ᠤᠯᠠᠭᠠᠨᠬᠠᠳᠠ ᠬᠣᠲᠠ 《ᠬᠥᠳᠡᠯᠮᠦᠷᠢ ᠦᠶ᠋ᠯᠡᠴᠢᠯᠡᠭᠡᠨ ᠎ᠦ ᠲᠥᠷᠥᠯ ᠲᠡᠮᠳᠡᠭ᠌ ᠢ᠋ ᠪᠣᠢᠵᠢᠭᠤᠯᠵᠤ ᠴᠤᠭᠴᠠᠯᠠᠬᠤ》 ᠠᠵᠢᠯᠯᠠᠭ᠎ᠠ ᠎ᠶ᠋ᠢ ᠬᠡᠷᠡᠭ᠌ᠵᠢᠭᠦᠯᠵᠦ᠍ ᠮᠠᠯᠴᠢᠨ ᠲᠠᠷᠢᠶᠠᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠵᠤ ᠪᠣᠶ
2024-09-19 09:25:28
ᠵᠣᠬᠢᠶᠠᠭ᠍ᠴᠢ᠄
ᠯᠢ ᠱᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠲᠡᠮᠦᠷ ᠰᠤᠪᠤᠷᠭ᠎ᠠ᠎ᠨᠤᠭᠤᠳ ᠰᠡᠬᠦᠢᠨ ᠰᠦᠨᠳᠡᠷᠯᠡᠵᠦ᠍᠂ ᠥᠨᠳᠤᠷ ᠲᠸ᠋ ᠪᠣᠯᠣᠳ ᠤᠳᠠᠰᠤ ᠵᠢᠭ᠌ᠳᠡᠷᠡᠨ᠂ ᠤᠲᠠᠰᠤ ᠲᠠᠲᠠᠬᠤ ᠠᠵᠢᠯᠴᠢᠨ ᠵᠠᠭᠤᠨ ᠮᠧᠲ᠋ᠷ᠎ᠦᠨ ᠥᠨᠳᠥᠷ᠎ᠲᠦ ᠨᠠᠭᠠᠰᠢ ᠴᠠᠭᠠᠰᠢ ᠰᠦᠯᠵᠢᠯᠳᠦᠨ᠎ᠡ᠃

《ᠵᠢᠯ ᠪᠦᠷᠢ 10 ᠭᠠᠷᠤᠶ ᠲᠦᠮᠡᠨ ᠲᠥᠭᠥᠷᠢᠭ ᠣᠯᠤᠨ᠎ᠠ᠂ ᠡᠨᠡ ᠣᠷᠣᠯᠭ᠎ᠠ᠎ᠳᠠᠭᠠᠨ ᠪᠢ ᠮᠠᠰᠢ ᠬᠠᠨᠤᠮᠵᠢᠲᠠᠶ᠂ ᠲᠥᠪᠡᠳ᠂ ᠱᠢᠨᠵᠢᠶᠠᠩ᠎ᠳᠤ ᠪᠢ ᠪᠦᠷ ᠣᠴᠢᠵᠤ ᠥᠩᠭᠡᠷᠡᠭ᠌ᠰᠡᠨ ᠰᠢᠦ》 ᠭᠡᠵᠦ ᠤᠲᠠᠰᠤ ᠲᠠᠲᠠᠬᠤ ᠠᠵᠢᠯᠴᠢᠨ ᠯᠢ ᠭᠦᠸᠧ ᠵᠢᠶᠦ᠋ᠨ ᠬᠡᠯᠡᠪᠡ᠃

ᠠᠸ᠋ᠬᠠᠨ ᠬᠣᠱᠢᠭᠤᠨ᠎ᠳᠤ᠂ ᠤᠲᠠᠰᠤ ᠲᠠᠲᠠᠬᠤ ᠠᠵᠢᠯ ᠬᠢᠵᠦ᠍ ᠪᠠᠢᠭ᠎ᠠ ᠠᠵᠢᠯᠴᠢᠨ 5 ᠲᠦᠮᠡ᠂ ᠵᠠᠭᠤᠴᠢᠯᠠᠭ᠍ᠴᠢ 170 ᠭᠠᠷᠤᠶ ᠪᠠᠢᠵᠤ᠂ ᠵᠢᠯ ᠪᠦᠷᠢ ᠬᠥᠳᠡᠯᠮᠦᠷᠢ ᠦᠶ᠋ᠯᠡᠴᠢᠯᠡᠭᠡᠨ᠎ᠦ ᠠᠵᠤ ᠠᠬᠤᠶ᠎ᠶ᠋ᠢᠨ ᠣᠷᠣᠯᠭ᠎ᠠ᠎ᠶ᠋ᠢ 17 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠡᠭᠦᠳᠴᠦ᠍ ᠪᠠᠢᠨ᠎ᠠ᠃ ᠨᠢᠭᠡᠨ ᠮᠡᠷᠭᠡᠵᠢᠯ᠎ᠦᠨ ᠨᠥᠬᠥᠴᠡᠯ ᠳᠤᠤᠷ᠎ᠠ ᠪᠤᠰᠤ ᠠᠵᠢᠯ ᠲᠥᠷᠥᠯ ᠨᠢ ᠬᠡᠷᠬᠢᠨ ᠬᠥᠭ᠌ᠵᠢᠨ ᠪᠤᠵᠠᠭᠠᠢᠷᠠᠭ᠍ᠰᠠᠨ ᠪᠤᠢ?

ᠣᠷᠴᠢᠮ᠎ᠤᠨ ᠵᠢᠯ᠂ ᠤᠯᠠᠭᠠᠨᠬᠠᠳᠠ ᠬᠣᠲᠠ《ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠢ᠋ ᠪᠣᠢᠵᠢᠭᠤᠯᠬᠤ》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠂ ᠡᠬᠢ ᠪᠠᠶᠠᠯᠢᠭ᠎ᠤᠨ ᠳᠠᠪᠠᠭᠤᠯᠢᠭ᠂ ᠤᠨᠴᠠᠯᠢᠭ᠍ᠳᠤ ᠠᠵᠤ ᠦᠢᠯᠡᠰ᠂ ᠲᠤᠯᠭᠠᠭᠤᠷᠢ ᠠᠵᠤ ᠦᠢᠯᠡᠰ᠎ᠤᠨ ᠲᠣᠭᠣᠷᠢᠨ᠎ᠳᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠵᠢᠷᠤᠮᠵᠢᠭᠤᠯᠤᠨ ᠪᠣᠢᠵᠢᠭᠤᠯᠬᠤ᠂ ᠮᠡᠷᠭᠡᠱᠢᠯ᠎ᠤᠨ ᠨᠡᠭᠡᠭᠡᠯᠳᠠ᠂ ᠬᠡᠪᠴᠢᠶᠡᠵᠢᠭᠦᠯᠦᠨ ᠭᠠᠷᠭᠠᠬᠤ᠂ ᠲᠦᠷᠦᠯ ᠲᠡᠮᠳᠡᠭ᠌ᠵᠢᠭᠦᠯᠦᠨ ᠳᠡᠯᠭᠡᠷᠡᠭᠦᠯᠬᠦ᠂ ᠠᠵᠤ ᠦᠢᠯᠡᠰᠵᠢᠯᠲᠡ᠎ᠶ᠋ᠢᠨ ᠬᠥᠭ᠌ᠵᠢᠯᠲᠡ ᠵᠡᠷᠭᠡ ᠵᠢᠷᠭᠤᠭᠠᠨ ᠰᠡᠳᠭᠢᠴᠡ᠎ᠶ᠋ᠢ ᠪᠠᠷᠢᠮᠲᠠᠯᠠᠵᠤ᠂ 《ᠨᠢᠭᠡ ᠬᠣᠱᠢᠭᠤᠨ᠎ᠳᠤ ᠨᠢᠭᠡ ᠲᠦᠷᠦᠯ ᠲᠡᠮᠳᠡᠭ ᠲᠠᠢ᠂ ᠨᠢᠭᠡ ᠲᠦᠷᠦᠯ ᠲᠡᠮᠳᠡᠭ ᠨᠢ ᠨᠢᠭᠡ ᠪᠦᠯᠦᠭ ᠬᠦᠮᠦᠰ ᠢ᠋ ᠲᠠᠢᠴᠢᠯᠠᠨ ᠪᠠᠶᠠᠵᠢᠭᠤᠯᠬᠤ》 ᠱᠠᠭᠠᠷᠳᠠᠯᠭ᠎ᠠ ᠶᠤᠰᠤᠭᠠᠷ᠂ 《ᠦᠨᠡᠨᠴᠢ ᠢᠳᠡᠭᠡᠮᠵᠢᠳᠡᠢ ᠤᠯᠠᠭᠠᠨᠬᠠᠳᠠ ᠵᠢᠨ ᠬᠥᠳᠡᠯᠮᠦᠷᠢ ᠦᠶ᠋ᠯᠡᠴᠢᠯᠡᠭᠡ》 ᠶ᠋ᠢᠨ ᠣᠨᠴᠠᠯᠢᠭ ᠪᠥᠬᠥᠶ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠢ᠋ ᠪᠣᠢᠵᠢᠭᠤᠯᠤᠨ ᠪᠤᠵᠠᠭᠠᠢᠷᠠᠭᠤᠯᠵᠤ᠂ ᠤᠯᠠᠭᠠᠨᠬᠠᠳᠠ ᠬᠣᠲᠠ᠎ᠶ᠋ᠢᠨ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠣᠬᠤ᠎ᠶ᠋ᠢ ᠰᠤᠯᠠ ᠵᠠᠳᠠᠭᠠᠶ ᠬᠡᠯᠪᠡᠷᠢ᠎ᠡᠴᠡ ᠡᠮᠬᠢ ᠵᠢᠷᠤᠮ᠎ᠲᠠᠶ ᠬᠡᠯᠪᠡᠷᠢ ᠳᠠᠢᠰᠢ ᠬᠤᠪᠢᠷᠠᠭᠤᠯᠬᠤ᠂ ᠲᠣᠭᠠᠨ᠎ᠡᠴᠡ ᠴᠢᠨᠠᠷ᠎ᠤᠨ ᠬᠡᠯᠪᠡᠷᠢ ᠵᠦᠭ᠂ ᠪᠡᠶ᠎ᠡ᠎ᠶ᠋ᠢᠨ ᠬᠦᠴᠦᠨ᠎ᠡᠴᠡ ᠮᠡᠷᠭᠡᠱᠢᠯ᠎ᠦᠨ ᠬᠡᠯᠪᠡᠷᠢ ᠲᠡᠢᠰᠢ ᠱᠢᠯᠵᠢᠬᠦ᠎ᠶ᠋ᠢ ᠠᠬᠢᠭᠤᠯᠵᠤ᠂ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠠᠵᠢᠯ ᠣᠯᠭᠣᠬᠤ ᠬᠡᠪᠴᠢᠶ᠎ᠡ ᠪᠣᠯᠤᠨ ᠠᠵᠤ ᠦᠢᠯᠡᠰ᠎ᠦᠨ ᠪᠠᠭ᠍ᠲᠠᠭᠠᠮᠵᠢ᠎ᠶ᠋ᠢ ᠥᠷᠭᠡᠳᠭᠡᠪᠡ᠃

ᠤᠯᠠᠭᠠᠨᠬᠠᠳᠠ ᠬᠣᠲᠠ᠎ᠶ᠋ᠢᠨ ᠠᠵᠢᠯ ᠣᠯᠭᠣᠯᠲᠠ᠎ᠶ᠋ᠢᠨ ᠰᠠᠯᠠᠭ᠎ᠠ ᠮᠥᠴᠢᠷ᠎ᠦᠨ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠠᠸ᠋ᠬᠠᠨ ᠬᠣᠱᠢᠭᠤ ᠤᠲᠠᠰᠤ ᠲᠠᠲᠠᠬᠤ ᠠᠵᠢᠯᠴᠢᠨ ᠭᠡᠬᠦ᠌ ᠡᠨᠡ ᠬᠦ᠌ ᠬᠥᠳᠡᠯᠮᠦᠷᠢ ᠦᠶ᠋ᠯᠡᠴᠢᠯᠡᠭᠡᠨ᠎ᠦ ᠠᠵᠢᠯ᠎ᠤᠨ ᠲᠥᠷᠥᠯ ᠲᠡᠮᠳᠡᠭ᠎ᠢ ᠦᠳᠲᠡᠷ ᠲᠦᠷᠭᠡᠨ ᠲᠣᠭ᠍ᠲᠠᠭᠠᠬᠤ᠎ᠶ᠋ᠢᠨ ᠬᠠᠮᠲᠤ 《ᠥᠪᠡᠷᠮᠢᠴᠡ ᠣᠨᠴᠠᠯᠢᠭ᠎ᠢᠶᠠᠷ᠎ᠢᠶᠠᠨ ᠲᠥᠷᠥᠯ ᠲᠡᠮᠳᠡᠭ᠌ ᠢ᠋ ᠡᠭᠦᠳᠴᠦ᠍᠂ ᠲᠥᠷᠥᠯ ᠲᠡᠮᠳᠡᠭ᠎ᠢᠶᠡᠷ ᠦᠷ᠎ᠡ ᠠᠱᠢᠭ᠎ᠢᠶᠠᠨ ᠨᠡᠮᠡᠭ᠌ᠳᠡᠭᠦᠯᠬᠦ᠌》 ᠬᠠᠮᠲᠤ᠎ᠶ᠋ᠢᠨ ᠲᠠᠨᠢᠯᠲᠠ᠎ᠶ᠋ᠢ ᠪᠣᠶ ᠪᠣᠯᠭᠠᠪᠠ᠃ ᠣᠯᠠᠨ ᠵᠦᠢᠯ᠎ᠦᠨ ᠬᠡᠯᠪᠡᠷᠢ ᠮᠠᠶᠢᠭ ᠪᠦᠬᠦᠢ ᠪᠣᠯᠪᠠᠰᠤᠷᠠᠯ᠎ᠢ ᠥᠷᠨᠢᠭᠦᠯᠬᠦ᠌ ᠵᠡᠷᠭᠡ ᠠᠷᠭ᠎ᠠ ᠪᠠᠷᠢᠯ᠎ᠢᠶᠠᠷ ᠳᠠᠮᠵᠢᠭᠤᠯᠤᠨ᠂ 《ᠠᠸ᠋ᠬᠠᠨ᠎ᠤ ᠤᠲᠠᠰᠤ ᠲᠠᠲᠠᠬᠤ ᠠᠵᠢᠯᠴᠢᠨ》 ᠢ᠋ ᠠᠯᠬᠤᠮ ᠠᠯᠬᠤᠮ᠎ᠢᠶᠠᠷ ᠨᠡᠢᠭᠡᠮ᠎ᠦᠨ ᠡᠯ᠎ᠡ ᠡᠲᠡᠭᠡᠳ᠎ᠦᠨ ᠬᠢᠨ ᠮᠡᠳᠡᠬᠦ᠌᠎ᠶ᠋ᠢᠨ ᠬᠠᠮᠲᠤ ᠰᠠᠢᠨ ᠰᠠᠢᠬᠠᠨ ᠲᠦᠷᠦᠯ ᠲᠡᠮᠳᠡᠭ᠎ᠦᠨ ᠨᠥᠯᠥᠭᠡᠯᠡᠯ ᠭᠠᠷᠭᠠᠪᠠ᠃ 2019 ᠣᠨ᠎ᠳᠤ᠂ 《ᠠᠸ᠋ᠬᠠᠨ᠎ᠤ ᠤᠲᠠᠰᠤ ᠲᠠᠲᠠᠬᠤ ᠠᠵᠢᠯᠴᠢᠨ》 ᠪᠥᠬᠥ᠌ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠢᠶᠡᠷ ᠦᠨᠡᠯᠡᠭ᠌ᠳᠡᠪᠡ᠃

ᠨᠢᠩᠴᠧᠩ ᠱᠢᠶᠠᠨ᠎ᠳᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ 《ᠨᠢᠩᠴᠧᠩ᠎ᠦᠨ ᠰᠠᠷ᠎ᠠ ᠰᠠᠭᠤᠭᠴᠢ ᠳ᠋ᠤ ᠦᠢᠯᠡᠴᠢᠯᠡᠬᠦ ᠪᠦᠰᠡᠭᠦᠢ》 ᠠᠵᠢᠯ ᠤᠯᠬᠤ ᠳ᠋ᠤ ᠰᠠᠢᠨ᠂ ᠠᠵᠢᠯ ᠬᠥᠳᠡᠯᠮᠦᠷᠢ ᠬᠢᠵᠦ᠍ ᠪᠠᠢᠭ᠎ᠠ ᠬᠥᠮᠦᠰ᠎ᠦᠨ ᠠᠱᠢᠭ ᠣᠷᠣᠯᠭ᠎ᠠ ᠥᠨᠳᠥᠷ ᠵᠡᠷᠭᠡ ᠣᠨᠴᠠᠯᠢᠭ᠎ᠲᠠᠶ ᠪᠠᠢᠵᠤ᠂ ᠥᠷᠭᠡᠨ ᠣᠯᠠᠨ ᠬᠣᠲᠠ ᠪᠠᠯᠭᠠᠰᠤᠨ᠎ᠤ ᠠᠵᠢᠯ᠎ᠤᠨ ᠪᠠᠢᠷᠢ᠎ᠡᠴᠡ᠎ᠪᠠᠨ ᠪᠠᠭᠤᠭᠰᠠᠨ ᠠᠵᠢᠯ ᠠᠯᠳᠠᠭ᠍ᠰᠠᠳ᠂ ᠠᠵᠢᠯ ᠤᠯᠬᠤ᠎ᠳᠤ ᠬᠦᠴᠢᠷᠲᠡᠶ ᠬᠥᠮᠦᠰ᠂ ᠬᠥᠳᠡᠭᠡ ᠲᠣᠰᠭᠣᠨ᠎ᠡᠴᠡ ᠱᠢᠯᠵᠢᠭ᠌ᠰᠡᠨ ᠬᠥᠳᠡᠯᠮᠦᠷᠢᠴᠢᠳ᠎ᠦᠨ ᠲᠣᠭ᠍ᠲᠠᠪᠤᠷᠢᠲᠠᠶ ᠠᠵᠢᠯ ᠤᠯᠬᠤ᠎ᠶ᠋ᠢ ᠪᠡᠶᠡᠯᠡᠭᠦᠯᠬᠦ᠌᠎ᠳᠦ ᠳᠣᠭᠢᠷᠠᠨ᠎ᠠ᠃ ᠨᠢᠩᠴᠧᠩ ᠱᠢᠶᠠᠨ᠎ᠤ ᠼᠦᠨ ᠵᠢᠨ ᠭᠸᠤ ᠱᠢᠶᠠᠩ᠎ᠤᠨ ᠪᠠ ᠵᠢᠶᠠ ᠲᠣᠰᠭᠣᠨ᠎ᠤ ᠠᠷᠠᠳ ᠼᠤᠤ ᠴᠢᠩ ᠬᠤᠸᠠ  ᠳᠠᠷᠤᠢ ᠰᠠᠷ᠎ᠠ ᠰᠠᠭᠤᠭᠴᠢ ᠳ᠋ᠤ ᠦᠢᠯᠡᠴᠢᠯᠡᠬᠦ᠎ᠪᠠᠷ ᠳᠠᠮᠵᠢᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠭ᠍ᠰᠠᠨ ᠪᠠᠢᠨ᠎ᠠ᠃

《ᠣᠲᠣ ᠵᠠᠬᠢᠶᠠᠯᠠᠭ᠎ᠠ ᠵᠢᠨ ᠬᠠᠭᠤᠳᠠᠰᠤ ᠤᠯᠠᠮ᠎ᠡᠴᠡ ᠤᠯᠠᠮ ᠣᠯᠠᠱᠢᠷᠠᠵᠤ ᠪᠠᠢᠨ᠎ᠠ᠂ ᠬᠥᠯᠥᠰᠥᠯᠡᠭ᠌ᠴᠢ ᠬᠠᠭᠠᠰ ᠵᠢᠯ᠎ᠦᠨ ᠡᠮᠦᠨ᠎ᠡ ᠰᠠᠶᠢ ᠤᠷᠢᠳᠴᠢᠯᠠᠨ ᠵᠠᠬᠢᠶᠠᠯᠠᠵᠤ ᠴᠢᠳᠠᠨ᠎ᠠ᠂ ᠪᠡᠭᠡᠵᠢᠩ᠂ ᠲᠢᠶᠠᠨᠵᠢᠨ᠂ ᠱᠠᠩᠬᠠᠶ᠂ ᠵᠧᠵᠢᠶᠠᠩ ᠵᠡᠷᠭᠡ ᠭᠠᠵᠠᠷ᠎ᠲᠤ ᠪᠢ ᠪᠦᠷ ᠠᠵᠢᠯᠯᠠᠵᠤ ᠥᠩᠭᠡᠷᠡᠭ᠌ᠰᠡᠨ᠂ ᠨᠢᠭᠡ ᠵᠠᠬᠢᠶᠠᠯᠠᠭ᠎ᠠ ᠵᠢᠨ ᠬᠠᠭᠤᠳᠠᠰᠤᠨ᠎ᠤ ᠣᠷᠣᠯᠭ᠎ᠠ ᠨᠢ 16800 ᠲᠥᠭᠥᠷᠢᠭ ᠣᠷᠴᠢᠮ ᠪᠠᠢᠵᠤ᠂ ᠵᠢᠯ᠎ᠦᠨ ᠣᠷᠣᠯᠭ᠎ᠠ10 ᠭᠠᠷᠤᠶ ᠲᠦᠮᠡᠨ ᠲᠥᠭᠥᠷᠢᠭ ᠪᠣᠯᠤᠨ᠎ᠠ》᠃ ᠼᠤᠤ ᠴᠢᠩ ᠬᠤᠸᠠ᠂ ᠪᠢ ᠵᠠᠷᠢᠮ᠎ᠳᠠᠭᠠᠨ ᠪᠠᠰᠠ ᠪᠣᠯᠪᠠᠰᠤᠷᠠᠯ᠎ᠤᠨ ᠰᠤᠷᠭᠠᠭᠤᠯᠢ᠎ᠳᠤ ᠣᠴᠢᠵᠤ ᠯᠧᠺᠲ᠋ᠣᠷ ᠪᠣᠯᠵᠣ᠂ ᠰᠠᠷ᠎ᠠ ᠰᠠᠭᠤᠭᠴᠢ ᠳ᠋ᠤ ᠦᠢᠯᠡᠴᠢᠯᠡᠬᠦ ᠮᠡᠳᠡᠯᠭᠡ ᠤᠯᠠᠮᠵᠢᠯᠠᠳᠠᠭ ᠭᠡᠵᠦ ᠬᠡᠯᠡᠪᠡ᠃

ᠤᠯᠠᠭᠠᠨᠬᠠᠳᠠ᠎ᠶ᠋ᠢᠨ ᠡᠬᠡ ᠭᠠᠵᠠᠷ᠎ᠲᠤ᠂ ᠣᠷᠣᠨ ᠪᠦᠰᠡ᠎ᠶ᠋ᠢᠨ ᠣᠨᠴᠠᠯᠢᠭ᠂ ᠠᠵᠢᠯ ᠲᠥᠷᠥᠯ᠎ᠦᠨ ᠣᠨᠴᠠᠯᠢᠭ ᠪᠠ ᠤᠷ᠎ᠠ ᠴᠢᠳᠠᠪᠤᠷᠢ᠎ᠶ᠋ᠢᠨ ᠣᠨᠴᠠᠯᠢᠭ᠎ᠢᠶᠠᠷ ᠪᠠᠶᠠᠯᠢᠭ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠠᠯᠢ ᠣᠯᠠᠨ ᠢᠯᠡᠷᠡᠵᠦ᠍᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠡᠴᠡ ᠪᠣᠯᠵᠣ ᠣᠷᠣᠯᠭ᠎ᠠ᠎ᠪᠠᠨ ᠨᠡᠮᠡᠭ᠌ᠳᠡᠭᠦᠯᠵᠦ᠍ ᠪᠡᠶᠡᠵᠢᠨ ᠴᠢᠨᠡᠭᠡᠯᠢᠭ᠌ᠵᠢᠭ᠌ᠰᠡᠨ ᠮᠠᠯᠴᠢᠨ ᠲᠠᠷᠢᠶᠠᠴᠢᠨ ᠮᠠᠰᠢ ᠤᠯᠠᠨ ᠪᠠᠢᠨ᠎ᠠ᠃

《ᠪᠠᠭᠠᠷᠢᠨ ᠵᠡᠭᠦᠨ ᠬᠣᠱᠢᠭᠤᠨ᠎ᠤ ᠱᠦᠭᠦᠷᠴᠢᠨ》 ᠭᠡᠷ᠎ᠦᠨ ᠡᠭᠦᠳᠡᠨ᠎ᠳᠡᠭᠡᠨ ᠠᠵᠢᠯ ᠣᠯᠵᠤ᠂ ᠭᠡᠷ᠎ᠦᠨ ᠡᠭᠦᠳᠡᠨ᠎ᠳᠡᠭᠡᠨ ᠣᠷᠣᠯᠭ᠎ᠠ᠎ᠪᠠᠨ ᠨᠡᠮᠡᠭ᠌ᠳᠡᠭᠦᠯᠵᠦ᠍᠂ ᠪᠠᠭᠠᠷᠢᠨ ᠵᠡᠭᠦᠨ ᠬᠣᠱᠢᠭᠤᠨ᠎ᠤ ᠱᠦᠭᠦᠷ᠎ᠦᠨ ᠴᠢᠬᠢ ᠲᠠᠷᠢᠬᠤ ᠲᠠᠯᠠᠪᠠᠢ᠎ᠶ᠋ᠢ 35 ᠲᠦᠮᠡᠨ ᠮᠦ᠍᠎ᠳᠦ ᠲᠣᠭ᠍ᠲᠠᠪᠤᠷᠢᠵᠢᠭᠤᠯᠵᠤ᠂ 8 ᠲᠦᠮᠡᠨ ᠬᠥᠮᠦᠨ᠎ᠢ ᠡᠨᠡ ᠬᠦ᠌ ᠠᠵᠤ ᠦᠢᠯᠡᠰ᠎ᠦᠨ ᠬᠡᠯᠬᠢᠶ᠎ᠡ᠎ᠳᠦ ᠣᠷᠣᠭᠤᠯᠵᠤ᠂ ᠵᠢᠯ᠎ᠦᠨ ᠦᠢᠯᠡᠳᠬᠦᠨ᠎ᠦ ᠥᠷᠲᠡᠭ᠎ᠢ 10 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ᠎ᠳᠦ ᠬᠦᠷᠭᠡᠪᠡ; 《ᠪᠡᠭᠡᠵᠢᠩ ᠎ᠳᠦ ᠬᠦᠷᠴᠤ ᠠᠮᠤᠷ᠎ᠢ ᠬᠠᠮᠠᠭᠠᠯᠠᠭ᠍ᠴᠢ ᠪᠤᠯᠤᠭᠰᠠᠨ ᠨᠢ》 ᠤᠯᠠᠭᠠᠨᠬᠠᠳᠠ᠎ᠡᠴᠡ ᠭᠠᠷᠴᠤ᠌᠂ ᠨᠡᠢᠰᠯᠡᠯ ᠬᠣᠲᠠ᠎ᠳᠤ ᠨᠡᠷ᠎ᠡ ᠠᠯᠳᠠᠷᠱᠢᠵᠤ᠂ ᠣᠲᠣ 1.4 ᠲᠦᠮᠡ ᠭᠠᠷᠤᠶ ᠠᠵᠢᠯᠲᠠᠨ᠎ᠲᠠᠶ ᠪᠠᠢᠵᠤ᠂ ᠵᠢᠯ᠎ᠦᠨ ᠡᠭᠦᠳᠦᠭ᠌ᠰᠡᠨ ᠬᠥᠳᠡᠯᠮᠦᠷᠢ ᠦᠶ᠋ᠯᠡᠴᠢᠯᠡᠭᠡᠨ᠎ᠦ ᠣᠷᠣᠯᠭ᠎ᠠ ᠨᠢ 8 ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠡᠶ; 《ᠵᠦᠩ ᠵᠢᠩ ᠤ᠋ᠨ ᠬᠠᠳᠭᠤᠮᠠᠯᠴᠢᠨ》 ᠨᠢ 《ᠬᠤᠷᠤᠭᠤᠨ ᠦᠵᠦᠭᠦᠷ ᠲᠡᠭᠡᠷᠡᠬᠢ ᠮᠡᠷᠭᠡᠵᠢᠯ》 ᠢ᠋ 《ᠬᠤᠷᠤᠭᠤᠨ ᠦᠵᠦᠭᠦᠷ ᠲᠡᠭᠡᠷᠡᠬᠢ ᠠᠵᠤ ᠠᠬᠤᠢ》ᠪᠣᠯᠭᠠᠨ ᠬᠤᠪᠢᠷᠠᠭᠤᠯᠵᠤ᠂ ᠠᠵᠤ ᠦᠢᠯᠡᠰ᠎ᠦᠨ ᠤᠯᠠᠮᠵᠢᠯᠠᠯ ᠬᠢᠭᠡᠳ ᠱᠢᠨ᠎ᠡ᠎ᠶ᠋ᠢ ᠡᠭᠦᠳᠬᠦ᠌᠎ᠶ᠋ᠢ ᠬᠠᠷᠢᠯᠴᠠᠨ ᠠᠭᠤᠰᠤᠯᠴᠠᠭᠤᠯᠬᠤ᠂ ᠭᠡᠷ᠎ᠲᠦᠨᠢ ᠠᠵᠢᠯ ᠣᠯᠭᠣᠬᠤ ᠬᠢᠭᠡᠳ ᠲᠥᠪᠯᠡᠷᠡᠭᠦᠯᠦᠨ ᠪᠣᠯᠪᠠᠰᠤᠷᠠᠭᠤᠯᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠡᠶᠡᠯᠡᠭᠦᠯᠪᠡ᠃

ᠣᠳᠣᠬᠠᠨ᠎ᠳᠤ᠂ ᠤᠯᠠᠭᠠᠨᠬᠠᠳᠠ ᠬᠣᠲᠠ ᠨᠢᠭᠡᠨᠲᠡ ᠬᠣᠲᠠ᠎ᠶ᠋ᠢᠨ ᠲᠠᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠢ᠋ 18 ᠎ᠶ᠋ᠢ ᠮᠠᠭᠠᠳᠯᠠᠨ ᠲᠣᠭ᠍ᠲᠠᠭᠠᠵᠤ᠂ ᠡᠭᠦᠨ᠎ᠳᠦ 7 ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠪᠠᠢᠵᠤ᠂ 2 ᠲᠥᠷᠥᠯ ᠲᠡᠮᠳᠡᠭ ᠨᠢ ᠤᠯᠤᠰ᠎ᠤᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠤ᠋ᠨ ᠵᠠᠭᠤᠨ ᠬᠦᠴᠦᠷᠬᠡᠭ᠎ᠦᠨ ᠨᠡᠷᠡᠰ᠎ᠲᠦ ᠰᠣᠩᠭᠣᠭ᠍ᠳᠠᠨ ᠣᠷᠣᠵᠤ᠂ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠵᠢᠡᠷ ᠳᠠᠮᠵᠢᠭᠤᠯᠤᠨ 15.6 ᠲᠦᠮᠡᠨ ᠬᠥᠮᠦᠨ ᠤᠳᠠᠭ᠎ᠠ ᠵᠢ ᠳᠠᠢᠴᠢᠯᠠᠨ ᠱᠢᠯᠵᠢᠭᠦᠯᠦᠨ ᠠᠵᠢᠯ ᠣᠯᠭᠣᠵᠤ᠂ ᠵᠢᠯ ᠳᠤᠮᠳᠠᠴᠢ᠎ᠶ᠋ᠢᠨ ᠬᠥᠳᠡᠯᠮᠦᠷᠢ ᠦᠶ᠋ᠯᠡᠴᠢᠯᠡᠭᠡᠨ᠎ᠦ ᠣᠷᠣᠯᠭ᠎ᠠ᠎ᠨᠢ 70 ᠭᠠᠷᠤᠶ ᠳ᠋ᠦᠩᠱᠢᠭᠤᠷ ᠲᠥᠭᠥᠷᠢᠭ᠎ᠲᠦ ᠬᠦᠷᠴᠦ᠍᠂ ᠤᠯᠠᠭᠠᠨᠬᠠᠳᠠ ᠬᠣᠲᠠ᠎ᠶ᠋ᠢᠨ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠤ᠋ᠨ ᠱᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠪᠡ᠃

ᠬᠣᠢᠱᠢᠳᠠ᠂ ᠤᠯᠠᠭᠠᠨᠬᠠᠳᠠ ᠬᠣᠲᠠ᠎ᠨᠢ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠌ ᠤ᠋ᠨ ᠪᠠᠢᠭᠤᠯᠤᠯᠲᠠ ᠪᠠ ᠪᠣᠢᠵᠢᠭᠤᠯᠬᠤ ᠠᠵᠢᠯ᠎ᠢ ᠲᠠᠰᠤᠷᠠᠯᠲᠠ ᠥᠬᠡᠶ ᠴᠢᠩᠭᠠᠳᠭᠠᠵᠤ ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠲᠥᠷᠥᠯ ᠲᠡᠮᠳᠡᠭ᠌ ᠢ᠋ ᠪᠣᠢᠵᠢᠭᠤᠯᠬᠤ᠎ᠪᠠᠷ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ ᠤ᠋ᠨ ᠬᠥᠭ᠌ᠵᠢᠯᠲᠡ᠎ᠶ᠋ᠢ ᠠᠬᠢᠭᠤᠯᠵᠤ ᠂  ᠬᠥᠳᠡᠯᠮᠦᠷᠢ ᠦᠶ᠋ᠯᠡᠴᠢᠯᠡᠭᠡᠨ᠎ᠦ ᠠᠵᠤ ᠠᠬᠤᠶ᠎ᠶ᠋ᠢ 《ᠲᠣᠭ᠎ᠠ ᠬᠡᠮᠵᠢᠶᠡᠨ᠎ᠦ ᠬᠡᠯᠪᠡᠷᠢ》 ᠡᠴᠡ 《ᠶᠠᠰᠤ ᠴᠢᠨᠠᠷ᠎ᠤᠨ ᠲᠥᠷᠥᠯ ᠲᠡᠮᠳᠡᠭ᠌ ᠤ᠋ᠨ ᠬᠡᠯᠪᠡᠷᠢ》 ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号