ᠰᠣᠶᠣᠯ᠎ᠢᠶᠠᠷ ᠪᠢᠷ ᠬᠢᠵᠦ᠂ ᠰᠢᠨ᠎ᠡ ᠶᠢ ᠡᠭᠦᠳᠬᠦ ᠪᠡᠷ ᠪᠡᠬᠡ ᠪᠣᠯᠭᠠᠵᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠥᠪᠡᠷᠮᠢᠴᠡ ᠷᠢᠳᠢ ᠰᠢᠳᠢ ᠪᠠ ᠬᠦᠴᠦᠷᠬᠡᠭ ᠶᠡᠬᠡ ᠪᠣᠳᠠᠲᠤ ᠬᠦᠴᠦᠨ᠎ᠢᠶᠡᠷ᠎ᠢᠶᠡᠨ ᠤᠮᠠᠷᠠᠲᠤ ᠬᠢᠯᠢ᠎ᠶᠢᠨ ᠰᠣᠶᠣᠯ᠎ᠤᠨ ᠲᠥᠷᠥᠯ ᠲᠡᠮᠳᠡᠭ᠎ᠢ ᠴᠤᠭᠴᠠᠯᠠᠨ᠎ᠠ᠃
ᠣᠯᠠᠨ ᠵᠢᠯ᠎ᠦᠨ ᠲᠤᠷᠰᠢ᠂ ᠥᠪᠥᠷ ᠮᠣᠩᠭᠣᠯ ᠤᠨ ᠬᠡᠪᠯᠡᠯ᠎ᠦᠨ ᠪᠦᠯᠦᠭᠯᠡᠯ ᠭᠢᠷᠠᠬᠠᠢ ᠠᠵᠢᠭ᠍ᠯᠠᠬᠤ ᠴᠢᠳᠠᠪᠤᠷᠢ ᠪᠠ ᠡᠷᠡᠰ ᠰᠢᠭᠤᠷᠬᠠᠢ ᠠᠵᠢᠯᠯᠠᠭᠠᠨ ᠤ ᠬᠦᠴᠦᠨ᠎ᠢᠶᠡᠷ ᠴᠠᠭ ᠦᠶ᠎ᠡ᠎ᠡᠴᠡ ᠣᠯᠭᠣᠭᠰᠠᠨ ᠠᠵᠠ ᠲᠣᠬᠢᠶᠠᠯ᠎ᠢ ᠴᠢᠩᠭ᠎ᠠ ᠠᠳᠬᠤᠵᠤ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ᠎ᠶᠢ ᠡᠭᠦᠳᠴᠦ᠂ ᠴᠢᠬᠤᠯᠠ ᠶᠡᠬᠡ ᠬᠡᠪᠯᠡᠯ᠎ᠦᠨ ᠢᠨᠵᠧᠨᠧᠷᠢᠩ᠂ ᠴᠢᠬᠤᠯᠠ ᠬᠡᠪᠯᠡᠯ᠎ᠦᠨ ᠲᠥᠷᠥᠯ ᠵᠦᠢᠯ᠂ ᠭᠣᠣᠯᠳᠠᠯᠭ᠎ᠠ᠎ᠲᠠᠢ ᠬᠡᠪᠯᠡᠯ᠎ᠦᠨ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠠᠵᠢᠯ ᠵᠢᠡᠨ ᠭᠦᠨᠵᠡᠭᠡᠢ ᠨᠠᠷᠢᠯᠢᠭ᠋ ᠦᠷᠨᠢᠬᠦᠯᠵᠦ ᠨᠢᠭᠡ ᠪᠦᠯᠦᠭ ᠭᠣᠣᠯᠳᠠᠯᠭ᠎ᠠ᠎ᠲᠠᠢ ᠰᠡᠳᠦᠪ ᠰᠤᠩᠭᠤᠭᠰᠠᠨ ᠨᠣᠮ ᠪᠢᠴᠢᠭ᠎ᠢ ᠭᠠᠷᠭᠠᠵᠤ᠂ ᠰᠣᠶᠣᠯ᠎ᠤᠨ ᠠᠵᠤ ᠦᠢᠯᠡᠰ᠎ᠦᠨ ᠥᠷᠭᠡᠨ ᠠᠭᠤᠳᠠᠮ ᠣᠷᠣᠨ ᠵᠠᠢ᠎ᠳᠤ ᠡᠷᠡᠮᠡᠬᠡᠢᠯᠡᠨ ᠤᠷᠤᠭᠰᠢᠯᠠᠵᠤ᠂ ᠥᠪᠥᠷ ᠮᠣᠩᠭᠣᠯ᠎ᠤᠨ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠲᠠᠰᠤᠷᠠᠯᠲᠠ ᠦᠭᠡᠢ ᠠᠮᠢᠵᠢᠷᠠᠯ᠎ᠤᠨ ᠬᠦᠴᠦᠨ ᠨᠡᠮᠡᠷᠢᠯᠠᠵᠤ ᠪᠤᠢ᠃
ᠲᠥᠷᠥᠯ ᠲᠡᠮᠳᠡᠭ᠎ᠢᠶᠡᠷ ᠬᠥᠲᠥᠯᠥᠨ ᠳᠠᠭᠠᠭᠤᠯᠵᠤ ᠨᠥᠯᠥᠭᠡᠯᠡᠬᠦ ᠬᠦᠴᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠪᠡ
ᠡᠨᠡ ᠨᠠᠮᠤᠷ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠨᠠᠢ᠍ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩᠪᠠ ᠠᠷᠠᠯᠵᠢᠶᠠᠨ ᠤ ᠴᠤᠭᠯᠠᠭᠠᠨ᠎ᠳᠤ ᠣᠷᠣᠯᠴᠠᠵᠤ᠂ ᠡᠯᠪᠡᠭ ᠪᠠᠶᠠᠯᠢᠭ᠋ 《ᠤᠩᠰᠢᠯᠭ᠎ᠠ᠎ᠳᠦ ᠤᠮᠠᠷᠠᠲᠤ ᠬᠢᠯᠢ》ᠰᠣᠶᠣᠯ ᠤᠨ ᠲᠦᠷᠦᠯ ᠲᠡᠮᠲᠡᠭ᠎ᠢ ᠳᠡᠯᠭᠡᠷᠡᠭᠦᠯᠬᠦ ᠠᠵᠢᠯᠯᠠᠭ᠎ᠠ᠎ᠪᠠᠷ ᠭᠣᠣᠯ ᠴᠣᠭᠴᠠ ᠪᠣᠯᠭᠠᠵᠤ᠂ ᠥᠪᠥᠷ ᠮᠣᠩᠭᠣᠯ᠎ᠤᠨ ᠬᠡᠪᠯᠡᠯ᠎ᠦᠨ ᠠᠵᠢᠯ ᠲᠥᠷᠥᠯ᠎ᠤᠨ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠂ ᠥᠪᠥᠷ ᠮᠣᠩᠭᠣᠯ᠎ᠤᠨ ᠬᠡᠪᠯᠡᠯ᠎ᠦᠨ ᠵᠢᠭ᠍ᠰᠠᠭᠠᠯ᠎ᠢᠶᠠᠷ ᠭᠣᠢᠳᠠ ᠰᠠᠢᠬᠠᠨ ᠨᠣᠮ ᠪᠢᠴᠢᠭ᠎ᠢ ᠪᠣᠶ ᠪᠣᠯᠭᠠᠵᠤ᠂ ᠪᠥᠬᠥ ᠠᠷᠠᠳ᠎ᠤᠨ ᠤᠩᠰᠢᠯᠭ᠎ᠠ᠎ᠶᠢᠨ ᠬᠠᠯᠠᠭᠤᠨ ᠥᠷᠨᠢᠯᠲᠡ ᠭᠠᠷᠭᠠᠵᠤ ᠪᠠᠢᠬᠤ ᠵᠢ ᠪᠦᠬᠦ ᠲᠠᠯ᠎ᠠ ᠪᠡᠷ ᠳᠡᠯᠭᠡᠨ ᠦᠵᠡᠭᠦᠯᠪᠡ᠃
ᠦᠵᠡᠰᠬᠦᠯᠡᠩ ᠦᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠦᠨ ᠦᠵᠡᠭᠦᠯᠭᠡ᠎ᠶᠢᠨ ᠲᠣᠭᠣᠷᠢᠭ᠋ ᠰᠢᠨ᠎ᠡ ᠨᠣᠮ ᠢ ᠠᠩᠬ᠎ᠠ ᠲᠠᠷᠬᠠᠭᠠᠬᠤ ᠶᠣᠰᠣᠯᠠᠯ᠂ ᠤᠩᠰᠢᠭ᠍ᠴᠢᠳ᠎ᠲᠠᠢ ᠠᠭᠤᠯᠵᠠᠬᠤ ᠬᠤᠷᠠᠯ᠂ ᠨᠣᠮ ᠪᠢᠴᠢᠭ ᠬᠤᠪᠢᠶᠠᠯᠴᠠᠬᠤ ᠬᠤᠷᠠᠯ ᠵᠡᠷᠭᠡ 10 ᠭᠠᠷᠤᠢ ᠲᠠᠯᠠᠪᠤᠷ《ᠤᠩᠰᠢᠯᠭ᠎ᠠ᠎ᠳᠦ ᠤᠮᠠᠷᠠᠲᠤ ᠬᠢᠯᠢ》 ᠰᠣᠶᠣᠯ᠎ᠤᠨ ᠲᠦᠷᠦᠯ ᠲᠡᠮᠳᠡᠭ᠎ᠢ ᠳᠡᠯᠭᠡᠷᠡᠭᠦᠯᠬᠦ ᠠᠵᠢᠯᠯᠠᠭ᠎ᠠ᠎ᠶᠢ ᠥᠷᠨᠢᠭᠦᠯᠦᠭᠰᠡᠨ ᠪᠥᠭᠡᠳ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠨ ᠰᠤᠷᠳᠠᠯᠴᠢᠯᠠᠬᠤ᠂ ᠬᠦᠯᠢᠶᠡᠨ ᠠᠪᠬᠤ ᠲᠠᠢᠰᠠᠨ᠎ᠳᠤ ᠲᠠᠮᠠᠭ᠎ᠠ ᠳᠠᠷᠤᠬᠤ ᠵᠢᠴᠢ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠᠳᠤ ᠨᠣᠮ ᠤᠩᠰᠢᠬᠤ᠂ ᠤᠩᠰᠢᠭ᠍ᠰᠠᠨᠤ ᠳᠠᠷᠠᠭᠠᠬᠢ ᠲᠥᠷᠥᠭᠳᠡᠯ᠂ ᠨᠠᠢᠷᠠᠭᠤᠯᠤᠭ᠍ᠴᠢ᠎ᠳᠤ ᠢᠯᠡᠭᠡᠭᠰᠡᠨ ᠵᠠᠬᠢᠳᠠᠯ ᠵᠡᠷᠭᠡ ᠬᠠᠷᠢᠯᠴᠠᠨ ᠬᠥᠳᠡᠯᠦᠯᠴᠡᠬᠦ ᠠᠵᠢᠯᠯᠠᠭ᠎ᠠ᠎ᠶᠢ ᠵᠡᠷᠭᠡ ᠪᠡᠷ ᠥᠷᠨᠢᠭᠦᠯᠪᠡ᠃
《ᠪᠢ ᠲᠠᠮᠠᠭ᠎ᠠ ᠳᠠᠷᠤᠭᠤᠯᠵᠤ ᠲᠡᠮᠲᠡᠭ ᠴᠤᠭᠯᠠᠭᠤᠯᠬᠤ ᠮᠠᠰᠢ ᠳᠤᠷᠠᠲᠠᠢ᠂ ᠡᠨᠡ ᠳᠡᠪᠲᠡᠷ᠎ᠲᠤ ᠪᠠᠷᠤᠭ ᠲᠦᠭᠦᠷᠳᠡᠯ᠎ᠠ ᠲᠠᠮᠠᠭ᠎ᠠ ᠲᠠᠷᠤᠭᠤᠯᠤᠭᠰᠠᠨ᠂ ᠡᠯ᠎ᠡ ᠠᠢᠮᠠᠭ ᠬᠣᠲᠠ᠎ᠶᠢᠨ ᠲᠠᠮᠠᠭ᠎ᠠ ᠪᠦᠷ ᠪᠠᠢᠨ᠎ᠠ᠂ ᠶᠡᠷᠦ ᠨᠢ 〈ᠥᠪᠥᠷ ᠮᠣᠩᠭᠣᠯ〉 ᠤ᠋ᠨ ᠲᠠᠮᠠᠭ᠎ᠠ ᠵᠢ ᠳᠠᠷᠤᠭᠤᠯᠤᠶᠠ ᠭᠡᠵᠦ ᠪᠤᠳᠤᠵᠤ ᠪᠠᠢᠭᠰᠠᠨ᠂ ᠡᠴᠦᠰ᠎ᠲᠡᠬᠡᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠳᠦ ᠡᠨᠡ ᠬᠦᠰᠡᠯ ᠵᠢᠡᠨ ᠲᠡᠷᠭᠡᠯᠰᠢᠬᠦᠯᠦᠯᠠ》 ᠭᠡᠵᠦ ᠲᠠᠮᠠᠭ᠎ᠠ ᠳᠠᠷᠤᠭᠤᠯᠵᠤ ᠪᠠᠢᠭᠰᠠᠨ ᠯᠢᠦ ᠠᠪᠠᠬᠠᠢ ᠪᠠᠶᠠᠷᠲᠠᠢᠬᠠᠨ ᠬᠡᠯᠡᠨ᠎ᠡ᠃ 《ᠮᠢᠨᠤ ᠬᠢᠭᠰᠡᠨ ᠲᠠᠮᠠᠭ᠎ᠠ ᠡᠢᠮᠦ ᠬᠦᠷᠢᠶᠡᠯᠡᠯ ᠤᠯᠤᠨ᠎ᠠ ᠭᠡᠵᠦ ᠶᠡᠷᠦ᠎ᠡᠴᠡ ᠪᠣᠳᠣᠵᠤ ᠥᠩᠭᠡᠷᠡᠭᠰᠡᠨ ᠦᠭᠡᠢ》ᠭᠡᠵᠦ ᠥᠪᠥᠷ ᠮᠣᠩᠭᠣᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ ᠵᠢᠨ ᠦᠢᠯᠡᠰ ᠲᠠᠮᠠᠭ᠎ᠠ ᠳᠠᠷᠤᠬᠤ ᠪᠡᠷ ᠣᠷᠳᠣ᠌ ᠮᠥᠷᠯᠡᠨ ᠵᠢᠭᠰᠠᠵᠤ ᠪᠠᠢᠭᠰᠠᠨ ᠦᠵᠡᠭᠴᠢᠳ᠎ᠢ ᠬᠠᠷᠠᠭᠠᠳ ᠪᠠᠶᠠᠷᠲᠠᠢ ᠶᠠᠷᠢᠨ᠎ᠠ᠃
ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ 2009 ᠣᠨ᠎ᠤ 12 ᠰᠠᠷ᠎ᠠ᠎ᠶᠢᠨ 10 ᠤ᠋ ᠡᠳᠦᠷ ᠵᠢᠩᠬᠢᠨᠢ᠎ᠪᠡᠷ ᠫᠠᠢᠰᠠ ᠡᠯᠭᠦᠨ ᠪᠠᠢᠭᠤᠯᠤᠭᠳᠠᠵᠤ᠂ 15 ᠵᠢᠯ᠎ᠦᠨ ᠰᠢᠷᠭᠠᠭᠤ ᠬᠠᠲᠠᠭᠤᠵᠢᠯᠲᠠᠢ ᠴᠢᠷᠮᠠᠢᠯᠭ᠎ᠠ᠎ᠪᠠᠷ ᠳᠡᠮᠵᠢᠨ ᠨᠢᠭᠡᠨᠲᠡ ᠤᠬᠠᠭᠠᠯᠠᠬᠤ᠂ ᠨᠠᠢᠷᠠᠭᠤᠯᠬᠤ᠂ ᠣᠷᠴᠢᠭᠤᠯᠬᠤ᠂ ᠬᠡᠪᠯᠡᠭᠦᠯᠬᠦ ᠵᠡᠷᠭᠡ ᠬᠦᠴᠦᠷᠭᠡᠭ ᠶᠡᠬᠡ ᠡᠩᠨᠡᠭᠡ᠎ᠲᠠᠢ ᠶᠡᠷᠦᠩᠬᠡᠢᠯᠡᠭᠰᠡᠨ ᠴᠢᠨᠠᠷᠲᠠᠢ ᠬᠡᠪᠯᠡᠯ᠎ᠦᠨ ᠪᠠᠢᠭᠤᠯᠤᠮᠵᠢ ᠪᠣᠯᠣᠨ ᠬᠥᠭᠵᠢᠵᠦ᠂ ᠨᠣᠮ ᠪᠢᠴᠢᠭ ᠬᠡᠪᠯᠡᠬᠦ᠂ ᠰᠤᠷᠭᠠᠨ ᠬᠥᠮᠦᠵᠢᠯ᠎ᠦᠨ ᠦᠢᠯᠡᠴᠢᠯᠡᠭᠡ᠂ ᠪᠠᠷᠯᠠᠵᠤ ᠬᠡᠪᠯᠡᠬᠦ᠂ ᠰᠣᠶᠣᠯ ᠵᠠᠭᠤᠴᠢᠯᠠᠭᠤᠷ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠭᠠᠵᠠᠷ᠎ᠤᠨ ᠬᠥᠷᠥᠩᠭᠡ᠂ ᠰᠣᠶᠣᠯ ᠵᠢᠭᠤᠯᠴᠢᠯᠠᠯ ᠵᠡᠷᠭᠡ ᠲᠤᠬᠠᠢᠯᠠᠭᠰᠠᠨ ᠠᠵᠢᠯ ᠲᠦᠷᠦᠯ᠎ᠢ ᠬᠠᠮᠤᠷᠴᠤ᠂ ᠤᠯᠠᠮᠵᠢᠯᠠᠯᠲᠤ ᠬᠡᠪᠯᠡᠯ᠂ ᠲᠣᠭᠠᠴᠢᠯᠠᠭᠰᠠᠨ ᠬᠡᠪᠯᠡᠯ᠂ ᠣᠶᠤᠨᠲᠤ ᠰᠤᠷᠭᠠᠨ ᠬᠥᠮᠦᠵᠢᠯ᠂ ᠬᠡᠪᠯᠡᠯ᠎ᠦᠨ ᠡᠷᠬᠡ᠎ᠶᠢᠨ ᠠᠷᠠᠯᠵᠢᠶ᠎ᠠ᠂ ᠵᠥᠭᠡᠯᠡᠨ ᠲᠣᠨᠣᠭ᠎ᠢ ᠨᠡᠭᠡᠭᠡᠨ ᠬᠥᠭᠵᠢᠭᠦᠯᠬᠦ ᠵᠡᠷᠭᠡ ᠲᠤᠬᠠᠢᠯᠠᠭᠰᠠᠨ ᠠᠵᠢᠯ᠎ᠢ ᠨᠢᠭᠡ ᠴᠣᠭᠴᠠᠵᠢᠭᠤᠯᠤᠭᠰᠠᠨ ᠣᠯᠠᠨ ᠡᠰᠢᠲᠦ ᠬᠥᠭᠵᠢᠯᠲᠡ᠎ᠶᠢᠨ ᠪᠠᠢᠷᠢᠰᠢᠯ᠎ᠢ ᠪᠦᠷᠢᠯᠳᠦᠭᠦᠯᠵᠡᠢ᠃
ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠲᠥᠷᠥᠯ ᠲᠡᠮᠳᠡᠭ᠎ᠤᠨ ᠪᠠᠢᠭᠤᠯᠤᠯᠲᠠ ᠪᠠ ᠵᠠᠬ᠎ᠠ ᠳᠡᠯᠭᠡᠭᠦᠷ᠎ᠦᠨ ᠳᠡᠯᠭᠡᠷᠡᠭᠦᠯᠦᠯᠲᠡ ᠵᠡᠷᠭᠡ ᠵᠠᠭᠪᠤᠷ᠎ᠢ ᠴᠢᠩᠭᠠᠳᠬᠠᠬᠤ᠎ᠪᠠᠷ ᠳᠠᠮᠵᠢᠭᠤᠯᠤᠨ᠂ ᠲᠣᠰ ᠪᠡᠶ᠎ᠡ᠎ᠶᠢᠨ ᠲᠦᠷᠦᠯ ᠲᠡᠮᠲᠡᠭ᠎ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠬᠦ᠎ᠶᠢᠨ ᠬᠠᠮᠲᠤ᠂《ᠲᠣᠭ᠎ᠢ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠬᠤ᠂ ᠰᠢᠨ᠎ᠡ ᠬᠥᠮᠥᠨ᠎ᠢ ᠬᠥᠮᠥᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ᠎ᠶᠢ ᠢᠯᠡᠷᠡᠭᠦᠯᠬᠦ》᠎ᠪᠠᠷ ᠡᠭᠦᠷᠭᠡ ᠬᠠᠷᠢᠭᠤᠴᠠᠯᠭ᠎ᠠ᠎ᠪᠠᠨ ᠪᠣᠯᠭᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠲᠡᠭ᠎ᠤᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠭᠤᠯᠭ᠎ᠠ ᠵᠢ ᠡᠷᠬᠢᠮᠯᠡᠬᠦ᠂ ᠲᠦᠷᠦᠯ ᠲᠡᠮᠲᠡᠭ ᠵᠢᠡᠷ ᠬᠥᠲᠥᠯᠥᠨ ᠳᠠᠭᠠᠭᠤᠯᠬᠤ᠂ ᠲᠥᠷᠥᠯ ᠵᠦᠢᠯ᠎ᠢᠶᠡᠷ ᠳᠠᠢᠴᠢᠯᠠᠬᠤ᠂ ᠲᠤᠭᠠᠴᠢᠯᠠᠯᠳᠠ ᠪᠡᠷ ᠬᠦᠴᠦᠨ ᠨᠡᠮᠡᠷᠢᠯᠡᠬᠦ᠂ ᠠᠭᠤᠰᠤᠯᠴᠠᠯ᠎ᠢᠶᠠᠷ ᠴᠢᠳᠠᠪᠤᠷᠢ ᠣᠯᠭᠣᠬᠤ᠎ᠶᠢ ᠪᠠᠷᠢᠮᠲᠠᠯᠠᠨ᠂ ᠠᠵᠤ ᠠᠬᠤᠢᠯᠠᠯ᠎ᠤᠨ ᠲᠦᠷᠦᠯ ᠲᠡᠮᠲᠡᠭ᠎ᠤᠨ ᠠᠯᠳᠠᠷᠰᠢᠯ ᠪᠠ ᠢᠷᠠᠭᠤ ᠠᠯᠳᠠᠷ᠎ᠤᠨ ᠬᠡᠮᠵᠢᠶ᠎ᠡ᠎ᠶᠢ ᠦᠷᠭᠦᠯᠵᠢᠯᠡᠨ ᠨᠡᠮᠡᠭᠳᠡᠭᠦᠯᠪᠡ᠃
ᠨᠣᠮ᠎ᠢᠶᠠᠷ ᠵᠠᠭᠤᠴᠢ ᠪᠣᠯᠭᠠᠨ᠂ ᠰᠣᠶᠣᠯ᠎ᠢᠶᠠᠷ ᠬᠣᠯᠪᠣᠭᠠᠰᠤ ᠪᠣᠯᠭᠠᠵᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠭᠣᠣᠯ ᠰᠡᠳᠦᠪᠲᠦ ᠬᠡᠪᠯᠡᠯ᠂ ᠵᠢᠭᠠᠬᠤ ᠮᠠᠲᠧᠷᠢᠶᠠᠯ ᠵᠢᠭᠠᠨ ᠰᠤᠷᠭᠠᠯᠲᠠ᠎ᠶᠢᠨ ᠬᠠᠪᠰᠤᠷᠤᠮᠵᠢ ᠮᠠᠲᠧᠷᠢᠶᠠᠯ᠎ᠤᠨ ᠬᠡᠪᠯᠡᠯ᠂ ᠲᠥᠷᠥᠯ ᠵᠦᠢᠯ᠎ᠦᠨ ᠨᠣᠮ ᠪᠢᠴᠢᠭ᠎ᠦᠨ ᠬᠡᠪᠯᠡᠯ᠂ ᠰᠣᠳᠣᠨ ᠪᠦᠲᠦᠭᠡᠯ᠎ᠦᠨ ᠬᠡᠪᠯᠡᠯ ᠵᠡᠷᠭᠡ ᠲᠠᠯ᠎ᠠ᠎ᠪᠠᠷ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠤ᠂ ᠤᠷᠢᠳ ᠬᠣᠵᠢᠳ 150 ᠭᠠᠷᠤᠢ ᠵᠦᠢᠯ᠎ᠦᠨ ᠰᠡᠳᠦᠪ ᠰᠤᠩᠭᠤᠯᠲᠠ ᠨᠢ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠡᠳᠬᠦᠨ ᠳᠡᠮᠵᠢᠬᠦ ᠨᠡᠷᠡᠰ᠎ᠦᠨ ᠵᠢᠭ᠍ᠰᠠᠭᠠᠯᠲᠠ᠎ᠳᠤ ᠤᠷᠤᠵᠤ᠂ 36 ᠵᠦᠢᠯ᠎ᠦᠨ ᠨᠣᠮ ᠪᠢᠴᠢᠭ ᠨᠢ ᠲᠣᠰ ᠲᠣᠰ《ᠲᠠᠪᠤᠨ ᠨᠢᠭᠡ》ᠵᠢᠨ ᠢᠨᠵᠧᠨᠧᠷᠢᠩ᠎ᠦᠨ ᠨᠣᠮ ᠪᠢᠴᠢᠭ᠎ᠦᠨ ᠱᠠᠩᠨᠠᠯ ᠵᠡᠷᠭᠡ ᠤᠯᠤᠰ᠎ᠤᠨ ᠲᠠᠰ᠎ᠤᠨ ᠶᠡᠬᠡ ᠱᠠᠩᠨᠠᠯ᠎ᠢ ᠭᠥᠷᠳᠡᠵᠦ᠂ 700 ᠭᠠᠷᠤᠢ ᠵᠦᠢᠯ᠎ᠦᠨ ᠨᠣᠮ ᠪᠢᠴᠢᠭ᠂ ᠰᠣᠨᠢᠨ ᠰᠡᠳᠬᠦᠯ ᠨᠢ ᠮᠤᠵᠢ ᠶᠠᠮᠤᠨ᠎ᠤ ᠲᠠᠰ ᠪᠠ ᠠᠵᠢᠯ ᠲᠥᠷᠥᠯ᠎ᠦᠨ ᠨᠡᠢᠭᠡᠮᠯᠢᠭ᠎ᠦᠨ ᠱᠠᠩᠨᠠᠯ ᠰᠢᠯᠭᠠᠷᠠᠭᠤᠯᠤᠯᠳᠠ᠎ᠳᠤ ᠢᠷᠠᠭᠤ ᠠᠯᠳᠠᠷ ᠭᠥᠷᠳᠡᠪᠡ᠃
ᠰᠣᠳᠣᠨ ᠪᠦᠲᠦᠭᠡᠯ ᠵᠠᠯᠭᠠᠭ᠎ᠠ᠎ᠪᠠᠷ ᠭᠠᠷᠭᠠᠵᠦ ᠣᠯᠠᠨ ᠲᠦᠮᠡᠨ᠎ᠲᠡᠶ ᠣᠢᠷᠠᠳᠤᠵᠤ᠌ ᠬᠥᠮᠦᠰ᠎ᠦᠨ ᠰᠡᠳᠭᠢᠯ᠎ᠢ ᠨᠢᠭ᠍ᠲᠠᠷᠠᠭᠤᠯᠪᠠ
《ᠪᠦᠯᠦᠭ᠌ᠯᠡᠯ〈ᠬᠤᠤᠰ ᠦᠷ᠎ᠠ ᠠᠰᠢᠭ᠎ᠢ ᠴᠢᠬᠤᠯᠠᠴᠢᠯᠠᠬᠤ᠂ ᠲᠣᠭ᠎ᠠ ᠬᠡᠮᠵᠢᠶ᠎ᠡ᠎ᠶ᠋ᠢ ᠪᠠᠭᠠᠰᠭᠠᠬᠤ ᠂ ᠬᠡᠪᠴᠢᠶ᠎ᠡ᠎ᠶ᠋ᠢ ᠬᠢᠵᠠᠭᠠᠷᠯᠠᠬᠤ᠂ ᠲᠦᠷᠦᠯ ᠲᠠᠮᠳᠡᠭ᠎ᠢ ᠡᠭᠦᠳᠬᠦ᠌〉ᠭᠤᠤᠯ ᠦᠶ᠋ᠯᠡᠰ᠎ᠦᠨ ᠬᠥᠭ᠌ᠵᠢᠯᠲᠡ᠎ᠶ᠋ᠢᠨ ᠰᠡᠳᠭᠢᠴᠠ᠎ᠶ᠋ᠢ ᠪᠠᠷᠢᠮᠲᠠᠯᠠᠵᠤ ᠂ ᠰᠣᠳᠣᠨ ᠨᠣᠮ ᠪᠢᠴᠢᠭ᠎ᠦᠨ ᠦᠶ᠋ᠯᠡᠳᠪᠦᠷᠢᠯᠡᠯ᠎ᠦᠨ ᠱᠤᠭᠤᠮ᠎ᠢ ᠴᠢᠷᠮᠠᠢᠨ ᠡᠬᠦᠳᠴᠤ᠂ ᠴᠢᠨᠠᠷ ᠰᠠᠢᠲᠠᠶ ᠠᠭᠤᠯᠭ᠎ᠠ᠎ᠶ᠋ᠢᠨ ᠡᠬᠢ ᠪᠠᠶᠠᠯᠢᠭ᠎ᠢ ᠬᠠᠩᠭᠠᠪᠠ》᠃ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠬᠡᠪᠯᠡᠯ᠎ᠦᠨ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ᠎ᠶ᠋ᠢᠨ ᠬᠡᠯᠲᠡᠰ᠎ᠦᠨ ᠳᠠᠷᠤᠭ᠎ᠠ ᠮᠠ ᠭᠦᠸᠧ ᠯᠢᠨ᠄ 2023 ᠣᠨ᠎ᠠᠴᠠ ᠡᠬᠢᠯᠡᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ 《ᠭᠤᠤᠯ ᠠᠵᠢᠯ ᠲᠥᠷᠥᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍ ᠂ ᠬᠡᠪᠯᠡᠯ᠎ᠦᠨ ᠲᠤᠬᠠᠢᠯᠠᠭ᠍ᠰᠠᠨ ᠠᠵᠢᠯ᠎ᠤᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠦᠨ ᠨᠡᠢᠳᠭᠡᠨ ᠵᠢᠷᠤᠮᠵᠢᠭᠤᠯᠵᠦ᠂ ᠪᠦᠯᠦᠭ᠌ᠯᠡᠯ᠎ᠦᠨ ᠬᠠᠷᠢᠶ᠎ᠠ ᠡᠯ᠎ᠡ ᠬᠡᠪᠯᠡᠯ᠎ᠦᠨ ᠬᠣᠷᠢᠶ᠎ᠠ᠎ᠶ᠋ᠢᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠂ ᠲᠣᠭ᠍ᠲᠠᠭᠤᠨ᠎ᠤ ᠳᠤᠮᠳᠠ ᠤᠷᠤᠭ᠍ᠰᠢᠯᠠᠵᠤ᠂ ᠢᠯᠡᠭᠦᠬᠡᠨ ᠨᠤᠮ ᠬᠡᠪᠯᠡᠭᠦᠯᠵᠤ᠂ ᠰᠠᠢᠨ ᠨᠣᠮ ᠭᠠᠷᠭᠠᠬᠤ᠎ᠶ᠋ᠢ ᠤᠯᠠᠮ ᠳᠡᠮᠵᠢᠵᠦ᠍᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠬᠡᠪᠯᠡᠯ᠎ᠦᠨ ᠭᠤᠤᠯ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠪᠠ ᠭᠡᠵᠤ ᠲᠠᠨᠢᠯᠴᠠᠭᠤᠯᠪᠠ᠃
ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ ᠠᠷᠠᠳ ᠲᠦᠮᠡᠨ᠎ᠢᠶᠡᠷ ᠭᠤᠤᠯ ᠪᠣᠯᠭᠠᠬᠤ ᠬᠡᠪᠯᠡᠯ᠎ᠦᠨ ᠤᠳᠤᠷᠢᠳᠤᠮᠵᠢ᠎ᠶ᠋ᠢ ᠢᠮᠠᠭ᠍ᠲᠠ ᠪᠠᠷᠢᠮᠲᠠᠯᠠᠵᠤ ᠂ ᠪᠦᠯᠦᠭᠯᠡᠯ᠎ᠦᠨ ᠲᠤᠤᠷᠡᠬᠢ 6 ᠬᠡᠪᠯᠡᠯ᠎ᠦᠨ ᠬᠣᠷᠢᠶ᠎ᠠ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠣᠶᠤᠨᠰᠣᠶᠣᠯᠤᠨ ᠠᠮᠢᠳᠤᠷᠠᠯ᠎ᠤᠨ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠡᠪᠯᠡᠯ᠎ᠦᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠭᠰᠡᠨ ᠪᠠᠢᠨ᠎ᠠ᠃ ᠣᠢᠷ᠎ᠠ᠎ᠶ᠋ᠢᠨ ᠵᠢᠯ᠎ᠡᠴᠡ 《ᠨᠠᠮ᠎ᠤᠨ ᠠᠴᠢ᠎ᠳ᠋ᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠲᠠᠭᠠᠨ ᠤᠷᠤᠬᠰᠢᠯᠠᠨᠠᠮ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠥᠪᠥᠷ ᠮᠣᠩᠭᠣᠯ᠎ᠤᠨ ᠬᠤᠪᠢᠰᠭᠠᠯᠲᠤ ᠲᠡᠮᠡᠴᠡᠯ᠎ᠦᠨ ᠲᠡᠦᠬᠡ ᠵᠢᠨ ᠵᠢᠷᠤᠭ᠍ᠲᠤ ᠣᠢᠯᠠᠯᠭ᠎ᠠ 》᠂ 《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ᠎ᠳᠦ ᠳᠠᠯᠠᠷᠬᠠᠵᠦ ᠡᠷᠡᠯᠬᠡᠭ᠌ᠯᠡᠨ ᠤᠷᠤᠭ᠍ᠰᠢᠯᠠᠨᠠᠮ — ᠲᠠᠪᠤᠨ ᠶᠡᠬᠡ ᠡᠭᠦᠷᠭᠡ᠎ᠶ᠋ᠢᠨ ᠲᠤᠬᠠᠢ ᠺᠠᠳ᠋ᠷᠴᠤᠳ᠎ᠤᠨ ᠤᠩᠱᠢᠬᠤ ᠪᠢᠴᠢᠭ 》᠂ 《 ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠥᠬᠡᠶ ᠡᠷᠡᠮᠡᠬᠡᠢᠯᠡᠨ ᠤᠷᠤᠭ᠍ᠰᠢᠯᠠᠨᠠᠮ — ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠵᠡᠷᠭᠡ ᠨᠢᠭᠡ ᠪᠦᠯᠦᠭ ᠠᠮᠢᠵᠢᠷᠠᠯ᠎ᠤᠨ ᠬᠦᠴᠦᠨ᠎ᠲᠡᠶ᠂ ᠣᠯᠠᠨ ᠲᠦᠮᠡᠨ᠎ᠲᠡᠶ ᠣᠢᠷᠠᠲᠤᠭ᠍ᠰᠠᠨ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠭ᠍ᠰᠠᠨ ᠭᠤᠤᠯ ᠰᠡᠳᠦᠪᠲᠦ ᠬᠡᠪᠯᠡᠭ᠌ᠳᠡᠬᠦᠨᠢ ᠤᠬᠠᠭᠠᠯᠠᠨ ᠬᠡᠪᠯᠡᠭᠦᠯᠵᠦ᠍᠂ ᠣᠷᠣᠨ᠎ᠤ ᠳᠣᠲᠣᠨ᠎ᠠ ᠭᠠᠳᠠᠨᠠᠬᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠯᠠᠨ ᠲᠠᠰ ᠳᠠᠪᠬᠤᠷᠭ᠎ᠠ᠎ᠶ᠋ᠢᠨ ᠂ ᠣᠯᠠᠨ ᠲᠠᠯ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠰᠠᠨ ᠪᠠᠢᠨ᠎ᠠ᠃
ᠲᠦᠷᠦᠭᠦᠬᠡᠨ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠡᠯ᠎ᠡ ᠬᠡᠪᠯᠡᠯ᠎ᠦᠨ ᠬᠣᠷᠢᠶ᠎ᠠ᠎ᠠᠴᠠ ᠬᠡᠪᠯᠡᠭ᠌ᠰᠡᠨ《ᠪᠢᠳᠡᠨ᠎ᠦ ᠪᠠᠶᠠᠷ᠎ᠤᠨ ᠡᠳᠦᠷ — ᠨᠠᠰᠤᠨ᠎ᠳᠤ ᠥᠯᠥ᠍ ᠬᠦᠷᠦᠭ᠌ᠰᠡᠳ᠎ᠲᠦ ᠵᠣᠷᠢᠭᠤᠯᠤᠨ ᠪᠢᠴᠢᠭ᠌ᠰᠡᠨ ᠤᠯᠠᠮᠵᠢᠯᠠᠯᠲᠤ ᠵᠠᠩ ᠦᠶ᠋ᠯᠡ᠎ᠶ᠋ᠢᠨ ᠨᠣᠮ》᠂ 《ᠮᠣᠩᠭᠣᠯ ᠮᠣᠷᠢ ᠪᠠ ᠲᠠᠯ᠎ᠠ ᠨᠤᠲᠤᠭ᠎ᠤᠨ ᠥᠯᠢᠭᠡᠷ》᠂ 《ᠮᠣᠩᠭᠣᠯ ᠬᠡᠯᠡᠨ᠎ᠦ ᠳᠥᠷᠪᠡᠨ ᠪᠢᠴᠢᠯᠭᠡᠲᠦ ᠤᠷᠠᠨ ᠪᠢᠴᠢᠯᠭᠡ᠎ᠶ᠋ᠢᠨ ᠪᠢᠴᠢᠭᠡᠰᠦ》᠂ 《ᠴᠢᠨᠭ ᠦᠨᠡᠨᠴᠢ ᠶᠠᠪᠤᠭᠰᠠᠨ ᠵᠠᠮ — ᠡᠴᠢᠭᠡ ᠡᠬᠡ᠎ᠪᠠᠨ ᠳᠤᠷᠠᠳᠭᠠᠬᠤ ᠨᠢ 》 ᠂ 《ᠤᠯᠠᠭᠠᠨᠰᠤᠬᠠᠢ》 ᠵᠡᠷᠭᠡ ᠠᠯᠢ ᠣᠯᠠᠨ ᠰᠣᠳᠣᠨ ᠨᠣᠮ ᠨᠠᠶ᠋ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠰᠣᠶᠣᠯ᠎ᠤᠨ ᠠᠵᠤ ᠦᠶ᠋ᠯᠡᠰ᠎ᠦᠨ ᠦᠵᠡᠰᠭᠦᠯᠡᠩ᠎ᠦᠨ ᠴᠤᠭ᠍ᠯᠠᠭᠠᠨ᠎ᠤ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠦᠵᠡᠭᠦᠯᠭᠡ᠎ᠶ᠋ᠢᠨ ᠲᠣᠭᠣᠷᠢᠭ᠎ᠲᠤ ᠳᠡᠯᠭᠡᠭ᠌ᠳᠡᠵᠦ᠍᠂ ᠤᠩᠱᠢᠭ᠍ᠴᠢᠳ᠎ᠤᠨ ᠪᠠᠬᠠᠷᠬᠠᠯ᠎ᠢ ᠶᠡᠬᠡᠳᠡ ᠲᠡᠳᠠᠭᠰᠠᠨ ᠪᠠᠢᠨ᠎ᠠ᠃
ᠡᠭᠦᠨ᠎ᠦ ᠬᠠᠮᠲᠤ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ᠎ᠦᠨ ᠬᠢᠨ ᠭᠤᠤᠯ ᠠᠷᠭ᠎ᠠ ᠵᠠᠮ᠂ ᠭᠤᠤᠯ ᠵᠢᠭ᠍ᠰᠠᠭᠠᠯ᠎ᠤᠨ ᠭᠠᠵᠠᠷ᠎ᠤᠨ ᠦᠶ᠋ᠯᠡᠳᠦᠯ᠎ᠢᠶᠡᠨ ᠢᠳᠡᠪᠬᠢᠲᠡᠶ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌᠎ᠪᠡᠷ ᠡᠭᠦᠷᠭᠡ ᠪᠠᠨ ᠪᠣᠯᠭᠠᠵᠤ᠂ 《ᠤᠩᠰᠢᠯᠭ᠎ᠠ᠎ᠳᠦ ᠤᠮᠠᠷᠠᠲᠤ ᠬᠢᠯᠢ》ᠵᠢᠨ ᠰᠣᠶᠣᠯ᠎ᠤᠨ ᠲᠥᠷᠥᠯ ᠲᠡᠮᠳᠡᠭ᠎ᠢ ᠡᠭᠦᠳᠪᠡ ; ᠪᠦᠬᠦ᠌ ᠠᠷᠠᠳ᠎ᠤᠨ ᠨᠣᠮ ᠤᠩᠱᠢᠯᠭ᠎ᠠ ᠪᠠ 《ᠲᠠᠯ᠎ᠠ ᠨᠤᠲᠤᠭ᠎ᠤᠨ ᠨᠣᠮ᠎ᠤᠨ ᠥᠷᠥᠭᠡ 》 ᠵᠡᠷᠭᠡ ᠣᠯᠠᠨ ᠨᠡᠢᠲᠡ᠎ᠶ᠋ᠢᠨ ᠰᠣᠶᠣᠯ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠠ ;《ᠬᠠᠪᠤ ᠴᠡᠨᠭᠭᠡᠯᠳᠤ ᠤᠨᠭᠰᠢᠯᠭ᠎ᠠ·ᠪᠢᠴᠢᠭ᠎ᠤᠨ ᠰᠤᠷᠪᠤᠯᠵᠢᠳᠦ ᠤᠮᠠᠷᠠᠲᠤ ᠬᠢᠯᠢ》᠎ᠶ᠋ᠢᠨ ᠪᠦᠬᠦ᠌ ᠠᠷᠠᠳ᠎ᠤᠨ ᠨᠤᠮ ᠤᠩᠱᠢᠯᠭ᠎ᠠ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠂ ᠨᠦᠯᠦᠭᠡᠯᠡᠬᠦ ᠬᠦᠴᠦᠨ ᠪᠠ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠠ; 33 ᠳ᠋ᠤᠭᠠᠷ ᠬᠤᠭᠤᠴᠠᠭᠠᠨ ᠤ ᠱᠢᠶᠠᠩᠭᠠᠩ ᠤᠨ ᠨᠣᠮ᠎ᠤᠨ ᠦᠵᠡᠰᠭᠦᠯᠡᠩ᠎ᠦᠨ ᠥᠪᠥᠷ ᠮᠣᠩᠭᠣᠯ᠎ᠤᠨ ᠭᠤᠤᠯ ᠰᠡᠳᠦᠪᠲᠦ ᠦᠵᠡᠰᠭᠦᠯᠡᠩ᠎ᠢ ᠠᠮᠵᠢᠯᠲᠠ᠎ᠲᠠᠶ ᠡᠷᠭᠢᠯᠡᠪᠠ ᠁ ᠡᠬᠦᠨ᠎ᠡᠴᠡ ᠭᠠᠳᠠᠨ᠎ᠠ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭ᠌ᠯᠡᠯ ᠪᠠᠰᠠ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ ᠪᠠ ᠦᠨᠳᠦᠰᠦᠲᠡᠨ᠎ᠦ ᠰᠣᠶᠣᠯ᠎ᠤᠨ ᠣᠬᠢ ᠰᠣᠳᠣ᠎ᠶ᠋ᠢ ᠭᠦᠨᠵᠡᠭᠡᠶ ᠠᠭᠤᠳᠠᠯᠤᠨ ᠤᠯᠠᠮᠵᠢᠯᠠᠬᠤ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠣᠨᠴᠠᠯᠢᠭ ᠪᠠ ᠰᠣᠶᠣᠯ᠎ᠤᠨ ᠠᠭᠤᠯᠤᠭ᠍ᠳᠠᠬᠤᠨ᠎ᠲᠠᠶ ᠠᠯᠢ ᠣᠯᠠᠨ ᠱᠢᠯᠢᠳᠡᠭ ᠬᠡᠪᠯᠡᠭ᠌ᠳᠡᠬᠦᠨ ᠪᠠ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠢ ᠭᠠᠷᠭᠠᠵᠤ ᠂ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠥᠪᠥᠷ ᠮᠣᠩᠭᠣᠯ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌᠎ᠳᠦ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠦᠬᠡᠷᠡᠴᠢᠯᠡᠯᠳᠡ ᠬᠢᠵᠦ ᠰᠢᠨ᠎ᠡ ᠵᠢ ᠡᠬᠦᠳᠴᠦ ᠶᠠᠰᠦ ᠴᠢᠨᠠᠷ ᠦᠷ᠎ᠡ ᠪᠦᠳᠦᠮᠵᠢ ᠵᠢ ᠲᠡᠭᠡᠭᠰᠢᠯᠡᠬᠦᠯᠦᠨ ᠬᠦᠳᠡᠯᠬᠡᠬᠦ ᠡᠨ᠋ᠸᠷᠬᠢ ᠵᠢ ᠬᠦᠴᠦᠷᠭᠡᠭᠵᠢᠬᠦᠯᠬᠦ ᠪᠡᠷ ᠴᠢᠷᠮᠠᠢᠪᠠ
ᠤᠯᠠᠮᠵᠢᠯᠠᠯᠳᠤ ᠨᠤᠮ ᠪᠢᠴᠢᠭ ᠤ᠋ᠨ ᠬᠡᠪᠯᠡᠯ ᠡᠴᠨ ᠲᠤᠭᠠᠴᠢᠯᠠᠬᠰᠠᠨ ᠬᠡᠪᠯᠡᠯ᠂ ᠲᠠᠭᠤᠳᠤ ᠨᠤᠮ᠂ ᠡᠯᠸᠺᠲᠷᠤᠨ ᠰᠡᠳᠬᠦᠯ ᠬᠦᠷᠳᠡᠯ᠎ᠡ᠂ ᠲᠠᠬᠢᠭᠠᠳ ᠰᠤᠶᠤᠯ ᠤ᠋ᠨ ᠡᠭᠦᠳᠦᠯᠲᠡ᠎ᠶ᠋ᠢᠨ ᠪᠦᠲᠦᠭᠡᠭ᠌ᠳᠡᠬᠦᠨ ᠤ᠋ ᠨᠡᠬᠡᠬᠡᠯᠳᠡ ᠬᠢᠭᠡᠳ ᠪᠤᠷᠤᠯᠠᠭᠤᠯᠭ᠎ᠠ ᠬᠦᠷᠳᠡᠯ᠎ᠡ᠂ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠰᠤᠶᠤᠯ ᠤ᠋ᠨ ᠠᠵᠤ ᠦᠢᠯᠡᠰ ᠤ᠋ᠨ ᠰᠢᠨ᠎ᠡ ᠡᠵᠡᠩᠨᠡᠯᠳᠡ ᠵᠢᠨ ᠬᠡᠯᠪᠡᠷᠢ᠂ ᠰᠢᠨ᠎ᠡ ᠬᠡᠪ ᠵᠠᠬᠪᠤᠷ ᠢ ᠢᠳᠡᠪᠬᠢᠳᠡᠢ ᠬᠠᠢᠨ ᠰᠦᠪᠡᠭᠴᠢᠯᠡᠵᠦ᠂ ᠲᠤᠬᠠᠢᠯᠠᠬᠰᠠᠨ ᠠᠵᠢᠯ ᠤ᠋ᠨ ᠬᠦᠷᠢᠶ᠎ᠡ ᠬᠡᠪᠴᠢᠶ᠎ᠡ ᠪᠠᠨ ᠲᠠᠰᠤᠷᠠᠯᠳᠠ ᠦᠬᠡᠢ ᠦᠷᠬᠡᠳᠬᠡᠨ᠂ ᠠᠵᠤ ᠦᠢᠯᠡᠰ ᠤ᠋ᠨ ᠬᠡᠯᠬᠢᠶ᠎ᠡ ᠵᠢ ᠤᠷᠳᠤᠳᠬᠠᠪᠠ᠃
ᠤᠯᠠᠮᠵᠢᠯᠠᠯᠳᠤ ᠬᠡᠪᠯᠡᠯ ᠤ᠋ᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠵᠢ ᠠᠬᠢᠭᠤᠯᠤᠨ᠂ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠤᠷᠢᠳ ᠬᠤᠵᠢᠳ 30 ᠭᠠᠷᠤᠢ ᠵᠦᠬᠡᠯᠡᠨ ᠲᠤᠨᠤᠬ ᠤ᠋ᠨ ᠲᠠᠪᠴᠠᠩ ᠢ ᠰᠤᠳᠤᠯᠤᠨ ᠨᠡᠬᠡᠬᠡᠵᠦ᠂ 160 ᠵᠦᠢᠯ ᠤ᠋ᠨ ᠺᠤᠮᠫᠢᠦ᠋ᠲᠸᠷ ᠤ᠋ᠨ ᠵᠦᠬᠡᠯᠡᠨ ᠲᠤᠨᠤᠬ ᠪᠦᠳᠦᠭᠡᠭᠰᠡᠨ ᠡᠷᠬᠡ ᠵᠢᠨ ᠲᠠᠩᠰᠠᠯᠠᠯᠳᠠ ᠵᠢᠨ ᠦᠨᠡᠮᠯᠡᠯ ᠤ᠋ᠨ ᠪᠢᠴᠢᠭ ᠪᠤᠯᠤᠨ 4 ᠵᠦᠢᠯ ᠤ᠋ᠨ ᠵᠦᠬᠡᠯᠡᠨ ᠲᠤᠨᠤᠬ ᠤ᠋ᠨ ᠦᠢᠯᠡᠳᠬᠦᠨ ᠤ᠋ ᠲᠠᠩᠰᠠᠯᠠᠯᠳᠠ ᠵᠢᠨ ᠦᠨᠡᠮᠯᠡᠯ ᠤ᠋ᠨ ᠪᠢᠴᠢᠭ ᠤᠯᠵᠠᠢ; ᠤᠯᠤᠰ ᠪᠠ ᠦᠪᠡᠷᠳᠡᠬᠡᠨ ᠵᠠᠰᠠᠬᠤ ᠤᠷᠤᠨ ᠤ᠋ ᠲᠡᠰ ᠤ᠋ᠨ ᠴᠢᠬᠤᠯᠠ ᠶᠡᠬᠡ ᠮᠡᠳᠡᠬᠡ ᠵᠠᠩᠬᠢᠵᠢᠯᠳᠠ ᠵᠢᠨ ᠰᠡᠳᠦᠪ ᠪᠤᠯᠤᠨ ᠲᠦᠷᠦᠯ ᠵᠦᠢᠯ ᠢ ᠤᠯᠠᠨᠳᠠ ᠵᠤᠬᠢᠶᠠᠨ ᠪᠠᠢᠭᠤᠯᠤᠨ ᠬᠡᠷᠡᠭᠵᠢᠬᠦᠯᠦᠭᠰᠡᠨ ᠪᠦᠬᠡᠳ ᠪᠡᠶᠡᠯᠡᠬᠦᠯᠵᠡᠢ; ᠰᠢᠨ᠎ᠡ ᠵᠠᠭᠤᠴᠢᠯᠠᠭᠤᠷ ᠤ᠋ᠨ ᠲᠠᠮᠵᠢᠭᠤᠯᠭ᠎ᠠ ᠵᠢᠨ ᠵᠢᠬᠰᠠᠭᠠᠯ ᠤ᠋ᠨ ᠭᠠᠵᠠᠷ ᠪᠤᠯᠤᠨ ᠠᠭᠤᠯᠭ᠎ᠠ ᠵᠢᠨ ᠲᠠᠮᠵᠢᠭᠤᠯᠭ᠎ᠠ ᠵᠢᠨ ᠬᠦᠷᠬᠡᠬᠦ ᠲᠠᠪᠴᠠᠩ ᠤ᠋ᠨ ᠰᠢᠰᠲᠸᠮ ᠠᠩᠬ᠎ᠠ ᠠᠯᠬᠤᠮ ᠬᠡᠪᠴᠢᠶᠡᠵᠢᠵᠦ᠂ ᠠᠵᠢᠯ ᠲᠦᠷᠦᠯ ᠤ᠋ᠨ ᠵᠢᠡᠨ ᠲᠤᠮᠳᠠ 《ᠠᠵᠢᠯ ᠲᠦᠷᠦᠯ ᠤ᠋ᠨ ᠲᠤᠮᠤ ᠳ᠋ᠠᠢᠲ᠋ᠠ》 ᠵᠢᠨ ᠲᠠᠪᠴᠠᠩ ᠪᠤᠯᠤᠨ ᠬᠡᠪ ᠵᠠᠬᠪᠤᠷ ᠢ ᠪᠦᠬᠦ ᠤᠯᠤᠰ ᠲᠸ᠋ ᠡᠩ ᠲᠡᠷᠢᠬᠦᠨ᠎ᠳᠤ ᠪᠡᠶᠡᠯᠡᠬᠦᠯᠵᠡᠢ᠃ ᠨᠢᠳᠤᠨᠤᠨ ᠵᠢᠯ ᠡᠴᠨ ᠡᠬᠢᠯᠡᠬᠡᠳ᠂ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠤᠶᠤᠨᠴᠢ ᠬᠦᠮᠦᠵᠢᠯ ᠤ᠋ᠨ ᠲᠠᠪᠴᠠᠩ ᠤ᠋ᠨ ᠪᠦᠳᠦᠬᠡᠨ ᠪᠠᠢᠭᠤᠯᠤᠯᠳᠠ ᠵᠢ ᠢᠳᠡᠪᠬᠢᠳᠡᠢ ᠠᠬᠢᠭᠤᠯᠤᠨ᠂ ᠤᠯᠠᠮᠵᠢᠯᠠᠯᠳᠤ ᠵᠢᠭᠠᠬᠤ ᠮᠠᠲᠸᠷᠢᠶᠠᠯ ᠤ᠋ᠨ ᠪᠠᠢᠯᠳᠤᠬᠤ ᠪᠤᠳᠤᠯᠭ᠎ᠠ ᠵᠢᠨ ᠬᠡᠯᠪᠡᠷᠢ ᠪᠠᠨ ᠬᠤᠪᠢᠷᠠᠭᠤᠯᠬᠤ ᠶᠠᠪᠤᠳᠠᠯ ᠢ ᠠᠬᠢᠭᠤᠯᠤᠨ᠂ ᠬᠦᠭᠵᠢᠯᠳᠡ ᠵᠢᠨ ᠰᠢᠨ᠎ᠡ ᠲᠠᠪᠠᠭᠤᠯᠢᠬ ᠢ ᠲᠠᠰᠤᠷᠠᠯᠳᠠ ᠦᠬᠡᠢ ᠪᠤᠢ ᠪᠤᠯᠭᠠᠵᠦ᠂ ᠬᠦᠭᠵᠢᠯᠳᠡ ᠵᠢᠨ ᠰᠢᠨ᠎ᠡ ᠤᠷᠤᠯᠳᠤᠭᠠᠨ ᠤ᠋ ᠵᠠᠮ ᠢ ᠨᠡᠬᠡᠬᠡᠨ᠂ ᠬᠦᠭᠵᠢᠯᠳᠡ ᠵᠢᠨ ᠰᠢᠨ᠎ᠡ ᠬᠦᠳᠡᠯᠬᠡᠬᠦ ᠡᠨ᠋ᠸᠷᠬᠢ ᠵᠢ ᠪᠤᠢᠵᠢᠭᠤᠯᠪᠠ᠃
ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠭᠠᠳᠠᠭᠠᠳᠤ ᠳ᠋ᠸ᠋ ᠴᠢᠭᠯᠡᠬᠦᠯᠦᠭᠰᠡᠨ ᠬᠡᠪᠯᠡᠯ ᠤ᠋ᠨ ᠠᠵᠢᠯ ᠢ ᠶᠡᠬᠡ ᠪᠡᠷ ᠠᠬᠢᠭᠤᠯᠤᠨ᠂ 《ᠲᠤᠮᠳᠠᠳᠤ ᠤᠯᠤᠰ ᠤ᠋ᠨ ᠦᠯᠢᠬᠡᠷ》 ᠢ᠋ ᠰᠠᠢᠳᠤᠷ ᠶᠠᠷᠢᠬᠤ ᠵᠢ ᠵᠤᠷᠢᠵᠤ᠂ ᠬᠦᠷᠰᠢ ᠤᠯᠤᠰ ᠲᠡᠢᠰᠢ ᠲᠤᠮᠳᠠᠳᠤ ᠵᠢᠨ ᠰᠢᠯᠢᠳᠡᠭ ᠰᠤᠶᠤᠯ ᠢ ᠲᠠᠮᠵᠢᠭᠤᠯᠤᠨ᠂ ᠲᠤᠮᠳᠠᠳᠤ ᠵᠢᠨ ᠰᠤᠶᠤᠯ ᠤ᠋ᠨ 《ᠭᠠᠷᠴᠤ ᠶᠠᠪᠤᠬᠤ》ᠯᠠᠪᠳᠠᠭᠤᠨ ᠪᠠᠳᠤ ᠬᠦᠬᠦᠷᠬᠡ ᠬᠤᠯᠪᠤᠭᠠᠰᠤ ᠵᠢ ᠰᠠᠢᠳᠤᠷ ᠴᠤᠬᠴᠠᠯᠠᠬᠤ ᠵᠢᠨ ᠬᠠᠮᠳᠤ᠂ 《ᠲᠤᠮᠳᠠᠳᠤ ᠤᠯᠤᠰ ᠤ᠋ᠨ ᠨᠤᠮ ᠪᠢᠴᠢᠭ ᠤ᠋ᠨ ᠤᠩᠰᠢᠯᠭ᠎ᠠ ᠵᠢᠨ ᠲᠠᠰᠤᠬ》᠂《〈ᠨᠠᠬᠢᠶ᠎ᠠ〉 ᠲᠤᠮᠳᠠᠳᠤ ᠮᠤᠩᠭᠤᠯ ᠤ᠋ᠨ ᠬᠡᠪᠯᠡᠯ ᠤ᠋ᠨ ᠰᠤᠯᠢᠯᠴᠠᠭᠠᠨ ᠤ᠋ ᠢᠨᠵᠸᠨ᠋ᠸᠷᠢᠩ》ᠵᠡᠷᠬᠡ 《ᠭᠠᠷᠴᠤ ᠶᠠᠪᠤᠬᠤ》ᠲᠦᠷᠦᠯ ᠲᠡᠮᠳᠡᠭ ᠤ᠋ᠨ ᠢᠨᠵᠸᠨ᠋ᠸᠷᠢᠩ ᠢ ᠦᠷᠬᠦᠯᠵᠢᠯᠡᠨ ᠬᠡᠷᠡᠭᠵᠢᠬᠦᠯᠵᠦ᠂ ᠰᠢᠨ᠎ᠡ ᠬᠡᠯᠪᠡᠷᠢ ᠪᠠᠢᠳᠠᠯ᠂ ᠰᠢᠨ᠎ᠡ ᠠᠷᠭ᠎ᠠ ᠵᠠᠮ ᠳ᠋ᠸ᠋ ᠰᠠᠭᠤᠷᠢᠯᠠᠨ᠂ 《ᠠᠽᠢᠶ᠎ᠠ ᠲᠢᠪ ᠤ᠋ᠨ ᠰᠤᠩᠭᠤᠳᠠᠬ ᠵᠤᠬᠢᠶᠠᠯ ᠢ ᠬᠠᠷᠢᠯᠴᠠᠨ ᠤᠷᠴᠢᠭᠤᠯᠬᠤ》ᠵᠡᠷᠬᠡ ᠭᠠᠳᠠᠭᠠᠳᠤ ᠳ᠋ᠸ᠋ ᠴᠢᠭᠯᠡᠬᠦᠯᠦᠭᠰᠡᠨ ᠬᠡᠪᠯᠡᠯ ᠤ᠋ᠨ ᠢᠨᠵᠸᠨ᠋ᠸᠷᠢᠩ ᠢ ᠤᠬᠠᠭᠠᠯᠠᠨ ᠲᠦᠰᠦᠪᠯᠡᠵᠦ ᠬᠡᠷᠡᠭᠵᠢᠬᠦᠯᠬᠦ ᠵᠢ ᠢᠳᠡᠪᠬᠢᠳᠡᠢ ᠠᠬᠢᠭᠤᠯᠤᠨ᠂ ᠭᠠᠳᠠᠭᠠᠳᠤ ᠳ᠋ᠸ᠋ ᠴᠢᠭᠯᠡᠬᠦᠯᠦᠭᠰᠡᠨ ᠬᠡᠪᠯᠡᠯ ᠤ᠋ᠨ ᠰᠤᠯᠢᠯᠴᠠᠭᠠᠨ ᠤ᠋ ᠠᠷᠭ᠎ᠠ ᠵᠠᠮ ᠢ ᠦᠷᠬᠡᠳᠬᠡᠪᠡ᠃
ᠤᠯᠠᠨ ᠠᠷᠭ᠎ᠠ ᠵᠠᠮ᠂ ᠤᠯᠠᠨ ᠬᠡᠯᠪᠡᠷᠢ ᠵᠢᠨ ᠬᠠᠮᠵᠢᠯᠴᠠᠭ᠎ᠠ ᠵᠢ ᠡᠷᠢᠯᠬᠢᠯᠡᠬᠦ ᠵᠢᠨ ᠲᠤᠯᠠᠳᠠ᠂ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠤᠷᠢᠳ ᠬᠤᠵᠢᠳ ᠵᠢᠶᠠᠩᠰᠤ ᠵᠢᠨ ᠭᠠᠷᠤᠳᠢ ᠬᠡᠪᠯᠡᠯ ᠵᠠᠭᠤᠴᠢᠯᠠᠭᠤᠷ ᠤ᠋ᠨ ᠪᠦᠯᠦᠭᠯᠡᠯ᠂ ᠱᠠᠨᠳ᠋ᠦ᠋ᠩ ᠤ᠋ᠨ ᠬᠡᠪᠯᠡᠯ ᠤ᠋ᠨ ᠪᠦᠯᠦᠭᠯᠡᠯ᠂ ᠭᠤᠸᠠᠩᠳ᠋ᠦ᠋ᠩ ᠤ᠋ᠨ ᠬᠡᠪᠯᠡᠯ ᠤ᠋ᠨ ᠪᠦᠯᠦᠭᠯᠡᠯ᠂ ᠰᠢᠶᠠᠩᠭᠠᠩ ᠤ᠋ᠨ ᠬᠤᠯᠪᠤᠭᠠᠳᠤ ᠬᠡᠪᠯᠡᠯ ᠤ᠋ᠨ ᠪᠦᠯᠦᠭᠯᠡᠯ᠂ ᠬᠢᠷᠢᠨ ᠤ᠋ ᠬᠡᠪᠯᠡᠯ ᠤ᠋ᠨ ᠪᠦᠯᠦᠭᠯᠡᠯ ᠵᠡᠷᠬᠡ ᠠᠵᠢᠯ ᠲᠦᠷᠦᠯ ᠤ᠋ᠨ ᠲᠤᠯᠤᠭᠠᠢᠯᠠᠬᠴᠢ ᠠᠵᠤ ᠠᠬᠤᠢᠯᠠᠯ ᠲᠠᠢ ᠪᠠᠢᠯᠳᠤᠬᠤ ᠪᠤᠳᠤᠯᠭ᠎ᠠ ᠵᠢᠨ ᠬᠠᠮᠳᠤᠷᠠᠯᠴᠠᠭᠠᠨ ᠤ᠋ ᠬᠡᠯᠡᠯᠴᠡᠬᠡᠷ ᠲᠦ᠍ ᠭᠠᠷ ᠤ᠋ᠨ ᠦᠰᠦᠭ ᠵᠢᠷᠤᠪᠠ᠃ ᠬᠡᠪᠯᠡᠨ ᠲᠠᠷᠬᠠᠭᠠᠬᠤ᠂ ᠤᠶᠤᠨᠴᠢ ᠰᠤᠷᠭᠠᠨ ᠬᠦᠮᠦᠵᠢᠯ᠂ ᠵᠠᠭᠤᠴᠢᠯᠠᠭᠤᠷ ᠤ᠋ᠨ ᠲᠤᠬᠠᠢᠯᠠᠬᠰᠠᠨ ᠠᠵᠢᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠤᠶᠤᠯ ᠤ᠋ᠨ ᠡᠭᠦᠳᠦᠯᠳᠡ ᠵᠢᠨ ᠪᠦᠳᠦᠭᠡᠭᠳᠡᠬᠦᠨ᠂ ᠲᠠᠸᠠᠷ ᠤ᠋ᠨ ᠠᠷᠠᠯᠵᠢᠶ᠎ᠠ᠂ ᠴᠢᠳᠠᠪᠤᠷᠢᠳᠠᠨ ᠢ ᠬᠦᠮᠦᠵᠢᠬᠦᠯᠬᠦ ᠵᠡᠷᠬᠡ ᠲᠠᠯ᠎ᠠ ᠵᠢᠨ ᠰᠤᠯᠢᠯᠴᠠᠭ᠎ᠠ ᠬᠠᠮᠵᠢᠯᠴᠠᠭ᠎ᠠ ᠵᠢ ᠬᠦᠨᠵᠡᠬᠡᠢᠷᠡᠬᠦᠯᠬᠦ ᠪᠡᠷ ᠲᠠᠮᠵᠢᠭᠤᠯᠤᠨ᠂ ᠠᠵᠢᠯ ᠲᠦᠷᠦᠯ ᠤ᠋ᠨ ᠲᠤᠯᠤᠭᠠᠢᠯᠠᠬᠴᠢ ᠠᠵᠤ ᠠᠬᠤᠢᠯᠠᠯ ᠤ᠋ᠨ ᠲᠡᠷᠢᠬᠦᠨ ᠤ᠋ ᠲᠤᠷᠰᠢᠯᠭ᠎ᠠ ᠪᠤᠯᠤᠨ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠬᠡᠪᠯᠡᠯ ᠤ᠋ᠨ ᠦᠢᠯᠡᠰ ᠤ᠋ᠨ ᠬᠦᠭᠵᠢᠯᠳᠡ ᠵᠢ ᠲᠦᠷᠬᠡᠳᠬᠡᠬᠦ ᠳ᠋ᠸ᠋ ᠰᠢᠨ᠎ᠡ ᠬᠦᠳᠡᠯᠬᠡᠬᠦ ᠡᠨ᠋ᠸᠷᠬᠢ ᠤᠯᠭᠤᠪᠠ᠃
ᠰᠢᠨ᠎ᠡ ᠵᠢ ᠡᠬᠦᠳᠬᠦ ᠴᠢᠳᠠᠪᠤᠷᠢ ᠵᠢᠨ ᠲᠠᠰᠤᠷᠠᠯᠳᠠ ᠦᠬᠡᠢ ᠲᠡᠭᠡᠭᠰᠢᠯᠡᠬᠦ ᠵᠢ ᠲᠠᠭᠠᠯᠳᠤᠨ᠂ ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠤ᠋ᠨ ᠶᠡᠷᠦᠩᠬᠡᠢᠯᠡᠭᠰᠡᠨ ᠪᠤᠳᠠᠳᠤ ᠬᠦᠴᠦᠨ ᠲᠠᠰᠤᠷᠡᠯᠳᠠ ᠦᠬᠡᠢ ᠴᠢᠩᠭᠠᠷᠠᠵᠦ᠂ ᠪᠦᠬᠦ ᠡᠳ᠋ ᠬᠦᠷᠦᠩᠬᠡ 34.58 ᠳ᠋ᠦ᠋ᠩᠰᠢᠭᠤᠷ ᠲᠦᠬᠦᠷᠢᠭ ᠲᠦ᠍ ᠬᠦᠷᠴᠦ᠂ ᠴᠡᠪᠡᠷ ᠡᠳ᠋ ᠬᠦᠷᠦᠩᠬᠡ 26.06 ᠳ᠋ᠦᠩᠰᠢᠭᠤᠷ ᠲᠦᠬᠦᠷᠢᠭ ᠲᠦ᠍ ᠬᠦᠷᠴᠦ᠂ ᠡᠵᠡᠩᠨᠡᠯᠳᠡ ᠵᠢᠨ ᠶᠠᠷᠦᠨᠭᠭᠡᠢ ᠤᠷᠤᠯᠭ᠎ᠠ 100 ᠳ᠋ᠦ᠋ᠩᠰᠢᠭᠤᠷ ᠲᠦᠬᠦᠷᠢᠭ᠎ᠢ ᠪᠡᠶᠡᠯᠡᠬᠦᠯᠦᠭᠰᠡᠨ ᠪᠦᠬᠡᠳ ᠤᠯᠠᠨ ᠵᠢᠯ ᠲᠠᠷᠠᠭᠠᠯᠠᠨ ᠦᠪᠡᠷᠳᠡᠬᠡᠨ ᠵᠠᠰᠠᠬᠤ ᠤᠷᠤᠨ ᠤ᠋ ᠰᠢᠯᠢᠳᠡᠭ ᠠᠵᠤ ᠠᠬᠤᠢᠯᠠᠯ ᠵᠢᠡᠷ ᠦᠨᠡᠯᠡᠭᠳᠡᠨ᠂ ᠦᠪᠡᠷᠳᠡᠬᠡᠨ ᠵᠠᠰᠠᠬᠤ ᠤᠷᠤᠨ ᠤ᠋ ᠰᠢᠭᠤᠳ ᠬᠠᠷᠢᠶ᠎ᠠ ᠤᠯᠤᠰ ᠤ᠋ᠨ ᠦᠮᠴᠢᠯᠡᠯ᠎ᠤᠨ ᠠᠵᠤ ᠠᠬᠤᠢᠯᠠᠯ ᠤ᠋ᠨ ᠡᠮᠦᠨ᠎ᠡ ᠡᠩᠨᠡᠭᠡᠨ᠎ᠳᠦ ᠤᠷᠤᠪᠠ᠃
ᠦᠪᠦᠷ ᠮᠤᠩᠭᠤᠯ ᠤ᠋ᠨ ᠬᠡᠪᠯᠡᠯ ᠤ᠋ᠨ ᠪᠦᠯᠦᠭᠯᠡᠯ ᠤ᠋ᠨ ᠨᠠᠮ ᠤ᠋ᠨ ᠬᠤᠷᠢᠶ᠎ᠠ ᠵᠢᠨ ᠱᠦᠵᠢ᠂ ᠬᠡᠷᠡᠭ ᠮᠡᠳᠡᠭᠴᠢᠳ ᠤ᠋ᠨ ᠲᠠᠷᠤᠭ᠎ᠠ ᠸᠠᠩ ᠶᠠ ᠳ᠋ᠦᠩ᠄ 《〈ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ 10 ᠬᠦᠴᠦᠷᠭᠡᠭ ᠰᠤᠶᠤᠯ ᠤ᠋ᠨ ᠠᠵᠤ ᠠᠬᠤᠢᠯᠠᠯ 〉 ᠪᠤᠯᠤᠬᠰᠠᠨ ᠤ᠋ ᠬᠤᠪᠢ ᠳ᠋ᠸ᠋᠂ ᠪᠢᠳᠡ ᠨᠠᠮ ᠤ᠋ᠨ ᠬᠤᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠤ᠋ᠨ ᠵᠤᠷᠢᠬ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠲᠦᠷᠦᠯ ᠤ᠋ᠨ ᠬᠡᠪ ᠲᠠᠭᠤᠷᠢᠶᠠᠯ ᠠᠵᠤ ᠠᠬᠤᠢᠯᠠᠯ ᠵᠢᠡᠷ ᠪᠠᠷᠢᠮᠵᠢᠶᠠᠯᠠᠨ᠂ ᠵᠦᠷᠢᠶ᠎ᠡ ᠪᠡᠨ ᠡᠷᠢᠨ ᠲᠡᠭᠡᠭᠰᠢᠯᠡᠬᠦᠯᠬᠦ ᠵᠢ ᠠᠬᠢᠭᠤᠯᠵᠦ᠂ ᠰᠢᠨ᠎ᠡ ᠵᠢ ᠡᠬᠦᠳᠦᠨ ᠪᠤᠳᠠᠳᠠᠢ ᠬᠢᠵᠦ ᠬᠦᠭᠵᠢᠯᠳᠡ ᠵᠢ ᠡᠷᠢᠯᠬᠢᠯᠡᠵᠦ᠂ ᠵᠢᠱ᠌ᠢᠶ᠎ᠡ ᠦᠵᠡᠬᠦᠯᠦᠨ ᠬᠦᠳᠦᠯᠦᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠬᠡᠪᠯᠡᠯ ᠤ᠋ᠨ ᠦᠢᠯᠡᠰ ᠤ᠋ᠨ ᠨᠡᠩ ᠢᠯᠡᠬᠦᠦ ᠤᠶᠤᠨ ᠴᠢᠳᠠᠪᠬᠢᠳᠤ᠂ ᠴᠢᠨᠠᠷ ᠰᠠᠢᠳᠠᠢ ᠲᠡᠢᠰᠢ ᠬᠦᠭᠵᠢᠬᠦ ᠵᠢ ᠠᠬᠢᠭᠤᠯᠤᠨ᠂ ᠦᠪᠦᠷ ᠮᠤᠩᠭᠤᠯ ᠤ᠋ᠨ ᠬᠡᠪᠯᠡᠯ ᠤ᠋ᠨ ᠠᠯᠳᠠᠨ ᠦᠰᠦᠭᠳᠦ ᠫᠠᠢᠰᠠ ᠵᠢ ᠪᠦᠬᠦ ᠬᠦᠴᠦᠨ ᠵᠢᠡᠷ ᠴᠤᠬᠴᠠᠯᠠᠵᠦ᠂ ᠰᠤᠶᠤᠯ ᠤ᠋ᠨ ᠬᠦᠴᠦᠷᠭᠡᠭ ᠤᠷᠤᠨ᠎ᠦ ᠪᠦᠳᠦᠬᠡᠨ ᠪᠠᠢᠭᠤᠯᠤᠯᠳᠠ ᠳ᠋ᠸ᠋ ᠦᠪᠦᠷ ᠮᠤᠩᠭᠤᠯ ᠤ᠋ᠨ ᠬᠡᠪᠯᠡᠯ ᠤ᠋ᠨ ᠬᠢᠨ ᠤ ᠬᠦᠴᠦᠨ ᠴᠢᠳᠠᠯ ᠵᠢᠡᠨ ᠨᠠᠮᠠᠷᠢᠯᠠᠨ᠎ᠠ》 ᠬᠡᠪᠡ᠃