣᠯ ᠠᠵᠢᠯ ᠦᠢᠯᠡᠰ᠎ᠦᠨ ᠲᠣᠭᠣᠷᠢᠨ᠎ᠳᠤ ᠨᠠᠷᠢᠯᠢᠭ᠋ ᠬᠢᠵᠤ ᠨᠢᠮᠪᠠᠢ ᠠᠵᠢᠯᠯᠠᠨ᠂《ᠭᠤᠷᠪᠠ ᠳ᠋ᠤ ᠣᠢᠷᠠᠳᠬᠤ᠂ ᠭᠤᠷᠪᠠ᠎ᠳᠤ ᠦᠢᠯᠡᠴᠢᠯᠡᠬᠦ》ᠲᠠᠷᠬᠠᠭᠠᠯᠲᠠ᠎ᠶᠢᠨ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠬᠥᠭᠵᠢᠯᠲᠡ ᠎ᠶᠢᠨ ᠰᠢᠨ᠎ᠡ ᠪᠠᠢᠷᠢᠰᠢᠯ ᠎ᠢ ᠪᠥᠬᠥ ᠬᠦᠴᠦᠨ᠎ᠢᠶᠡᠷ᠎ᠢᠶᠡᠨ ᠴᠣᠭᠴᠠᠯᠠᠨ ᠪᠠᠢᠭᠤᠯᠪᠠ᠃ 2023 ᠣᠨ᠎ᠳᠤ18.4 ᠳ᠋ᠦᠩᠰᠢᠭᠤᠷ ᠲᠥᠭᠥᠷᠢᠭ᠎ᠤᠨ ᠡᠵᠡᠩᠨᠡᠯᠲᠡ᠎ᠶᠢᠨ ᠣᠷᠣᠯᠭ᠎ᠠ᠎ᠶᠢ ᠪᠡᠶᠡᠯᠡᠭᠦᠯᠵᠦ᠂ 2022 ᠤᠨ ᠎ᠤ ᠠᠳᠠᠯᠢ ᠬᠤᠭᠤᠴᠠᠭᠠᠨ᠎ᠤ ᠬᠢ᠎ᠡᠴᠡ 1.82 ᠳ᠋ᠦᠩᠰᠢᠭᠤᠷ ᠲᠥᠭᠥᠷᠢᠭ ᠨᠡᠮᠡᠭᠳᠡᠵᠦ᠂ 10.98 % ᠎ᠪᠠᠷ ᠨᠡᠮᠡᠭᠳᠡᠪᠡ; 3.15 ᠳ᠋ᠦᠩᠰᠢᠭᠤᠷ ᠲᠥᠭᠥᠷᠢᠭ᠎ᠤᠨ ᠴᠡᠪᠡᠷ ᠠᠰᠢᠭ᠋ ᠬᠣᠨᠵᠢᠪᠤᠷᠢ ᠵᠢ ᠪᠡᠶᠡᠯᠡᠭᠦᠯᠵᠦ᠂ 2022 ᠤᠨ᠎ᠤ ᠠᠳᠠᠯᠢ ᠬᠤᠭᠤᠴᠠᠭᠠᠨ᠎ᠤ ᠬᠢ᠎ᠡᠴᠡ 4731 ᠲᠦᠮᠡᠨ ᠲᠥᠭᠥᠷᠢᠭ ᠨᠡᠮᠡᠭᠳᠡᠵᠦ᠂ 17.65 % ᠎ᠪᠠᠷ ᠨᠡᠮᠡᠭᠳᠡᠪᠡ᠃ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠭᠣᠣᠯ ᠦᠢᠯᠡᠰ ᠎ᠢᠶᠡᠨ ᠪᠠᠲᠤ ᠰᠠᠬᠢᠬᠤ᠎ᠶᠢᠨ ᠬᠠᠮᠲᠤ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠲᠠᠰᠤᠷᠠᠯᠲᠠ ᠦᠭᠡᠢ ᠪᠣᠢᠵᠢᠭᠤᠯᠵᠤ᠂ ᠪᠦᠲᠦᠴᠡ ᠎ᠶᠢ ᠰᠢᠯᠢᠳᠡᠭᠵᠢᠭᠦᠯᠬᠦ᠎ᠶᠢ ᠠᠬᠢᠭᠤᠯᠵᠤ᠂ ᠣᠯᠠᠨ ᠡᠰᠢᠲᠦ ᠲᠤᠯᠭᠠᠭᠤᠷᠢᠯᠠᠯ᠎ᠢ ᠴᠢᠩᠭᠠᠳᠬᠠᠵᠤ᠂ ᠬᠡᠯᠪᠡᠷᠢ ᠎ᠪᠡᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠮ᠎ᠢᠶᠠᠨ ᠲᠦᠷᠭᠡᠳᠬᠡᠵᠦ᠂ ᠬᠠᠷᠢᠶᠠᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠎ᠦᠨ ᠨᠣᠮ ᠪᠢᠴᠢᠭ᠂ ᠲᠦᠮᠡᠨ ᠪᠣᠳᠢ ᠨᠣᠮ᠎ᠤᠨ ᠺᠣᠮᠫᠠᠨᠢ ᠵᠡᠷᠭᠡ᠎ᠶᠢ ᠨᠡᠢᠳᠬᠡᠨ ᠪᠥᠬᠥ ᠣᠷᠣᠨ ᠎ᠤ  ᠬᠡᠦᠬᠡᠳ᠎ᠦᠨ ᠰᠤᠷᠭᠠᠨ ᠬᠥᠮᠦᠵᠢᠯ᠂ ᠳᠤᠮᠳᠠ ᠵᠡᠷᠭᠡ᠎ᠶᠢᠨ ᠠᠵᠢᠯ ᠮᠡᠷᠭᠡᠵᠢᠯ ᠵᠢᠴᠢ ᠶᠡᠬᠡ ᠳᠡᠭᠡᠳᠦ ᠰᠤᠷᠭᠠᠭᠤᠯᠢ ᠳᠤᠮᠳᠠ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠲᠣᠨᠣᠭ ᠲᠥᠬᠦᠭᠡᠷᠦᠮᠵᠢ ᠪᠣᠯᠣᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠲᠤᠬᠠᠢᠯᠠᠭᠰᠠᠨ ᠠᠵᠢᠯ᠎ᠢ ᠥᠷᠭᠡᠳᠬᠡᠵᠦ᠂ ᠴᠥᠮ ᠢᠯᠡᠳᠲᠡ ᠠᠮᠵᠢᠯᠲᠠ ᠣᠯᠪᠠ᠃ ᠡᠭᠦᠨ᠎ᠡᠴᠡ ᠭᠠᠳᠠᠨ᠎ᠠ᠂ ᠪᠠᠰᠠ ᠰᠢᠨᠬᠤᠸᠠ ᠬᠡᠦᠬᠡᠳ᠎ᠦᠨ ᠴᠡᠴᠡᠷᠯᠢᠭ᠂ ᠪᠣᠯᠪᠠᠰᠤᠷᠠᠯ᠎ᠤᠨ ᠲᠥᠪ᠎ᠢ ᠡᠭᠦᠳᠦᠨ ᠪᠠᠢᠭᠤᠯᠵᠤ᠂ ᠣᠶᠤᠨᠲᠤ ᠰᠤᠷᠭᠠᠭᠤᠯᠢ᠎ᠶᠢᠨ ᠬᠦᠷᠢᠶ᠎ᠡ᠂ ᠬᠡᠦᠬᠡᠳ᠎ᠦᠨ ᠰᠤᠷᠭᠠᠨ ᠬᠥᠮᠦᠵᠢᠯ ᠪᠠ ᠬᠡᠦᠬᠡᠳ ᠰᠠᠭᠠᠲᠠᠭᠤᠯᠬᠤ ᠬᠥᠮᠦᠵᠢᠯ᠎ᠦᠨ ᠦᠵᠡᠭᠦᠯᠭᠡ᠎ᠶᠢᠨ ᠲᠢᠩᠬᠢᠮ ᠵᠡᠷᠭᠡ᠎ᠶᠢ ᠪᠠᠢᠭᠤᠯᠪᠠ᠃

ᠣᠳᠣᠬᠠᠨ᠎ᠳᠤ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠳᠦ 18 ᠰᠤᠳᠤᠯᠤᠨ ᠰᠤᠷᠤᠯᠴᠠᠬᠤ ᠰᠠᠭᠤᠷᠢᠨ ᠲᠠᠢ ᠪᠤᠯᠪᠠ ᠂ ᠡᠭᠦᠨ᠎ᠳᠦ ᠥᠪᠥᠷ ᠮᠣᠩᠭᠣᠯ᠎ᠤᠨ ᠰᠢᠨᠬᠤᠸᠠ ᠨᠣᠮ᠎ᠤᠨ ᠳᠡᠯᠭᠡᠭᠦᠷ᠎ᠦᠨ《ᠦᠷᠦᠮᠡᠯ ᠦᠰᠦᠭ᠎ᠦᠨ ᠦᠢᠯᠡᠳᠬᠡᠯ》ᠤ᠋ᠨ ᠬᠢᠲᠠᠳ ᠦᠰᠦᠭ᠎ᠦᠨ ᠰᠤᠳᠤᠯᠤᠨ ᠰᠤᠷᠤᠯᠴᠠᠬᠤ ᠰᠠᠭᠤᠷᠢᠨ ᠵᠢᠯ ᠪᠦᠷᠢ ᠮᠢᠩᠭ᠎ᠠ ᠭᠠᠷᠤᠢ ᠲᠠᠯᠠᠪᠠᠢ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ ᠪᠤᠢ; 2023 ᠣᠨ᠎ᠳᠤ ᠪᠥᠬᠥ ᠠᠷᠠᠳ᠎ᠤᠨ ᠨᠤᠮ ᠤᠩᠰᠢᠬᠤ ᠠᠵᠢᠯᠯᠠᠭ᠎ᠠ᠎ᠶᠢ ᠲᠦᠮᠡ ᠰᠢᠬᠠᠮ ᠲᠠᠯᠠᠪᠤᠷ ᠥᠷᠨᠢᠭᠦᠯᠵᠦ᠂  ᠨᠣᠮ ᠪᠢᠴᠢᠭ ᠬᠤᠳᠠᠯᠳᠤᠬᠤ ᠨᠡᠬᠦᠳᠡᠯ ᠲᠠᠯᠠᠪᠤᠷ᠎ᠢ 2000 ᠭᠠᠷᠤᠢ ᠡᠷᠬᠢᠯᠡᠵᠦ ᠪᠥᠭᠡᠳ 8 ᠵᠢᠯ ᠳᠠᠷᠠᠭᠠᠯᠠᠨ《 ᠨᠤᠮ ᠤ᠋ᠨ ᠴᠠᠭᠠᠨ ᠪᠤᠶᠠᠨᠳᠤ ᠴᠠᠭᠠᠨ ᠰᠠᠷ᠎ᠠ》 ᠲᠣᠮᠣ᠌ ᠬᠡᠯᠪᠡᠷᠢ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ ᠥᠷᠨᠢᠭᠦᠯᠵᠦ᠂ ᠣᠷᠣᠯᠴᠠᠭᠰᠠᠨ ᠬᠥᠮᠥᠨ᠎ᠦ ᠲᠣᠭ᠎ᠠ 600 ᠲᠦᠮᠡᠨ ᠬᠥᠮᠥᠨ ᠤᠳᠠᠭ᠎ᠠ᠎ᠳᠤ ᠬᠦᠷᠴᠡᠢ᠃

《ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠭᠣᠣᠯ ᠵᠢᠭ᠍ᠰᠠᠭᠠᠯ᠎ᠤᠨ ᠭᠠᠵᠠᠷ᠂ ᠭᠣᠣᠯ ᠬᠦᠴᠦᠨ ᠪᠣᠯᠤᠭᠰᠠᠨ᠎ᠤ ᠬᠤᠪᠢ᠎ᠳᠤ᠂ ᠪᠢᠳᠡ ᠨᠤᠮ ᠤᠩᠰᠢᠬᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ ᠠᠷᠠᠳ᠎ᠤᠨ ᠨᠤᠮ ᠤᠩᠰᠢᠬᠤ ᠠᠵᠢᠯᠯᠠᠭ᠎ᠠ᠎ᠶᠢᠨ ᠬᠡᠯᠪᠡᠷᠢ᠎ᠶᠢ ᠪᠠᠶᠠᠯᠢᠭ᠍ᠵᠢᠭᠤᠯᠵᠤ᠂ ᠰᠣᠶᠣᠯ᠎ᠤᠨ ᠦᠢᠯᠡᠴᠢᠯᠡᠭᠡᠨ᠎ᠦ ᠵᠠᠭᠪᠤᠷ᠎ᠤᠨ ᠰᠢᠨ᠎ᠡ᠎ᠶᠢ ᠡᠭᠦᠳᠴᠦ᠂ 〈ᠨᠣᠮ ᠤᠩᠰᠢᠬᠤ ᠳᠤᠷᠠᠲᠠᠢ᠂ ᠰᠠᠢᠨ ᠨᠣᠮ ᠤᠩᠰᠢᠬᠤ᠂ ᠨᠣᠮ ᠤᠩᠰᠢᠬᠤ᠎ᠳᠠᠭᠠᠨ ᠴᠢᠳᠠᠮᠠᠭᠠᠢ〉 ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠪᠠ》᠃ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠤᠬᠠᠭᠤᠯᠬᠤ ᠠᠯᠪᠠᠨ ᠭᠡᠷ᠎ᠦᠨ ᠡᠷᠬᠢᠯᠡᠭᠴᠢ ᠵᠠᠩ ᠬᠦᠶ ᠰᠢᠶᠠ ᠲᠠᠨᠢᠯᠴᠠᠭᠤᠯᠬᠤ᠎ᠳᠠᠭᠠᠨ᠂ ᠣᠢᠷ᠎ᠠ᠎ᠶᠢᠨ ᠬᠣᠶᠠᠷ ᠵᠢᠯ᠎ᠦᠨ ᠵᠢᠭᠠᠬᠤ ᠮᠠᠲᠧᠷᠢᠶᠠᠯ ᠤ᠋ᠨ ᠲᠠᠷᠬᠠᠭᠠᠬᠤ ᠴᠠᠭ ᠪᠣᠭᠣᠨᠢᠰᠤᠭᠰᠠᠨ ᠯᠤᠲᠤ ᠶᠡᠬᠡ ᠥᠷᠢᠰᠦᠯᠳᠦᠭᠡᠨ᠎ᠦ ᠡᠮᠦᠨ᠎ᠡ᠂ ᠪᠦᠯᠦᠭᠯᠡᠯ ᠪᠠᠰᠠ ᠵᠠᠪᠳᠤᠨ ᠲᠠᠷᠬᠠᠭᠠᠵᠤ ᠵᠠᠪᠳᠤᠨ ᠵᠥᠭᠡᠭᠡᠪᠦᠷᠢᠯᠡᠬᠦ᠎ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠎ᠪᠠᠷ ᠎ᠢᠶᠠᠨ 《ᠬᠢᠴᠢᠶᠡᠯ ᠤᠷᠤᠬᠤ ᠡᠴᠡ ᠡᠮᠦᠨ᠎ᠠ ᠨᠣᠮ ᠵᠢᠡᠨ ᠣᠯᠵᠤ ᠠᠪᠬᠤ》 ᠲᠥᠪ ᠴᠢᠩᠭ᠎ᠠ ᠠᠮᠠᠯᠠᠯᠲᠠ᠎ᠪᠠᠨ ᠦᠢᠯᠡᠳᠦᠯᠭᠡᠵᠢᠭᠦᠯᠪᠡ ᠭᠡᠵᠡᠢ᠃

《ᠰᠢᠨ᠎ᠡ》ᠲᠡᠢᠰᠢ ᠤᠷᠤᠭᠰᠢᠯᠠᠵᠤ  ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠠᠮᠢᠵᠢᠷᠠᠯ᠎ᠤᠨ ᠬᠦᠴᠦᠨ᠎ᠢ ᠬᠥᠭᠵᠢᠭᠡᠪᠡ

ᠥᠭᠡᠷᠡᠴᠢᠯᠡᠯᠲᠡ ᠬᠢᠬᠦ᠎ᠳᠦ ᠵᠣᠷᠢᠭ᠍ᠲᠠᠢ᠎ᠪᠠᠷ ᠰᠢᠨ᠎ᠡ᠎ᠶᠢ ᠬᠦᠭᠡᠭᠡᠴᠡᠯᠳᠦᠵᠦ᠂ ᠰᠢᠨ᠎ᠡ ᠬᠡᠪ ᠵᠠᠭᠪᠤᠷ᠎ᠢ ᠬᠠᠢᠨ ᠰᠦᠪᠡᠭᠴᠢᠯᠡᠵᠦ᠂ ᠰᠢᠨ᠎ᠡ ᠠᠵᠤ ᠦᠢᠯᠡᠰ᠎ᠢ ᠳᠠᠢᠴᠢᠯᠠᠬᠤ ᠬᠡᠷᠡᠭᠲᠡᠢ᠃ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠠᠵᠤ ᠠᠬᠤᠢᠯᠠᠯ᠎ᠤᠨ ᠪᠣᠳᠠᠲᠤ ᠪᠠᠢᠳᠠᠯ᠎ᠤᠨ ᠲᠣᠭᠣᠷᠢᠨ᠎ᠳᠤ᠂ ᠲᠤᠬᠠᠢᠯᠠᠭᠰᠠᠨ ᠠᠵᠢᠯ᠎ᠢ ᠲᠤᠰᠬᠠᠢᠵᠢᠭᠤᠯᠬᠤ᠂ ᠬᠠᠮᠢᠶᠠᠷᠤᠯᠲᠠ᠎ᠶᠢ ᠨᠠᠷᠢᠯᠢᠭ᠍ᠵᠢᠭᠤᠯᠬᠤ᠂ ᠦᠢᠯᠡᠴᠢᠯᠡᠭᠡ᠎ᠶᠢ ᠡᠷᠴᠢᠮᠵᠢᠭᠦᠯᠬᠦ ᠬᠠᠮᠢᠶᠠᠷᠤᠯᠲᠠ᠎ᠶᠢᠨ ᠱᠠᠭᠠᠷᠳᠠᠯᠭ᠎ᠠ ᠪᠣᠯᠣᠨ ᠦᠢᠯᠡᠴᠢᠯᠡᠭᠡ ᠨᠢ ᠨᠠᠷᠢᠯᠢᠭ᠂ ᠬᠠᠮᠢᠶᠠᠷᠤᠯᠲᠠ ᠨᠢ ᠨᠠᠷᠢᠯᠢᠭ᠋᠂ ᠠᠷᠭ᠎ᠠ ᠬᠡᠮᠵᠢᠶ᠎ᠡ ᠨᠢ ᠨᠠᠷᠢᠯᠢᠭ᠋᠂ ᠬᠢᠨᠠᠯᠲᠠ ᠨᠢ ᠨᠠᠷᠢᠯᠢᠭ᠋ ᠵᠡᠷᠭᠡ《 ᠳᠥᠷᠪᠡᠨ ᠨᠠᠷᠢᠯᠢᠭ》ᠬᠠᠮᠢᠶᠠᠷᠤᠯᠲᠠ᠎ᠶᠢᠨ ᠣᠢᠯᠠᠭᠠᠭᠳᠠᠬᠤᠨ᠎ᠢ ᠳᠤᠷᠠᠳᠴᠤ᠂ ᠲᠤᠰ ᠪᠡᠶ᠎ᠡ᠎ᠶᠢᠨ ᠬᠥᠭᠵᠢᠯᠲᠡ᠎ᠳᠡᠭᠡᠨ ᠲᠣᠬᠢᠷᠠᠬᠤ ᠰᠢᠨ᠎ᠡ ᠵᠠᠮ᠎ᠢᠶᠠᠷ ᠵᠠᠮᠨᠠᠵᠤ᠂ ᠠᠵᠤ ᠠᠬᠤᠢ᠎ᠶᠢᠨ ᠦᠷ᠎ᠡ ᠠᠰᠢᠭ᠋ ᠨᠢ 10 ᠵᠢᠯ ᠳᠠᠷᠠᠭᠠᠯᠠᠨ ᠬᠣᠶᠠᠷ ᠣᠷᠣᠨᠲᠤ ᠲᠣᠭ᠎ᠠ᠎ᠪᠠᠷ ᠨᠡᠮᠡᠭᠳᠡᠬᠦ ᠬᠤᠷᠳᠤᠴᠠ᠎ᠶᠢ ᠪᠠᠲᠤᠯᠠᠪᠠ᠃

ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠢᠮᠠᠭᠲᠠ ᠥᠭᠡᠷᠡᠴᠢᠯᠡᠯᠲᠡ᠎ᠶᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠥᠭᠵᠢᠯᠲᠡ᠎ᠶᠢᠨ ᠬᠦᠳᠡᠯᠭᠡᠭᠴᠢ ᠬᠦᠴᠦᠨ ᠪᠣᠯᠭᠠᠵᠤ᠂ ᠲᠠᠰᠤᠷᠠᠯᠳᠠ ᠦᠭᠡᠢ《ᠲᠡᠩᠰᠡᠯᠬᠦ》ᠵᠢᠨ ᠬᠠᠮᠲᠤ ᠤᠯᠠᠨ ᠡᠰᠢᠵᠢᠯ ᠲᠡᠢᠰᠢ ᠤᠯᠠᠷᠢᠭᠤᠯᠤᠨ ᠬᠤᠪᠢᠷᠠᠭᠤᠯᠵᠤ᠂ ᠠᠵᠤ ᠠᠬᠤᠢᠯᠠᠯ᠎ᠢ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠲᠠᠢ ᠪᠣᠯᠭᠠᠵᠠᠢ᠃ ᠡᠳ᠋᠎ᠦᠨ ᠶᠠᠪᠤᠳᠠᠯ᠎ᠤᠨ ᠳᠠᠩᠰᠠ ᠮᠡᠳᠡᠭᠦᠯᠬᠦ᠂ ᠲᠤᠬᠠᠢᠯᠠᠭᠰᠠᠨ ᠠᠵᠢᠯ᠎ᠢ ᠨᠡᠢᠳᠭᠡᠬᠦ᠂ ᠺᠠᠳ᠋ᠷᠴᠤᠳ ᠎ᠤᠨ ᠰᠤᠯᠢᠯᠴᠠᠭ᠎ᠠ ᠬᠢᠬᠦ᠂ ᠴᠠᠯᠢᠩ ᠬᠥᠯᠥᠰᠦ᠎ᠶᠢᠨ ᠥᠭᠡᠷᠡᠴᠢᠯᠡᠯᠲᠡ ᠬᠢᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠵᠤ ᠠᠬᠤᠢᠯᠠᠯ᠎ᠤᠨ ᠬᠠᠮᠢᠶᠠᠷᠤᠯᠲᠠ᠎ᠶᠢᠨ ᠳᠡᠰ ᠳᠡᠪᠰᠢᠬᠦ᠎ᠶᠢ  ᠠᠬᠢᠭᠤᠯᠪᠠ᠃ ᠠᠬᠠᠮᠠᠳ ᠢᠳᠡᠷ ᠵᠠᠯᠠᠭᠤ《ᠭᠤᠷᠪᠠ᠎ᠶᠢ ᠬᠡᠷᠡᠭᠯᠡᠬᠦ》 ᠵᠠᠷᠴᠢᠮ᠂ ᠴᠢᠳᠠᠪᠤᠷᠢ ᠰᠤᠷᠤᠯᠭ᠎ᠠ ᠵᠢᠨ  ᠨᠠᠮᠲᠠᠷ 《ᠬᠣᠶᠠᠷ᠎ᠢ ᠬᠡᠷᠡᠭᠯᠡᠬᠦ》ᠰᠡᠳᠬᠢᠴᠠ᠎ᠶᠢ ᠪᠠᠷᠢᠮᠲᠠᠯᠠᠵᠤ᠂ ᠵᠠᠭᠤᠨ ᠬᠥᠮᠥᠨ᠎ᠦ ᠲᠥᠯᠥᠪᠯᠡᠭᠡ᠂ ᠥᠷᠢᠰᠦᠯᠳᠦᠨ ᠤᠷᠢᠵᠤ ᠠᠵᠢᠯ᠎ᠤᠨ ᠪᠠᠢᠷᠢ᠎ᠳᠤ ᠭᠠᠷᠭᠠᠬᠤ᠂ ᠺᠠᠳ᠋ᠷᠴᠤᠳ ᠤ᠋ᠨ ᠰᠣᠯᠢᠯᠴᠠᠭ᠎ᠠ ᠬᠢᠬᠦ᠂ ᠳᠡᠭᠡᠭᠰᠢ ᠲᠤᠰᠢᠶᠠᠯ ᠲᠠᠢ ᠪᠤᠯᠪᠠᠰᠤᠷᠠᠭᠤᠯᠬᠤ ᠳᠣᠷᠣᠭ᠍ᠰᠢ ᠲᠣᠮᠢᠯᠠᠬᠤ᠎ᠶᠢ ᠦᠷᠭᠦᠯᠵᠢᠯᠡᠨ ᠬᠡᠷᠡᠭᠵᠢᠭᠦᠯᠵᠦ᠂ ᠡᠷᠬᠡ ᠲᠡᠭᠰᠢ ᠲᠥᠪ ᠭᠤᠤᠯᠴᠢ᠂ ᠥᠷᠢᠰᠦᠯᠳᠦᠭᠡᠨ ᠡᠮᠬᠢ ᠵᠢᠷᠤᠮ᠎ᠲᠠᠢ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠬᠥᠮᠥᠨ ᠰᠣᠩᠭᠣᠵᠤ ᠬᠥᠮᠥᠨ ᠬᠡᠷᠡᠭᠯᠡᠬᠦ ᠣᠷᠴᠢᠨ ᠨᠥᠬᠥᠴᠡᠯ᠎ᠢ ᠪᠣᠶ ᠪᠣᠯᠭᠠᠪᠠ᠃ ᠨᠢᠳᠤᠨᠤᠨ《ᠵᠠᠭᠤᠨ ᠬᠥᠮᠥᠨ᠎ᠦ ᠲᠥᠯᠥᠪᠯᠡᠭᠡ》 ᠪᠡᠷ ᠳᠠᠮᠵᠢᠭᠤᠯᠤᠨ 22 ᠵᠠᠯᠠᠭᠤ ᠴᠢᠳᠠᠪᠤᠷᠢᠲᠠᠨ᠎ᠢ ᠤᠷᠢᠵᠤ᠂ ᠳᠡᠭᠡᠳᠦ ᠵᠡᠷᠭᠡ᠎ᠶᠢᠨ ᠬᠠᠮᠢᠶᠠᠷᠤᠯᠲᠠ᠎ᠶᠢᠨ ᠠᠵᠢᠯᠲᠠᠨ᠎ᠢ ᠵᠠᠬ᠎ᠠ ᠳᠡᠯᠭᠡᠭᠦᠷᠴᠢᠯᠡᠨ 3 ᠰᠣᠩᠭᠣᠨ ᠤᠷᠢᠵᠤ᠂ 52 ᠬᠥᠮᠥᠨ᠎ᠢ ᠢᠯᠡ᠎ᠪᠡᠷ ᠥᠷᠢᠰᠦᠯᠳᠦᠭᠦᠯᠦᠨ ᠤᠷᠢᠵᠤ ᠬᠠᠮᠢᠶᠠᠷᠤᠯᠲᠠ᠎ᠶᠢᠨ ᠠᠵᠢᠯ ᠎ᠤᠨ ᠪᠠᠢᠷᠢ᠎ᠳᠤ ᠭᠠᠷᠭᠠᠭᠰᠠᠨ ᠪᠠᠢᠨ᠎ᠠ᠃ ᠭᠣᠣᠯᠳᠠᠯᠭ᠎ᠠ᠎ᠲᠠᠢ ᠠᠵᠢᠯ᠎ᠤᠨ ᠪᠠᠢᠷᠢ᠂ ᠭᠣᠣᠯᠳᠠᠯᠭ᠎ᠠ᠎ᠲᠠᠢ ᠬᠥᠮᠥᠰ᠎ᠦᠨ ᠰᠣᠯᠢᠯᠴᠠᠭ᠎ᠠ᠎ᠶᠢ ᠶᠡᠬᠡ ᠪᠡᠷ ᠠᠬᠢᠭᠤᠯᠵᠤ᠂ ᠠᠢᠮᠠᠭ ᠬᠣᠲᠠ᠂ ᠬᠣᠰᠢᠭᠤ ᠰᠢᠶᠠᠨ ᠎ᠤ ᠳᠠᠭᠠᠭᠠᠮᠠᠯ᠎ᠤᠨ ᠰᠣᠯᠢᠯᠴᠠᠭ᠎ᠠ᠎ᠶᠢ ᠪᠦᠷᠢᠨ ᠪᠦᠷᠬᠦᠭᠦᠯᠬᠦ᠎ᠶᠢ ᠪᠡᠶᠡᠯᠡᠭᠦᠯᠪᠡ᠃ ᠴᠠᠯᠢᠩ ᠬᠥᠯᠥᠰᠦ᠎ᠶᠢᠨ ᠥᠭᠡᠷᠡᠴᠢᠯᠡᠯᠲᠡ᠎ᠶᠢᠨ ᠲᠠᠯ᠎ᠠ᠎ᠪᠠᠷ᠂ ᠮᠡᠷᠭᠡᠵᠢᠯ᠂ ᠬᠠᠮᠢᠶᠠᠷᠤᠯᠲᠠ᠎ᠶᠢᠨ ᠬᠣᠣᠰ ᠵᠠᠮ᠎ᠢᠶᠠᠷ ᠲᠠᠰ ᠳᠡᠪᠰᠢᠬᠦ᠎ᠪᠡᠷ ᠳᠠᠮᠵᠢᠭᠤᠯᠤᠨ᠂ ᠪᠦᠲᠦᠮᠵᠢᠲᠡᠶ ᠤᠷᠮᠠᠰᠢᠭᠤᠯᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ ᠬᠤᠪᠢᠶᠠᠷᠢᠯᠠᠯᠲᠠ᠎ᠶᠢᠨ ᠲᠣᠭᠲᠠᠴᠠ᠎ᠶᠢ ᠪᠣᠶ ᠪᠣᠯᠭᠠᠪᠠ᠃ ᠡᠭᠦᠨ᠎ᠦ ᠬᠠᠮᠲᠤ ᠤᠳᠤᠷᠢᠳᠬᠤ ᠺᠠᠳ᠋ᠷ᠎ᠤᠨ ᠤᠬᠤᠷᠢᠨ ᠭᠠᠷᠬᠤ ᠲᠣᠭᠲᠠᠴᠠ᠎ᠶᠢ ᠬᠡᠷᠡᠭᠵᠢᠭᠦᠯᠵᠦ᠂ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠡᠪᠳᠡᠵᠦ᠂ ᠺᠠᠳ᠋ᠷ᠎ᠤᠨ ᠳᠠᠪᠰᠢᠵᠤ ᠪᠠᠭᠤᠵᠤ ᠪᠦᠷ ᠪᠣᠯᠬᠤ᠎ᠶᠢ ᠦᠨᠡᠨ ᠬᠦ᠌ ᠪᠡᠶᠡᠯᠡᠭᠦᠯᠪᠡ᠃

ᠡᠭᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠪᠥᠬᠥ ᠣᠷᠣᠨ᠎ᠤ ᠪᠣᠳᠠᠲᠤ ᠴᠣᠭᠴᠠ ᠵᠢᠨ ᠨᠣᠮ᠎ᠤᠨ ᠳᠡᠯᠭᠡᠭᠦᠷ᠎ᠲᠦ ᠳᠦᠷᠢ ᠲᠥᠷᠬᠦ᠂ ᠡᠵᠡᠩᠨᠡᠯᠲᠡ᠎ᠶᠢᠨ ᠬᠡᠯᠪᠡᠷᠢ᠂ ᠡᠵᠡᠩᠨᠡᠨ ᠪᠤᠷᠤᠯᠠᠭᠤᠯᠭ᠎ᠠ᠂ ᠦᠢᠯᠡᠴᠢᠯᠡᠭᠡ ᠵᠡᠷᠭᠡ ᠳᠥᠷᠪᠡ᠎ᠶᠢ ᠲᠠᠰ ᠳᠡᠪᠰᠢᠭᠦᠯᠪᠡ᠃ ᠤᠯᠠᠮᠵᠢᠯᠠᠯᠲᠤ ᠪᠣᠳᠠᠲᠤ ᠴᠣᠭᠴᠠ᠎ᠶᠢᠨ 98ᠨᠣᠮ᠎ᠤᠨ ᠳᠡᠯᠭᠡᠭᠦᠷ ᠰᠢᠨ᠎ᠡ ᠳᠦᠷᠰᠦ ᠪᠠᠢᠳᠠᠯ᠎ᠲᠠᠢ ᠪᠤᠯᠵᠤ᠂ ᠰᠢᠨ᠎ᠡ ᠳᠦᠷᠢ ᠲᠥᠷᠬᠦ᠎ᠪᠡᠨ ᠭᠠᠢᠬᠠᠭᠤᠯᠵᠤ᠂ ᠪᠥᠬᠥ ᠤᠯᠤᠰ᠎ᠤᠨ ᠠᠩᠬᠠᠳᠠᠭ᠍ᠴᠢ ᠵᠢᠵᠢᠭᠦᠷᠯᠡᠭᠴᠢ ᠦᠭᠡᠢ ᠨᠣᠮ᠎ᠤᠨ ᠳᠡᠯᠭᠡᠭᠦᠷ ᠵᠢᠴᠢ ᠣᠨᠴᠠᠯᠢᠭ᠍ᠲᠤ ᠨᠣᠮ᠎ᠤᠨ ᠳᠡᠯᠭᠡᠭᠦᠷ ᠪᠥᠬᠥ ᠤᠯᠤᠰ᠎ᠲᠤ ᠨᠡᠷ᠎ᠡ ᠠᠯᠳᠠᠷᠰᠢᠵᠤ᠂ 130 ᠭᠠᠷᠤᠢ《ᠳᠣᠯᠣᠭ᠎ᠠ᠎ᠶᠢ ᠣᠷᠣᠭᠤᠯᠬᠤ》 ᠢᠨᠵᠧᠨᠧᠷᠢᠩ᠎ᠦᠨ ᠲᠣᠣᠷ ᠴᠡᠭ᠂ 55 ᠠᠦ᠋ᠲ᠋ᠣ᠋ ᠨᠣᠮ ᠬᠤᠳᠠᠯᠳᠤᠬᠤ ᠮᠠᠰᠢᠨ᠂ 33 ᠨᠡᠭᠦᠳᠡᠯ ᠨᠣᠮ᠎ᠬᠤᠳᠠᠯᠳᠤᠬᠤ ᠲᠡᠷᠭᠡ ᠵᠡᠷᠭᠡ ᠪᠥᠬᠥ ᠣᠷᠣᠨ᠎ᠤ ᠨᠤᠮ ᠤᠩᠰᠢᠬᠤ ᠲᠣᠣᠷ ᠴᠡᠭ ᠨᠢ ᠁《ᠨᠣᠮ᠎ᠤᠨ ᠳᠡᠯᠭᠡᠭᠦᠷ ᠡᠷᠭᠢᠯᠡᠬᠦ》ᠡᠴᠡ《ᠰᠣᠶᠣᠯ ᠲᠡᠯᠭᠡᠷᠡᠭᠦᠯᠬᠦ》ᠬᠦᠷᠲᠡᠯ᠎ᠡ᠂ 《 ᠪᠤᠳᠠᠳᠤ ᠴᠤᠭᠴᠠ ᠵᠢᠨ ᠦᠢᠯᠡᠴᠢᠯᠡᠭᠡ 》ᠡᠴᠡ《ᠰᠦᠯᠵᠢᠶᠡᠨ ᠳᠡᠭᠡᠷ᠎ᠡ ᠪᠡᠶᠡᠴᠢᠯᠡᠨ ᠣᠢᠯᠠᠭᠠᠬᠤ》ᠬᠦᠷᠲᠡᠯ᠎ᠡ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠳᠡᠮᠵᠢᠨ ᠰᠡᠮᠡᠭᠡᠷ ᠬᠤᠪᠢᠷᠠᠵᠤ᠂ ᠣᠯᠠᠨ ᠲᠦᠮᠡᠨ᠎ᠦ ᠣᠶᠤᠨ ᠰᠠᠨᠠᠭᠠᠨ᠎ᠤ ᠰᠣᠶᠣᠯ᠎ᠤᠨ ᠭᠡᠷ ᠣᠷᠣᠨ᠎ᠢ ᠲᠠᠰᠤᠷᠠᠯᠲᠠ ᠦᠭᠡᠢ ᠪᠠᠢᠭᠤᠯᠵᠤ᠂ ᠥᠷᠭᠡᠨ ᠣᠯᠠᠨ ᠤᠩᠰᠢᠭ᠍ᠴᠢᠳ ᠲᠤ᠌ ᠪᠠᠶᠠᠷ ᠬᠦᠷ ᠲᠠᠢ ᠨᠤᠮ ᠤ᠋ᠨ ᠴᠠᠭᠠᠨ ᠪᠤᠶᠠᠨᠳᠤ ᠠᠮᠢᠳᠤᠷᠠᠯ ᠢ᠋ ᠡᠳ᠋ᠯᠡᠭᠦᠯᠪᠡ᠃

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠤᠯᠭᠤᠵᠤ ᠪᠥᠬᠥ ᠠᠷᠠᠳ᠎ᠤᠨ ᠨᠤᠮ ᠤᠩᠰᠢᠬᠤ ᠣᠷᠣᠨ ᠵᠠᠢ᠎ᠶᠢ ᠥᠷᠭᠡᠳᠬᠡᠪᠡ

ᠰᠢᠨ᠎ᠡ ᠡᠴᠡ ᠬᠤᠪᠢᠷᠠᠯᠲᠠ ᠵᠢ ᠡᠷᠢᠯᠭᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠰᠠᠨᠠᠭᠠᠴᠢᠯᠠᠭ᠎ᠠ᠎ᠡᠴᠡ᠎ᠪᠠᠨ ᠲᠣᠮᠣ᠌ ᠳ᠋ᠠᠢᠲ᠋ᠠ᠎ᠶᠢᠨ ᠴᠠᠭ ᠦᠶ᠎ᠡ᠎ᠵᠢ ᠲᠠᠭᠠᠵᠤ᠂《ᠣᠶᠤᠨᠲᠤ ᠰᠢᠨᠬᠤᠸᠠ》ᠵᠢᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠵᠦ᠂ ᠠᠵᠤ ᠠᠬᠤᠢᠯᠠᠯ᠎ᠤᠨ ᠳᠣᠲᠣᠨ᠎ᠠ ᠭᠠᠳᠠᠨᠠᠬᠢ ᠲᠤᠬᠠᠢᠯᠠᠭᠰᠠᠨ ᠠᠵᠢᠯ᠎ᠤᠨ《ᠢᠨᠲ᠋ᠸᠷ ᠰᠦᠯᠵᠢᠶ᠎ᠡ +》ᠥᠭᠡᠷᠡᠴᠢᠯᠡᠯᠲᠡ᠎ᠶᠢᠨ ᠢᠨᠵᠧᠨᠧᠷᠢᠩ᠎ᠢ ᠬᠥᠭᠵᠢᠭᠦᠯᠵᠦ᠂ ᠥᠨᠳᠥᠷ ᠦᠷ᠎ᠡ ᠠᠰᠢᠭ᠍ᠲᠤ ᠣᠶᠤᠨᠴᠢ《ᠨᠢᠭᠡ ᠶᠡᠬᠡ ᠲᠠᠷᠢᠬᠢ᠂ ᠲᠠᠪᠤᠨ ᠲᠠᠪᠴᠠᠩ᠂ N ᠨᠢᠭᠡᠴᠢ》ᠠᠵᠤ ᠠᠬᠤᠢᠯᠠᠯ᠎ᠤᠨ ᠮᠡᠳᠡᠭᠡ ᠵᠠᠩᠭᠢᠵᠢᠯᠲᠠ᠎ᠶᠢᠨ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠵᠤ᠂ ᠺᠣᠮᠫᠢᠦ᠋ᠲᠧᠷ᠎ᠦᠨ ᠮᠡᠷᠭᠡᠵᠢᠯ᠂ 5G᠂ ᠪᠠᠷᠠᠭᠠᠨ᠎ᠤ ᠰᠦᠯᠵᠢᠶ᠎ᠡ᠂ ᠲᠣᠮᠣ᠌ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ᠎ᠶᠢ ᠶᠡᠷᠦᠩᠬᠡᠢᠯᠡᠨ ᠠᠰᠢᠭ᠍ᠯᠠᠵᠤ᠂ ᠠᠵᠤ ᠠᠬᠤᠢᠯᠠᠯ᠎ᠤᠨ ᠡᠵᠡᠩᠨᠡᠯᠲᠡ ᠬᠠᠮᠢᠶᠠᠷᠤᠯᠲᠠ᠎ᠶᠢᠨ ᠠᠵᠢᠯᠯᠠᠭ᠎ᠠ ᠳᠤᠮᠳᠠᠬᠢ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠶᠠᠪᠤᠴᠠ ᠎ᠶᠢ ᠪᠦᠬᠦ ᠲᠠᠯ᠎ᠠ᠎ᠪᠠᠷ ᠰᠢᠯᠢᠳᠡᠭᠵᠢᠭᠦᠯᠪᠡ᠃ ᠰᠢᠨ᠎ᠡ ᠥᠷᠨᠢᠯᠲᠡ᠎ᠲᠠᠢ ᠥᠪᠥᠷ ᠮᠣᠩᠭᠣᠯ ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠨᠢ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠳᠤ ᠰᠢᠨ᠎ᠡ ᠵᠠᠭᠪᠤᠷ᠎ᠢ ᠠᠪᠴᠢᠷᠠᠵᠤ᠂ ᠰᠢᠨ᠎ᠡ ᠠᠮᠢᠵᠢᠷᠠᠯ᠎ᠤᠨ ᠬᠦᠴᠦᠨ᠎ᠢ ᠨᠡᠮᠡᠷᠢᠯᠡᠪᠡ᠃

ᠣᠲᠣ᠌ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ ᠪᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ᠎ᠶᠢᠨ ᠠᠵᠤ ᠠᠬᠤᠢ᠎ᠶᠢᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠬᠦ᠎ᠶᠢᠨ ᠲᠥᠯᠥᠭᠡ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ ᠰᠢᠨ᠎ᠡ᠎ᠶᠢ ᠡᠭᠦᠳᠦᠨ᠂ ᠬᠠᠨᠳᠢᠪᠯᠡᠭ᠍ᠰᠠᠨ ᠨᠣᠮ ᠪᠢᠴᠢᠭ᠎ᠢ ᠬᠣᠷᠢᠶᠠᠨ ᠠᠪᠬᠤ ᠠᠷᠭ᠎ᠠ ᠬᠡᠯᠪᠡᠷᠢ᠎ᠪᠡᠷ ᠨᠡᠢᠭᠡᠮ ᠵᠢᠴᠢ ᠬᠤᠪᠢ ᠬᠥᠮᠥᠨ᠎ᠦ ᠰᠤᠯᠠ ᠪᠠᠢᠭ᠎ᠠ ᠨᠣᠮ ᠪᠢᠴᠢᠭ᠎ᠦᠨ ᠡᠬᠢ ᠪᠠᠶᠠᠯᠢᠭ᠋ ᠎ᠢ ᠰᠢᠯᠢᠳᠡᠭᠵᠢᠭᠦᠯᠦᠨ ᠨᠡᠢᠳᠭᠡᠵᠦ᠂ ᠰᠤᠯᠠ ᠪᠠᠢᠭ᠎ᠠ ᠨᠣᠮ ᠪᠢᠴᠢᠭ᠎ᠲᠦ ᠰᠢᠨ᠎ᠡ ᠠᠮᠢ ᠨᠠᠰᠤ ᠣᠯᠭᠣᠪᠠ᠃ ᠡᠯ᠎ᠡ ᠠᠢᠮᠠᠭ ᠬᠣᠲᠠ᠂ ᠡᠯ᠎ᠡ ᠬᠣᠰᠢᠭᠤ ᠰᠢᠶᠠᠨ᠎ᠢ ᠬᠣᠯᠪᠣᠨ ᠨᠡᠪᠲᠡᠷᠡᠭᠦᠯᠬᠦ ᠰᠦᠯᠵᠢᠶᠡᠨ ᠳᠡᠭᠡᠷᠡᠬᠢ ᠬᠠᠨᠳᠢᠪᠯᠡᠨ ᠬᠦᠷᠭᠡᠬᠦ ᠲᠤᠰᠬᠠᠢ ᠪᠤᠯᠤᠩ ᠭᠠᠷᠭᠠᠵᠤ᠂《 ᠡᠭᠦᠯᠡᠨ ᠦᠵᠦᠭᠦᠷᠯᠢᠭ》ᠡᠴᠡ 《ᠬᠤᠷᠤᠭᠤᠨ ᠦᠵᠦᠭᠦᠷ》ᠬᠦᠷᠲᠡᠯ᠎ᠡ ᠣᠯᠠᠨ ᠨᠡᠶ᠋ᠢᠲᠡ᠎ᠶᠢᠨ ᠰᠣᠶᠣᠯ᠎ᠤᠨ ᠬᠠᠩᠭᠠᠯᠭ᠎ᠠ᠎ᠶᠢᠨ《ᠡᠴᠦᠰ᠎ᠦᠨ ᠨᠢᠭᠡ ᠺᠢᠯᠣᠮᠧᠲᠷ》 ᠲᠤ᠌ ᠬᠦᠷᠬᠦ᠎ᠳᠦ ᠬᠦᠴᠦᠨ ᠨᠡᠮᠡᠷᠢᠯᠡᠪᠡ᠃

《ᠣᠳᠣᠬᠠᠨ᠎ᠳᠤ ᠪᠦᠬᠦ ᠣᠷᠣᠨ᠎ᠢᠶᠠᠷ᠎ᠢᠶᠠᠨ〈ᠬᠠᠭᠤᠴᠢᠨ ᠨᠤᠮ ᠡᠴᠡ ᠰᠢᠨ᠎ᠠ ᠮᠡᠳᠡᠯᠭᠡ ᠡᠵᠡᠮᠰᠢᠵᠦ ᠨᠣᠮ ᠪᠢᠴᠢᠭ᠎ᠢ ᠬᠠᠮᠲᠤ᠎ᠪᠠᠷ ᠡᠳ᠋ᠯᠡᠶ᠎ᠡ〉 ᠬᠡᠮᠡᠬᠦ ᠫᠠᠢᠰᠠ ᠡᠯᠭᠦᠭᠰᠡᠨ ᠰᠠᠭᠤᠷᠢᠨ᠎ᠢ 30 ᠭᠠᠷᠤᠢ ᠪᠠᠢᠭᠤᠯᠵᠤ᠂ 2.3 ᠲᠦᠮᠡ ᠭᠠᠷᠤᠢ ᠳᠡᠪᠲᠡᠷ ᠨᠣᠮ ᠪᠢᠴᠢᠭ ᠬᠠᠨᠳᠢᠪᠯᠡᠵᠤ᠂ ᠪᠦᠬᠦ ᠠᠷᠠᠳ᠎ᠤᠨ ᠨᠤᠮ ᠤᠩᠰᠢᠬᠤ ᠦᠢᠯᠡᠴᠢᠯᠡᠭᠡᠨ᠎ᠦ ᠰᠢᠨ᠎ᠡ ᠠᠮᠢ ᠠᠬᠤᠢ᠎ᠶᠢ ᠪᠠᠢᠭᠤᠯᠪᠠ》ᠭᠡᠵᠦ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠪᠠᠢᠯᠳᠤᠬᠤ ᠪᠣᠳᠣᠯᠭ᠎ᠠ᠎ᠶᠢᠨ ᠬᠥᠭᠵᠢᠭᠦᠯᠦᠯᠲᠡ᠎ᠶᠢᠨ ᠬᠡᠯᠲᠡᠰ ᠎ᠦᠨ ᠳᠠᠷᠤᠭ᠎ᠠ ᠸᠠᠩ ᠵᠢᠶᠦ᠋ᠨ ᠲᠠᠨᠢᠯᠴᠠᠭᠤᠯᠪᠠ᠃

ᠥᠪᠥᠷ ᠮᠣᠩᠭᠣᠯ ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ  ᠨᠡᠢᠭᠡᠮ ᠎ᠦᠨ ᠬᠠᠷᠢᠭᠤᠴᠠᠯᠭ᠎ᠠ ᠪᠠ ᠰᠣᠶᠣᠯ᠎ᠤᠨ ᠡᠭᠦᠷᠭᠡᠯᠡᠯ᠎ᠢᠶᠡᠨ ᠢᠮᠠᠭᠲᠠ ᠮᠠᠷᠲᠠᠯ ᠦᠭᠡᠢ ᠡᠭᠦᠷᠭᠡᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠦᠢᠯᠡᠰ᠎ᠲᠦ ᠢᠳᠡᠪᠬᠢᠲᠡᠢ ᠣᠷᠣᠯᠴᠠᠵᠤ᠂ 2023 ᠣᠨ᠎ᠳᠤ ᠪᠥᠬᠥ ᠣᠷᠣᠨ᠎ᠤ 11590 ᠲᠠᠯ᠎ᠠ ᠨᠤᠲᠤᠭ᠎ᠤᠨ ᠨᠣᠮ᠎ᠤᠨ ᠥᠷᠥᠭᠡ᠎ᠳᠦ ᠬᠡᠪᠯᠡᠭᠳᠡᠬᠦᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ᠎ᠦ ᠠᠵᠢᠯ ᠬᠠᠩᠭᠠᠵᠤ᠂ ᠲᠠᠰ ᠳᠡᠪᠰᠢᠭᠦᠯᠦᠭᠰᠡᠨ᠎ᠦ ᠳᠠᠷᠠᠭᠠᠬᠢ ᠲᠣᠭᠠᠴᠢᠯᠠᠭᠰᠠᠨ ᠲᠠᠯ᠎ᠠ ᠨᠤᠲᠤᠭ᠎ᠤᠨ ᠨᠣᠮ᠎ᠤᠨ ᠥᠷᠥᠭᠡ ᠳ᠋ᠤ 40 ᠲᠦᠮᠡᠨ ᠬᠥᠮᠥᠨ ᠤᠳᠠᠭ᠎ᠠ᠎ᠲᠠᠩᠰᠠᠯᠠᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠢ 《ᠭᠡᠷ᠎ᠦᠨ ᠡᠭᠦᠳᠡᠨ》 ᠳ᠋ᠡᠭᠡᠨ ᠴᠢᠨᠠᠷ ᠰᠠᠢᠲᠠᠢ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ ᠬᠦᠷᠳᠡᠬᠦ ᠪᠤᠯᠭᠠᠪᠠ; 《ᠬᠤᠨ ᠭᠠᠯᠠᠭᠤ ᠪᠠᠶᠠᠰᠤᠯᠳᠤ ᠤᠩᠰᠢᠯᠭ᠎ᠠ》ᠪᠣᠯᠣᠨ ᠲᠠᠯ᠎ᠠ ᠨᠤᠲᠤᠭ᠎ᠤᠨ ᠨᠣᠮ᠎ᠤᠨ ᠥᠷᠥᠭᠡ᠎ᠶᠢᠨ ᠨᠢᠭᠡ ᠴᠣᠭᠴᠠᠵᠢᠭᠤᠯᠬᠤ ᠥᠭᠡᠷᠡᠴᠢᠯᠡᠯᠲᠡ᠎ᠶᠢ ᠥᠷᠨᠢᠭᠦᠯᠵᠦ᠂《ᠠᠷᠠᠳ ᠣᠯᠠᠨ᠎ᠤ ᠵᠠᠬᠢᠶᠠᠯᠠᠭ᠎ᠠ》 ᠵᠢᠨ ᠠᠷᠭ᠎ᠠ ᠬᠡᠯᠪᠡᠷᠢ᠎ᠪᠡᠷ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠵᠣᠯᠭᠠᠭᠤᠯᠵᠤ᠂ ᠰᠣᠶᠣᠯ ᠎ᠤᠨ ᠦᠢᠯᠡᠰ ᠪᠣᠯᠣᠨ ᠰᠣᠶᠣᠯ᠎ᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠬᠤ᠎ᠶᠢ ᠤᠯᠤᠰ ᠎ᠤᠨ ᠰᠣᠶᠣᠯ ᠎ᠤᠨ ᠠᠵᠤ ᠦᠢᠯᠡᠰ ᠎ᠦᠨ ᠬᠥᠭᠵᠢᠯᠲᠡ᠎ᠶᠢᠨ ᠲᠥᠷᠥᠯ ᠵᠦᠢᠯ᠎ᠳᠦ ᠰᠣᠩᠭᠣᠨ ᠣᠷᠣᠭᠤᠯᠬᠤ᠎ᠶᠢ ᠠᠬᠢᠭᠤᠯᠪᠠ ᠁ ᠠᠯᠢ ᠤᠯᠠᠨ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠨᠦᠭᠦᠳ ᠨᠢ ᠦᠨᠳᠦᠰᠦᠨ ᠱᠠᠲᠤᠨ᠎ᠤ ᠣᠯᠠᠨ ᠲᠦᠮᠡᠨ᠎ᠦ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠲᠡᠩᠴᠡᠭᠦᠷᠢᠲᠡᠢ ᠬᠥᠭᠵᠢᠬᠦ᠎ᠶᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭᠴᠢᠳ ᠎ᠦᠨ ᠳᠠᠷᠤᠭ᠎ᠠ ᠴᠢᠨ ᠵᠢᠶᠠᠨ ᠫᠢᠩ᠄《ᠪᠢᠳᠡ ᠨᠠᠮ ᠎ᠤᠨ ᠪᠠᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ᠂ ᠠᠵᠤ ᠠᠬᠤᠢᠯᠠᠯ᠎ᠤᠨ ᠰᠣᠶᠣᠯ᠂ ᠨᠠᠮ ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢᠨ ᠵᠡᠷᠭᠡ᠎ᠪᠡᠷ ᠤᠷᠤᠭᠰᠢᠯᠠᠬᠤ᠎ᠶᠢ ᠲᠠᠰᠤᠷᠠᠯᠲᠠ ᠦᠭᠡᠢ ᠠᠬᠢᠭᠤᠯᠵᠤ᠂  ᠠᠵᠤ ᠠᠬᠤᠢᠯᠠᠯ ᠎ᠤᠨ ᠥᠷᠲᠡᠭ᠎ᠦᠨ ᠦᠵᠡᠯᠲᠡ᠎ᠶᠢ ᠶᠡᠬᠡ᠎ᠪᠡᠷ ᠪᠠᠳᠠᠷᠠᠭᠤᠯᠵᠤ᠂ ᠴᠢᠨᠠᠷ ᠰᠠᠢᠲᠠᠢ ᠤᠩᠰᠢᠯᠭ᠎ᠠ᠎ᠪᠠᠷ ᠨᠤᠮ ᠤ᠋ᠨ ᠰᠤᠷᠪᠤᠯᠵᠢᠳᠤ ᠥᠪᠥᠷ ᠮᠣᠩᠭᠣᠯ᠎ᠤᠨ ᠲᠡᠪᠢᠰᠭᠡᠷ ᠥᠩᠭᠡ᠎ᠶᠢ ᠭᠡᠷᠡᠯᠲᠦᠭᠦᠯᠵᠦ᠂ ᠥᠪᠡᠷᠲᠡᠭᠡᠨ ᠵᠠᠰᠠᠬᠤ ᠣᠷᠣᠨ ᠎ᠤ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠦᠴᠦᠨ ᠴᠢᠳᠠᠯ ᠎ᠢᠶᠠᠨ ᠨᠡᠮᠡᠷᠢᠯᠠᠵᠤ ᠪᠤᠢ》ᠭᠡᠵᠦ ᠬᠡᠯᠡᠪᠡ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号