ᠰᠣᠶᠣᠯ ᠵᠢᠭᠤᠯᠴᠢᠯᠠᠯ ᠢ᠋ ᠠᠭᠤᠰᠤᠯᠴᠠᠭᠤᠯᠵᠤ ᠡᠯᠡᠰᠦ ᠮᠠᠡᠭᠬᠠᠨ᠎ᠤ ᠵᠢᠭᠤᠯᠴᠢᠯᠠᠯ ᠤ᠋ᠨ ᠲᠦᠷᠦᠯ ᠳᠡᠮᠳᠡᠭ ᠢ᠋ ᠴᠤᠭᠴᠠᠯᠠᠨ᠎ᠠ
2024-09-18 10:02:44
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

᠊᠊᠊᠊᠊᠊  ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠠᠬᠤᠢᠯᠠᠯ ᠤ᠋ᠨ ᠠᠷᠪᠠᠨ ᠬᠦᠴᠦᠷᠬᠡᠭ ᠤ᠋ᠨ ᠨᠢᠭᠡ ᠪᠤᠯᠤᠬᠰᠠᠨ ᠥᠪᠥᠷ ᠮᠣᠩᠭᠣᠯ ᠤ᠋ᠨ ᠪᠦᠷᠢᠶ᠎ᠡ ᠮᠠᠩᠬ᠎ᠠ ᠵᠢᠨ ᠵᠢᠭᠤᠯᠴᠢᠯᠠᠯ ᠤ᠋ᠨ ᠺᠣᠮᠫᠠᠨᠢ

 

ᠡᠨᠡ ᠵᠢᠯ 《2024·ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠠᠵᠤ ᠠᠬᠤᠢᠯᠠᠯ ᠤ᠋ᠨ 10 ᠬᠦᠴᠦᠷᠬᠡᠭ 》 ᠵᠢᠡᠷ ᠦᠨᠡᠯᠡᠭᠳᠡᠭᠰᠡᠨ ᠥᠪᠥᠷ ᠮᠣᠩᠭᠣᠯ ᠤ᠋ᠨ ᠪᠦᠷᠢᠶ᠎ᠡ ᠮᠠᠩᠬ᠎ᠠ ᠵᠢᠨ ᠵᠢᠭᠤᠯᠴᠢᠯᠠᠯ ᠤ᠋ᠨ ᠺᠣᠮᠫᠠᠨᠢ ᠪᠣᠯ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ᠂ 1999 ᠣᠨ ᠳ᠋ᠦ᠍ ᠪᠠᠢᠭᠤᠯᠤᠭᠳᠠᠵᠠᠢ᠃ 25 ᠵᠢᠯ ᠤ᠋ᠨ ᠲᠤᠷᠰᠢ᠂ ᠲᠤᠰ ᠺᠣᠮᠫᠠᠨᠢ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠡᠯᠡᠰᠦ ᠮᠠᠡᠭᠬᠠᠨ᠎ᠤ ᠵᠢᠭᠤᠯᠴᠢᠯᠠᠯ ᠠᠮᠠᠷᠠᠯᠳᠠ ᠵᠢᠨ ᠲᠦᠷᠦᠯ ᠲᠡᠮᠳᠡᠭ ᠢ᠋ ᠡᠭᠦᠳᠬᠦ᠌ ᠱᠢᠨ᠎ᠡ ᠵᠠᠮ ᠢ᠋ ᠨᠡᠭᠡᠭᠡᠵᠦ᠍᠂ ᠤᠮᠠᠷᠠᠲᠤ ᠬᠢᠯᠢ ᠵᠢᠨ ᠰᠣᠶᠣᠯ ᠤ᠋ᠨ ᠲᠦᠷᠦᠯ ᠲᠡᠮᠳᠡᠭ ᠢ᠋ ᠬᠠᠩᠭᠢᠨᠠᠭᠤᠯᠬᠤ ᠴᠢᠬᠤᠯᠠ ᠬᠦᠴᠦᠨ ᠪᠣᠯᠤᠭᠰᠠᠨ ᠪᠠᠢᠨ᠎ᠠ᠃

《ᠵᠢᠭᠤᠯᠴᠢᠯᠠᠯ ᠤ᠋ᠨ ᠦᠢᠯᠡᠳᠬᠦᠨ》 ᠤ᠋ ᠬᠥᠭᠵᠢᠯᠲᠡ ᠵᠢᠨ ᠪᠠᠢᠷᠢᠱᠢᠯ ᠢ᠋ ᠪᠤᠢ ᠪᠣᠯᠭᠠᠨ᠎ᠠ

ᠥᠪᠥᠷ ᠮᠣᠩᠭᠣᠯ ᠤ᠋ᠨ ᠪᠦᠷᠢᠶ᠎ᠡ ᠮᠠᠩᠬ᠎ᠠ ᠵᠢᠨ ᠵᠢᠭᠤᠯᠴᠢᠯᠠᠯ ᠤ᠋ᠨ ᠺᠣᠮᠫᠠᠨᠢ ᠪᠠᠢᠭᠤᠯᠤᠭᠳᠠᠭᠰᠠᠨ ᠡᠬᠢᠨ᠎ᠦ ᠦᠶ᠎ᠡ᠎ᠳᠡᠭᠡᠨ ᠰᠣᠶᠣᠯ ᠵᠢᠭᠤᠯᠴᠢᠯᠠᠯ ᠤ᠋ᠨ ᠠᠭᠤᠰᠤᠯᠴᠠᠨ ᠬᠥᠭᠵᠢᠬᠦ᠌ ᠣᠢᠯᠠᠭᠠᠭᠳᠠᠬᠤᠨ ᠢ᠋ ᠲᠡᠭᠡᠳᠤ ᠬᠡᠮᠵᠢᠶ᠎ᠡ᠎ᠪᠡᠷ ᠮᠡᠳᠡᠷᠡᠵᠦ᠍᠂ 《ᠵᠢᠭᠤᠯᠴᠢᠯᠠᠯ ᠤ᠋ᠨ ᠦᠢᠯᠡᠳᠬᠦᠨ》 ᠤ᠋ ᠤᠬᠠᠭᠳᠠᠬᠤᠨ ᠢ᠋ ᠵᠣᠷᠢᠭᠲᠠᠶ᠎ᠪᠠᠷ ᠱᠢᠨ᠎ᠡ᠎ᠶᠢ ᠡᠭᠦᠳᠦᠨ ᠳᠤᠷᠠᠳᠴᠤ᠌ ᠂ ᠪᠦᠬᠦᠢᠯᠡ ᠦᠵᠡᠮᠵᠢ ᠵᠢᠨ ᠣᠷᠣᠨ ᠵᠢᠴᠢ ᠦᠢᠯᠡᠴᠢᠯᠡᠭᠡ ᠵᠤᠭ᠎ᠠ ᠴᠡᠩᠭᠡᠯ ᠲᠣᠭᠯᠠᠯᠲᠠ ᠵᠡᠷᠭᠡ ᠲᠥᠷᠥᠯ ᠵᠦᠢᠯ ᠢ᠋ ᠴᠥᠮ ᠵᠢᠭᠤᠯᠴᠢᠯᠠᠯ ᠤ᠋ᠨ ᠦᠢᠯᠡᠳᠬᠦᠨ ᠪᠣᠯᠭᠠᠨ ᠴᠣᠭᠴᠠᠯᠠᠪᠠ᠃

《ᠪᠢᠳᠡ ᠵᠢᠭᠤᠯᠴᠢᠯᠠᠯ ᠤ᠋ᠨ ᠣᠷᠣᠨ ᠤ᠋ ᠬᠥᠭᠵᠢᠯᠲᠡ ᠵᠢᠨ ᠦᠢᠯᠡᠳᠦᠯᠭᠡ ᠳᠤᠮᠳᠠ ᠵᠢᠭᠤᠯᠴᠢᠯᠠᠯ ᠪᠣᠯ ᠰᠣᠶᠣᠯ ᠤ᠋ᠨ ᠬᠥᠭᠵᠢᠯᠲᠡ ᠵᠢᠨ ᠲᠠᠪᠴᠠᠩ᠂ ᠰᠣᠶᠣᠯ ᠪᠣᠯ ᠵᠢᠭᠤᠯᠴᠢᠯᠠᠯ ᠤ᠋ᠨ ᠬᠥᠭᠵᠢᠯᠲᠡ ᠵᠢᠨ ᠠᠮᠢᠨ ᠰᠦᠨᠡᠰᠦ᠂ ᠰᠣᠶᠣᠯ ᠪᠠ ᠵᠢᠭᠤᠯᠴᠢᠯᠠᠯ ᠬᠠᠷᠢᠯᠴᠠᠨ ᠲᠦᠱᠢᠭᠯᠡᠯᠴᠡᠨ ᠤᠷᠤᠰᠢᠵᠤ᠂ ᠬᠠᠷᠢᠯᠴᠠᠨ ᠠᠬᠢᠭᠤᠯᠵᠤ ᠪᠠᠢᠨ᠎ᠠ ᠭᠡᠳᠡᠭ ᠢ᠋ ᠭᠡᠷᠡᠴᠢᠯᠡᠭᠰᠡᠨ ᠶᠤᠮ》 ᠭᠡᠵᠤ ᠲᠤᠰ ᠺᠣᠮᠫᠠᠨᠢ ᠵᠢᠨ ᠨᠠᠮ ᠤ᠋ᠨ ᠬᠣᠷᠢᠶᠠᠨ ᠤ᠋ ᠱᠦᠵᠢ ᠯᠢ ᠮᠢᠩ ᠺᠧ ᠬᠡᠯᠡᠨ᠎ᠠ᠃

ᠲᠤᠰ ᠺᠣᠮᠫᠠᠨᠢ ᠵᠢᠨ ᠦᠨᠳᠦᠰᠦᠲᠡᠨ᠎ᠦ ᠤᠷᠠᠯᠢᠭ ᠤ᠋ᠨ ᠪᠦᠯᠬᠦᠮ ᠤ᠋ᠨ ᠵᠣᠬᠢᠶᠠᠨ ᠪᠦᠲᠦᠭᠡᠵᠦ᠍ ᠲᠤᠬᠯᠠᠬᠰᠠᠨ ᠲᠤᠮᠤ ᠬᠡᠯᠪᠡᠷᠢ ᠵᠢᠨ ᠦᠨᠳᠦᠰᠦᠲᠡᠨ᠎ᠦ ᠳᠠᠭᠤᠤ ᠪᠥᠵᠢᠭᠲᠦ ᠵᠦᠴᠦᠭᠡ 《ᠤᠷᠳᠤᠰ ᠬᠤᠷᠢᠮ ᠤ᠋ᠨ ᠶᠣᠰᠣᠯᠠᠯ》 ᠨᠢ 20 ᠭᠠᠷᠤᠢ ᠵᠢᠯ ᠤ᠋ᠨ ᠲᠤᠷᠰᠢ᠂ ᠦᠵᠡᠮᠵᠢ ᠵᠢᠨ ᠣᠷᠣᠨ ᠤ᠋ ᠤᠯᠠᠮᠵᠢᠯᠠᠯᠲᠤ ᠲᠣᠭᠯᠠᠯᠲᠠ ᠪᠣᠯᠤᠭᠰᠠᠨ ᠪᠠᠢᠨ᠎ᠠ; ᠦᠵᠡᠮᠵᠢ ᠵᠢᠨ ᠣᠷᠣᠨ ᠵᠢᠯ ᠪᠦᠷᠢ ᠳᠡᠯᠡᠬᠡᠢ ᠵᠢᠨ ᠡᠯ᠎ᠡ ᠭᠠᠵᠠᠷ᠎ᠠᠴᠠ ᠤᠷᠠᠯᠢᠭ ᠤ᠋ᠨ ᠪᠦᠯᠬᠦᠮ ᠢ᠋ ᠣᠷᠣᠭᠤᠯᠤᠨ ᠠᠪᠴᠢᠷᠠᠵᠤ ᠲᠣᠭᠯᠠᠯᠳᠠ ᠵᠢᠨ ᠡᠩᠨᠡᠭᠡ ᠪᠠᠨ ᠪᠤᠵᠠᠭᠠᠢᠷᠠᠭᠤᠯᠵᠤ᠂ ᠵᠢᠭᠤᠯᠴᠢᠯᠠᠬᠰᠠᠳ᠎ᠲᠤ ᠬᠠᠷᠢ ᠤᠯᠤᠰ ᠤ᠋ᠨ ᠵᠠᠩ ᠦᠢᠯᠡ ᠪᠠ ᠬᠠᠷᠢ ᠤᠯᠤᠰ ᠤ᠋ᠨ ᠰᠣᠶᠣᠯ ᠢ᠋ ᠪᠡᠶᠡᠴᠢᠯᠡᠨ ᠣᠢᠯᠠᠭᠠᠭᠤᠯᠳᠠᠭ; ᠦᠵᠡᠮᠵᠢ ᠵᠢᠨ ᠣᠷᠣᠨ ᠤ᠋ ᠤᠷᠠᠯᠢᠭ ᠤ᠋ᠨ ᠪᠦᠯᠬᠦᠮ ᠪᠠᠰᠠ ᠦᠷᠭᠦᠯᠵᠢ ᠵᠢᠭᠤᠯᠴᠢᠯᠠᠯ ᠤ᠋ᠨ ᠰᠡᠯᠡᠬᠦᠦ ᠤᠯᠠᠷᠢᠯ ᠳ᠋ᠦ᠍ 《ᠭᠠᠳᠠᠭᠰᠢ ᠭᠠᠷᠴᠤ᠌》᠂ ᠪᠥᠬᠥ᠌ ᠤᠯᠤᠰ ᠪᠠ ᠳᠡᠯᠡᠬᠡᠶ ᠵᠢᠨ ᠡᠯ᠎ᠡ ᠭᠠᠵᠠᠷ᠎ᠲᠤ ᠤᠷᠢᠭᠳᠠᠨ ᠲᠣᠭᠯᠠᠯᠲᠠ ᠭᠠᠷᠭᠠᠵᠤ᠂ ᠭᠠᠳᠠᠭᠠᠳᠤ ᠵᠢᠨ ᠦᠯᠡᠮᠵᠢ ᠣᠯᠠᠨ ᠵᠢᠭᠤᠯᠴᠢᠯᠠᠬᠰᠠᠳ ᠤ᠋ᠨ ᠠᠩᠬᠠᠷᠤᠯ ᠢ᠋ ᠳᠠᠳᠠᠵᠤ ᠪᠦᠯᠬᠦᠮ ᠪᠠᠢᠭᠤᠯᠤᠨ ᠪᠦᠷᠢᠶ᠎ᠡ ᠮᠠᠩᠬ᠎ᠠ ᠳ᠋ᠦ᠍ ᠢᠷᠡᠵᠦ᠍ ᠵᠢᠭᠤᠯᠴᠢᠯᠠᠬᠤ ᠪᠣᠯᠭᠠᠪᠠ᠃

《ᠦᠳᠡ ᠵᠢᠨ ᠡᠮᠦᠨ᠎ᠡ ᠲᠡᠮᠡᠭᠡ ᠤᠨᠤᠨ ᠡᠯᠡᠰᠦᠨ ᠴᠤᠬᠢᠶ᠎ᠠ ᠵᠢ ᠳᠠᠪᠠᠨ ᠳᠤᠭᠤᠯᠵᠤ᠂ ᠥᠨᠳᠥᠷ ᠣᠭᠲᠠᠷᠭᠤᠶ ᠵᠢᠨ ᠭᠤᠯᠭᠤᠭᠤᠷ ᠲᠡᠷᠭᠡᠨ ᠳ᠋ᠦ ᠰᠠᠭᠤᠵᠤ᠂ ᠡᠯᠡᠰᠦᠨ ᠴᠦᠯ ᠳ᠋ᠦ ᠮᠤᠲ᠋ᠤᠷ ᠵᠢᠡᠷ ᠳᠠᠪᠬᠢᠭᠤᠯᠤᠨ ᠦᠳᠡ ᠵᠢᠨ ᠬᠣᠢᠨ᠎ᠠ ᠶᠤᠸᠠᠢ ᠱᠠ ᠠᠷᠠᠯ ᠳ᠋ᠦ᠍ ᠬᠦᠷᠴᠦ᠍ ᠬᠡᠶ ᠳᠡᠪᠢᠰᠭᠡᠷᠲᠦ ᠣᠩᠭᠣᠴᠠᠨ ᠳ᠋ᠦ᠍ ᠰᠠᠭᠤᠵᠤ ᠤᠰᠤᠨ ᠳᠡᠭᠡᠷᠡᠬᠢ ᠴᠡᠩᠭᠡᠯ ᠤ᠋ᠨ ᠬᠦᠷᠢᠶᠡᠯᠡᠩ ᠤ᠋ᠨ ᠬᠠᠪᠤ ᠴᠡᠩᠭᠡᠯ ᠢ᠋ ᠡᠳ᠋ᠯᠡᠵᠤ᠂ ᠳᠠᠷᠠᠭ᠎ᠠ᠎ᠨᠢ ᠦᠨᠳᠦᠰᠦᠲᠡᠨ᠎ᠦ ᠣᠨᠴᠠᠯᠢᠭ᠎ᠢᠶᠠᠷ ᠪᠢᠯᠬᠠᠮ᠎ᠠ 〈ᠤᠷᠳᠤᠰ ᠬᠤᠷᠢᠮ ᠤ᠋ᠨ ᠶᠣᠰᠣᠯᠠᠯ〉 ᠤ᠋ᠨ ᠲᠣᠭᠯᠠᠯᠲᠠ᠎ᠶᠢ ᠰᠣᠨᠢᠷᠬᠠᠪᠠ᠃ ᠨᠢᠭᠡ ᠡᠳᠦᠷ ᠤ᠋ᠨ ᠠᠶᠠᠯᠠᠯ ᠵᠢᠠᠨ ᠳᠠᠭᠤᠰᠬᠠᠵᠤ᠂ ᠳᠤᠷᠠᠰᠤᠮᠵᠢ ᠳᠡᠭᠦᠯᠳᠡᠷ᠂ ᠲᠡᠭᠦᠰ ᠪᠠᠶᠠᠷ᠎ᠲᠡᠶ᠎ᠪᠡᠷ ᠭᠡᠷ᠎ᠲᠡᠭᠡᠨ ᠬᠠᠷᠢᠬᠤ ᠭᠡᠵᠤ ᠪᠠᠢᠨ᠎ᠠ》 ᠭᠡᠵᠤ ᠱᠠᠨᠳᠦ᠋ᠩ ᠤ᠋ᠨ ᠵᠢᠭᠤᠯᠴᠢᠯᠠᠬᠴᠢ ᠱᠢᠤᠢ ᠠᠪᠠᠬᠠᠶ ᠡᠨᠡ ᠵᠢᠯ ᠤ᠋ᠨ ᠵᠣᠨ ᠤ᠋ ᠠᠮᠠᠷᠠᠯᠲᠠ ᠳ᠋ᠦ᠍ ᠬᠡᠦᠬᠡᠳ᠎ᠢᠶᠡᠨ ᠳᠠᠭᠠᠭᠤᠯᠤᠨ ᠣᠷᠳᠣᠰ᠎ᠲᠤ ᠢᠷᠡᠵᠦ᠍᠂ ᠬᠡᠷ ᠪᠦᠯᠢ ᠪᠡᠷ᠎ᠵᠢᠡᠨ᠎ᠪᠦᠷᠢᠶ᠎ᠡ ᠮᠠᠩᠬᠠᠨ ᠳ᠋ᠦ ᠵᠢᠭᠤᠯᠴᠢᠯᠠᠬᠰᠠᠨ  ᠵᠢᠡᠨ  ᠶᠠᠷᠢᠯ᠎ᠠ᠃

ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠣᠳᠣᠯᠭ᠎ᠠ ᠲᠣᠭᠲᠠᠭᠠᠵᠤ ᠠᠵᠤ ᠠᠬᠤᠢᠯᠠᠯ ᠤ᠋ᠨ ᠬᠥᠭᠵᠢᠯᠲᠡ᠎ᠶᠢ ᠬᠥᠲᠥᠯᠥᠨ ᠳᠠᠭᠠᠭᠤᠯᠤᠨ᠎ᠠ

ᠲᠤᠰ ᠺᠣᠮᠫᠠᠨᠢ ᠵᠢᠨ ᠬᠡᠷᠡᠭ ᠮᠡᠳᠡᠭᠴᠢᠳ ᠤ᠋ᠨ ᠳᠠᠷᠤᠭ᠎ᠠ ᠸᠠᠩ ᠸᠸᠨ ᠵᠢᠶᠦ᠋ᠨ᠂ ᠡᠯᠡᠰᠦ ᠮᠠᠩᠬ᠎ᠠ ᠪᠣᠯᠤᠨ ᠨᠠᠭᠤᠷ ᠪᠥᠷᠢᠳᠥ᠂ ᠲᠠᠯ᠎ᠠ ᠨᠤᠲᠤᠭ᠂ ᠤᠢ ᠱᠢᠭᠤᠢ ᠪᠤᠶᠤ ᠨᠡᠷᠡᠳᠤ ᠠᠭᠤᠯᠠ ᠶᠡᠬᠡ ᠭᠣᠣᠯ ᠤ᠋ᠨ ᠯᠤᠲᠤ ᠶᠡᠬᠡ ᠵᠥᠷᠢᠶ᠎ᠡ ᠪᠣᠯ ᠵᠢᠭᠤᠯᠴᠢᠯᠠᠬᠰᠠᠳ ᠢ᠋ ᠲᠠᠲᠠᠬᠤ ᠬᠠᠮᠤᠭ ᠤ᠋ᠨ ᠶᠡᠬᠡ ᠬᠢᠯᠠᠰ ᠴᠡᠭ ᠪᠣᠯᠤᠨ᠎ᠠ᠂ ᠬᠡᠷᠪᠡ ᠥᠩᠭᠡᠷᠡᠭᠰᠡᠨ ᠤ᠋ ᠮᠤᠷᠢᠨ ᠳᠠᠪᠬᠢᠭ᠎ᠠ᠎ᠪᠠᠷ ᠴᠡᠴᠡᠭ ᠰᠣᠨᠢᠷᠬᠠᠬᠤ ᠮᠠᠶᠢᠭ ᠤ᠋ᠨ 《ᠵᠢᠭᠤᠯᠴᠢᠯᠠᠨ ᠲᠣᠭᠣᠷᠢᠬᠤ》 ᠵᠢ 《ᠰᠡᠯᠡᠬᠥᠴᠡᠨ ᠵᠢᠭᠤᠯᠴᠢᠯᠠᠬᠤ》 ᠪᠣᠯᠭᠠᠨ ᠬᠤᠪᠢᠷᠠᠭᠤᠯᠵᠤ᠂ ᠵᠢᠭᠤᠯᠴᠢᠯᠠᠬᠰᠠᠳ ᠢ᠋ ᠢᠯᠡᠭᠦᠦ ᠬᠡᠳᠦᠨ ᠡᠳᠦᠷ ᠰᠠᠭᠤᠯᠭᠠᠪᠠᠯ ᠯᠠᠪᠲᠠᠢ ᠨᠡᠩ ᠰᠠᠢᠨ ᠥᠩᠭᠡᠷᠡᠯᠲᠡ ᠪᠠ ᠣᠷᠣᠯᠭ᠎ᠠ ᠲᠠᠢ ᠪᠣᠯᠤᠨ᠎ᠠ ᠭᠡᠯ᠎ᠠ᠃ ᠢᠩᠭᠢᠭᠡᠳ ᠲᠠᠳᠠ 2009 ᠣᠨ ᠤ᠋ 12 ᠰᠠᠷ᠎ᠠ᠎ᠠᠴᠠ ᠡᠬᠢᠯᠡᠨ ᠯᠢᠩᠬᠤ᠎ᠠ ᠵᠤᠴᠢᠳ᠎ᠤᠨ ᠪᠠᠭᠤᠳᠠᠯ ᠢ᠋ ᠪᠠᠢᠭᠤᠯᠵᠤ᠂ 2016 ᠣᠨ ᠤ᠋ 5 ᠰᠠᠷ᠎ᠠ ᠳ᠋ᠦ᠍ ᠵᠢᠩᠬᠢᠨᠢ᠎ᠪᠡᠷ ᠵᠢᠭᠤᠯᠴᠢᠯᠠᠬᠰᠠᠳ ᠢ᠋ ᠬᠦᠯᠢᠶᠡᠨ ᠠᠪᠴᠠᠢ᠃

ᠯᠢᠩᠬᠤ᠎ᠠ ᠵᠣᠴᠢᠳ ᠤ᠋ᠨ ᠪᠠᠭᠤᠳᠠᠯ ᠤ᠋ᠨ ᠪᠠᠢᠭᠤᠯᠤᠬᠳᠠᠬᠰᠠᠨ ᠨᠢ ᠬᠥᠪᠴᠢ ᠵᠢᠨ ᠡᠯᠡᠰᠦᠨ᠎ᠳᠦ ᠲᠤᠮᠤᠭ ᠦᠯᠢᠭᠡᠷ ᠮᠡᠲᠦ ᠭᠠᠢᠬᠠᠮᠱᠢᠭ ᠢ᠋ ᠡᠭᠦᠳᠴᠡᠢ᠃ ᠲᠡᠷᠡ ᠦᠶ᠎ᠡ ᠡᠴᠡ ᠡᠬᠢᠯᠡᠨ ᠯᠢᠶᠠᠨ ᠱᠠ ᠠᠮᠠᠷᠠᠯᠲᠠ ᠵᠢᠨ ᠠᠷᠠᠯ᠂ ᠹᠦ ᠱᠠ ᠠᠮᠠᠷᠠᠯᠲᠠ ᠵᠢᠨ ᠠᠷᠠᠯ᠂ ᠱ᠌ᠢᠶᠠᠨ ᠱᠠ ᠰᠡᠯᠡᠭᠦᠴᠡᠯ ᠤ᠋ᠨ ᠠᠷᠠᠯ᠂ ᠶᠤᠸᠠᠢ ᠱᠠ ᠰᠡᠯᠡᠭᠦᠴᠡᠯ ᠤ᠋ᠨ ᠠᠷᠠᠯ᠂ ᠪᠦᠷᠢᠶ᠎ᠡ ᠮᠠᠩᠬ᠎ᠠ ᠭᠠᠷᠠᠮ᠎ᠢᠶᠠᠷ ᠭᠣᠣᠯ ᠴᠣᠭᠴᠠ ᠪᠣᠯᠭᠠᠭᠰᠠᠨ 《ᠨᠢᠭᠡ ᠭᠠᠷᠠᠮ ᠳᠥᠷᠪᠡᠨ ᠠᠷᠠᠯ》 ᠤ᠋ᠨ ᠡᠯᠡᠰᠦ ᠮᠠᠡᠭᠬ᠎ᠠ᠎ᠵᠢᠨ ᠰᠡᠯᠡᠭᠦᠴᠡᠯ ᠠᠮᠠᠷᠠᠯᠲᠠ ᠵᠢᠨ ᠱᠢᠰᠲ᠋ᠧᠮ ᠨᠢᠭᠡᠨᠲᠡ ᠬᠡᠪᠴᠢᠶᠡᠵᠢᠵᠦ᠍᠂ ᠲᠣᠭᠣᠷᠢᠨ ᠦᠵᠡᠬᠦ᠌ ᠪᠠ ᠰᠡᠯᠡᠭᠦᠴᠡᠨ ᠠᠮᠠᠷᠠᠬᠤ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠬᠡᠯᠪᠡᠷᠢ ᠵᠢᠨ ᠡᠯᠡᠰᠦ ᠮᠠᠡᠭᠬ᠎ᠠ᠎ᠵᠢᠨ ᠰᠡᠯᠡᠭᠦᠴᠡᠯ ᠠᠮᠠᠷᠠᠯᠲᠠ ᠵᠢᠨ ᠣᠷᠣᠨ ᠡᠳᠦᠷ ᠢᠷᠡᠬᠦᠶ᠎ᠡ ᠳᠡᠭᠦᠯᠳᠡᠷᠵᠢᠪᠠ᠃

ᠦᠵᠡᠰᠭᠦᠯᠡᠩᠲᠦ ᠰᠠᠢᠬᠠᠨ ᠠᠷᠢᠭᠤᠨ ᠴᠡᠪᠡᠷ ᠡᠯᠡᠰᠦ ᠮᠠᠡᠭᠬ᠎ᠠ᠎ᠵᠢᠨ ᠣᠷᠴᠢᠨ ᠲᠣᠭᠣᠷᠢᠨ᠂ ᠴᠢᠨᠠᠷ ᠰᠠᠢᠲᠠᠢ ᠥᠨᠳᠥᠷ ᠪᠦᠲᠦᠮᠵᠢᠲᠡᠢ ᠳᠣᠲᠣᠨᠣ ᠦᠢᠯᠡᠴᠢᠯᠡᠭᠡ᠂ ᠡᠯᠪᠡᠭ ᠪᠠᠶᠠᠯᠢᠭ ᠵᠤᠭ᠎ᠠ ᠴᠡᠩᠭᠡᠯ ᠤ᠋ᠨ ᠦᠢᠯᠡᠳᠬᠦᠨ ᠵᠢᠴᠢ ᠥᠪᠡᠷᠮᠢᠴᠡ ᠣᠨᠴᠠᠯᠢᠭᠳᠤ ᠰᠣᠶᠣᠯ ᠤᠷᠠᠯᠢᠭ ᠤ᠋ᠨ ᠲᠣᠭᠯᠠᠯᠲᠠ ᠨᠢ ᠵᠢᠭᠤᠯᠴᠢᠯᠠᠬᠰᠠᠳ᠎ᠲᠤ ᠪᠡᠶ᠎ᠡ ᠰᠡᠳᠭᠢᠯ ᠠᠶᠠᠳᠠᠢ ᠳᠠᠪᠠᠳᠠᠢ᠂ ᠤᠶᠤᠨ ᠰᠠᠨᠠᠭ᠎ᠠ ᠪᠠᠶᠠᠷ ᠪᠠᠶᠠᠰᠤᠯ ᠲᠠᠢ ᠡᠯᠡᠰᠦ ᠮᠠᠡᠭᠬᠠᠨ᠎ᠤ ᠰᠡᠯᠡᠭᠦᠴᠡᠨ ᠠᠮᠠᠷᠠᠬᠤ ᠭᠠᠵᠠᠷ ᠬᠠᠩᠭᠠᠵᠤ ᠥᠭᠴᠡᠢ᠃ ᠬᠡᠯᠪᠡᠷᠢ ᠪᠠᠨ ᠬᠤᠪᠢᠷᠠᠭᠤᠯᠤᠭᠰᠠᠨ ᠤ᠋ ᠳᠠᠷᠠᠭᠠᠬᠢ ᠪᠦᠷᠢᠶ᠎ᠡ ᠮᠠᠩᠬ᠎ᠠ ᠵᠢᠨ ᠦᠵᠡᠮᠵᠢ ᠵᠢᠨ ᠣᠷᠣᠨ᠎ᠨᠢ ᠤᠯᠤᠰ ᠤ᠋ᠨ ᠳᠣᠲᠣᠭᠠᠳᠤ ᠭᠠᠳᠠᠭᠠᠳᠤ ᠵᠢᠨ ᠨᠠᠩ ᠣᠯᠠᠨ ᠵᠢᠭᠤᠯᠴᠢᠯᠠᠬᠰᠠᠳ ᠢ᠋ ᠲᠡᠳᠡᠨ ᠠᠪᠴᠢᠷᠠᠵᠤ ᠵᠢᠭᠤᠯᠴᠢᠯᠠᠨ ᠠᠮᠠᠷᠠᠭᠤᠯᠵᠤ᠂ ᠨᠡᠢᠭᠡᠮ ᠤ᠋ᠨ ᠡᠯ᠎ᠡ ᠡᠲᠡᠭᠡᠳ ᠤ᠋ᠨ ᠥᠷᠭᠡᠨ ᠳᠡᠯᠭᠡᠷ ᠮᠠᠭᠲᠠᠭᠠᠯ ᠰᠠᠢᠱᠢᠶᠠᠯ ᠢ᠋ ᠣᠯᠵᠤ᠂ ᠠᠵᠤ ᠠᠬᠤᠶ ᠵᠢᠨ ᠦᠷ᠎ᠡ ᠠᠱᠢᠭ ᠪᠠ ᠨᠡᠢᠭᠡᠮ ᠤ᠋ᠨ ᠦᠷ᠎ᠡ ᠠᠱᠢᠭ ᠤ᠋ᠨ ᠬᠤᠤᠰ ᠠᠮᠵᠢᠯᠳᠠ᠎ᠶᠢ ᠪᠡᠶᠡᠯᠡᠭᠦᠯᠪᠡ᠃

ᠤᠯᠠᠮᠵᠢᠯᠠᠬᠤ ᠪᠠ ᠱᠢᠨ᠎ᠡ᠎ᠶᠢ ᠡᠭᠦᠳᠬᠦ᠌ ᠪᠡᠷ ᠬᠥᠭᠵᠢᠯᠲᠡ᠎ᠳᠦ ᠮᠠᠰᠢ ᠶᠡᠭᠡ ᠬᠥᠳᠡᠯᠭᠡᠬᠦ᠌ ᠬᠦᠴᠦᠨ ᠬᠠᠩᠭᠠᠨ᠎ᠠ

ᠪᠦᠷᠢᠶ᠎ᠡ ᠮᠠᠩᠬ᠎ᠠ ᠵᠢᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠨᠢ ᠰᠣᠶᠣᠯ ᠵᠢᠭᠤᠯᠴᠢᠯᠠᠯ ᠤ᠋ᠨ ᠠᠭᠤᠰᠤᠯᠴᠠᠨ ᠬᠥᠭᠵᠢᠬᠦ᠌᠎ᠶᠢ ᠠᠬᠢᠭᠤᠯᠬᠤ ᠶᠠᠪᠤᠴᠠ ᠳ᠋ᠦ᠍᠂ ᠱᠢᠨ᠎ᠡ᠎ᠶᠢ ᠡᠭᠦᠳᠬᠦ᠌ ᠪᠠ ᠳᠡᠯᠡᠬᠡᠢᠵᠢᠭᠰᠡᠨ ᠣᠨᠴᠠᠯᠢᠭ ᠢ᠋ ᠢᠮᠠᠭᠲᠠ ᠳᠣᠪᠣᠢᠯᠭᠠᠨ᠂ ᠡᠯᠡᠰᠦ ᠮᠠᠡᠭᠬᠠᠨ᠎ᠤ ᠰᠡᠯᠡᠭᠦᠴᠡᠨ ᠠᠮᠠᠷᠠᠬᠤ ᠪᠦᠲᠦᠭᠡᠭᠳᠡᠬᠦᠨ ᠢ᠋ ᠴᠢᠨᠠᠷ ᠳᠡᠰ ᠲᠠᠢ᠂ ᠵᠠᠬ᠎ᠠ ᠳᠡᠯᠭᠡᠭᠦᠷ᠎ᠲᠡᠶ᠂ ᠥᠷᠢᠰᠥᠯᠳᠦᠬᠦ᠌ ᠬᠦᠴᠦᠨ᠎ᠲᠡᠶ ᠪᠣᠯᠭᠠᠨ᠎ᠠ᠃ ᠲᠤᠰ ᠺᠣᠮᠫᠠᠨᠢ ᠵᠢᠨ ᠦᠨᠳᠦᠰᠦᠲᠡᠨ᠎ᠦ ᠤᠷᠠᠯᠢᠭ ᠤ᠋ᠨ ᠪᠦᠯᠬᠦᠮ ᠨᠢ ᠳᠤᠮᠳᠠᠳᠤ ᠵᠢᠨ ᠱᠢᠯᠢᠳᠡᠭ ᠤᠯᠠᠮᠵᠢᠯᠠᠯᠲᠤ ᠰᠣᠶᠣᠯ ᠢ᠋ ᠶᠡᠬᠡ᠎ᠪᠡᠷ ᠪᠠᠳᠠᠷᠠᠭᠤᠯᠵᠤ᠂ ᠴᠠᠭ ᠦᠶ᠎ᠡ ᠵᠢᠨ ᠣᠨᠴᠠᠯᠢᠭ᠎ᠲᠤ ᠨᠡᠢᠴᠡᠭᠰᠡᠨ ᠤᠳᠭ᠎ᠠ ᠤᠷᠠᠯᠢᠭ ᠤ᠋ᠨ ᠱᠢᠨ᠎ᠡ ᠪᠦᠲᠦᠭᠡᠯ ᠢ᠋ ᠲᠠᠰᠤᠷᠠᠯᠲᠠ ᠦᠭᠡᠶ ᠡᠭᠦᠳᠦᠨ ᠪᠦᠲᠦᠭᠡᠭᠰᠡᠨ ᠪᠠᠢᠨ᠎ᠠ᠃

ᠤᠯᠤᠰ ᠤ᠋ᠨ ᠳᠣᠲᠣᠭᠠᠳᠤ ᠭᠠᠳᠠᠭᠠᠳᠤ ᠵᠢᠨ ᠰᠡᠯᠡᠭᠦᠴᠡᠨ ᠠᠮᠠᠷᠠᠬᠤ ᠵᠢᠭᠤᠯᠴᠢᠯᠠᠬᠰᠠᠳ ᠲᠠᠰᠤᠷᠠᠯᠲᠠ ᠥᠬᠡᠶ ᠨᠡᠮᠡᠭᠳᠡᠵᠦ᠍ ᠪᠠᠢᠭ᠎ᠠ ᠪᠣᠳᠠᠲᠤ ᠪᠠᠢᠳᠠᠯ ᠳ᠋ᠦ᠍ ᠴᠢᠭᠯᠡᠭᠦᠯᠦᠨ᠂ ᠲᠣᠰ ᠺᠣᠮᠫᠠᠨᠢ ᠭᠠᠳᠠᠭᠠᠳᠤ ᠵᠢᠨ ᠤᠳᠭ᠎ᠠ ᠤᠷᠠᠯᠢᠭ ᠤ᠋ᠨ ᠪᠦᠯᠬᠦᠮ᠎ᠯᠦᠭᠡ ᠵᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠡᠯᠡᠬᠡᠢᠵᠢᠭᠰᠡᠨ ᠡᠯᠡᠰᠦ ᠮᠠᠡᠭᠬᠠᠨ᠎ᠤ ᠰᠡᠯᠡᠭᠦᠴᠡᠨ ᠠᠮᠠᠷᠠᠬᠤ ᠲᠦᠷᠦᠯ ᠲᠡᠮᠳᠡᠭ ᠪᠦᠷᠢᠯᠳᠦᠬᠦ᠌᠎ᠶᠢ ᠠᠬᠢᠭᠤᠯᠪᠠ᠃ ᠦᠵᠡᠮᠵᠢ ᠵᠢᠨ ᠣᠷᠣᠨ ᠤ᠋ ᠭᠥᠯᠢᠶᠡᠨ ᠠᠪᠬᠤ ᠲᠦᠪᠱᠢᠨ᠎ᠦ ᠲᠠᠰᠤᠷᠠᠯᠲᠠ ᠥᠬᠡᠶ ᠳᠡᠭᠡᠭᠱᠢᠯᠡᠬᠦ᠌᠎ᠶᠢ ᠳᠠᠭᠠᠯᠳᠤᠨ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠲᠦᠷᠦᠯ ᠲᠡᠮᠳᠡᠭ ᠢ᠋ ᠨᠡᠢᠲᠡᠯᠡᠬᠦ᠌᠂ ᠲᠣᠮᠣ ᠬᠡᠯᠪᠡᠷᠢ ᠵᠢᠨ ᠪᠦᠯᠬᠦᠮ ᠤ᠋ᠨ ᠪᠠᠢᠭᠤᠯᠤᠯᠲᠠ᠂ ᠪᠡᠶ᠎ᠡ ᠵᠢᠨ ᠲᠠᠮᠢᠷ ᠤ᠋ᠨ ᠤᠷᠤᠯᠳᠤᠭᠠᠨ ᠵᠡᠷᠭᠡ ᠠᠵᠢᠯᠯᠠᠭ᠎ᠠ ᠬᠣᠢᠨ᠎ᠠ ᠬᠣᠢᠨ᠎ᠠ᠎ᠠᠴᠠ᠎ᠪᠠᠨ ᠡᠨᠳᠡ ᠶᠠᠪᠤᠭᠳᠠᠵᠤ᠂ ᠡᠯ᠎ᠡ ᠲᠥᠷᠥᠯ ᠤ᠋ᠨ ᠠᠵᠢᠯᠯᠠᠭ᠎ᠠ᠎ᠶᠢ ᠠᠮᠵᠢᠯᠲᠠ ᠲᠠᠢ ᠡᠷᠭᠢᠯᠡᠭᠰᠡᠨ ᠨᠢ ᠪᠦᠷᠢᠶ᠎ᠡ ᠮᠠᠩᠬ᠎ᠠ ᠵᠢᠨ ᠨᠡᠷ᠎ᠡ ᠠᠯᠳᠠᠷᠰᠢᠯ  ᠢ᠋  ᠶᠡᠬᠡ᠎ᠪᠡᠷ ᠳᠡᠭᠡᠭᠱᠢᠯᠡᠭᠦᠯᠪᠡ᠃

2023 ᠣᠨ ᠳ᠋ᠦ᠍ ᠪᠦᠷᠢᠶ᠎ᠡ ᠮᠠᠩᠬ᠎ᠠ ᠵᠢᠨ ᠦᠵᠡᠮᠵᠢ ᠵᠢᠨ ᠣᠷᠣᠨ᠎ᠤ ᠬᠢᠨ ᠵᠢᠭᠤᠯᠴᠢᠯᠠᠬᠴᠢ᠎ᠵᠢ 110 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠡᠵᠡᠩᠨᠡᠯᠲᠡ ᠵᠢᠨ ᠣᠷᠣᠯᠭ᠎ᠠ ᠨᠢ 2.7 ᠳ᠋ᠦᠩᠰᠢᠭᠤᠷ ᠲᠥᠭᠥᠷᠢᠭ᠎ᠲᠦ ᠬᠦᠷᠴᠡᠶ᠃ ᠡᠨᠡ ᠵᠢᠯ ᠤ᠋ᠨ ᠲᠦᠷᠦᠭᠦᠦ 8 ᠰᠠᠷ᠎ᠠ ᠳ᠋ᠦ᠍᠂ ᠦᠵᠡᠮᠵᠢ ᠵᠢᠨ ᠣᠷᠣᠨ ᠎ᠤ ᠬᠢᠨ ᠵᠢᠭᠤᠯᠴᠢᠯᠠᠭᠴᠢ᠎ᠵᠢ 99 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠡᠵᠡᠩᠨᠡᠯᠲᠡ ᠵᠢᠨ ᠣᠷᠣᠯᠭ᠎ᠠ᠎ᠨᠢ 2.7 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡᠨᠲᠡ ᠨᠢᠳᠤᠨᠤᠨ ᠤ᠋ ᠪᠥᠬᠥ᠌ ᠵᠢᠯ ᠤ᠋ᠨ ᠣᠷᠣᠯᠭ᠎ᠠ ᠵᠢᠨ ᠲᠦᠪᠱᠢᠨ᠎ᠳᠦ ᠬᠦᠷᠴᠡᠶ᠃

2010 ᠣᠨ ᠳ᠋ᠦ᠍ ᠤᠯᠤᠰ ᠤ᠋ᠨ ᠵᠢᠭᠤᠯᠴᠢᠯᠠᠯ ᠤ᠋ᠨ ᠲᠣᠪᠴᠢᠶᠠᠨ᠎ᠠᠴᠠ ᠪᠦᠷᠢᠶ᠎ᠡ ᠮᠠᠩᠬ᠎ᠠ ᠵᠢ 5A ᠲᠠᠰ ᠤ᠋ᠨ ᠦᠵᠡᠮᠵᠢ ᠵᠢᠨ ᠣᠷᠣᠨ ᠵᠢᠡᠷ ᠦᠨᠡᠯᠡᠵᠦ᠍᠂ ᠰᠣᠶᠣᠯ ᠤ᠋ᠨ ᠶᠠᠮᠤᠨ᠎ᠠᠴᠠ ᠤᠯᠤᠰ ᠤ᠋ᠨ ᠰᠣᠶᠣᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠵᠢᠡᠷ ᠵᠥᠪᠱᠢᠶᠡᠷᠡᠵᠡᠶ᠃ ᠲᠣᠰ ᠺᠣᠮᠫᠠᠨᠢ ᠴᠢᠨᠠᠷ ᠰᠠᠢᠲᠠᠶ ᠡᠯᠡᠰᠦ ᠮᠠᠡᠭᠬᠠᠨ᠎ᠤ ᠵᠢᠭᠤᠯᠴᠢᠯᠠᠯ ᠠᠮᠠᠷᠠᠯᠲᠠ ᠵᠢᠨ ᠲᠦᠷᠦᠯ ᠲᠡᠮᠳᠡᠭ ᠢ᠋ ᠴᠣᠭᠴᠠᠯᠠᠬᠤ ᠪᠦᠲᠦᠮᠵᠢᠲᠡᠶ ᠠᠷᠭ᠎ᠠ ᠵᠠᠮ ᠢ᠋ ᠦᠷᠭᠦᠯᠵᠢᠯᠡᠨ ᠰᠦᠪᠡᠭᠴᠢᠯᠡᠵᠦ᠍᠂ ᠠᠷᠠᠳ ᠣᠯᠠᠨ ᠤ᠋ ᠨᠠᠩ ᠥᠨᠳᠥᠷ ᠲᠠᠰ ᠳᠠᠪᠬᠤᠷᠭ᠎ᠠ ᠵᠢᠨ ᠬᠡᠷᠡᠭᠯᠡᠭᠡᠨ᠎ᠦ ᠬᠡᠷᠡᠭᠴᠡᠭᠡ ᠪᠠ ᠣᠶᠤᠨ ᠤ᠋ ᠰᠣᠶᠣᠯ ᠤ᠋ᠨ ᠬᠡᠷᠡᠭᠴᠡᠭᠡ᠎ᠶᠢ ᠬᠠᠩᠭᠠᠵᠤ᠂ ᠵᠢᠭᠤᠯᠴᠢᠯᠠᠯ ᠤ᠋ᠨ ᠦᠢᠯᠡᠰ ᠤ᠋ᠨ ᠴᠢᠨᠠᠷ ᠰᠠᠢᠲᠠᠶ ᠬᠥᠭᠵᠢᠯᠲᠡ᠎ᠶᠢ ᠠᠬᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号